ᠤᠯᠠᠭᠠᠨᠮᠥ᠋ᠴᠢᠷ ᠴᠡᠷᠢᠭ ᠤᠨ ᠬᠤᠸᠠᠷᠠᠨ ᠳᠤ ᠣᠷᠣᠵᠤ ︽ᠬᠤᠶᠠᠷ ᠢ ᠬᠦᠷᠢᠶᠡᠯᠡᠬᠦ︾ ᠶᠢ ᠡᠭᠦᠳᠦᠨ ᠪᠠᠶᠢᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠯ᠎ᠡ
ᠨᠡᠶᠢᠲᠡᠯᠡᠭᠰᠡᠨ ᠴᠠᠭ᠄
2023/12/26
   ᠤᠯᠠᠭᠠᠨᠮᠥ᠋ᠴᠢᠷ ᠤᠨ ︽ᠬᠢᠯᠢ ᠬᠢᠵᠠᠭᠠᠷ ᠤᠨ ᠰᠠᠬᠢᠨ ᠬᠠᠮᠠᠭᠠᠯᠠᠯᠲᠠ ᠶᠢ ᠪᠠᠬᠢᠵᠢᠭᠦᠯᠬᠦ︾ ᠳᠤᠮᠳᠠᠬᠢ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠴᠡᠷᠢᠭ ᠠᠷᠠᠳ ᠤᠨ ᠵᠢᠭᠠᠰᠤ ᠤᠰᠤᠨ ᠤ ᠬᠠᠷᠢᠴᠠᠭ᠎ᠠ ᠶᠢ ᠤᠯᠠᠮ ᠨᠢᠭᠳᠠᠷᠠᠭᠤᠯᠤᠨ᠂ ︽ᠬᠤᠶᠠᠷ ᠢ ᠬᠦᠷᠢᠶᠡᠯᠡᠬᠦ︾ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠴᠡᠷᠢᠭ ᠪᠠᠶᠢᠯᠳᠤᠭᠴᠢᠳ ᠤᠨ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠣᠶᠢᠷ᠎ᠠ ᠳᠤ᠂  ᠬᠤᠰᠢᠭᠤ ᠤᠯᠠᠭᠠᠨᠮᠥ᠋ᠴᠢᠷ ︽ᠬᠤᠶᠠᠷ ᠢ ᠬᠦᠷᠢᠶᠡᠯᠡᠨ ᠬᠠᠮᠳᠤᠪᠡᠷ ᠪᠠᠶᠢᠭᠤᠯᠵᠤ᠂ ᠬᠢᠯᠢ ᠬᠢᠵᠠᠭᠠᠷ ᠤᠨ ᠰᠠᠬᠢᠨ ᠬᠠᠮᠠᠭᠠᠯᠠᠯᠲᠠ ᠶᠢ ᠪᠠᠬᠢᠵᠢᠭᠦᠯᠬᠦ︾ ᠳᠤᠬᠤᠨᠢᠭᠤᠯᠭ᠎ᠠ ᠶᠢᠨ ᠲᠣᠭᠯᠠᠯᠲᠠ ᠥᠷᠨᠢᠭᠦᠯᠵᠦ᠂ ᠬᠢᠯᠢ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠰᠤᠶᠤᠯ ᠤᠨ ᠦᠢᠯᠡᠴᠢᠯᠡᠭᠡ ᠬᠦᠷᠭᠡᠯ᠎ᠡ᠃     ᠥᠷᠯᠥᠭᠡ ᠡᠷᠳᠡ ᠶᠢᠨ 8 ᠴᠠᠭ ᠲᠤ᠂ ᠬᠤᠰᠢᠭᠤ ᠤᠯᠠᠭᠠᠨᠮᠥ᠋ᠴᠢᠷ ᠤᠨ ᠭᠡᠰᠢᠬᠦᠳ ᠬᠦᠭᠵᠢᠮ ᠵᠢᠮᠰᠦᠭ᠂ ᠪᠠᠭᠠᠵᠢ ᠭᠡᠷᠡᠭᠰᠡᠯ ᠢᠶᠠᠨ ᠠᠪᠴᠤ᠂ 120 ᠭᠠᠷᠤᠢ ᠺᠢᠯᠣᠮᠧᠲᠷ ᠠᠶᠠᠯᠠᠨ ᠪᠠᠶᠢᠵᠤ᠂  ᠬᠢᠯᠢ ᠶᠢᠨ ᠴᠡᠷᠢᠭ ᠠᠩᠭᠢ ᠳᠤ ᠬᠦᠷᠴᠦ ᠰᠢᠯᠢᠳᠡᠭ ᠤᠷᠠᠨ ᠰᠠᠶᠢᠬᠠᠨ ᠤ ᠲᠣᠭᠯᠠᠯᠲᠠ ᠪᠠ ᠦᠢᠯᠡᠴᠢᠯᠡᠭᠡ ᠪᠠᠨ ᠳᠠᠷᠤᠭ᠎ᠠ ᠪᠠᠶᠢᠯᠳᠤᠭᠴᠢᠳ ᠲᠤ ᠬᠦᠷᠭᠡᠯ᠎ᠡ᠃    ᠡᠮᠡᠭᠲᠡᠢ ᠶᠢᠨ ᠭᠤᠴᠣᠯᠠᠯ ︽ᠡᠵᠢ ᠶᠢᠨ ᠮᠢᠨᠢ ᠨᠤᠳᠤᠭ︾ ᠳᠠᠭᠤᠤ ᠪᠠᠷ ᠳᠤᠭᠯᠠᠯᠳᠠ ᠶᠢᠨ ᠬᠦᠰᠢᠭᠡ ᠶᠢ ᠰᠡᠭᠦᠵᠦ ᠂ ︽ᠮᠠᠯᠴᠢᠨ ᠲᠦᠮᠡᠨ ᠡᠪ ᠬᠠᠮᠲᠤ ᠨᠠᠮ ᠢᠶᠠᠨ ᠮᠠᠭᠳᠠᠨ ᠳᠠᠭᠤᠯᠠᠨ᠎ᠠ︾ ᠭᠡᠬᠦ ᠨᠠᠶᠢᠷᠠᠯ ᠳᠠᠭᠤᠤ ᠪᠠᠷ ᠡᠬᠡ ᠤᠯᠤᠰ  ᠤᠨ ᠬᠦᠭᠵᠢᠯ᠂ ᠮᠠᠯᠴᠢᠨ ᠠᠷᠠᠳ ᠤᠨ ᠬᠠᠶᠢᠷ᠎ᠠ ᠶᠢ ᠢᠯᠡᠷᠡᠭᠦᠯᠦᠨ᠂ ᠡᠯᠧᠺᠲᠷᠣᠨ ᠰᠠᠺᠰ ᠤᠨ ᠲᠣᠭᠯᠠᠯᠲᠠ ︽ᠬᠤᠨ ᠭᠠᠯᠠᠭᠤ︾᠂ ᠡᠮᠡᠭᠲᠡᠢ ᠶᠢᠨ ᠭᠤᠴᠣᠯᠠᠯ ᠳᠠᠭᠤᠤ ︽ᠵᠢᠵᠢᠭ ᠴᠠᠭᠠᠨ ᠤᠯᠢᠶᠠᠰᠤ︾᠂ ᠯᠢᠮᠪᠦ ᠶᠢᠨ ᠬᠠᠪᠰᠤᠷᠤᠯ ᠬᠥᠭᠵᠢᠮ ︽ᠬᠦᠨᠳᠦᠲᠦ ᠬᠠᠶᠢᠷᠠᠲᠤ ᠮᠠᠤ ᠲᠡᠷᠢᠭᠦᠯᠡᠭᠴᠢ︾᠂ ᠡᠷᠡᠭᠲᠡᠢ ᠶᠢᠨ ᠭᠤᠴᠣᠯᠠᠯ ᠪᠥᠵᠢᠭ ︽ᠲᠠᠯ᠎ᠠ ᠶᠢᠨ ᠬᠦᠦ︾ ᠵᠡᠷᠭᠡ ᠭᠤᠶᠢᠳᠠ ᠰᠠᠶᠢᠬᠠᠨ ᠳᠤᠭᠯᠠᠯᠳᠠ ᠳᠠᠷᠤᠭ᠎ᠠ ᠪᠠᠶᠢᠯᠳᠤᠭᠴᠢᠳ ᠤᠨ ᠬᠠᠯᠠᠭᠤᠨ ᠬᠦᠷᠢᠶᠡᠯᠡᠯ ᠤᠯᠤᠯ᠎ᠠ᠃    ᠰᠤᠷᠪᠤᠯᠵᠢᠯᠠᠭ᠎ᠠ᠄ ᠬᠤᠰᠢᠭᠤ ᠤᠯᠠᠭᠠᠨᠮᠥ᠋ᠴᠢᠷ ᠤᠨ ᠭᠡᠰᠢᠭᠦᠨ ᠰᠦᠨᠪᠠᠶᠠᠷ ︵ ᠪᠢ ᠥᠨᠥᠳᠥᠷ ︽ᠲᠠᠯ᠎ᠠ ᠶᠢᠨ ᠬᠦᠦ︾ ᠭᠡᠬᠦ ᠲᠣᠭᠯᠠᠯᠲᠠ ᠭᠠᠷᠭᠠᠵᠠᠢ᠃ ᠲᠠᠯ᠎ᠠ ᠨᠤᠲᠤᠭ ᠤᠨ ᠡᠷᠡᠴᠦᠳ ᠤᠨ ᠡᠷᠬᠡ ᠴᠢᠯᠦᠭᠡ ᠲᠠᠢ᠂ ᠡᠷᠬᠢᠮᠰᠦᠭ ᠪᠠᠶᠢᠳᠠᠯ ᠢ ᠬᠠᠷᠠᠭᠤᠯᠤᠭᠰᠠᠨ ᠪᠦᠵᠢᠭ ᠪᠤᠯᠬᠤ ᠶᠤᠮ᠂ ᠮᠠᠨ ᠤ ᠬᠢᠯᠢ ᠶᠢᠨ ᠪᠠᠶᠢᠯᠳᠤᠭᠴᠢᠳ ᠲᠠᠯ᠎ᠠ ᠨᠤᠲᠤᠭ ᠤᠨ ᠠᠮᠤᠷ ᠠᠮᠤᠭᠤᠯᠠᠩ ᠢ ᠰᠠᠬᠢᠨ ᠬᠠᠮᠠᠭᠠᠯᠠᠵᠤ ᠪᠠᠶᠢᠳᠠᠭ᠂ ᠮᠢᠨᠤ ᠦᠵᠡᠬᠦ ᠪᠠᠷ ᠲᠡᠳᠡ ᠴᠤ ᠪᠢᠳᠡᠨ ᠤ ᠬᠦᠨᠳᠦᠳᠬᠡᠭᠦᠰᠢᠲᠡᠢ ᠨᠢᠭᠡ ᠪᠦᠯᠦᠭ ᠬᠥᠮᠥᠰ ᠶᠤᠮ᠃︶    ᠲᠣᠭᠯᠠᠭᠴᠢᠳ ᠵᠢᠷᠦᠬᠡ ᠰᠡᠳᠬᠢᠯ ᠢᠶᠠᠨ ᠰᠢᠩᠭᠡᠭᠡᠭᠰᠡᠨ ᠤᠶᠠᠩᠭ᠎ᠠ ᠳᠠᠭᠤᠤ ᠪᠠᠷ ᠢᠶᠠᠨ ᠡᠬᠡ ᠤᠯᠤᠰ ᠢᠶᠠᠨ ᠭᠡᠰᠡᠨ ᠬᠢᠵᠠᠭᠠᠯᠠᠰᠢ ᠦᠭᠡᠢ ᠬᠠᠯᠠᠭᠤᠨ ᠬᠠᠶᠢᠷ᠎ᠠ ᠪᠠᠨ ᠢᠯᠡᠷᠭᠡᠶᠢᠯᠡᠨ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ᠂ ᠠᠭᠤᠯᠭ᠎ᠠ ᠬᠡᠯᠪᠡᠷᠢ ᠪᠠᠶᠠᠯᠢᠭ ᠤᠷᠠᠨ ᠰᠠᠶᠢᠬᠠᠨ  ᠤ ᠳᠤᠭᠯᠠᠯᠳᠠ ᠨᠢ ᠤᠯᠠᠨ ᠤ ᠤᠷᠮ᠎ᠠ ᠶᠢ ᠬᠦᠭᠵᠢᠭᠡᠨ᠂ ᠳᠠᠷᠤᠭ᠎ᠠ ᠪᠠᠶᠢᠯᠳᠤᠭᠴᠢᠳ ᠴᠤ ᠬᠦᠭᠵᠢᠯᠳᠦᠨ ᠳᠠᠭᠤᠯᠠᠵᠤ᠂ ︽ᠴᠡᠷᠢᠭ ᠨᠢ ᠠᠷᠠᠳ ᠢᠶᠠᠨ ᠬᠠᠶᠢᠷᠠᠯᠠᠨ᠂ ᠠᠷᠠᠳ ᠨᠢ ᠴᠡᠷᠢᠭ ᠢᠶᠠᠨ ᠬᠦᠷᠢᠶᠡᠯᠡᠵᠦ᠂ ᠴᠡᠷᠢᠭ ᠠᠷᠠᠳ ᠪᠦᠯᠬᠦᠮᠳᠡᠨ ᠨᠢᠭᠲᠠᠷᠠᠭᠰᠠᠨ︾  ᠪᠠᠶᠢᠳᠠᠯ ᠢ ᠬᠦᠢᠴᠡᠳ ᠢᠯᠡᠷᠡᠭᠦᠯᠦᠨ᠎ᠡ᠃    ᠰᠤᠷᠪᠤᠯᠵᠢᠯᠠᠭ᠎ᠠ᠄ ᠬᠤᠰᠢᠭᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠳᠤᠪᠴᠢᠶᠠᠨ ᠤ ᠳᠡᠳ᠋ ᠳᠠᠷᠤᠭ᠎ᠠ ᠪᠥᠸᠧ ᠲᠤᠤ ︵ᠣᠶᠢᠷ᠎ᠠ ᠶᠢᠨ ᠵᠢᠯ ᠳᠤ᠂ ᠬᠤᠰᠢᠭᠤ ᠤᠯᠠᠭᠠᠨᠮᠥ᠋ᠴᠢᠷ ᠰᠠᠭᠤᠭ᠎ᠠ ᠭᠠᠵᠠᠷ ᠤᠨ ᠴᠡᠷᠢᠭ ᠠᠩᠭᠢ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠲᠤ ᠬᠦᠷᠴᠦ ᠳᠤᠬᠤᠨᠢᠭᠤᠯᠭ᠎ᠠ ᠶᠢᠨ ᠲᠣᠭᠯᠠᠯᠲᠠ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ᠂ ᠤᠳᠬ᠎ᠠ ᠤᠷᠠᠯᠢᠭ ᠤᠨ ᠳᠤᠭᠯᠠᠯᠳᠠ ᠤᠬᠠᠭᠤᠯᠭ᠎ᠠ ᠵᠡᠷᠭᠡ ᠬᠠᠮᠳᠤᠪᠡᠷ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠠᠮ ᠤᠨ ᠲᠠᠭᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠥᠯᠢᠭᠡᠷ᠂ ᠬᠤᠪᠢᠰᠬᠠᠯ ᠤᠨ ᠰᠣᠶᠣᠯ ᠢ ᠴᠡᠷᠢᠭ ᠠᠩᠭᠢ ᠪᠠ ᠮᠠᠯᠴᠢᠨ ᠲᠦᠮᠡᠨ ᠤ ᠳᠤᠮᠳᠠ ᠬᠦᠷᠭᠡᠵᠦ᠂ ᠳᠠᠷᠤᠭ᠎ᠠ ᠪᠠᠶᠢᠯᠳᠤᠭᠴᠢᠳ ᠲᠤ ᠨᠠᠮ ᠤᠨ ᠬᠠᠯᠠᠮᠵᠢᠯᠠᠯ ᠪᠠ ᠬᠠᠯᠠᠭᠤᠨ ᠳᠤᠯᠠᠭᠠᠨ ᠢ ᠭᠦᠢᠴᠡᠳ ᠮᠡᠳᠡᠷᠡᠭᠦᠯᠵᠡᠢ᠃ ᠲᠠᠷᠠᠭᠠᠴᠢ ᠶᠢᠨ ᠠᠯᠬᠤᠮ ᠳᠤ᠂ ᠪᠢᠳᠡ ᠪᠠᠰᠠ ᠤᠯᠠᠭᠠᠨᠮᠥ᠋ᠴᠢᠷ ᠤᠨ ︽ᠬᠢᠯᠢ ᠬᠢᠵᠠᠭᠠᠷ ᠤᠨ ᠰᠠᠬᠢᠨ ᠬᠠᠮᠠᠭᠠᠯᠠᠯᠲᠠ ᠶᠢ ᠪᠠᠬᠢᠵᠢᠭᠦᠯᠬᠦ︾ ᠳᠤᠮᠳᠠᠬᠢ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠤᠨ ᠡᠯ᠎ᠡ ᠡᠲᠡᠭᠡᠳ ᠤᠨ ︽ᠬᠢᠯᠢ ᠬᠢᠵᠠᠭᠠᠷ ᠢ ᠬᠠᠶᠢᠷᠠᠯᠠᠵᠤ ᠬᠢᠯᠢ ᠬᠢᠵᠠᠭᠠᠷ ᠢ ᠬᠥᠭᠵᠢᠭᠦᠯᠬᠦ︾ ᠡᠭᠦᠷᠭᠡ ᠬᠠᠷᠢᠭᠤᠴᠠᠯᠭᠠᠲᠤ ᠰᠡᠳᠬᠢᠯᠭᠡ ᠶᠢ ᠬᠥᠭᠵᠢᠭᠡᠵᠦ᠂ ᠥᠷᠭᠡᠨ ᠣᠯᠠᠨ ᠴᠡᠷᠢᠭ ᠠᠷᠠᠳ ᠤᠨ ︽ᠬᠢᠯᠢ ᠬᠢᠵᠠᠭᠠᠷ ᠤᠨ ᠰᠠᠬᠢᠨ ᠬᠠᠮᠠᠭᠠᠯᠠᠯᠲᠠ ᠶᠢ ᠪᠠᠬᠢᠵᠢᠭᠦᠯᠬᠦ︾ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠭᠦ ᠬᠦᠴᠦᠨ ᠢ ᠨᠢᠭᠲᠠᠷᠠᠭᠤᠯᠵᠤ᠂ ︽ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ᠂ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ︾ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠢᠯᠢ ᠬᠢᠵᠠᠭᠠᠷ ᠤᠨ ᠴᠡᠴᠡᠭᠯᠡᠨ ᠬᠦᠭᠵᠢᠯᠳᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃  ︶    ᠲᠣᠰ ᠤᠳᠠᠭᠠᠨ ᠤ ᠳᠤᠬᠤᠨᠢᠭᠤᠯᠭ᠎ᠠ ᠶᠢᠨ ᠲᠣᠭᠯᠠᠯᠲᠠ ᠨᠢ ᠮᠠᠨ ᠤ ᠬᠤᠰᠢᠭᠤᠨ ᠤ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢ ᠤᠯᠠᠮ ᠨᠢᠭᠡ ᠠᠯᠬᠤᠮ ᠪᠠᠳᠠᠷᠠᠭᠤᠯᠤᠨ᠂  ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠪᠠᠲᠤᠳᠬᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠴᠢᠩᠭᠠᠳᠬᠠᠨ᠂ ᠬᠤᠶᠠᠷ ᠢ ᠬᠦᠷᠢᠶᠡᠯᠡᠵᠦ ᠬᠠᠮᠳᠤᠪᠡᠷ ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠢᠶᠠᠷ ᠪᠣᠶ  ᠪᠤᠯᠭᠠᠵᠤ᠂ ᠴᠡᠷᠢᠭ ᠠᠷᠠᠳ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠢᠲᠡᠭᠡᠯ ᠪᠢᠰᠢᠷᠡᠯ ᠢ ᠨᠢᠭᠲᠠᠷᠠᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠲᠠᠯ᠎ᠠ ᠨᠤᠲᠤᠭ ᠤᠨ ᠠᠷᠠᠳ ᠲᠦᠮᠡᠨ ᠤ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠭᠦᠨᠵᠡᠭᠡᠢ ᠲᠠᠨᠢᠯᠲᠠ ᠪᠠ ᠡᠷᠡᠰ ᠬᠦᠷᠢᠶᠡᠯᠡᠯ ᠢ ᠢᠯᠡᠷᠡᠭᠦᠯᠦᠭᠰᠡᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号