ᠠᠷᠢᠭᠤᠨᠰᠣᠶᠣᠯ᠄  ᠤᠷᠠᠨ ᠦᠢᠯᠡ ᠪᠠᠷ ᠦᠨᠳᠦᠰᠦᠲᠡᠨ ᠤ ᠰᠣᠶᠣᠯ ᠢᠶᠠᠨ ᠤᠯᠠᠮᠵᠢᠯᠠᠨ᠎ᠠ
ᠨᠡᠶᠢᠲᠡᠯᠡᠭᠰᠡᠨ ᠴᠠᠭ᠄
2023/12/26
   ᠠᠷᠢᠭᠤᠨᠰᠣᠶᠣᠯ ᠮᠤᠩᠭᠤᠯ ᠬᠤᠪᠴᠠᠰᠤ ᠵᠠᠰᠠᠯ ᠤᠨ ᠥᠪ ᠰᠤᠶᠤᠯ ᠢᠶᠠᠨ ᠥᠪᠯᠡᠨ ᠬᠥᠨᠳᠦᠯᠡᠬᠦ ᠡᠭᠦᠳᠡᠨ ᠠᠴᠠ ᠵᠢᠵᠢᠭ ᠤᠶᠤᠳᠠᠯ ᠤᠨ ᠭᠠᠵᠠᠷ ᠠᠴᠠ ᠡᠬᠢᠯᠡᠨ ᠬᠢᠵᠤ᠂ ᠣᠳᠣ ᠪᠤᠯᠬᠤ ᠳᠤ ᠦᠨᠳᠦᠰᠦᠲᠡᠨ ᠤ ᠬᠤᠪᠴᠠᠰᠤ ᠵᠠᠰᠠᠯ ᠤᠨ ᠬᠢᠵᠠᠭᠠᠷᠲᠤ ᠺᠣᠮᠫᠠᠨᠢ ᠲᠠᠢ ᠪᠤᠯᠤᠭᠰᠠᠨ ᠪᠠᠶᠢᠨ᠎ᠠ᠃ ᠣᠯᠠᠨ ᠵᠢᠯ ᠤᠨ ᠲᠤᠷᠰᠢ᠂ ᠠᠷᠢᠭᠤᠨᠰᠣᠶᠣᠯ ᠬᠠᠶᠢᠷ᠎ᠠ ᠰᠡᠳᠬᠢᠯᠭᠡ ᠪᠣᠯᠤᠨ ᠣᠶᠤᠨ ᠴᠢᠳᠠᠯ ᠢᠶᠠᠨ ᠦᠨᠳᠦᠰᠦᠲᠡᠨ ᠤ ᠬᠤᠪᠴᠠᠰᠤ ᠵᠠᠰᠠᠯ ᠤᠨ ᠦᠢᠯᠡᠰ ᠲᠤ ᠡᠷᠭᠦᠵᠦ᠂ ᠠᠵᠢᠯᠴᠢ ᠤᠷᠠᠨ ᠬᠤᠶᠠᠷ ᠭᠠᠷ ᠢᠶᠠᠷ ᠢᠶᠠᠨ ᠤᠯᠠᠨ ᠰᠠᠶᠢᠬᠠᠨ ᠦᠨᠳᠦᠰᠦᠲᠡᠨ ᠤ ᠬᠤᠪᠴᠠᠰᠤ ᠵᠠᠰᠠᠯ ᠢ ᠤᠷᠠᠯᠠᠵᠤ᠂ ᠣᠳᠣ ᠦᠶ᠎ᠡ ᠶᠢᠨ ᠡᠮᠡᠭᠲᠡᠶᠢᠴᠦᠳ ᠤᠨ ᠴᠤᠭ ᠵᠢᠪᠬᠤᠭ᠎ᠠ ᠶᠢ ᠢᠯᠡᠷᠡᠭᠦᠯᠦᠭᠰᠡᠨ ᠪᠢᠯᠡ᠃    ᠠᠷᠢᠭᠤᠨᠰᠣᠶᠣᠯ ᠰᠠᠶᠢᠬᠠᠨ᠋ᠥ᠌ᠯᠵᠡᠢ ᠰᠣᠮᠤᠨ ᠤ ᠨᠢᠭᠡᠨ ᠮᠠᠯᠴᠢᠨ ᠠᠶᠢᠯ ᠳᠤ ᠲᠥᠷᠦᠵᠦ᠂ 1994 ᠣᠨ ᠳᠤ ᠰᠤᠷᠭᠠᠭᠤᠯᠢ ᠪᠠᠨ ᠲᠡᠭᠦᠰᠦᠭᠡᠳ ᠨᠤᠲᠤᠭ ᠲᠠᠭᠠᠨ ᠪᠤᠴᠠᠵᠤ᠂ ᠡᠵᠢ ᠶᠢᠨ ᠢᠶᠠᠨ ᠳᠡᠮᠵᠢᠯᠭᠡ ᠳᠣᠣᠷ᠎ᠠ ᠠᠩᠬᠠᠨ ᠤ ᠣᠶᠣᠳᠠᠯ ᠤᠨ ᠮᠠᠰᠢᠨ᠂ ᠢᠯᠢᠭᠦᠷ ᠵᠡᠷᠭᠡ ᠪᠠᠨ ᠠᠪᠤᠭᠰᠠᠨ ᠢᠶᠠᠷ ᠤᠶᠤᠳᠠᠯ ᠤᠨ ᠵᠠᠮ ᠢᠶᠠᠷ ᠵᠠᠮᠨᠠᠵᠠᠢ᠃    20 ᠭᠠᠷᠤᠢ ᠵᠢᠯ ᠤᠨ ᠴᠤᠴᠠᠯᠲᠠ ᠦᠭᠡᠢ ᠴᠢᠷᠮᠠᠶᠢᠯᠭ᠎ᠠ ᠪᠠᠷ ᠳᠠᠮᠵᠢᠨ᠂ ᠠᠷᠢᠭᠤᠨᠰᠣᠶᠣᠯ ᠥᠪᠡᠷ ᠤᠨ ᠳᠠᠩᠰᠠᠯᠠᠭᠤᠯᠤᠭᠰᠠᠨ ᠲᠠᠸᠠᠷ ᠤᠨ ᠲᠡᠮᠳᠡᠭ ︽ᠠᠷᠢᠭᠤᠨ ᠰᠣᠶᠣᠯ︾ ᠲᠠᠢ ᠪᠣᠯᠵᠤ᠂ 2017 ᠣᠨ ᠳᠤ ᠪᠠᠰᠠ ᠠᠷᠢᠭᠤᠨ ᠰᠣᠶᠣᠯ ᠦᠨᠳᠦᠰᠦᠲᠡᠨ ᠤ ᠬᠤᠪᠴᠠᠰᠤ ᠵᠠᠰᠠᠯ ᠤᠨ ᠬᠡᠷᠡᠭᠰᠡᠯ ᠤᠨ ᠬᠢᠵᠠᠭᠠᠷᠲᠤ ᠺᠣᠮᠫᠠᠨᠢ ᠪᠠᠶᠢᠭᠤᠯᠵᠤ᠂ ᠬᠤᠪᠢ ᠶᠢᠨ ᠬᠤᠳᠠᠯᠳᠤᠭᠠᠨ ᠤ ᠡᠷᠦᠬᠡ ᠠᠴᠠ ᠠᠵᠤ ᠠᠬᠤᠶᠢᠯᠠᠯ ᠪᠣᠯᠬᠤ ᠬᠤᠪᠢᠷᠠᠯᠲᠠ ᠶᠢ  ᠪᠡᠶᠡᠯᠡᠭᠦᠯᠵᠦ᠂ ᠣᠳᠣ ᠺᠤᠮᠫᠠᠨᠢ ᠶᠢᠨ ᠡᠵᠡᠩᠨᠡᠯᠲᠡ ᠶᠢᠨ ᠲᠠᠯᠠᠪᠠᠢ ᠨᠢ 260 ᠭᠠᠷᠤᠢ ᠲᠡᠭᠰᠢ ᠳᠥᠷᠪᠡᠯᠵᠢᠨ ᠮᠧᠲᠷ ᠲᠤ ᠬᠦᠷᠴᠦ᠂ ᠲᠣᠭᠲᠠᠮᠠᠯ ᠬᠥᠷᠥᠩᠭᠡ 100 ᠭᠠᠷᠤᠢ ᠲᠥᠮᠡᠨ ᠲᠥᠭᠦᠷᠢᠭ᠂ ᠡᠷᠭᠢᠯᠲᠡ ᠶᠢᠨ ᠪᠡᠯᠡ ᠮᠥᠩᠭᠦ 80 ᠭᠠᠷᠤᠢ ᠲᠥᠮᠡᠨ ᠲᠥᠭᠦᠷᠢᠭ ᠲᠤ ᠬᠦᠷᠴᠦ᠂ 17 ᠲᠣᠭᠲᠠᠮᠠᠯ ᠠᠵᠢᠯᠴᠢᠨ᠂ 10 ᠲᠦᠷ ᠴᠠᠭ ᠤᠨ ᠠᠵᠢᠯᠴᠢᠨ ᠲᠠᠢ ᠪᠤᠯᠵᠠᠢ᠃    ᠦᠨᠳᠦᠰᠦᠲᠡᠨ ᠤ ᠬᠤᠪᠴᠠᠰᠤ ᠵᠠᠰᠠᠯ ᠤᠨ ᠠᠵᠢᠯ ᠲᠥᠷᠥᠯ ᠢ ᠡᠷᠬᠢᠯᠡᠭᠰᠡᠨ 20 ᠭᠠᠷᠤᠢ ᠵᠢᠯ ᠳᠤ᠂ ᠠᠷᠢᠭᠤᠨᠰᠣᠶᠣᠯ ᠶᠡᠭᠡ ᠪᠠᠭ᠎ᠠ ᠤᠯᠠᠨ ᠠᠷᠪᠢᠨ ᠢᠷᠠᠭᠤ ᠠᠯᠳᠠᠷ ᠬᠦᠷᠲᠡᠭᠰᠡᠨ ᠪᠠᠶᠢᠨ᠎ᠠ᠃ ᠡᠭᠦᠨ ᠳᠤ᠂ 2015 ᠣᠨ  ᠳᠤ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢᠨ ᠴᠣᠯᠠ ᠬᠦᠷᠲᠡᠵᠦ᠂ 2016 ᠣᠨ ᠳᠤ ᠠᠶᠢᠮᠠᠭ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠰᠥᠨᠢᠳ ᠤᠯᠠᠮᠵᠢᠯᠠᠯᠲᠤ ᠬᠤᠪᠴᠠᠰᠤ ᠵᠠᠰᠠᠯ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠪᠠᠷ ᠦᠨᠡᠯᠡᠭᠳᠡᠵᠡᠢ᠃    ᠠᠷᠢᠭᠤᠨᠰᠣᠶᠣᠯ᠄ ︽ᠮᠢᠨᠤ ᠡᠵᠢ ᠤᠶᠤᠳᠠᠯ ᠳᠤ ᠶᠡᠭᠡ ᠪᠠᠬ᠎ᠠ ᠲᠠᠢ᠂ ᠭᠠᠷ ᠤᠷᠠᠨ᠂ ᠵᠠᠪ ᠴᠢᠯᠥᠭᠡ ᠪᠠᠷ ᠢᠶᠠᠨ ᠰᠠᠳᠤᠨ ᠲᠥᠷᠥᠯ᠂ ᠨᠤᠲᠤᠭ ᠤᠨ ᠬᠦᠮᠦᠰ ᠬᠡᠨ ᠨᠢᠭᠡ ᠨᠢ ᠳᠡᠷᠯᠢᠭ ᠤᠶᠤᠭᠠᠳ ᠠᠯᠢ ᠭᠡᠵᠦ ᠭᠤᠶᠤᠪᠠᠯ ᠤᠶᠤᠭᠠᠳ ᠯᠡ ᠥᠭᠭᠦᠳᠡᠭ᠂ ᠪᠢ ᠴᠦ ᠮᠣᠩᠭᠤᠯ ᠲᠡᠷᠯᠢᠭ ᠢᠶᠠᠨ ᠶᠡᠭᠡ ᠪᠠᠭ᠋ᠠᠷᠬᠠᠵᠤ᠂ ᠬᠠᠵᠠᠭᠤ ᠠᠴᠠ ᠨᠢ ᠬᠠᠷᠠᠵᠤ ᠪᠠᠶᠢᠭᠠᠳ ᠤᠶᠤᠳᠠᠯ ᠳᠤ ᠡᠪᠲᠡᠢ ᠪᠤᠯᠤᠭᠰᠠᠨ᠂ ᠲᠡᠭᠡᠭᠡᠳ ᠥᠪᠡᠷ ᠢᠶᠠᠨ ᠤᠶᠤᠳᠠᠯ ᠤᠨ ᠠᠵᠢᠯ ᠬᠢᠬᠦ ᠰᠠᠨᠠᠭ᠎ᠠ ᠲᠠᠢ ᠪᠤᠯᠵᠤ ᠵᠠᠬ᠎ᠠ ᠳᠡᠯᠭᠡᠭᠦᠷ ᠳᠡᠭᠡᠷ᠎ᠡ ᠭᠠᠷᠴᠤ ᠬᠢᠭᠰᠡᠨ᠃ ᠮᠢᠨᠦ ᠥᠬᠢᠨ ᠪᠠᠰᠠ ᠦᠨᠳᠦᠰᠦᠲᠡᠨ ᠤ ᠬᠤᠪᠴᠠᠰᠤ ᠵᠠᠰᠠᠯ ᠳᠤ ᠪᠠᠨ ᠶᠡᠭᠡ ᠳᠤᠷᠠᠲᠠᠢ ᠪᠠᠶᠢᠵᠤ᠂ ᠬᠤᠪᠴᠠᠰᠤ ᠵᠢᠷᠤᠵᠤ ᠲᠥᠯᠥᠪᠯᠡᠬᠦ ᠲᠤᠰᠬᠠᠢ ᠮᠡᠷᠭᠡᠵᠢᠯ ᠠᠴᠠ ᠲᠡᠭᠦᠰᠴᠦ᠂ ᠣᠳᠣ ᠨᠠᠮᠠᠢᠢ ᠬᠠᠪᠰᠤᠷᠤᠨ ᠺᠣᠮᠫᠠᠨᠢ ᠡᠵᠡᠩᠨᠡᠵᠦ ᠪᠠᠶᠢᠨ᠎ᠠ᠃ ᠡᠵᠢ ᠠᠴᠠ ᠮᠢᠨᠢ ᠵᠠᠯᠭᠠᠮᠵᠢᠯᠠᠵᠤ ᠢᠷᠡᠭᠰᠡᠨ ᠠᠷᠠᠳ ᠤᠨ ᠰᠣᠶᠣᠯ ᠤᠯᠠᠮᠵᠢᠯᠠᠨ ᠵᠠᠯᠭᠠᠮᠵᠢᠯᠠᠭᠴᠢ ᠲᠠᠢ ᠪᠣᠯᠤᠭᠰᠠᠨ ᠳᠤ ᠲᠤᠩ ᠪᠠᠶᠠᠷᠲᠠᠢ ᠪᠠᠶᠢᠨ᠎ᠠ᠃ ᠪᠢᠳᠡ ᠠᠵᠢᠯ ᠦᠢᠯᠡᠰ ᠢᠶᠠᠨ ᠨᠡᠩ ᠦᠷᠨᠢᠭᠦᠨ ᠰᠠᠶᠢᠬᠠᠨ ᠬᠥᠭᠵᠢᠭᠦᠯᠬᠦ ᠪᠠᠷ ᠦᠷᠭᠦᠯᠵᠢᠯᠡᠨ ᠴᠢᠷᠮᠠᠶᠢᠨ᠎ᠠ︾ ᠭᠡᠵᠦ ᠶᠠᠷᠢᠯ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号