ᠵᠠᠩ ᠴᠠᠩ ᠰᠢ ᠰᠠᠶᠢᠨ ᠲᠤᠷᠠᠴᠤᠳ ᠤᠨ ᠡᠷᠬᠢᠮ ᠳᠡᠭᠡᠲᠦ ᠰᠤᠷᠲᠠᠯ ᠢ ᠪᠠᠳᠠᠷᠠᠭᠤᠯᠤᠨ᠎ᠠ
ᠨᠡᠶᠢᠲᠡᠯᠡᠭᠰᠡᠨ ᠴᠠᠭ᠄
2023/12/26
   ᠰᠥᠨᠢᠳ ᠪᠠᠷᠠᠭᠤᠨ ᠬᠤᠰᠢᠭᠤᠨ ᠤ ︽1 + 1︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠳᠠᠷᠤᠭ᠎ᠠ ᠵᠠᠩ ᠴᠠᠩ ᠰᠢ ᠳᠤ ᠠᠪᠴᠤ ᠬᠡᠯᠡᠪᠡᠯ᠂ ︽ᠯᠸᠢ ᠹᠧᠩ ᠨᠥᠬᠦᠷ ᠠᠴᠠ ᠲᠠᠭᠠᠨ ᠰᠤᠷᠤᠯᠴᠠᠬᠤ︾ ᠨᠢ ᠵᠥᠪᠬᠡᠨ ᠤᠷᠢᠶᠠᠯᠠᠭ᠎ᠠ ᠪᠢᠰᠢ᠂ ᠬᠠᠷᠢᠨ ᠲᠡᠭᠦᠨ ᠤ ᠠᠵᠢᠯᠯᠠᠭᠠᠨ ᠤ ᠪᠠᠷᠢᠮᠵᠢᠶ᠎ᠠ ᠪᠤᠯᠤᠨ᠎ᠠ᠃ ᠠᠯᠪᠠᠨ ᠵᠢᠷᠤᠮ ᠤᠨ ᠠᠵᠢᠯᠯᠠᠭ᠎ᠠ ᠦᠷᠨᠢᠭᠦᠯᠬᠦ᠂ ᠪᠤᠰᠤᠳ ᠢ ᠬᠠᠪᠰᠤᠷᠬᠤ᠂ ᠬᠦᠴᠢᠷᠳᠡᠯᠲᠡᠶ ᠬᠦᠮᠦᠰ ᠢ ᠲᠤᠰᠠᠯᠠᠨ ᠳᠡᠮᠵᠢᠬᠦ᠂ ᠰᠠᠶᠢᠨ ᠳᠤᠷ᠎ᠠ ᠶᠢᠨ ᠦᠶᠯᠡᠴᠢᠯᠡᠭᠡᠨ ᠤ ᠪᠦᠯᠬᠦᠮ ᠪᠠᠶᠢᠭᠤᠯᠬᠤ᠂ 20 ᠵᠢᠯ ᠤᠨ ᠲᠤᠷᠰᠢ᠂ ᠪᠥᠬᠦ ᠣᠷᠣᠨ ᠤ ᠠᠵᠢᠯ ᠤᠨ ᠪᠠᠶᠢᠷᠢ ᠶᠢᠨ ᠯᠸᠢ ᠹᠧᠩ ᠠᠴᠠ ᠰᠤᠷᠤᠯᠴᠠᠭᠰᠠᠨ ᠵᠢᠱᠢᠶᠡᠴᠢ ᠵᠠᠩ ᠴᠠᠩ ᠰᠢ ᠪᠣᠳᠠᠲᠤ ᠠᠵᠢᠯᠯᠠᠭ᠎ᠠ ᠪᠠᠷ ᠢᠶᠠᠨ ᠯᠸᠢ ᠹᠧᠩ ᠤᠨ ᠵᠣᠷᠢᠭ ᠰᠠᠨᠠᠭ᠎ᠠ ᠶᠢ ᠦᠶᠯᠡᠳᠦᠯᠭᠡᠵᠢᠭᠦᠯᠵᠦ᠂ ᠬᠠᠶᠢᠷ᠎ᠠ ᠬᠠᠯᠠᠮᠵᠢ ᠪᠠᠨ ᠪᠤᠰᠤᠳ ᠲᠤ ᠬᠦᠷᠭᠡᠵᠦ᠂ ᠦᠶᠯᠡ ᠠᠵᠢᠯᠯᠠᠭ᠎ᠠ ᠪᠠᠷ ᠢᠶᠠᠨ ᠨᠡᠶᠢᠭᠡᠮ ᠳᠤ ᠢᠳᠡᠪᠬᠢᠲᠡᠢ ᠨᠥᠯᠦᠭᠡ ᠦᠵᠡᠭᠦᠯᠦᠭᠰᠡᠨ ᠪᠠᠶᠢᠨ᠎ᠠ᠃    ᠥᠷᠯᠦᠭᠡ ᠡᠷᠲᠡ᠂ ᠵᠠᠩ ᠴᠠᠩ ᠰᠢ ︽1 + 1︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠬᠡᠰᠢᠭᠦᠳ ᠲᠠᠢ ᠪᠠᠨ ᠬᠠᠮᠲᠤ 20 ᠭᠠᠷᠤᠢ ᠺᠢᠯᠤᠮᠧᠲᠷ ᠠᠶᠠᠯᠠᠵᠤ᠂ ᠰᠠᠩᠪᠤᠯᠠᠭ ᠰᠤᠮᠤᠨ ᠤ ᠲᠤᠶᠠᠭ᠎ᠠ ᠶᠢᠨ ᠳᠤ ᠬᠦᠷᠴᠦ ᠢᠷᠡᠯ᠎ᠡ᠃ ᠲᠤᠶᠠᠭ᠎ᠠ ᠪᠤᠯᠤᠨ ᠲᠡᠭᠦᠨ ᠤ ᠬᠤᠶᠠᠷ ᠬᠦᠦ ᠨᠢ ᠴᠥᠮ ᠤᠶᠤᠨ ᠤ ᠡᠪᠡᠳᠴᠢᠨ ᠲᠠᠢ ᠪᠠᠶᠢᠵᠤ᠂ ᠲᠡᠭᠦᠨ ᠤ ᠨᠥᠬᠦᠷ ᠨᠢ ᠪᠠᠰᠠ ᠤᠯᠠᠨ ᠵᠢᠯ ᠤᠨ ᠡᠮᠦᠨ᠎ᠡ ᠲᠡᠷᠭᠡᠨ ᠠᠳᠡᠯ ᠠᠴᠠ ᠪᠤᠯᠵᠤ ᠵᠡᠮᠳᠡᠭ ᠪᠤᠯᠤᠭᠰᠠᠨ ᠪᠠᠶᠢᠨ᠎ᠠ᠃ 2019 ᠣᠨ ᠳᠤ᠂ ᠵᠠᠩ ᠴᠠᠩ ᠰᠢ ᠲᠤᠶᠠᠭ᠎ᠠ ᠶᠢᠨ ᠬᠦᠴᠢᠷᠳᠡᠯ ᠢ ᠣᠶᠢᠯᠠᠭᠠᠭᠰᠠᠨ ᠤ ᠳᠠᠷᠠᠭ᠎ᠠ᠂ ᠪᠠᠷᠤᠭ ᠰᠠᠷ᠎ᠠ ᠪᠦᠷᠢ ᠲᠡᠳᠡᠨ ᠢ ᠡᠷᠬᠢᠨ ᠦᠵᠡᠵᠦ᠂ ᠲᠡᠳᠡᠨ ᠳᠤ ᠬᠠᠪᠰᠤᠷᠤᠨ ᠲᠠᠷᠢᠶᠠᠨ ᠠᠵᠢᠯ ᠬᠢᠵᠦ᠂ ᠬᠤᠪᠴᠠᠰᠤ ᠤᠬᠢᠶᠠᠵᠤ ᠬᠤᠭᠤᠯᠠ ᠬᠢᠵᠦ ᠪᠠᠶᠢᠭᠰᠠᠨ ᠠᠴᠠ ᠪᠠᠨ ᠠᠵᠤ ᠠᠬᠤᠢ ᠶᠢᠨ ᠲᠠᠯ᠎ᠠ ᠪᠠᠷ ᠬᠠᠪᠰᠤᠷᠴᠤ᠂ ᠨᠢᠭᠡ ᠮᠡᠳᠡᠬᠦ ᠳᠤ 