ᠬᠠᠶᠢᠷ᠎ᠠ ᠪᠠᠷ ᠬᠦᠮᠦᠵᠢᠬᠦᠯᠦᠨ ᠬᠠᠷᠢᠭᠤᠴᠠᠯᠭ᠎ᠠ ᠪᠠᠷ ᠰᠤᠷᠭᠠᠳᠠᠭ — ᠽᠠᠨᠳᠠᠨ ᠪᠠᠭᠰᠢ
ᠨᠡᠶᠢᠲᠡᠯᠡᠭᠰᠡᠨ ᠴᠠᠭ᠄
2023/12/26
             ᠬᠤᠰᠢᠭᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠲᠣᠭᠠᠨ ᠤ ᠤᠬᠠᠭᠠᠨ ᠤ ᠪᠠᠭᠰᠢ ᠽᠠᠨᠳᠠᠨ᠂ ᠠᠷᠠᠳ ᠤᠨ ᠪᠠᠭᠰᠢ ᠶᠢᠨ ᠡᠭᠡᠯ ᠠᠯᠳᠠᠷ ᠢᠶᠠᠷ ᠬᠤᠷᠢ ᠰᠢᠬᠠᠮ ᠵᠢᠯ ᠭᠤᠶᠤᠵᠤ ᠶᠠᠪᠤᠬᠤ ᠳᠤ ᠪᠠᠨ᠂ ᠬᠠᠶᠢᠷ᠎ᠠ ᠪᠠᠷ ᠰᠤᠷᠤᠭᠴᠢᠳ  ᠢᠶᠠᠨ ᠬᠦᠮᠦᠵᠢᠬᠦᠯᠦᠨ᠂ ᠬᠠᠷᠢᠭᠤᠴᠠᠯᠭ᠎ᠠ ᠪᠠᠷ ᠵᠢᠭᠠᠵᠤ ᠰᠤᠷᠭᠠᠬᠤ ᠶᠢ ᠡᠷᠬᠢᠮᠨᠡᠨ᠂ ᠠᠮᠢᠳᠤᠯᠢᠭ ᠰᠠᠶᠢᠬᠠᠨ ᠵᠢᠭᠠᠨ ᠰᠤᠷᠭᠠᠯᠳᠠ ᠶᠢᠨ ᠠᠷᠭ᠎ᠠ ᠮᠠᠶ᠋ᠢᠭ ᠨᠢ ᠠᠩᠭᠢ ᠶᠢᠨ ᠭᠡᠷ ᠲᠤ ᠬᠦᠷ ᠬᠦᠭᠵᠢᠯᠳᠡᠢ ᠠᠭᠤᠷ ᠠᠮᠢᠰᠬᠤᠯ ᠢ ᠪᠢᠯᠬᠠᠭᠤᠯᠤᠨ᠂ ᠬᠠᠶᠢᠷᠠᠳᠤ ᠰᠤᠷᠤᠭᠴᠢᠳ ᠬᠠᠮᠳᠤ ᠠᠵᠢᠯᠳᠠᠳ ᠤᠨ ᠢᠶᠠᠨ ᠪᠠᠭ᠋ᠠᠷᠬᠠᠯ ᠳᠠᠭᠠᠰᠢᠶᠠᠯ ᠢ ᠬᠦᠷᠳᠡᠭᠰᠡᠭᠡᠷ ᠢᠷᠡᠭᠰᠡᠨ ᠶᠤᠮ᠃      ᠬᠤᠰᠢᠭᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠭᠤᠷᠪᠠᠳᠤᠭᠠᠷ ᠣᠨ ᠤ ᠨᠢᠭᠡᠳᠦᠭᠡᠷ ᠠᠩᠭᠢ ᠳᠤ᠂ ᠠᠮᠢᠳᠤᠯᠢᠭ ᠰᠣᠨᠢᠷᠬᠠᠯᠲᠠᠢ ᠲᠣᠭᠠᠨ ᠤ ᠤᠬᠠᠭᠠᠨ ᠤ ᠬᠢᠴᠢᠶᠡᠯ ᠰᠤᠷᠤᠭᠴᠢᠳ ᠤᠨ ᠠᠩᠬᠠᠷᠤᠯ ᠢ ᠲᠠᠲᠠᠵᠤ᠂ ᠪᠠᠭᠰᠢ  ᠶᠢᠨ ᠳᠠᠶᠢᠰᠠᠨ ᠳᠤ᠂ ᠽᠠᠨᠳᠠᠨ ᠪᠠᠭᠰᠢ ᠡᠶᠡᠯᠳᠡᠭ ᠳᠣᠲᠣᠨᠣ ᠦᠭᠡ ᠶᠠᠷᠢᠶ᠎ᠠ᠂ ᠰᠣᠨᠢᠷᠬᠠᠯᠲᠠᠢ ᠠᠷᠭ᠎ᠠ ᠮᠠᠶ᠋ᠢᠭ ᠢᠶᠠᠷ ᠬᠢᠴᠢᠶᠡᠯᠯᠡᠵᠦ᠂ ᠬᠢᠴᠢᠶᠡᠯ ᠤᠨ ᠭᠡᠷ ᠤᠨ ᠠᠭᠤᠷ ᠠᠮᠢᠰᠬᠤᠯ ᠬᠦᠷ ᠬᠦᠭᠵᠢᠶᠡᠨ ᠢᠶᠠᠷ ᠪᠢᠯᠬᠠᠨ᠎ᠠ᠃ ᠽᠠᠨᠳᠠᠨ ᠪᠠᠭᠰᠢ ᠲᠠᠢ ᠠᠩᠬ᠎ᠠ ᠠᠭᠤᠯᠵᠠᠬᠤ ᠳᠤ᠂  ᠡᠶᠡᠯᠳᠡᠭ ᠢᠶᠠᠷ ᠢᠨᠢᠶᠡᠮᠰᠦᠭᠯᠡᠭᠰᠡᠨ ᠴᠢᠷᠠᠢ ᠠᠴᠠ ᠨᠢ ᠭᠡᠦᠭᠡᠳ ᠢᠶᠠᠨ ᠭᠡᠰᠡᠨ ᠡᠵᠢ ᠬᠦᠮᠦᠨ ᠤ ᠬᠠᠷᠠᠴᠠ ᠭᠡᠷᠡᠯᠳᠦᠨ᠂ ᠠᠭᠤᠵᠢᠭᠤ ᠳᠠᠶᠢᠪᠤᠭᠤ ᠶᠠᠷᠢᠶᠠᠨ ᠠᠴᠠ ᠨᠢ ᠪᠠᠭᠰᠢ ᠬᠦᠮᠦᠨ ᠤ ᠪᠠᠶᠠᠯᠢᠭ ᠳᠤᠷᠰᠢᠯᠭ᠎ᠠ ᠳᠤᠳᠤᠬᠠᠨ ᠬᠠᠷᠠᠭᠳᠠᠨ᠎ᠠ᠃      ᠰᠤᠷᠤᠭᠴᠢ ᠠᠰᠠᠨ᠎ᠠ ︵ᠽᠠᠨᠳᠠᠨ ᠪᠠᠭᠰᠢ ᠶᠢᠨ ᠬᠢᠴᠢᠶᠡᠯ ᠮᠠᠰᠢ ᠰᠣᠨᠢᠷᠬᠠᠯᠲᠠᠢ ᠪᠥᠭᠡᠳ ᠠᠮᠢᠳᠤᠯᠢᠭ᠂ ᠬᠢᠴᠢᠶᠡᠯ ᠪᠠᠭᠤᠭᠰᠠᠨ ᠤ ᠳᠠᠷᠠᠭ᠎ᠠ ᠴᠤ ᠪᠢᠳᠡᠨ ᠤ ᠠᠰᠠᠭᠤᠭᠰᠠᠨ ᠠᠰᠠᠭᠤᠯᠲᠠ ᠶᠢ ᠮᠠᠰᠢ ᠬᠠᠷᠢᠭᠤᠴᠠᠯᠭ᠎ᠠ ᠲᠠᠢ ᠪᠠᠷ ᠬᠠᠷᠢᠭᠤᠯᠳᠠᠭ ᠮᠥᠷᠲᠡᠭᠡᠨ ᠪᠠᠭᠰᠢ ᠪᠠᠰᠠ ᠵᠢᠷᠤᠭᠳᠤ ᠨᠠᠭᠠᠮᠠᠯ᠂ ᠰᠢᠬᠢᠷ ᠲᠠᠷᠬᠠᠭᠠᠵᠤ ᠪᠢᠳᠡᠨ ᠢ ᠤᠷᠮᠠᠰᠢᠭᠤᠯᠳᠠᠭ᠃︶      2023 ᠣᠨ ᠤ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠤᠯ ᠳᠡᠬᠦᠨ ᠤ ᠪᠠᠭᠰᠢ ᠶᠢᠨ ᠠᠵᠢᠯ ᠤᠨ ᠭᠠᠷᠤᠭ᠎ᠠ ᠠᠪᠤᠭᠰᠠᠨ 19 ᠳ᠋ᠦ᠋ᠭᠡᠷ ᠵᠢᠯ ᠪᠤᠯᠬᠤ ᠶᠤᠮ᠃  ᠠᠵᠢᠯ ᠤᠨ ᠡᠭᠦᠷᠭᠡ ᠨᠢ ᠵᠢᠯ ᠪᠤᠯᠭᠠᠨ ᠬᠤᠪᠢᠷᠠᠯᠳᠠ ᠲᠠᠢ ᠪᠠᠶᠢᠳᠠᠭ ᠴᠦ ᠰᠤᠷᠤᠭᠴᠢᠳ ᠢᠶᠠᠨ ᠭᠡᠰᠡᠨ ᠬᠠᠶᠢᠷ᠎ᠠ ᠬᠠᠷᠢᠭᠤᠴᠠᠯᠭ᠎ᠠ ᠨᠢ ᠬᠡᠵᠢᠶᠡᠳᠡ ᠬᠤᠪᠢᠷᠠᠰᠢ ᠦᠬᠡᠢ ᠪᠠᠶᠢᠳᠠᠭ᠃ ᠬᠠᠯᠠᠭᠤᠨ ᠬᠠᠶᠢᠷ᠎ᠠ ᠪᠠᠷ ᠢᠶᠠᠨ ᠰᠤᠷᠤᠭᠴᠢᠳ ᠢᠶᠠᠨ ᠬᠦᠮᠦᠵᠢᠬᠦᠯᠦᠨ ᠬᠢᠨᠠᠮᠠᠭᠠᠢ ᠨᠢᠮᠪᠠᠢ ᠵᠢᠭᠠᠨ ᠰᠤᠷᠭᠠᠳᠠᠭ ᠬᠠᠷᠢᠭᠤᠴᠠᠯᠭ᠎ᠠ ᠲᠠᠢ᠂ ᠴᠢᠳᠠᠮᠠᠭᠠᠢ ᠪᠠᠷ ᠢᠶᠠᠨ ᠲᠡᠷᠡ ᠰᠤᠷᠤᠭᠴᠢᠳ ᠢᠶᠠᠨ ᠨᠦᠯᠦᠭᠡᠯᠡᠭᠰᠡᠨ ᠢᠶᠠᠷ ᠪᠠᠷᠠᠬᠤ ᠦᠬᠡᠢ ᠬᠠᠮᠳᠤ ᠠᠵᠢᠯᠳᠠᠳ ᠢᠶᠠᠨ ᠴᠦ ᠳᠠᠶᠢᠴᠢᠯᠠᠵᠤ᠂ ᠳᠠᠭᠤᠷᠢᠶᠠᠯ ᠪᠤᠯᠵᠤ ᠪᠠᠶᠢᠳᠠᠭ᠃      ᠰᠤᠷᠪᠤᠯᠵᠢᠯᠠᠭ᠎ᠠ᠄ ᠬᠤᠰᠢᠭᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠭᠠᠵᠠᠷ ᠤᠨ ᠡᠷᠬᠢᠯᠡᠭᠴᠢ ᠰᠠᠷᠠᠨ᠎ᠠ  ︵ᠽᠠᠨᠳᠠᠨ ᠪᠠᠭᠰᠢ ᠪᠣᠯ ᠮᠠᠨ ᠤ ᠰᠤᠷᠭᠠᠭᠤᠯᠢ ᠶᠢᠨ ᠲᠣᠭᠠᠨ ᠤ ᠤᠬᠠᠭᠠᠨ ᠤ ᠪᠠᠭᠰᠢ ᠮᠥᠨ᠂  ᠽᠠᠨᠳᠠᠨ ᠪᠠᠭᠰᠢ ᠠᠵᠢᠯ ᠳᠠᠭᠠᠨ ᠠᠵᠢᠯᠴᠢ ᠬᠢᠴᠢᠶᠡᠩᠭᠦᠢ᠂ ᠨᠠᠷᠢᠨ ᠬᠢᠨᠠᠮᠠᠭᠠᠢ᠂ ᠬᠠᠷᠢᠭᠤᠴᠠᠯᠭ᠎ᠠ ᠲᠠᠢ᠂ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠪᠠᠷ ᠮᠠᠰᠢ ᠴᠢᠩᠭ᠎ᠠ ᠪᠠᠶᠢᠳᠠᠭ᠃ ᠲᠡᠷᠡ ᠬᠡᠵᠢᠶᠡᠳᠡ ᠬᠠᠯᠠᠭᠤᠨ ᠰᠡᠳᠬᠢᠯᠭᠡ ᠪᠠᠷ ᠢᠨᠢᠶᠡᠮᠰᠦᠭᠯᠡᠵᠦ᠂ ᠪᠠᠶᠠᠷ ᠬᠥᠷ ᠲᠠᠢ ᠪᠠᠷ ᠰᠤᠷᠤᠭᠴᠢᠳ ᠪᠠ ᠪᠠᠭᠰᠢ ᠨᠠᠷ ᠢ ᠨᠥᠯᠥᠭᠡᠯᠡᠨ᠎ᠡ᠃ ᠲᠡᠷᠡ ᠪᠠᠰᠠ ᠮᠠᠨ ᠤ ᠰᠤᠷᠭᠠᠭᠤᠯᠢ ᠶᠢᠨ ᠲᠣᠭᠠᠨ ᠤ ᠤᠬᠠᠭᠠᠨ ᠤ ᠵᠢᠭᠠᠨ ᠰᠤᠳᠤᠯᠬᠤ ᠳᠤᠭᠤᠶᠢᠯᠠᠩ ᠤᠨ ᠳᠠᠷᠤᠭ᠎ᠠ᠂ ᠲᠡᠷᠡ ᠳᠤᠭᠤᠶᠢᠯᠠᠩ ᠤᠨ ᠪᠠᠭᠰᠢ ᠪᠤᠯᠭᠠᠨ ᠳᠤ ᠨᠠᠷᠢᠨ ᠬᠢᠨᠠᠮᠠᠭᠠᠢ ᠬᠠᠷᠢᠭᠤᠴᠠᠵᠤ᠂ ᠬᠢᠴᠢᠶᠡᠯ ᠪᠡᠯᠡᠳᠬᠡᠬᠦ ᠠᠴᠠ ᠠᠪᠤᠭᠠᠳ ᠵᠢᠭᠠᠨ ᠰᠤᠷᠭᠠᠬᠤ ᠠᠷᠭ᠎ᠠ ᠶᠢᠨ ᠵᠢᠯᠣᠭᠤᠳᠤᠯᠭ᠎ᠠ ᠬᠦᠷᠲᠡᠯ᠎ᠡ᠂ ᠵᠠᠯᠠᠭᠤ ᠪᠠᠭᠰᠢ ᠨᠠᠷ ᠲᠤ ᠦᠯᠢᠭᠡᠷ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠦᠵᠡᠬᠦᠯᠳᠡᠭ᠃ ᠽᠠᠨᠳᠠᠨ ᠪᠠᠭᠰᠢ ᠪᠣᠯ ᠵᠢᠩᠬᠢᠨᠢ ᠬᠢᠴᠢᠶᠡᠯ ᠵᠢᠭᠠᠬᠤ ᠶᠢ ᠠᠵᠢᠯ ᠦᠢᠯᠡᠰ ᠢᠶᠠᠨ ᠪᠣᠯᠭᠠᠵᠤ᠂ ᠪᠠᠭᠰᠢ ᠭᠡᠷ ᠤᠨ ᠠᠬᠠᠮᠠᠳ ᠤᠨ ᠰᠠᠶᠢᠨ ᠦᠨᠡᠯᠡᠯᠲᠡ ᠶᠢ ᠣᠯᠣᠭᠰᠠᠨ ᠮᠦᠷᠳᠡᠭᠡᠨ ᠮᠠᠨ ᠤ ᠥᠷᠭᠡᠨ ᠤᠯᠠᠨ ᠪᠠᠭᠰᠢ ᠨᠠᠷ ᠤᠨ ᠰᠤᠷᠤᠯᠴᠠᠬᠤ ᠳᠠᠭᠤᠷᠢᠶᠠᠯ ᠪᠤᠯᠳᠠᠭ ᠶᠤᠮ᠃︶       ᠪᠠᠭᠰᠢ ᠨᠠᠷ ᠲᠤ ᠠᠪᠴᠤ ᠬᠡᠯᠡᠪᠡᠯ᠂ ᠰᠤᠷᠤᠯᠴᠠᠯᠭ᠎ᠠ ᠪᠣᠯ ᠨᠠᠰᠤᠨ ᠲᠤᠷᠰᠢᠲᠠ ᠶᠢᠨ ᠠᠵᠢᠯ ᠦᠢᠯᠡᠰ ᠮᠥᠨ᠂ ᠮᠡᠳᠡᠭᠡ ᠵᠠᠩᠭᠢ ᠲᠠᠰᠤᠷᠠᠯᠲᠠ ᠦᠭᠡᠢ ᠰᠢᠨᠡᠳᠴᠦ ᠪᠠᠶᠢᠭ᠎ᠠ ᠴᠠᠭ ᠦᠶ᠎ᠡ ᠳᠤ᠂ ᠮᠡᠳᠡᠯᠭᠡ ᠶᠢᠨ ᠰᠠᠭᠤᠷᠢ ᠲᠠᠰᠤᠷᠠᠯᠲᠠ ᠦᠭᠡᠢ ᠰᠢᠨᠡᠳᠴᠦ ᠪᠠᠶᠢᠭ᠎ᠠ ᠰᠤᠷᠤᠭᠴᠢᠳ ᠤᠨ ᠡᠮᠦᠨ᠎ᠡ᠂ ᠪᠠᠭᠰᠢ ᠨᠠᠷ ᠨᠠᠩ ᠴᠤ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠬᠡᠷᠡᠭᠲᠡᠢ᠃ ᠨᠠᠮ ᠳᠤ ᠤᠷᠤᠭᠠᠳ18 ᠵᠢᠯ ᠪᠤᠯᠵᠤ ᠪᠠᠶᠢᠭ᠎ᠠ ᠽᠠᠨᠳᠠᠨ ᠪᠠᠭᠰᠢ ᠦᠵᠡᠯ ᠰᠠᠨᠠᠭᠠᠨ ᠤ ᠲᠠᠯ᠎ᠠ ᠪᠠᠷ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠳᠠᠭᠠᠵᠤ᠂ ᠦᠵᠡᠯ ᠰᠠᠨᠠᠭ᠎ᠠ ᠪᠠᠨ ᠰᠢᠨᠡᠳᠬᠡᠵᠦ᠂ ᠰᠤᠷᠭᠠᠨ ᠬᠥᠮᠦᠵᠢᠯ ᠤᠨ ᠦᠵᠡᠯᠲᠡ ᠪᠠᠨ ᠰᠢᠨᠡᠳᠬᠡᠵᠦ᠂ ᠵᠢᠭᠠᠨ ᠰᠤᠷᠭᠠᠯᠲᠠ ᠶᠢᠨ ᠳᠤᠮᠳᠠ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠰᠤᠷᠤᠭᠴᠢᠳ ᠲᠤ ᠬᠠᠮᠤᠭ ᠤᠨ ᠰᠠᠶᠢᠨ ᠬᠢᠴᠢᠶᠡᠯ ᠬᠦᠮᠦᠵᠢᠯ ᠬᠦᠷᠳᠡᠭᠡᠭᠰᠡᠨ ᠪᠠᠶᠢᠨ᠎ᠠ᠃ ᠲᠡᠷᠡ ᠪᠠᠭᠰᠢᠯᠠᠭᠰᠠᠨ ᠴᠠᠭ ᠠᠴᠠ ᠪᠠᠨ ᠨᠠᠰᠢ᠂ ᠠᠶᠢᠮᠠᠭ ᠤᠨ ᠲᠠᠰ ᠤᠨ ᠦᠨᠳᠦᠰᠦᠨ ᠴᠢᠳᠠᠪᠤᠷᠢ ᠶᠢᠨ ᠤᠷᠤᠯᠳᠤᠭᠠᠨ ᠤ ᠨᠢᠭᠡᠳᠦᠭᠡᠷ᠂ ᠬᠤᠰᠢᠭᠤ ᠲᠠᠰ ᠤᠨ ᠵᠢᠭᠠᠨ ᠰᠤᠷᠭᠠᠬᠤ ᠴᠢᠳᠠᠪᠤᠷᠢᠲᠠᠨ᠂ ᠬᠤᠰᠢᠭᠤ ᠲᠠᠰ ᠤᠨ ᠰᠢᠯᠢᠳᠡᠭ ᠠᠩᠭᠢ ᠶᠢᠨ ᠡᠷᠬᠢᠯᠡᠭᠴᠢ᠂ ᠰᠢᠯᠢᠳᠡᠭ ᠪᠠᠭᠰᠢ᠂ ᠨᠤᠮ ᠰᠤᠶᠤᠯ ᠤᠨ ᠠᠩᠭᠢ ᠨᠡᠶᠢᠲᠡ ᠵᠡᠷᠭᠡ ᠤᠯᠠᠨ ᠢᠷᠠᠭᠤ ᠠᠯᠳᠠᠷ ᠢ ᠭᠥᠷᠳᠡᠭᠰᠡᠨ   ᠤ ᠬᠠᠮᠳᠤ ᠡᠬᠦᠨ ᠤ ᠪᠠᠨ ᠲᠤᠬᠠᠢ ᠶᠠᠷᠢᠬᠤ ᠳᠠᠭᠠᠨ ᠲᠡᠷᠡ  ︽ᠡᠲᠡᠭᠡᠷ ᠢᠷᠠᠭᠤ ᠠᠯᠳᠠᠷ ᠪᠣᠯ ᠮᠥᠨ ᠴᠦ ᠮᠢᠨᠦ ᠰᠢᠨ᠎ᠡ ᠡᠬᠢᠯᠡᠯᠲᠡ ᠮᠥᠨ︾ ᠬᠡᠮᠡᠨ ᠤᠯᠤᠭᠰᠠᠨ ᠠᠮᠵᠢᠯᠳᠠ ᠳᠤ ᠪᠠᠨ ᠤᠮᠤᠭᠰᠢᠭᠠᠳ ᠯᠡ ᠰᠠᠭᠤᠬᠤ ᠦᠬᠡᠢ᠂ ᠬᠠᠷᠢᠨ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠤᠭ ᠰᠠᠨᠠᠭ᠎ᠠ ᠪᠠᠨ ᠡᠭᠦᠷᠢᠳᠡ ᠬᠠᠳᠠᠭᠠᠯᠠᠵᠤ᠂ ᠰᠤᠷᠭᠠᠨ ᠬᠥᠮᠦᠵᠢᠯ ᠤᠨ ᠵᠠᠮ ᠢᠶᠠᠷ ᠡᠷᠡᠰ ᠪᠠᠲᠤ  ᠤᠷᠤᠭᠰᠢᠯᠠᠬᠤ ᠢᠳᠡᠭᠡᠯ ᠵᠤᠷᠢᠭ ᠪᠠᠳᠤ ᠪᠠᠶᠢᠯ᠎ᠠ᠃     ᠰᠤᠷᠪᠤᠯᠵᠢᠯᠠᠭ᠎ᠠ᠄ ᠽᠠᠨᠳᠠᠨ ︵ᠬᠥᠮᠥᠰ ᠦᠷᠭᠦᠯᠵᠢ ᠨᠢᠭᠡ ᠠᠵᠢᠯ ᠬᠢᠬᠦ ᠳᠤ  ᠡᠨᠡ ᠠᠵᠢᠯ ᠢᠶᠠᠨ ᠬᠠᠶᠢᠷᠠᠯᠠᠬᠤ ᠬᠡᠷᠡᠭᠲᠡᠢ ᠭᠡᠳᠡᠭ᠃ ᠪᠢ ᠪᠢᠴᠢᠭ ᠵᠢᠭᠠᠬᠤ ᠳᠤᠷᠠᠲᠠᠢ᠂ ᠥᠪᠡᠷ ᠤᠨ ᠠᠵᠢᠯ ᠳᠠᠭᠠᠨ ᠢᠮᠠᠭᠲᠠ ᠤᠭ ᠰᠠᠨᠠᠭ᠎ᠠ ᠪᠠᠨ ᠪᠠᠷᠢᠮᠲᠠᠯᠠᠵᠤ᠂ ᠣᠷᠭᠢᠯᠤᠮ᠎ᠠ ᠬᠠᠯᠠᠭᠤᠨ ᠵᠣᠷᠢᠭ ᠰᠠᠨᠠᠭ᠎ᠠ᠂ ᠬᠠᠷᠢᠭᠤᠴᠠᠯᠭᠠᠲᠤ ᠣᠪᠣᠷ ᠢᠶᠠᠷ ᠰᠤᠷᠤᠭᠴᠢᠳ ᠤᠨ ᠰᠡᠳᠬᠢᠯ ᠬᠠᠨᠤᠮᠵᠢᠲᠠᠢ᠂ ᠭᠡᠷ ᠤᠨ ᠠᠬᠠᠮᠠᠳ ᠤᠨ ᠬᠦᠷᠢᠶᠡᠯᠡᠯ ᠢ ᠣᠯᠣᠭᠰᠠᠨ ᠪᠠᠭᠰᠢ ᠪᠣᠯᠬᠤ ᠨᠢ ᠮᠢᠨᠤ ᠬᠤᠶᠢᠰᠢᠳᠠ ᠶᠢᠨ ᠠᠵᠢᠯ ᠳᠠᠭᠠᠨ ᠴᠢᠷᠮᠠᠶᠢᠬᠤ ᠴᠢᠭᠯᠡᠯ ᠪᠣᠯᠣᠨ᠎ᠠ᠃︶
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号