11 ᠳ᠋ᠦ᠋ᠭᠡᠷ ᠰᠠᠷ᠎ᠠ ᠶᠢᠨ 14 ᠤ ᠡᠳᠦᠷ ᠪᠣᠯ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠢᠬᠢᠷ | ᠰᠢᠵᠢᠩ ᠡᠪᠡᠳᠴᠢᠨ ᠢ ᠰᠡᠷᠭᠡᠶᠢᠯᠡᠬᠦ ᠡᠳᠦᠷᠯᠢᠭ ᠪᠣᠯᠣᠨ᠎ᠠ᠃ ᠮᠠᠨ ᠤ ᠤᠯᠤᠰ ᠤᠨ ᠨᠠᠰᠤᠨ ᠳᠤ ᠬᠥᠷᠥᠭᠰᠡᠨ ᠬᠥᠮᠥᠰ | ᠤᠨ ᠰᠢᠬᠢᠷ ᠰᠢᠵᠢᠩ ᠡᠪᠡᠳᠴᠢᠨ ᠣᠯᠣᠭᠰᠠᠨ ᠨᠤᠷᠮ᠎ᠠ ᠪᠠᠷᠤᠭ 12% ᠲᠤ ᠬᠦᠷᠴᠦ᠂ ᠡᠪᠡᠳᠴᠢᠯᠡᠬᠦ ᠨᠤᠷᠮ᠎ᠠ | ᠨᠢ ᠶᠡᠷᠦᠩᠬᠡᠶ ᠳᠡᠭᠡᠨ ᠨᠡᠮᠡᠭᠳᠡᠬᠦ ᠬᠠᠨᠳᠤᠰᠢ ᠲᠠᠢ ᠪᠠᠶᠢᠭ᠎ᠠ ᠪᠥᠭᠡᠳ ᠨᠠᠰᠤᠨ ᠳᠤ ᠬᠦᠷᠦᠭᠰᠡᠨ 8 ᠬᠦᠮᠦᠨ ᠤ | ᠳᠣᠲᠣᠷ᠎ᠠ ᠠᠴᠠ 1 ᠨᠢ ᠪᠠᠷᠤᠭ ᠰᠢᠬᠢᠷ ᠰᠢᠵᠢᠩ ᠡᠪᠡᠳᠴᠢᠲᠡᠨ ᠶᠤᠮ ᠪᠠᠶᠢᠨ᠎ᠠ᠃ ᠡᠳᠡᠭᠡᠷ ᠡᠪᠡᠳᠴᠢᠲᠡᠨ ᠤ | ᠳᠤᠮᠳᠠ 2 ᠬᠡᠯᠪᠡᠷᠢ ᠶᠢᠨ ᠰᠢᠬᠢᠷ ᠰᠢᠵᠢᠩ ᠡᠪᠡᠳᠴᠢᠲᠡᠨ 90% ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ᠃ | ᠰᠢᠬᠢᠷ ᠰᠢᠵᠢᠩ ᠡᠪᠡᠳᠴᠢᠨ ᠳᠤ ᠶᠠᠮᠠᠷ ᠨᠡᠶᠢᠲᠡᠯᠢᠭ ᠰᠢᠨᠵᠢ ᠲᠡᠮᠳᠡᠭ ᠪᠠᠶᠢᠬᠤ ᠪᠤᠢ︖ ᠶᠠᠭᠠᠬᠢᠪᠠᠯ ᠰᠠᠶ᠋ᠢ ᠰᠢᠬᠢᠷ | ᠰᠢᠵᠢᠩ ᠡᠪᠡᠳᠴᠢᠨ ᠠᠴᠠ ᠬᠤᠯᠠ ᠪᠠᠶᠢᠵᠤ ᠴᠢᠳᠠᠬᠤ ᠪᠣᠢ︖ | ᠰᠢᠬᠢᠷ ᠰᠢᠵᠢᠩ ᠡᠪᠡᠳᠴᠢᠨ ᠨᠢ ᠨᠦᠢᠷ ᠤᠨ ᠡᠳ᠋ ᠤᠨ ᠰᠢᠭᠦᠷᠡᠯᠲᠡ ᠪᠠ ᠴᠢᠳᠠᠪᠬᠢ ᠪᠠᠭᠤᠷᠠᠭᠰᠠᠨ ᠠᠴᠠ | ᠪᠣᠯᠵᠤ ᠴᠢᠰᠤᠨ ᠤ ᠰᠢᠬᠢᠷ ᠥᠨᠳᠥᠷᠵᠢᠬᠦ ᠪᠠᠷ ᠣᠨᠴᠠᠯᠢᠭ ᠪᠣᠯᠭᠠᠭᠰᠠᠨ ᠡᠪᠡᠳᠴᠢᠨ ᠶᠣᠮ᠃ | | ᠮᠠᠨ ᠤ ᠤᠯᠤᠰ ᠲᠤ 18 ᠨᠠᠰᠤᠨ ᠠᠴᠠ ᠳᠡᠭᠡᠭᠰᠢᠬᠢ ᠬᠥᠮᠦᠰ ᠤᠨ ᠰᠢᠬᠢᠷ ᠰᠢᠵᠢᠩ ᠡᠪᠡᠳᠴᠢᠨ ᠣᠯᠬᠤ | ᠨᠣᠷᠮ᠎ᠠ ᠨᠢ 12% ᠣᠷᠴᠢᠮ ᠪᠠᠶᠢᠳᠠᠭ᠂ ᠥᠭᠡᠷ᠎ᠡ ᠪᠠᠷ ᠬᠡᠯᠡᠪᠡᠯ ᠪᠠᠷᠤᠭ ᠨᠠᠰᠤᠨ ᠳᠤ ᠬᠦᠷᠦᠭᠰᠡᠨ 8 ᠬᠥᠮᠦᠨ ᠤ | ᠳᠣᠲᠣᠷ᠎ᠠ ᠠᠴᠠ ᠨᠢᠭᠡ ᠨᠢ ᠰᠢᠬᠢᠷ ᠰᠢᠵᠢᠩ ᠡᠪᠡᠳᠴᠢᠲᠡᠨ ᠪᠣᠯᠣᠨ᠎ᠠ᠃ | ᠰᠢᠬᠢᠷ ᠰᠢᠵᠢᠩ ᠡᠪᠡᠳᠴᠢᠨ ᠨᠢ ᠬᠥᠮᠥᠨ ᠤ ᠪᠡᠶ᠎ᠡ ᠳᠤ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ | ᠴᠢᠰᠤ ᠬᠠᠷᠪᠤᠬᠤ᠂ ᠨᠢᠳᠦᠨ ᠤ ᠲᠣᠣᠷᠯᠢᠭ ᠪᠦᠷᠬᠦᠪᠴᠢ ᠶᠢᠨ ᠡᠪᠡᠳᠴᠢᠨ᠂᠂ ᠬᠠᠷᠠᠭ᠎ᠠ ᠠᠯᠳᠠᠬᠤ᠂ ᠰᠢᠳᠤᠨ ᠤ | ᠦᠷᠪᠢᠰᠦᠯ᠂ ᠴᠢᠰᠤᠨ ᠳᠠᠷᠤᠯᠲᠠ ᠥᠨᠳᠥᠷ ᠪᠣᠯᠬᠤ ᠪᠠ ᠴᠢᠰᠤᠨ ᠤ ᠥᠭᠡᠬᠦᠵᠢᠯ ᠬᠡᠪ ᠤᠨ ᠪᠤᠰᠤ ᠪᠣᠯᠬᠤ᠂ ᠵᠢᠷᠦᠬᠡᠨ | ᠤ ᠪᠤᠯᠴᠢᠩ ᠤᠨ ᠲᠦᠭᠵᠢᠷᠡᠯ᠂ ᠪᠥᠭᠡᠷᠡᠨ ᠤ ᠠᠵᠢᠯᠯᠠᠭ᠎ᠠ ᠳᠤᠷᠦ᠋ᠢᠳᠠᠬᠤ᠂ ᠬᠦᠯ ᠤᠨ ᠪᠤᠯᠴᠢᠩ ᠠᠪᠴᠢᠬᠤ ᠵᠡᠷᠭᠡ | ᠡᠪᠡᠳᠴᠢᠨ ᠢ ᠠᠮᠠᠷᠬᠠᠨ ᠡᠭᠦᠰᠬᠡᠳᠡᠭ᠃ | ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠡᠷᠡᠰᠳᠡᠯ ᠲᠠᠢ ᠬᠥᠮᠦᠰ ᠲᠤ ᠠᠪᠴᠤ ᠬᠡᠯᠡᠪᠡᠯ᠂ | ᠮᠠᠷᠢᠶᠠᠯᠠᠬᠤ ᠶᠢ ᠰᠡᠷᠭᠡᠶᠢᠯᠡᠬᠦ ᠪᠠ ᠦᠷᠭᠦᠯᠵᠢ ᠪᠠᠶᠢᠴᠠᠭᠠᠯᠭᠠᠬᠤ ᠨᠢ ᠮᠠᠰᠢ ᠴᠢᠬᠤᠯᠠ ᠶᠤᠮ᠂ ᠤᠴᠢᠷ ᠨᠢ ᠣᠯᠠᠩᠬᠢ | ᠰᠢᠬᠢᠷ ᠰᠢᠵᠢᠩ ᠡᠪᠡᠳᠴᠢᠨ ᠢ ᠣᠳᠣ ᠪᠣᠯᠲᠠᠯ᠎ᠠ ᠪᠦᠷᠢᠮᠦᠰᠦᠨ ᠵᠠᠰᠠᠵᠤ ᠡᠳᠡᠭᠡᠬᠦ ᠠᠷᠭ᠎ᠠ ᠦᠭᠡᠢ ᠪᠠᠶᠢᠭᠰᠠᠭᠠᠷ᠃ | | ᠬᠡᠷᠪᠡ ᠲᠠ ᠨᠢᠭᠡᠨᠲᠡ ᠰᠢᠬᠢᠷ ᠰᠢᠵᠢᠩ ᠡᠪᠡᠳᠴᠢᠨ ᠳᠤ ᠨᠡᠷᠪᠡᠭᠳᠡᠭᠰᠡᠨ ᠪᠣᠯ ᠳᠡᠩᠳᠡᠭᠦᠦ ᠠᠶᠤᠵᠤ | ᠰᠠᠨᠳᠤᠷᠤᠭᠰᠠᠨ ᠤ ᠬᠡᠷᠡᠭ ᠦᠭᠡᠢ᠂ ᠢᠳᠡᠵᠤ ᠤᠤᠭᠤᠬᠤ ᠪᠠᠨ ᠲᠣᠬᠢᠷᠠᠭᠤᠯᠵᠤ᠂ ᠪᠡᠶ᠎ᠡ ᠪᠠᠨ ᠢᠯᠡᠭᠦᠬᠡᠨ ᠪᠣᠯᠪᠠᠰᠤᠷᠠᠵᠤ᠂ | ᠰᠢᠨᠵᠢᠯᠡᠬᠦ ᠤᠬᠠᠭᠠᠨᠴᠢ ᠪᠠᠷ ᠰᠢᠬᠢᠷ ᠢ ᠬᠢᠵᠠᠭᠠᠷᠯᠠᠪᠠᠯ ᠰᠢᠬᠢᠷ ᠰᠢᠵᠢᠩ ᠡᠪᠡᠳᠴᠢᠲᠡᠨ ᠴᠦ ᠭᠡᠰᠡᠨ ᠡᠷᠡᠭᠦᠯ ᠬᠥᠮᠦᠰ | ᠲᠠᠢ ᠠᠳᠠᠯᠢᠬᠠᠨ ᠴᠢᠨᠠᠷᠲᠠᠢ ᠰᠠᠶᠢᠬᠠᠨ ᠠᠮᠢᠳᠤᠷᠠᠵᠤ ᠳᠡᠶᠢᠯᠦᠨ᠎ᠡ᠃ | | |