4 ᠵᠢᠯ ᠭᠠᠷᠤᠢ ᠪᠤᠯᠵᠠᠢ᠃    ᠰᠤᠷᠪᠤᠯᠵᠢᠯᠠᠭ᠎ᠠ᠄ ᠰᠠᠩᠪᠤᠯᠠᠭ ᠰᠤᠮᠤᠨ ᠤ ᠮᠠᠯᠴᠢᠨ  ᠲᠤᠶᠠᠭ᠎ᠠ᠄ ᠲᠡᠳᠡ ᠦᠷᠭᠦᠯᠵᠢ ᠢᠷᠡᠳᠡᠭ᠂ ᠮᠠᠰᠢ ᠲᠠᠯᠠᠷᠬᠠᠵᠤ ᠪᠠᠶᠢᠨ᠎ᠠ᠃    ᠲᠤᠶᠠᠭ᠎ᠠ ᠶᠢᠨ ᠪᠥᠬᠦ ᠭᠡᠷ ᠢᠶᠠᠷ ᠢᠶᠠᠨ ᠵᠠᠩ ᠴᠠᠩ ᠰᠢ ᠨᠠᠷ ᠲᠤ ᠮᠠᠰᠢ ᠲᠠᠯᠠᠷᠬᠠᠵᠤ᠂ ᠢᠷᠡᠬᠦ ᠪᠤᠯᠭᠠᠨ ᠳᠤ ᠨᠢ ᠬᠡᠵᠢᠶᠡᠳᠡ ᠰᠦ ᠲᠠᠢ ᠴᠠᠢ ᠪᠠᠨ ᠴᠢᠨᠠᠭᠠᠳ ᠬᠦᠯᠢᠶᠡᠵᠦ᠂ ᠬᠡᠳᠦᠶᠢᠪᠡᠷ ᠠᠮᠢᠳᠤᠷᠠᠯ ᠨᠢ ᠬᠦᠴᠢᠷᠲᠡᠶ᠂ ᠪᠡᠶ᠎ᠡ ᠨᠢ ᠠᠨᠠᠢ ᠪᠣᠯᠪᠠᠴᠤ᠂ ᠪᠠᠶᠢᠳᠠᠭ ᠢᠶᠠᠨ ᠭᠠᠷᠭᠠᠨ ᠲᠡᠳᠡᠨ ᠢ ᠬᠠᠯᠠᠭᠤᠮᠰᠤᠭ ᠢᠶᠠᠷ ᠵᠤᠴᠢᠯᠠᠳᠠᠭ ᠶᠤᠮ᠃ ᠰᠠᠶᠢᠨ ᠳᠤᠷᠠᠴᠤᠳ ᠤᠨ ᠨᠥᠯᠥᠭᠡ ᠶᠢ ᠬᠦᠷᠲᠡᠵᠦ᠂ ᠲᠤᠶᠠᠭ᠎ᠠ ᠶᠢᠨ ᠬᠤᠶᠠᠷ ᠬᠦᠦ ᠨᠢ ᠴᠦ ᠪᠤᠰᠤᠳ ᠢ ᠬᠠᠪᠰᠤᠷᠬᠤ ᠶᠢ ᠰᠤᠷᠴᠤ᠂ ᠤᠶᠢᠷ᠎ᠠ ᠵᠡᠷᠭᠡᠯᠡᠳᠡᠭᠡ ᠬᠦᠮᠦᠰ ᠤᠨ ᠮᠠᠭᠲᠠᠭᠠᠯ ᠢ ᠤᠯᠤᠭᠰᠠᠨ ᠪᠠᠶᠢᠨ᠎ᠠ᠃    ᠰᠤᠷᠪᠤᠯᠵᠢᠯᠠᠭ᠎ᠠ᠄ ᠪᠥᠬᠦ ᠣᠷᠣᠨ ᠤ ᠠᠵᠢᠯ ᠤᠨ ᠪᠠᠶᠢᠷᠢ ᠶᠢᠨ ᠯᠸᠢ ᠹᠧᠩ ᠠᠴᠠ ᠰᠤᠷᠤᠯᠴᠠᠭᠰᠠᠨ ᠵᠢᠱᠢᠶᠡᠴᠢ    ᠵᠠᠩ ᠴᠠᠩ ᠰᠢ᠄ ᠡᠬᠢᠯᠡᠵᠦ ᠳᠡᠷᠭᠡᠳᠡᠬᠢ ᠬᠦᠮᠦᠰ ᠢᠶᠠᠨ ᠬᠠᠪᠰᠤᠷᠴᠤ ᠪᠠᠶᠢᠭᠰᠠᠨ ᠠᠴᠠ ᠪᠠᠨ ᠠᠯᠬᠤᠮ ᠠᠯᠬᠤᠮ ᠢᠶᠠᠷ ᠬᠡᠪᠴᠢᠶ᠎ᠡ ᠪᠠᠨ ᠥᠷᠭᠡᠳᠬᠡᠵᠦ᠂ ᠮᠠᠯᠵᠢᠬᠤ ᠣᠷᠣᠨ ᠳᠤ ᠪᠠᠰᠠ ᠬᠦᠨᠵᠡᠭᠡᠶᠢᠷᠡᠬᠦ ᠪᠤᠯᠤᠭᠰᠠᠨ᠂ ᠨᠠᠳᠠ ᠳᠤ ᠠᠪᠴᠤ ᠬᠡᠯᠡᠪᠡᠯ ᠨᠢᠭᠡ ᠵᠦᠢᠯ ᠤᠨ ᠬᠠᠷᠢᠭᠤᠴᠠᠯᠭ᠎ᠠ ᠪᠤᠯᠵᠠᠢ᠃    ᠵᠠᠩ ᠴᠠᠩ ᠰᠢ ᠬᠥᠳᠡᠭᠡ ᠲᠣᠰᠬᠤᠨ ᠳᠤ ᠳᠦᠷᠦᠵᠦ᠂ ᠲᠡᠭᠦᠨ ᠢ ᠠᠩᠬ᠎ᠠ ᠳᠤᠮᠳᠠᠳᠤ ᠳᠤ ᠪᠠᠶᠢᠬᠤ ᠦᠶ᠎ᠡ ᠳᠤ᠂ ᠠᠪᠤ ᠨᠢ ᠲᠡᠷᠭᠡᠨ ᠠᠳᠡᠯ ᠠᠴᠠ ᠪᠤᠯᠵᠤ ᠨᠠᠰᠤ ᠪᠠᠷᠠᠭᠰᠠᠨ ᠠᠴᠠ ᠡᠵᠢ ᠨᠢ ᠭᠠᠭᠴᠠᠭᠠᠷ ᠢᠶᠠᠨ ᠭᠡᠷ ᠪᠦᠯᠢ ᠶᠢᠨ ᠬᠦᠨᠳᠦ ᠡᠭᠦᠷᠭᠡ ᠶᠢ ᠡᠭᠦᠷᠭᠡᠯᠡᠵᠦ᠂ ᠭᠤᠷᠪᠠᠨ ᠬᠡᠦᠬᠡᠳ ᠢᠶᠠᠨ ᠥᠰᠬᠡᠵᠦ ᠪᠠᠶᠢᠭᠰᠠᠨ ᠴᠤ᠂ ᠡᠵᠢ ᠨᠢ ᠬᠡᠵᠢᠶᠡᠳᠡ ᠪᠤᠰᠤᠳ ᠢ ᠬᠠᠪᠰᠤᠷᠳᠠᠭ ᠪᠠᠶᠢᠵᠠᠢ᠃ ᠵᠠᠩ ᠴᠠᠩ ᠰᠢ ᠬᠡᠯᠡᠬᠦ ᠳᠡᠭᠡᠨ᠂ ᠪᠠᠭ᠎ᠠ ᠶᠢᠨ ᠦᠶ᠎ᠡ ᠳᠤ ᠭᠡᠷ ᠲᠤ ᠪᠠᠨ᠂ ᠰᠤᠷᠭᠠᠭᠤᠯᠢ  ᠳᠤ ᠪᠠᠨ ᠦᠷᠭᠦᠯᠵᠢ ᠯᠧᠶ ᠹᠧᠩ ᠤᠨ ᠦᠯᠢᠭᠡᠷ ᠢ ᠰᠤᠨᠤᠰᠴᠤ ᠪᠠᠶᠢᠭᠰᠠᠨ᠂ ᠲᠡᠷᠡ ᠦᠶ᠎ᠡ ᠠᠴᠠ ᠡᠬᠢᠯᠡᠨ ︽ᠯᠸᠢ ᠹᠧᠩ ᠨᠥᠬᠦᠷ ᠠᠴᠠ ᠰᠤᠷᠤᠯᠴᠠᠬᠤ︾ ᠶᠢ ᠥᠪᠡᠷ ᠤᠨ ᠠᠵᠢᠯᠯᠠᠭᠠᠨ ᠤ ᠵᠢᠷᠤᠮᠯᠠᠯ ᠢᠶᠠᠨ ᠪᠤᠯᠭᠠᠭᠰᠠᠨ ᠶᠤᠮ᠃ ᠵᠠᠩ ᠴᠠᠩ ᠰᠢ ᠶᠢᠨ ᠦᠰᠦ ᠵᠠᠰᠠᠬᠤ ᠭᠠᠵᠠᠷ ᠲᠤ᠂ ᠤᠯᠠᠨ ᠵᠢᠯ ᠤᠨ ᠲᠤᠷᠰᠢ ︽80 ᠨᠠᠰᠤᠨ ᠠᠴᠠ ᠳᠡᠭᠡᠭᠰᠢᠬᠢ ᠨᠠᠰᠤᠲᠠᠨ ᠪᠣᠯᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠦᠰᠦ ᠵᠠᠰᠠᠬᠤ ᠳᠤ ᠰᠦᠢᠳᠬᠡᠯ ᠬᠤᠷᠢᠶᠠᠬᠤ ᠦᠭᠡᠢ︾ ᠭᠡᠬᠦ ᠨᠡᠶᠢᠲᠡ ᠶᠢᠨ ᠠᠰᠠᠷᠠᠮᠵᠢ ᠶᠢᠨ ᠵᠠᠷ ᠨᠠᠭᠠᠵᠤ᠂ ᠲᠡᠭᠦᠨ ᠤ ᠦᠰᠦ ᠵᠠᠰᠠᠬᠤ ᠭᠠᠵᠠᠷ ᠨᠢ ᠤᠯᠠᠨ ᠨᠠᠰᠤᠲᠠᠶᠢᠴᠤᠳ ᠪᠣᠯᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠦᠷᠭᠦᠯᠵᠢ ᠢᠷᠡᠳᠡᠭ ᠭᠠᠵᠠᠷ ᠨᠢ ᠪᠤᠯᠵᠠᠢ᠃    ᠵᠠᠩ ᠴᠠᠩ ᠰᠢ ᠪᠠᠰᠠ ᠭᠡᠷ ᠪᠦᠯᠢ ᠨᠢ ᠬᠦᠴᠢᠷᠳᠡᠯᠲᠡᠢ ᠤᠯᠠᠨ ᠰᠤᠷᠤᠭᠴᠢᠳ ᠢ ᠳᠡᠳᠬᠦᠵᠦ ᠪᠠᠶᠢᠳᠠᠭ᠃    ᠰᠤᠷᠪᠤᠯᠵᠢᠯᠠᠭ᠎ᠠ᠄ ᠰᠠᠶᠢᠬᠠᠨᠲᠠᠯ᠎ᠠ ᠪᠠᠯᠭᠠᠰᠤᠨ ᠤ ᠰᠠᠭᠤᠭᠠᠯᠢ ᠠᠷᠠᠳ     ᠬᠦ᠋ ᠷᠦᠨ ᠮᠧᠶ᠄ ᠵᠠᠩ ᠴᠠᠩ ᠰᠢ ᠪᠢᠳᠡᠨ ᠢ ᠦᠵᠡᠬᠦ ᠪᠠᠷ ᠢᠷᠡᠭᠰᠡᠨ ᠳᠤ ᠮᠠᠰᠢ ᠪᠠᠶᠠᠷᠯᠠᠵᠤ ᠪᠠᠶᠢᠨ᠎ᠠ᠂ ᠣᠲᠣ ᠡᠨᠡ ᠬᠡᠦᠬᠡᠳ ᠢ ᠬᠠᠪᠰᠤᠷᠤᠨ ᠰᠤᠷᠭᠠᠭᠤᠯᠢ ᠳᠤ ᠰᠠᠭᠤᠯᠭᠠᠭᠰᠠᠨ ᠳᠤ ᠮᠠᠰᠢ ᠲᠠᠯᠠᠷᠬᠠᠵᠤ ᠪᠠᠶᠢᠨ᠎ᠠ᠃    ᠨᠡᠩ ᠤᠯᠠᠨ ᠬᠥᠮᠦᠰ ᠢ ᠰᠠᠶᠢᠨ ᠲᠤᠷᠠᠴᠤᠳ ᠤᠨ ᠡᠩᠨᠡᠭᠡᠨ ᠳᠤ ᠣᠷᠣᠯᠴᠠᠭᠤᠯᠬᠤ ᠶᠢᠨ ᠲᠥᠯᠥᠭᠡ᠂ 2014 ᠣᠨ ᠳᠤ᠂ ᠵᠠᠩ ᠴᠠᠩ ᠰᠢ ᠰᠥᠨᠢᠳ ᠪᠠᠷᠠᠭᠤᠨ ᠬᠤᠰᠢᠭᠤᠨ ᠤ ︽1 + 1︾ ᠰᠠᠶᠢᠨ ᠲᠤᠷᠠᠴᠤᠳ ᠤᠨ ᠦᠢᠯᠡᠴᠢᠯᠡᠭᠡᠨ ᠤ ᠠᠩᠬᠢ ᠶᠢ ᠪᠠᠶᠢᠭᠤᠯᠵᠠᠢ᠃ ᠵᠠᠩ ᠴᠠᠩ ᠰᠢ ᠰᠤᠷᠪᠤᠯᠵᠢᠯᠠᠭᠴᠢ ᠳᠤ ᠬᠡᠯᠡᠬᠦ ᠳᠡᠭᠡᠨ᠂ ︽1 + 1︾ ᠭᠡᠵᠦ ᠨᠡᠷᠡᠶᠢᠳᠦᠭᠰᠡᠨ ᠨᠢ ︽ᠨᠢᠭᠡ ᠬᠥᠮᠦᠨ + ᠨᠢᠭᠡ ᠬᠥᠮᠦᠨ︾᠂ ︽ᠨᠢᠭᠡ ᠬᠡᠷ ᠪᠦᠯᠢ + ᠨᠢᠭᠡ ᠬᠡᠷ ᠪᠦᠯᠢ︾᠂ ︽ᠨᠢᠭᠡ ᠪᠠᠶᠢᠭᠤᠯᠭ᠎ᠠ ᠨᠢᠭᠡᠴᠡ + ᠨᠢᠭᠡ ᠪᠠᠶᠢᠭᠤᠯᠭ᠎ᠠ ᠨᠢᠭᠡᠴᠡ︾᠂ ︽ᠨᠢᠭᠡ ᠰᠠᠶᠢᠨ ᠶᠠᠪᠤᠳᠠᠯ + ᠨᠢᠭᠡ ᠰᠠᠶᠢᠨ ᠶᠠᠪᠤᠳᠠᠯ︾ ᠢᠶᠠᠷ ᠳᠠᠮᠵᠢᠭᠤᠯᠤᠨ ᠨᠠᠩ ᠣᠯᠠᠨ ᠢᠳᠡᠪᠬᠢ ᠬᠦᠴᠦᠨ ᠢ ᠳᠠᠮᠵᠢᠭᠤᠯᠵᠤ᠂ ᠨᠠᠩ ᠣᠯᠠᠨ ᠬᠦᠮᠦᠰ ᠢ ᠠᠷᠠᠳ ᠲᠦᠮᠡᠨ ᠳᠤ ᠦᠶᠯᠡᠴᠢᠯᠡᠬᠦ ᠡᠩᠨᠡᠭᠡᠨ ᠳᠤ ᠣᠷᠣᠭᠤᠯᠵᠤ᠂ ᠨᠠᠩ ᠣᠯᠠᠨ ᠬᠦᠮᠦᠰ ᠢ ᠬᠠᠪᠰᠤᠷᠬᠤ ᠶᠢᠨ ᠲᠥᠯᠥᠭᠡ ᠶᠤᠮ ᠭᠡᠵᠡᠶ᠃ ᠡᠳᠦᠭᠡ᠂ ᠵᠠᠩ ᠴᠠᠩ ᠰᠢ ᠶᠢᠨ ᠨᠥᠯᠥᠭᠡ ᠪᠠᠷ᠂ ᠲᠡᠭᠦᠨ ᠤ ᠳᠡᠷᠭᠡᠳᠡᠬᠢ ᠲᠦᠷᠦᠯ ᠰᠠᠳᠤᠨ ᠨᠠᠶᠢᠵᠠ ᠨᠥᠬᠦᠳ᠂ ᠲᠡᠭᠦᠨ ᠤ ᠬᠠᠪᠰᠤᠷᠤᠯᠭ᠎ᠠ ᠶᠢ ᠬᠦᠷᠳᠡᠵᠤ ᠥᠩᠭᠡᠷᠡᠭᠰᠡᠨ ᠬᠥᠮᠦᠰ ᠴᠦ ᠲᠡᠭᠦᠨ ᠤ ᠰᠠᠶᠢᠨ ᠳᠤᠷ᠎ᠠ ᠶᠢᠨ ᠡᠩᠨᠡᠭᠡᠨ ᠳᠤ ᠤᠷᠤᠵᠠᠭᠠᠵᠠᠢ᠃    ᠰᠤᠷᠪᠤᠯᠵᠢᠯᠠᠭ᠎ᠠ᠄ ︽1 + 1︾ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠶᠢᠨ ᠭᠡᠰᠢᠭᠦᠨ   ᠵᠠᠩ ᠵᠢᠶᠦ᠋ᠨ᠄ ᠪᠢᠳᠡ ᠴᠠᠩ ᠰᠢ ᠲᠠᠢ ᠬᠠᠮᠲᠤ ᠮᠠᠨ ᠤ ᠬᠤᠰᠢᠭᠤᠨ ᠤ ᠰᠢᠨ ᠮᠢᠨ ᠲᠣᠭᠤᠷᠢᠭ᠂ ᠮᠠᠯᠵᠢᠬᠤ ᠣᠷᠣᠨ᠂ ᠰᠤᠮᠤ ᠪᠠᠯᠭᠠᠰᠤ ᠪᠠᠷ ᠬᠦᠷᠴᠦ᠂ ᠬᠠᠶᠢᠷ᠎ᠠ ᠬᠠᠯᠠᠮᠵᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠢ ᠬᠢᠭᠰᠡᠭᠡᠷ ᠢᠷᠡᠭᠰᠡᠨ᠂ ᠰᠤᠷᠤᠭᠴᠢᠳ ᠢ ᠲᠡᠳᠬᠦᠬᠦ ᠪᠤᠶᠤ ᠶᠠᠳᠠᠭᠤ ᠬᠦᠴᠢᠷᠳᠡᠯᠲᠡᠶ ᠬᠡᠷ ᠪᠦᠯᠢ ᠶᠢ ᠬᠠᠪᠰᠤᠷᠬᠤ ᠵᠡᠷᠭᠡ ᠤᠯᠠᠨ ᠠᠵᠢᠯᠯᠠᠭ᠎ᠠ ᠳᠤ ᠪᠢᠳᠡ ᠬᠠᠮᠲᠤ ᠪᠠᠷ ᠤᠷᠤᠯᠴᠠᠳᠠᠭ᠂ ᠪᠢᠳᠡ ᠴᠢᠳᠠᠬᠤ ᠶᠢᠨ ᠬᠢᠷᠢ ᠪᠠᠷ ᠲᠡᠭᠦᠨ ᠤ ᠠᠵᠢᠯ ᠢ ᠳᠠᠮᠵᠢᠵᠤ ᠂ ᠨᠡᠶᠢᠭᠡᠮ ᠤᠨ ᠠᠴᠢ ᠶᠢ ᠬᠠᠷᠢᠭᠤᠯᠠᠵᠤ᠂ ᠲᠡᠭᠦᠨ ᠠᠴᠠ ᠲᠠᠭᠠᠨ ᠰᠤᠷᠤᠯᠴᠠᠨ᠎ᠠ᠃     ᠤᠳᠤ᠂ ᠲᠡᠭᠦᠨ ᠤ ᠰᠠᠶᠢᠨ ᠳᠤᠷ᠎ᠠ ᠶᠢᠨ ᠠᠩᠭᠢ ᠨᠢ ᠨᠢᠭᠡᠨᠲᠡ ᠬᠠᠮᠤᠭ ᠠᠩᠬᠠᠨ ᠤ ᠠᠷᠪᠠᠨ ᠬᠡᠳᠦᠨ ᠬᠥᠮᠦᠨ  ᠠᠴᠠ ᠪᠠᠨ ᠬᠥᠭᠵᠢᠭᠡᠳ 307 ᠬᠥᠮᠦᠨ ᠲᠠᠢ ᠪᠣᠯᠵᠠᠶ᠃ ᠲᠠᠯ᠎ᠠ ᠨᠤᠲᠤᠭ ᠲᠤ᠂ ᠲᠠᠷᠢᠶᠠᠨ ᠭᠠᠵᠠᠷ ᠲᠤ᠂ ᠰᠤᠷᠭᠠᠭᠤᠯᠢ ᠳᠤ᠂ ᠨᠡᠶᠢᠭᠡᠮ ᠲᠣᠭᠤᠷᠢᠭ ᠲᠤ᠂ ᠬᠠᠪᠰᠤᠷᠤᠯᠭ᠎ᠠ ᠴᠢᠬᠤᠯᠠᠲᠠᠢ ᠬᠦᠮᠦᠰ ᠤᠨ ᠳᠡᠷᠭᠡᠳᠡ ᠬᠡᠵᠢᠶᠡᠳᠡ ᠵᠠᠩ ᠴᠠᠩ ᠰᠢ ᠪᠣᠯᠤᠨ ᠲᠡᠭᠦᠨ ᠤ ︽1 + 1︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠪᠠᠷ᠎ᠠ ᠬᠠᠷᠠᠭᠳᠠᠵᠤ ᠪᠠᠶᠢᠳᠠᠭ᠃ ᠵᠠᠩ ᠴᠠᠩ ᠰᠢ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠨᠠᠰᠤᠲᠠᠨ ᠢᠶᠠᠨ ᠬᠥᠨᠳᠦᠯᠡᠭᠰᠡᠨ ᠠᠴᠢᠯᠠᠯ ᠤᠨ ᠣᠳᠣᠨ᠂ ᠰᠢᠯᠢ ᠶᠢᠨ ᠭᠤᠤᠯ ᠠᠶᠢᠮᠠᠭ ᠤᠨ ᠶᠣᠰᠣ ᠰᠤᠷᠲᠠᠬᠤᠨ ᠤ ᠵᠢᠱᠢᠶᠡᠴᠢ᠂ ᠰᠥᠨᠢᠳ ᠪᠠᠷᠠᠭᠤᠨ ᠬᠤᠰᠢᠭᠤᠨ ᠤ ᠶᠣᠰᠣ ᠰᠤᠷᠲᠠᠬᠤᠨ ᠤ ᠵᠢᠱᠢᠶᠡᠴᠢ᠂ ᠬᠥᠳᠡᠯᠮᠦᠷᠢ ᠶᠢᠨ ᠵᠢᠱᠢᠶᠡᠴᠢ᠂ ᠳᠡᠷᠭᠡᠳᠡᠬᠢ ᠰᠠᠶᠢᠨ ᠬᠥᠮᠦᠨ᠂ ᠪᠥᠬᠦ ᠣᠷᠣᠨ ᠤ ᠠᠵᠢᠯ ᠤᠨ ᠪᠠᠶᠢᠷᠢ ᠶᠢᠨ ᠯᠸᠢ ᠹᠧᠩ ᠠᠴᠠ ᠰᠤᠷᠤᠯᠴᠠᠭᠰᠠᠨ ᠵᠢᠱᠢᠶᠡᠴᠢ ᠵᠡᠷᠭᠡ ᠣᠯᠠᠨ ᠢᠷᠠᠭᠤ ᠠᠯᠳᠠᠷ ᠢ ᠬᠦᠷᠲᠡᠵᠡᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号