︽ᠤᠯᠠᠭᠠᠨᠮᠥ᠋ᠴᠢᠷ + ᠮᠥᠩᠭᠦᠨ ᠭᠦᠢᠯᠭᠡᠭᠡ︾ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2023/12/26
   ᠣᠶᠢᠷ᠎ᠠ ᠳᠤ᠂ ᠬᠤᠰᠢᠭᠤ ᠲᠠᠷᠢᠶᠠᠯᠠᠩ ᠤᠨ ᠪᠠᠩᠬᠢ ᠵᠢᠷᠭᠠᠯᠠᠩ ᠶᠡᠷᠦᠩᠬᠡᠶᠢᠯᠡᠭᠰᠡᠨ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ ︽︿ᠤᠯᠠᠭᠠᠨᠮᠥ᠋ᠴᠢᠷ + ᠮᠥᠩᠭᠦᠨ ᠭᠦᠢᠯᠭᠡᠭᠡ﹀ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠬᠤ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠮᠥᠩᠭᠦᠨ ᠭᠦᠢᠯᠭᠡᠭᠡᠨ ᠤ ᠮᠡᠳᠡᠯᠭᠡ ᠶᠢ ᠣᠯᠠᠨ ᠲᠦᠮᠡᠨ ᠤ ᠳᠡᠷᠭᠡᠳᠡ ᠬᠦᠷᠭᠡᠪᠡ᠃    ᠠᠵᠢᠯᠯᠠᠭᠠᠨ ᠤ ᠲᠤᠬᠠᠶ ᠶᠢᠨ ᠲᠠᠯᠠᠪᠠᠶ ᠳᠤ᠂ ᠬᠤᠰᠢᠭᠤ ᠤᠯᠠᠭᠠᠨᠮᠥ᠋ᠴᠢᠷ ᠤᠨ ᠲᠤᠭᠯᠠᠭᠴᠢᠳ ᠭᠤᠶᠢᠳᠠ ᠰᠠᠶᠢᠬᠠᠨ ᠲᠤᠭᠯᠠᠯᠲᠠ ᠪᠠᠷ ᠢᠶᠠᠨ ᠨᠠᠰᠤᠳᠠᠶᠢᠴᠤᠳ ᠢᠶᠠᠨ ᠪᠠᠶᠠᠰᠬᠠᠭᠰᠠᠨ ᠤ ᠬᠠᠮᠲᠤ᠂ ᠬᠤᠰᠢᠭᠤ ᠲᠠᠷᠢᠶᠠᠯᠠᠩ ᠤᠨ ᠪᠠᠩᠬᠢ ᠶᠢᠨ ᠠᠵᠢᠯᠲᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠰᠤᠲᠠᠶᠢᠴᠤᠳ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠵᠤ᠂ ᠴᠠᠬᠢᠯᠭᠠᠨ ᠬᠤᠯᠪᠣᠭᠠᠨ ᠤ ᠰᠦᠯᠵᠢᠶᠡᠨ ᠤ ᠮᠡᠬᠡᠯᠡᠯ ᠢ ᠡᠰᠡᠷᠭᠦᠴᠡᠬᠦ ᠮᠡᠳᠡᠯᠭᠡ ᠶᠢ ᠲᠦᠭᠡᠮᠡᠯᠵᠢᠭᠦᠯᠦᠨ᠂ ᠨᠠᠰᠤᠲᠠᠶᠢᠴᠤᠳ ᠤᠨ ᠮᠥᠩᠭᠦᠨ ᠭᠦᠢᠯᠭᠡᠭᠡᠨ ᠤ ᠮᠡᠳᠡᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠵᠡᠢ᠃     ᠰᠤᠷᠪᠤᠯᠵᠢᠯᠠᠭ᠎ᠠ᠄  ᠰᠠᠭᠤᠭᠠᠯᠢ ᠠᠷᠠᠳ   ᠵᠣᠷᠢᠭᠲᠤ᠄ ᠨᠠᠮ ᠤᠨ ᠲᠥᠷᠥ ᠶᠢᠨ ᠪᠣᠳᠣᠯᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ᠂ ᠠᠷᠠᠳ ᠣᠯᠠᠨ ᠳᠤ ᠲᠥᠷᠥ ᠶᠢᠨ ᠪᠣᠳᠣᠯᠭ᠎ᠠ ᠶᠢ ᠣᠶᠢᠯᠠᠭᠠᠭᠤᠯᠤᠭᠰᠠᠨ ᠳᠤ ᠣᠯᠠᠨ ᠢᠶᠠᠷ ᠢᠶᠠᠨ ᠪᠦᠷ ᠪᠠᠶᠠᠷᠯᠠᠵᠤ ᠪᠠᠶᠢᠨ᠎ᠠ᠂ ᠪᠠᠰᠠ ᠨᠢᠭᠡ ᠨᠢ ᠴᠠᠬᠢᠯᠭᠠᠨ ᠬᠤᠯᠪᠣᠭᠠᠨ ᠤ ᠮᠡᠬᠡᠯᠡᠯ ᠤᠨ ᠲᠤᠬᠠᠢ ᠪᠢᠳᠡ ᠥᠩᠭᠡᠷᠡᠭᠰᠡᠨ ᠳᠤ ᠮᠡᠳᠡᠬᠦ ᠥᠬᠡᠶ ᠪᠠᠶᠢᠵᠠᠶ᠂ ᠡᠨᠡ ᠬᠦ ᠤᠬᠠᠭᠤᠯᠭ᠎ᠠ ᠪᠠᠷ ᠳᠠᠮᠵᠢᠭᠤᠯᠤᠨ᠂ ᠨᠠᠰᠤᠲᠠᠶᠢᠴᠤᠳ ᠲᠤ ᠰᠣᠨᠣᠷ ᠰᠡᠷᠡᠮᠵᠢ ᠪᠠᠨ ᠲᠡᠭᠡᠭᠰᠢᠯᠡᠭᠦᠯᠬᠦ ᠶᠢ ᠰᠠᠨᠠᠭᠤᠯᠵᠠᠢ  ᠃    ᠰᠤᠷᠪᠤᠯᠵᠢᠯᠠᠭ᠎ᠠ᠄ ᠬᠤᠰᠢᠭᠤ ᠲᠠᠷᠢᠶᠠᠯᠠᠩ ᠤᠨ ᠪᠠᠩᠬᠢ ᠶᠢᠨ ᠳᠠᠷᠤᠭ᠎ᠠ   ᠴᠧᠨ ᠢᠦᠶ ᠯᠢᠨ᠄  ᠬᠤᠰᠢᠭᠤ ᠲᠠᠷᠢᠶᠠᠯᠠᠩ ᠤᠨ ᠪᠠᠩᠬᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠤᠬᠠᠭᠤᠯᠭ᠎ᠠ ᠶᠢᠨ ᠠᠷᠭ᠎ᠠ ᠬᠡᠯᠪᠡᠷᠢ ᠪᠠ ᠤᠬᠠᠭᠤᠯᠭ᠎ᠠ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠣᠯᠠᠨ ᠬᠡᠯᠪᠡᠷᠢ᠂ ᠣᠯᠠᠨ ᠠᠷᠭ᠎ᠠ ᠵᠠᠮ ᠢᠶᠠᠷ ᠮᠥᠩᠭᠦᠨ ᠭᠦᠢᠯᠭᠡᠭᠡᠨ ᠤ ᠮᠡᠳᠡᠯᠭᠡ ᠶᠢᠨ ᠤᠬᠠᠭᠤᠯᠭ᠎ᠠ ᠥᠷᠨᠢᠭᠦᠯᠵᠦ᠂ ᠶᠡᠷᠦᠩᠬᠡᠶᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠦᠭᠰᠡᠨ ᠪᠠᠶᠢᠨ᠎ᠠ᠂ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠤᠯᠠᠭᠠᠨᠮᠥ᠋ᠴᠢᠷ ᠤᠨ ᠦᠨᠳᠦᠰᠦᠨ ᠱᠠᠲᠤᠨ ᠳᠤ ᠭᠦᠨᠵᠡᠭᠡᠶᠢᠷᠡᠬᠦ ᠦᠢᠯᠡᠴᠢᠯᠡᠭᠡᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠮᠥᠩᠭᠦᠨ ᠭᠦᠢᠯᠭᠡᠭᠡᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠮᠥᠩᠭᠦᠨ  ᠭᠦᠢᠯᠭᠡᠭᠡᠨ ᠤ ᠮᠡᠳᠡᠯᠭᠡ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠣᠯᠠᠨ ᠲᠦᠮᠡᠨ ᠤ ᠳᠡᠷᠭᠡᠳᠡ ᠬᠦᠷᠭᠡᠵᠡᠢ᠃        ᠲᠣᠰ ᠤᠳᠠᠭᠠᠨ ᠤ ᠠᠵᠢᠯᠯᠠᠭ᠎ᠠ ᠨᠢ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠮᠥᠩᠭᠦᠨ ᠭᠦᠢᠯᠭᠡᠭᠡᠨ ᠤ ᠮᠡᠳᠡᠯᠭᠡ ᠶᠢ ᠠᠷᠠᠳ ᠣᠯᠠᠨ ᠳᠤ ᠤᠶᠢᠯᠭᠠᠭᠤᠯᠵᠤ᠂ ᠣᠯᠠᠨ ᠲᠦᠮᠡᠨ ᠤ ᠮᠥᠩᠭᠦᠨ ᠭᠦᠢᠯᠭᠡᠭᠡᠨ ᠤ ᠮᠡᠳᠡᠯᠭᠡ ᠶᠢᠨ ᠬᠢᠷᠢ ᠲᠦᠪᠰᠢᠨ ᠪᠠ ᠴᠠᠬᠢᠯᠭᠠᠨ ᠬᠤᠯᠪᠤᠭᠠᠨ ᠤ ᠮᠡᠬᠡᠯᠡᠯ ᠢ ᠰᠡᠷᠭᠡᠶᠢᠯᠡᠬᠦ ᠤᠬᠠᠮᠰᠠᠷ ᠢ ᠦᠨᠡᠨ ᠬᠦ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号