ᠰᠢᠨ᠎ᠡ ᠮᠠᠯᠵᠢᠯ ᠤᠨ ᠠᠷᠭ᠎ᠠ ᠵᠠᠮ ᠢ ᠡᠷᠢᠯᠬᠢᠯᠡᠵᠦ ᠶᠠᠪᠤᠭ᠎ᠠ ᠠᠷᠠᠳ ᠤᠨ ᠲᠦᠯᠦᠭᠡᠯᠡᠭᠴᠢ᠂ ᠮᠠᠯᠴᠢᠨ ᠲᠦᠮᠡᠨᠵᠢᠷᠭᠠᠯ
ᠨᠡᠶᠢᠲᠡᠯᠡᠭᠰᠡᠨ ᠴᠠᠭ᠄
2023/12/26
   ᠰᠢᠨ᠎ᠡ ᠡᠷᠡᠨ ᠤ ᠲᠤᠶᠠᠭᠠᠯᠠᠯ᠂ ᠰᠢᠨ᠎ᠡ ᠲᠦᠷᠦ ᠶᠢᠨ ᠪᠤᠳᠤᠯᠭ᠎ᠠ ᠶᠢᠨ ᠠᠴᠢ ᠪᠤᠶᠠᠨ ᠢ ᠬᠦᠷᠳᠡᠵᠦ ᠶᠠᠪᠤᠭ᠎ᠠ ᠡᠨᠡ ᠰᠠᠶᠢᠬᠠᠨ ᠴᠠᠭ ᠦᠶ᠎ᠡ ᠳᠤ ᠨᠠᠮ ᠲᠦᠷᠦ ᠶᠢᠨ ᠢᠶᠠᠨ ᠵᠤᠷᠢᠭ ᠰᠠᠨᠠᠭ᠎ᠠ ᠶᠢ ᠲᠦᠮᠡᠨ ᠳᠤ ᠪᠠᠨ ᠤᠬᠠᠭᠤᠯᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠦᠷᠦ ᠶᠢᠨ ᠪᠤᠳᠤᠯᠭ᠎ᠠ ᠶᠢ ᠤᠷᠤᠨ ᠨᠤᠲᠤᠭ ᠤᠨ ᠢᠶᠠᠨ ᠬᠦᠭᠵᠢᠯᠳᠡ  ᠲᠠᠢ ᠪᠠᠨ ᠬᠠᠪᠰᠤᠷᠭᠠᠨ᠂ ᠮᠠᠯᠴᠢᠨ ᠲᠦᠮᠡᠨ ᠤ ᠪᠠᠨ ᠮᠠᠯᠵᠢᠯ ᠦᠢᠯᠡᠳᠪᠦᠷᠢᠯᠡᠯ ᠳᠤ ᠪᠠᠭ᠎ᠠ ᠴᠤ ᠭᠡᠰᠡᠨ ᠠᠰᠢᠭ ᠬᠦᠷᠲᠡᠭᠡᠬᠦ ᠶᠢ ᠵᠤᠷᠢᠵᠦ᠂ ᠨᠤᠲᠤᠭ ᠤᠨ ᠭᠠᠷᠤᠯᠳᠠ ᠪᠤᠯᠬᠤ ᠬᠤᠯᠤᠰᠤ᠂ ᠰᠢᠪᠠᠭ ᠵᠡᠷᠭᠡ ᠡᠪᠡᠰᠦ ᠤᠷᠭᠤᠮᠠᠯ ᠢᠶᠠᠷ ᠮᠠᠯ  ᠢᠶᠠᠨ ᠰᠢᠭᠤᠳ ᠲᠡᠵᠢᠭᠡᠭᠡᠳ ᠬᠠᠶᠠᠭᠳᠠᠯ ᠰᠦᠢᠳᠦᠯ ᠭᠠᠷᠴᠤ ᠪᠠᠶᠢᠭ᠎ᠠ ᠪᠠᠶᠢᠳᠠᠯ ᠢ ᠪᠠᠭᠠᠰᠬᠠᠬᠤ ᠶᠢᠨ ᠤᠯᠠᠮ ᠠᠴᠠ ᠦᠪᠡᠷ ᠤᠨ ᠪᠡᠯᠡ ᠮᠦᠩᠬᠦ ᠪᠠᠷ ᠢᠶᠠᠨ ᠡᠪᠡᠰᠤ ᠪᠤᠷᠳᠤᠭ᠎ᠠ ᠰᠢᠬᠠᠳᠠᠭ ᠮᠠᠰᠢᠨ ᠲᠦᠭᠦᠭᠡᠷᠦᠮᠵᠢ ᠬᠤᠳᠠᠯᠳᠤᠵᠦ ᠠᠪᠤᠨ᠂ ᠬᠤᠯᠤᠰᠤ ᠰᠢᠪᠠᠭ ᠵᠡᠷᠭᠡ ᠨᠤᠲᠤᠭ ᠤᠨ ᠭᠠᠷᠤᠯᠳᠠ ᠪᠠᠨ ᠪᠤᠳᠤᠯᠠᠵᠦ ᠨᠠᠷᠢᠯᠢᠭ ᠪᠤᠷᠳᠤᠭ᠎ᠠ ᠨᠡᠮᠡᠯᠳᠡ ᠪᠤᠷᠳᠤᠭ᠎ᠠ ᠲᠠᠢ ᠬᠤᠯᠢᠨ ᠪᠤᠷᠳᠤᠭ᠎ᠠ ᠰᠢᠬᠠᠵᠦ ᠭᠠᠷᠭᠠᠨ ᠲᠠᠬᠢᠨ ᠪᠤᠯᠪᠠᠰᠤᠷᠠᠭᠤᠯᠬᠤ ᠶᠠᠪᠤᠴᠠ ᠶᠢ ᠲᠤᠷᠰᠢᠵᠦ ᠬᠢᠭᠰᠡᠨ ᠠᠴᠠ ᠲᠦᠭᠦᠬᠡᠢ ᠡᠳ᠋ ᠢ ᠪᠦᠷᠢᠨ ᠠᠰᠢᠭᠯᠠᠵᠦ᠂ ᠪᠤᠷᠳᠤᠭᠠᠨ ᠤ ᠰᠢᠮ᠎ᠡ ᠲᠡᠵᠢᠭᠡᠯ ᠤᠨ ᠠᠭᠤᠯᠤᠭᠳᠠᠴᠠ ᠶᠢ ᠠᠷᠪᠢᠵᠢᠭᠤᠯᠵᠦ᠂ ᠲᠦᠷᠦᠯ ᠪᠦᠷᠢ ᠶᠢᠨ ᠮᠠᠯ ᠳᠤ ᠵᠤᠷᠢᠭᠤᠯᠤᠨ ᠨᠠᠷᠢᠯᠢᠭ ᠪᠤᠷᠳᠤᠭ᠎ᠠ᠂ ᠪᠦᠷᠢᠨ ᠰᠢᠮᠡᠲᠦ ᠪᠤᠷᠳᠤᠭ᠎ᠠ ᠬᠢᠵᠦ ᠪᠠᠭ᠎ᠠ ᠦᠭᠡᠢ ᠠᠰᠢᠭ ᠡᠭᠦᠳᠴᠤ ᠪᠠᠶᠢᠭ᠎ᠠ ᠪᠢᠯᠡ᠃    ᠡᠨᠡᠬᠦ ᠦᠪᠡᠷ ᠢᠶᠠᠨ ᠪᠤᠷᠳᠤᠭ᠎ᠠ ᠪᠠᠨ ᠦᠢᠯᠡᠳᠪᠦᠷᠢᠯᠡᠬᠦ ᠠᠷᠭ᠎ᠠ ᠶᠢ ᠰᠡᠳᠦᠵᠦ ