ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠮᠠᠨ ᠤ ᠬᠤᠰᠢᠭᠤᠨ ᠳᠤ ᠳᠤᠭᠤᠷᠢᠨ ᠳᠤᠭᠯᠠᠯᠳᠠ ᠬᠢᠭᠰᠡᠨ
ᠨᠡᠶᠢᠲᠡᠯᠡᠭᠰᠡᠨ ᠴᠠᠭ᠄
2023/12/26
     ᠰᠢ ᠶᠢᠨ ᠫᠢᠩ ᠶᠡᠷᠦᠩᠬᠡᠢ ᠱᠦᠵᠢ ᠶᠢᠨ ᠬᠤᠰᠢᠭᠤ ᠤᠯᠠᠭᠠᠨᠮᠥ᠋ᠴᠢᠷ ᠲᠤ ᠬᠠᠷᠢᠭᠤ ᠵᠠᠬᠢᠳᠠᠯ ᠢᠯᠡᠭᠡᠭᠰᠡᠨ 6 ᠵᠢᠯ ᠤᠨ ᠣᠶ ᠶᠢᠨ ᠲᠠᠰᠢᠷᠠᠮ ᠢᠶᠠᠷ᠂ 11 ᠳ᠋ᠦ᠋ᠭᠡᠷ ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠮᠠᠨ ᠤ ᠬᠤᠰᠢᠭᠤᠨ ᠳᠤ ᠳᠤᠭᠤᠷᠢᠨ ᠳᠤᠭᠯᠠᠯᠳᠠ ᠶᠢᠨ ᠠᠵᠢᠯᠯᠠᠭ᠎ᠠ ᠶᠠᠪᠤᠭᠳᠠᠭᠤᠯᠤᠨ᠂ ᠬᠤᠶᠠᠷ ᠭᠠᠵᠠᠷ ᠤᠨ ᠤᠯᠠᠭᠠᠨᠮᠦ᠋ᠴᠢᠷ ᠤᠨ ᠬᠠᠮᠳᠤᠷᠠᠯᠴᠠᠭ᠎ᠠ ᠰᠤᠯᠢᠯᠴᠠᠭ᠎ᠠ ᠶᠢ ᠠᠬᠢᠭᠤᠯᠤᠨ᠂ ᠤᠷᠠᠯᠢᠭ ᠰᠤᠶᠤᠯ ᠤᠨ ᠰᠤᠳᠤᠨ ᠰᠠᠶᠢᠬᠠᠨ ᠢ ᠮᠠᠯᠴᠢᠨ ᠲᠦᠮᠡᠨ ᠳᠤ ᠬᠦᠷᠭᠡᠯ᠎ᠡ᠃      ᠮᠤᠩᠭᠤᠯ ᠭᠡᠷ ᠤᠨ ᠭᠠᠳᠠᠨ᠎ᠠ ᠠᠴᠠ ᠬᠠᠩᠭᠢᠨᠠᠨ ᠰᠤᠨᠤᠰᠳᠠᠬᠤ ᠳᠠᠭᠤᠤ ᠬᠤᠭᠤᠷ ᠤᠨ ᠡᠭᠡᠰᠢᠭ ᠬᠦᠳᠡᠭᠡ ᠠᠶᠢᠯ ᠳᠤ ᠰᠢᠨ᠎ᠡ ᠦᠷᠯᠦᠬᠡ ᠶᠢ ᠠᠪᠴᠢᠷᠠᠨ᠂ ᠰᠠᠶᠢᠬᠠᠨᠳᠠᠯ᠎ᠠ ᠪᠠᠯᠭᠠᠰᠤᠨ ᠤ ᠪᠠᠷᠠᠭᠤᠨᠪᠤᠯᠠᠭ ᠭᠠᠴᠠᠭᠠᠨ ᠤ ᠮᠠᠯᠴᠢᠨ ᠠᠶᠢᠯ ᠳᠤ᠂ ᠬᠤᠶᠠᠷ ᠭᠠᠵᠠᠷ ᠤᠨ ᠤᠯᠠᠭᠠᠨᠮᠦ᠋ᠴᠢᠷ ᠤᠨ ᠲᠤᠭᠯᠠᠭᠴᠢᠳ ᠪᠤᠯᠤᠨ ᠮᠠᠨ ᠤ ᠬᠤᠰᠢᠭᠤᠨ ᠤ ᠠᠵᠢᠯ ᠤᠨ ᠴᠢᠯᠦᠬᠡᠨ ᠤ ᠤᠯᠠᠭᠠᠨᠮᠦ᠋ᠴᠢᠷ᠂ ᠬᠤᠰᠢᠭᠤ ᠰᠤᠶᠤᠯ ᠤᠨ ᠤᠷᠳᠤᠨ ᠤ ᠨᠠᠰᠤᠳᠠᠶᠢᠴᠤᠳ ᠤᠨ ᠤᠷᠠᠯᠢᠭ ᠤᠨ ᠪᠦᠯᠬᠦᠮ  ᠤᠨ ᠬᠢᠨ ᠤᠶᠠᠩᠭ᠎ᠠ ᠳᠠᠭᠤᠤ᠂ ᠤᠷᠠᠨ ᠪᠦᠵᠢᠭ᠂ ᠬᠤᠭᠤᠷ ᠬᠦᠭᠵᠢᠮ ᠤᠨ ᠰᠤᠳᠤᠨ ᠰᠠᠶᠢᠬᠠᠨ ᠳᠤᠭᠯᠠᠯᠳᠠ ᠪᠠᠷ  ᠢᠶᠠᠨ ᠮᠠᠯᠴᠢᠨ ᠲᠦᠮᠡᠨ ᠤ ᠬᠠᠷᠠᠭ᠎ᠠ ᠰᠤᠨᠤᠷ ᠢ ᠪᠠᠶᠠᠰᠬᠠᠨ ᠠᠵᠢᠯ ᠤᠨ ᠴᠢᠯᠡᠭᠡ ᠶᠢ ᠨᠢ ᠳᠠᠶᠢᠯᠠᠨ᠂ ᠦᠨᠳᠦᠰᠦᠨ ᠱᠠᠳᠤᠨ ᠳᠤ ᠬᠦᠨᠵᠡᠬᠡᠶᠢᠷᠡᠨ᠂ ᠤᠯᠠᠨ ᠲᠦᠮᠡᠨ ᠳᠤ ᠦᠢᠯᠡᠴᠢᠯᠡᠬᠦ ᠦᠨᠳᠦᠰᠦᠨ ᠵᠤᠷᠢᠯᠳᠠ ᠪᠠᠨ ᠦᠢᠯᠡᠳᠦᠯᠬᠡᠵᠢᠬᠦᠯᠦᠨ᠂ ᠨᠠᠮ ᠤᠨ ᠲᠦᠷᠦ ᠶᠢᠨ ᠪᠤᠳᠤᠯᠭ᠎ᠠ᠂ ᠬᠠᠶᠢᠷ᠎ᠠ ᠬᠠᠯᠠᠮᠵᠢᠯᠠᠯ ᠢ ᠳᠠᠮᠵᠢᠭᠤᠯᠤᠯ᠎ᠠ᠃ ᠲᠤᠬᠠᠢ ᠶᠢᠨ ᠲᠠᠯᠠᠪᠠᠢ ᠳᠤ᠂ ︽ᠤᠯᠠᠭᠠᠨ ᠪᠣᠭᠴᠣ  ︾ ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ ᠶᠢᠨ ᠬᠢᠨ ᠪᠠᠰᠠ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠳᠠᠷᠬᠠᠭᠠᠵᠠᠢ᠃       ᠪᠠᠷᠠᠭᠤᠨᠪᠤᠯᠠᠭ ᠭᠠᠴᠠᠭᠠᠨ ᠤ ᠮᠠᠯᠴᠢᠨ ᠠᠯᠳᠠᠨᠴᠢᠮᠡᠭ ︵ ᠪᠢ ᠮᠠᠯ ᠬᠠᠷ᠎ᠠ ᠶᠢᠨ ᠠᠵᠢᠯ ᠳᠤ ᠪᠠᠨ ᠶᠠᠭᠠᠷᠠᠵᠤ ᠪᠠᠶᠢᠵᠠᠢ᠃ ᠤᠯᠠᠭᠠᠨᠮᠥ᠋ᠴᠢᠷ ᠤᠨ ᠲᠣᠭᠯᠠᠯᠲᠠ ᠢᠷᠡᠬᠦ ᠶᠢ ᠰᠣᠨᠣᠰᠤᠭᠠᠳ ᠢᠷᠡᠵᠦ ᠦᠵᠡᠭᠰᠡᠨ ᠶᠤᠮ᠃  ᠳᠡᠳᠡᠨ ᠤ ᠪᠥᠵᠢᠭ ᠨᠢ ᠮᠠᠨ ᠤ ᠮᠠᠯᠴᠢᠳ ᠤᠨ ᠠᠮᠢᠳᠤᠷᠠᠯ ᠤᠨ ᠪᠠᠶᠢᠳᠠᠯ ᠲᠠᠢ ᠮᠠᠰᠢ ᠠᠳᠠᠯᠢᠪᠲᠤᠷ ᠪᠠᠶᠢᠳᠠᠭ᠂ ᠡᠶᠢᠮᠦ ᠠᠴᠠ ᠲᠡᠳᠡᠨ ᠢ ᠢᠷᠡᠬᠦ ᠪᠣᠯᠭᠠᠨ ᠪᠢ ᠦᠵᠡᠬᠦ ᠳᠤᠷᠠᠲᠠᠢ ᠪᠠᠶᠢᠳᠠᠭ᠃  ︶       ᠪᠠᠷᠠᠭᠤᠨᠪᠤᠯᠠᠭ ᠭᠠᠴᠠᠭᠠᠨ ᠤ ᠮᠠᠯᠴᠢᠨ ᠵᠠᠶᠠᠭᠠᠳᠤ ︵ᠡᠨᠡ ᠤᠳᠠᠭᠠᠨ ᠤ ᠤᠯᠠᠭᠠᠨᠮᠥ᠋ᠴᠢᠷ ᠤᠨ ᠲᠤᠭᠯᠠᠭᠴᠢᠳ ᠤᠨ ᠲᠣᠭᠯᠠᠯᠲᠠ ᠣᠨᠴᠠᠭᠠᠢ ᠰᠠᠶᠢᠬᠠᠨ᠂ ᠪᠢ ᠴᠦ ᠤᠷᠠᠯᠢᠭ ᠲᠤ ᠪᠠᠭ᠋ᠠᠲᠠᠢ᠂ ᠲᠡᠳᠡ ᠪᠠᠰᠠ ᠪᠢᠳᠡᠨ ᠳᠤ ᠵᠢᠭᠠᠵᠤ᠂ ᠪᠢᠳᠡᠨ ᠢ ᠪᠠᠶᠢᠩᠭᠤ ᠬᠠᠯᠠᠮᠵᠢᠯᠠᠵᠤ᠂ ᠪᠢᠳᠡᠨ ᠳᠤ ᠪᠠᠶᠠᠷ ᠪᠠᠶᠠᠰᠤᠯ ᠪᠠ ᠪᠣᠯᠪᠠᠰᠤᠨ ᠢ ᠠᠪᠴᠢᠷᠠᠭᠰᠠᠨ ᠳᠤ ᠮᠠᠰᠢ ᠲᠠᠯᠠᠷᠬᠠᠵᠤ ᠪᠠᠶᠢᠨ᠎ᠠ᠃︶      ᠤᠶᠢᠯᠠᠭᠠᠭᠰᠠᠨ ᠢᠶᠠᠷ᠂ ᠡᠨᠡ ᠤᠳᠠᠭᠠᠨ ᠤ ᠠᠵᠢᠯᠯᠠᠭ᠎ᠠ ᠪᠤᠯ 2023 — 2024 ᠣᠨ ᠤ ︽ᠵᠠᠭᠤᠨ ᠪᠦᠯᠬᠦᠮ ᠮᠢᠩᠭᠠᠨ ᠲᠠᠯᠠᠪᠤᠷ︾ ᠦᠨᠳᠦᠰᠦᠨ ᠱᠠᠲᠤᠨ ᠳᠤ ᠪᠠᠭᠤᠵᠤ ᠲᠣᠭᠯᠠᠯᠲᠠ ᠭᠠᠷᠭᠠᠬᠤ ᠦᠢᠯᠡᠴᠢᠯᠡᠭᠡᠨ ᠤ ᠠᠵᠢᠯᠯᠠᠭ᠎ᠠ ᠡᠬᠢᠯᠡᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠬᠤᠰᠢᠭᠤ ᠤᠯᠠᠭᠠᠨᠮᠥ᠋ᠴᠢᠷ ᠲᠠᠢ ᠭᠠᠷ ᠬᠤᠯᠪᠣᠨ ᠬᠠᠮᠲᠤᠷᠠᠨ ᠲᠣᠭᠯᠠᠭᠰᠠᠨ ᠭᠤᠷᠪᠠᠳᠤᠭᠠᠷ ᠲᠠᠯᠠᠪᠤᠷ ᠳᠤᠭᠯᠠᠯᠳᠠ ᠪᠣᠯᠣᠨ᠎ᠠ᠃ ᠬᠠᠮᠤᠭ ᠠᠩᠬᠠᠨ ᠤ ᠬᠠᠮᠳᠤᠷᠠᠯᠴᠠᠭ᠎ᠠ ᠰᠤᠯᠢᠯᠴᠠᠭ᠎ᠠ ᠠᠴᠠ ᠡᠬᠢᠯᠡᠨ᠂ ᠬᠦᠭᠵᠢᠮ ᠪᠦᠵᠢᠭ ᠤᠨ ᠨᠠᠶᠢᠷᠠᠭᠤᠯᠭ᠎ᠠ᠂ ᠤᠷ᠎ᠠ ᠮᠡᠷᠭᠡᠵᠢᠯ ᠤᠨ ᠰᠤᠯᠢᠯᠴᠠᠭ᠎ᠠ᠂ ᠤᠳᠬ᠎ᠠ ᠤᠷᠠᠯᠢᠭ ᠤᠨ ᠰᠤᠳᠤᠯᠭᠠᠨ ᠤ ᠳᠠᠯ᠎ᠠ ᠪᠠᠷ ᠬᠤᠶᠠᠷ ᠭᠠᠵᠠᠷ ᠤᠨ ᠤᠯᠠᠭᠠᠨᠮᠥ᠋ᠴᠢᠷ ᠤᠨ ᠬᠢᠨ ᠬᠦᠨ ᠵᠤᠵᠠᠭᠠᠨ ᠨᠦᠬᠦᠷᠯᠡᠯ᠂ ᠬᠦᠨᠵᠡᠬᠡᠢ ᠬᠠᠮᠵᠢᠯᠴᠠᠭ᠎ᠠ ᠪᠠᠶᠢᠭᠤᠯᠤᠭᠰᠠᠨ ᠪᠠᠶᠢᠨ᠎ᠠ᠃      ᠰᠤᠷᠪᠤᠯᠵᠢᠯᠠᠭ᠎ᠠ᠄ ᠬᠤᠰᠢᠭᠤ ᠤᠯᠠᠭᠠᠨᠮᠥ᠋ᠴᠢᠷ ᠤᠨ ᠲᠤᠭᠯᠠᠭᠴᠢ ᠤᠶᠠᠩᠭ᠎ᠠ ︵ᠡᠨᠡ ᠤᠳᠠᠭ᠎ᠠ ᠰᠢᠭᠤᠳ ᠬᠠᠷᠢᠶ᠎ᠠ ᠤᠯᠠᠭᠠᠨᠮᠥ᠋ᠴᠢᠷ ᠤᠨ ᠭᠡᠰᠢᠭᠦᠳ ᠠᠴᠠ ᠮᠠᠰᠢ ᠤᠯᠠᠨ ᠶᠠᠭᠤᠮ᠎ᠠ ᠣᠯᠵᠤ ᠰᠤᠷᠴᠠᠢ᠃ ᠬᠡᠳᠦᠶᠢᠪᠡᠷ ᠴᠠᠭ ᠬᠤᠭᠤᠴᠠᠭ᠎ᠠ ᠮᠠᠰᠢ ᠣᠬᠤᠷᠬᠠᠨ ᠪᠣᠯᠪᠠᠴᠤ ᠪᠢᠳᠡ ᠪᠠᠰᠠ ᠡᠨᠡᠬᠦ ᠴᠠᠭ ᠬᠤᠭᠤᠴᠠᠭ᠎ᠠ ᠶᠢ ᠨᠠᠨᠳᠢᠩᠨᠠᠨ᠂ ᠰᠢᠯᠢᠳᠡᠭ ᠢ ᠨᠢ ᠰᠤᠷᠤᠯᠴᠠᠵᠤ ᠂ ᠰᠢᠨ᠎ᠡ ᠴᠠᠭ ᠦᠶ᠎ᠡ ᠶᠢᠨ ᠥᠷᠭᠡᠨ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠯᠠᠨ ᠤ ᠤᠶᠤᠨ ᠰᠠᠨᠠᠭᠠᠨ ᠤ ᠬᠦᠴᠦᠨ ᠢ ᠴᠢᠩᠭᠠᠳᠬᠠᠵᠤ᠂ ᠤᠯᠠᠭᠠᠨᠮᠥ᠋ᠴᠢᠷ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃︶    ᠰᠤᠷᠪᠤᠯᠵᠢᠯᠠᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠤᠨ ᠳᠡᠳ᠋ ᠳᠠᠷᠤᠭ᠎ᠠ ᠪᠠᠢ ᠯᠠᠨ ︵ᠮᠠᠨ ᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠨᠢ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠵᠤ᠂ ᠤᠯᠠᠭᠠᠨᠮᠥ᠋ᠴᠢᠷ ᠤᠨ ᠲᠤᠭᠯᠠᠭᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ  ᠤᠯᠠᠭᠠᠨᠮᠥ᠋ᠴᠢᠷ ᠤᠨ ᠬᠤᠪᠢᠰᠬᠠᠯ ᠤᠨ ᠭᠧᠨ ᠢ ᠤᠯᠠᠮᠵᠢᠯᠠᠨ ᠵᠠᠯᠭᠠᠮᠵᠢᠯᠠᠵᠤ᠂ ᠤᠯᠠᠭᠠᠨᠮᠥ᠋ᠴᠢᠷ ᠤᠨ ᠠᠵᠢᠯ ᠦᠢᠯᠡᠰ ᠤᠨ ᠦᠶ᠎ᠡ ᠤᠯᠠᠷᠢᠨ ᠤᠯᠠᠮᠵᠢᠯᠠᠭᠳᠠᠬᠤ  ᠶᠢ ᠦᠨᠡᠨ ᠬᠦ ᠪᠠᠲᠤᠯᠠᠵᠤ᠂ ︽ᠤᠮᠠᠷᠠᠲᠤ ᠶᠢᠨ ᠰᠣᠶᠣᠯ︾ ᠤᠨ ᠨᠠᠷᠠᠲᠤ ᠲᠡᠮᠳᠡᠭᠲᠦ ᠶᠢ ᠪᠣᠶ ᠪᠣᠯᠭᠠᠬᠤ ᠳᠤ ᠬᠦᠴᠦ ᠨᠡᠮᠡᠷᠢᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠤᠯᠠᠭᠠᠨᠮᠥ᠋ᠴᠢᠷ ᠤᠨ ᠬᠦᠴᠦᠨ ᠴᠢᠳᠠᠯ ᠢᠶᠠᠨ ᠡᠷᠭᠦᠨ᠎ᠡ᠃ ᠡᠨᠡ ᠤᠳᠠᠭᠠᠨ ᠤ ᠬᠠᠮᠲᠤᠷᠠᠭᠰᠠᠨ ᠲᠣᠭᠤᠷᠢᠨ ᠲᠣᠭᠯᠠᠯᠲᠠ ᠪᠠᠷ ᠳᠠᠮᠵᠢᠨ᠂ ᠪᠢᠳᠡ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠲᠠᠢ ᠰᠣᠯᠢᠯᠴᠠᠭ᠎ᠠ ᠪᠠᠨ ᠴᠢᠩᠭᠠᠳᠬᠠᠵᠤ ᠬᠠᠷᠢᠯᠴᠠᠨ ᠰᠤᠷᠤᠯᠴᠠᠵᠤ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠬᠠᠮᠲᠤᠪᠠᠷ  ᠳᠡᠭᠡᠭᠰᠢᠯᠡᠬᠦᠯᠵᠡᠢ᠃ ᠵᠠᠯᠭᠠᠭᠠᠳ ᠪᠢᠳᠡ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ᠂ ᠤᠯᠠᠨ ᠲᠦᠮᠡᠨ ᠲᠠᠢ ᠣᠶᠢᠷᠠᠲᠤᠭᠰᠠᠨ᠂ ᠤᠯᠠᠨ ᠲᠦᠮᠡᠨ ᠤ ᠳᠤᠮᠳᠠ ᠤᠯᠠᠮᠵᠢᠯᠠᠭᠳᠠᠨ ᠦᠯᠡᠳᠡᠬᠦ ᠰᠢᠯᠢᠳᠡᠭ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠵᠦ ᠥᠷᠭᠡᠨ ᠲᠦᠮᠡᠨ ᠳᠤ ᠪᠠᠨ ᠬᠦᠷᠭᠡᠬᠦ ᠪᠠᠷ ᠴᠢᠷᠮᠠᠶᠢᠨ᠎ᠠ᠃︶  ᠳᠤᠰ ᠤᠳᠠᠭᠠᠨ ᠤ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠨᠢ ᠦᠨᠳᠦᠰᠦᠨ ᠱᠠᠲᠤᠨ ᠤ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠤᠶᠠᠷ ᠭᠠᠵᠠᠷ ᠤᠨ ᠰᠣᠶᠣᠯ ᠤᠷᠠᠯᠢᠭ ᠤᠨ ᠬᠠᠮᠳᠤᠷᠠᠯᠴᠠᠭ᠎ᠠ ᠰᠤᠯᠢᠯᠴᠠᠭ᠎ᠠ ᠶᠢ ᠤᠯᠠᠮ ᠠᠬᠢᠭᠤᠯᠤᠨ᠂ ᠬᠠᠷᠢᠯᠴᠠᠨ ᠰᠤᠷᠤᠯᠴᠠᠵᠤ᠂ ᠬᠠᠮᠲᠤᠪᠠᠷ ᠳᠠᠪᠰᠢᠵᠤ᠂ ᠨᠠᠩ ᠥᠪᠡᠷᠮᠢᠴᠡ ᠣᠨᠴᠠᠯᠢᠭ ᠲᠠᠢ ᠰᠣᠳᠣᠨ ᠪᠦᠲᠦᠭᠡᠯ ᠵᠣᠬᠢᠶᠠᠨ ᠪᠦᠲᠦᠭᠡᠵᠦ᠂ ᠤᠯᠠᠭᠠᠨᠮᠥ᠋ᠴᠢᠷ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠳᠤ ᠰᠠᠭᠤᠷᠢ ᠳᠠᠯᠪᠢᠭᠰᠠᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号