ᠬᠤᠰᠢᠭᠤ ᠤᠯᠠᠭᠠᠨᠮᠦ᠋ᠴᠢᠷ ᠤᠨ ᠬᠢᠨ ᠱᠧᠨᠵᠧᠨ ᠬᠤᠲᠠ ᠳᠤ ᠬᠦᠷᠴᠦ ᠲᠤᠭᠯᠠᠯᠲᠠ ᠭᠠᠷᠭᠠᠭᠰᠠᠨ
ᠨᠡᠶᠢᠲᠡᠯᠡᠭᠰᠡᠨ ᠴᠠᠭ᠄
2023/12/26
    3 ᠰᠠᠷ᠎ᠠ ᠶᠢᠨ 22 - 23 ᠤ ᠡᠳᠦᠷ ᠪᠤᠯᠲᠠᠯ᠎ᠠ᠂ ᠬᠤᠰᠢᠭᠤ ᠤᠯᠠᠭᠠᠨᠮᠦ᠋ᠴᠢᠷ ᠤᠨ ᠬᠢᠨ ᠱᠧᠨᠵᠧᠨ ᠬᠤᠲᠠ ᠳᠤ ᠬᠦᠷᠴᠦ᠂ ᠱᠧᠨᠵᠧᠨ ᠬᠤᠲᠠ ᠶᠢᠨ ᠨᠠᠨᠱᠠᠨ ᠲᠤᠭᠤᠷᠢᠭ ᠤᠨ ᠰᠣᠶᠣᠯ ᠲᠠᠮᠢᠷ ᠤᠨ ᠲᠥᠪ ᠤᠨ ᠲᠣᠮᠣ ᠲᠢᠶᠠᠲᠷ ᠲᠤ ᠶᠠᠪᠤᠭᠳᠠᠵᠤ ᠪᠠᠶᠢᠭ᠎ᠠ ᠤᠷᠠᠯᠢᠭ ᠤᠨ ᠨᠠᠶᠢᠷ ᠲᠤ ᠤᠷᠤᠯᠴᠠᠯ᠎ᠠ᠃ 22 ᠤᠨ ᠣᠷᠣᠶ ᠶᠢᠨ ︽ᠬᠤᠨ ᠭᠠᠯᠠᠭᠤ︾ ᠨᠡᠷᠡᠲᠦ ᠦᠳᠡᠰᠢᠯᠡᠭᠡ ᠳᠤ᠂ ᠬᠤᠰᠢᠭᠤ ᠤᠯᠠᠭᠠᠨᠮᠥ᠋ᠴᠢᠷ ᠤᠨ ᠲᠤᠭᠯᠠᠭᠴᠢᠳ ᠬᠥᠭᠡᠮᠡᠢ ︽ᠰᠥᠨᠢᠳ ᠤᠨ ᠭᠤᠪᠢ ᠶᠢᠨ ᠲᠡᠮᠡᠭᠡᠳ︾᠂ ︽ᠡᠵᠢ ᠳᠡᠯᠡᠬᠡᠢ︾᠂ ᠤᠷᠲᠤ ᠶᠢᠨ ᠳᠠᠭᠤᠤ ︽ᠬᠤᠩᠭᠤᠷ ᠰᠢᠷᠭ᠎ᠠ︾᠂ ᠮᠣᠷᠢᠨ ᠬᠤᠭᠤᠷ ᠤᠨ ᠨᠠᠶᠢᠷᠠᠯ ᠬᠥᠭᠵᠢᠮ ︽ᠮᠥᠷᠦᠭᠡᠳᠦᠯ︾ ᠵᠡᠷᠭᠡ ᠤᠯᠠᠨ ᠰᠠᠶᠢᠬᠠᠨ ᠲᠤᠭᠯᠠᠯᠲᠠ ᠪᠠᠨ ᠡᠷᠭᠦᠨ᠂ ᠲᠤᠬᠠᠢ  ᠶᠢᠨ ᠭᠠᠵᠠᠷ ᠤᠨ ᠬᠦᠮᠦᠰ ᠲᠤ ᠦᠨᠳᠦᠰᠦᠲᠡᠨ ᠤ ᠳᠠᠭᠤᠤ ᠬᠥᠭᠵᠢᠮ ᠤᠨ ᠷᠢᠳᠢ ᠰᠢᠳᠢ ᠶᠢ ᠭᠠᠶᠢᠬᠠᠭᠤᠯᠵᠤ᠂ ᠬᠤᠷᠠᠨ ᠴᠤᠭᠯᠠᠷᠠᠭᠰᠠᠨ ᠦᠵᠡᠭᠴᠢᠳ ᠲᠥᠮᠡᠨ ᠢᠶᠠᠨ ᠪᠠᠶᠠᠰᠬᠠᠵᠠᠢ᠃ 23 ᠤ ᠣᠷᠣᠶ᠂ ᠬᠤᠰᠢᠭᠤ ᠤᠯᠠᠭᠠᠨᠮᠥ᠋ᠴᠢᠷ ᠤᠨ ᠲᠤᠭᠯᠠᠭᠴᠢᠳ ᠮᠠᠨᠢ ︽ᠬᠡᠦᠬᠡᠳ ᠤᠳ ᠲᠤ ᠥᠭᠬᠦ ᠤᠯᠠᠭᠠᠨᠮᠥ᠋ᠴᠢᠷ ᠤᠨ ᠬᠠᠶᠢᠷ᠎ᠠ︾ ᠲᠤᠰᠬᠠᠶ ᠲᠠᠯᠠᠪᠠᠶ ᠳᠠᠭᠤᠤ ᠬᠥᠭᠵᠢᠮ ᠤᠨ ᠦᠳᠡᠰᠢᠯᠡᠭᠡ ᠭᠠᠷᠭᠠᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号