ᠴᠠᠭᠠᠨ ᠦᠰᠦ ᠶᠢ ᠦᠭᠳᠡᠭᠡᠬᠦ ᠳᠣᠰᠣᠮ ᠣᠷᠭᠤᠳᠠᠭ ᠤᠤ︖
ᠨᠡᠶᠢᠲᠡᠯᠡᠭᠰᠡᠨ ᠴᠠᠭ᠄
2023/12/26
        ᠴᠠᠭᠠᠨ ᠦᠰᠦ ᠶᠠᠭᠠᠬᠢᠭᠠᠳ ᠣᠯᠠᠮ ᠨᠡᠮᠡᠭᠳᠡᠳᠡᠭ ᠪᠤᠢ︖  ᠵᠠᠷᠢᠮ  ᠬᠥᠮᠥᠨ   ᠤ ᠦᠵᠡᠬᠦ ᠪᠠᠷ᠂  ᠴᠠᠭᠠᠨ  ᠦᠰᠦ ᠦᠭᠲᠡᠭᠡᠬᠦ ᠳᠣᠰᠣᠮ ᠨᠡᠮᠡᠭᠳᠡᠨ᠎ᠡ ᠬᠡᠵᠦ ᠪᠤᠢ᠃ ᠡᠨᠡ ᠨᠢ  ᠡᠰᠢ  ᠪᠠᠷᠢᠮᠲᠠ   ᠲᠠᠢ  ᠤᠤ︖  ᠬᠤᠨᠠᠨ  ᠮᠤᠵᠢ ᠶᠢᠨ  ᠠᠷᠠᠳ ᠤᠨ ᠡᠮᠨᠡᠯᠭᠡ ᠶᠢᠨ ᠬᠤᠷᠢᠶᠠᠨ ᠤ ᠠᠷᠠᠰᠤᠨ ᠤ ᠡᠮᠨᠡᠯᠬᠡ ᠶᠢᠨ ᠡᠷᠬᠢᠯᠡᠭᠴᠢ ᠡᠮᠴᠢ ᠰᠢᠶᠣᠣ ᠸᠧᠢ ᠷᠦᠩ ᠬᠡᠯᠡᠬᠦ ᠳᠡᠭᠡᠨ᠂ ᠡᠨᠡ ᠨᠢ ᠶᠠᠮᠠᠷᠴᠦ ᠰᠢᠨᠵᠢᠯᠡᠬᠦ ᠤᠬᠠᠭᠠᠨ ᠤ ᠡᠰᠢ ᠪᠠᠷᠢᠮᠳᠠ ᠦᠬᠡᠢ ᠶᠤᠮ ᠬᠡᠵᠠᠢ᠃        ᠲᠡᠭᠡᠪᠡᠯ᠂ ᠶᠠᠭᠠᠬᠢᠭᠠᠳ ᠬᠥᠮᠥᠨ ᠤ ᠨᠠᠰᠤ ᠨᠡᠮᠡᠭᠳᠡᠬᠦ ᠶᠢ ᠳᠠᠭᠠᠯᠳᠤᠨ᠂ ᠭᠡᠵᠢᠭᠡ ᠦᠰᠦ ᠨᠢ  ᠪᠤᠭᠤᠷᠤᠯᠳᠣᠵᠦ᠂  ᠨᠡᠩ ᠴᠦ ᠵᠠᠯᠠᠭᠤᠴᠤᠳ ᠤᠨ ᠳᠤᠮᠳᠠ ᠪᠤᠭᠤᠷᠤᠯ ᠦᠰᠦ ᠲᠠᠢ ᠬᠥᠮᠥᠨ ᠣᠯᠠᠰᠢᠷᠠᠭᠰᠠᠨ ᠪᠤᠯ︖  ᠡᠭᠦᠨ ᠤ  ᠲᠤᠬᠠᠢ  ᠰᠢᠶᠣᠣ  ᠸᠧᠢ ᠷᠦᠩ ᠬᠡᠯᠡᠬᠦ ᠳᠡᠭᠡᠨ᠂ ᠵᠠᠯᠠᠭᠤ ᠬᠥᠮᠥᠨ ᠤ ᠭᠡᠵᠢᠭᠡ ᠨᠢ ᠳᠠᠰᠦ ᠬᠠᠷ᠎ᠠ ᠪᠠᠶᠢᠳᠠᠭ  ᠨᠢ ᠦᠰᠦᠨ ᠤ ᠤᠭ ᠲᠤ  ᠬᠠᠷ᠎ᠠ  ᠥᠩᠭᠡᠨ ᠤ ᠡᠳ᠋ ᠪᠠᠶᠢᠳᠠᠭ ᠠᠴᠠ ᠪᠣᠯᠤᠭᠰᠠᠨ ᠶᠤᠮ᠃ ᠨᠠᠰᠦ ᠨᠡᠮᠡᠭᠳᠡᠬᠦ ᠶᠢ ᠳᠠᠭᠠᠯᠳᠤᠨ᠂ ᠦᠩᠬᠡᠨ ᠤ ᠡᠳ᠋ ᠤᠨ ᠢᠳᠡᠪᠬᠢ ᠴᠢᠨᠠᠷ ᠨᠢ ᠪᠠᠭᠤᠷᠠᠵᠤ᠂ ᠠᠭᠠᠵᠢᠮ ᠢᠶᠠᠷ ᠪᠤᠭᠤᠷᠤᠯᠲᠤᠳᠠᠭ ᠶᠤᠮ ᠪᠠᠶᠢᠨ᠎ᠠ᠃        ᠬᠠᠷ᠎ᠠ ᠥᠩᠭᠡᠨ ᠤ ᠡᠳ᠋ ᠡᠭᠦᠰᠬᠦ ᠶᠠᠪᠤᠴᠠ ᠳᠤ ᠵᠡᠰ᠂ ᠴᠠᠶᠢᠷ᠂ ᠲᠡᠮᠦᠷ ᠵᠡᠷᠭᠡ ᠪᠢᠴᠢᠯ ᠡᠯᠧᠮᠧᠨ᠋ᠲ ᠬᠡᠷᠡᠭᠲᠡᠢ᠃  ᠬᠡᠷᠪᠡ ᠬᠦᠮᠦᠨ ᠤ ᠪᠡᠶ᠎ᠡ ᠳᠤ ᠡᠲᠡᠭᠡᠷ ᠡᠯᠧᠮᠧᠨ᠋ᠲ ᠳᠤᠲᠠᠭᠳᠠᠪᠠᠯ᠂ ᠬᠠᠷ᠎ᠠ ᠥᠩᠭᠡᠨ ᠤ ᠡᠳ᠋ ᠤᠨ ᠪᠣᠶ  ᠪᠣᠯᠬᠤ ᠶᠢ  ᠨᠥᠯᠥᠭᠡᠯᠡᠬᠦ  ᠪᠤᠯᠬᠤᠷ ᠭᠡᠵᠢᠭᠡ ᠰᠢᠷᠠᠯᠠᠬᠤ  ᠪᠤᠶᠤ  ᠴᠢᠨᠠᠭᠰᠢᠯᠠᠭᠠᠳ  ᠴᠠᠶᠢᠷᠠᠳᠠᠭ᠃  ᠡᠭᠦᠨ ᠠᠴᠠ  ᠭᠠᠳᠠᠨ᠎ᠠ᠂  ᠤᠳᠤᠮᠰᠢᠯ᠂ ᠣᠶᠣᠨ  ᠰᠠᠨᠠᠭᠠᠨ ᠤ ᠨᠦᠯᠦᠬᠡᠯᠡᠯ ᠵᠡᠷᠭᠡ ᠨᠢ ᠪᠠᠰᠠ ᠦᠰᠦ ᠴᠠᠶᠢᠬᠤ ᠶᠢᠨ ᠴᠢᠬᠤᠯᠠ ᠰᠢᠯᠲᠠᠭᠠᠨ ᠪᠤᠯᠵᠦ ᠪᠠᠶᠢᠭ᠎ᠠ ᠶᠤᠮ᠃
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号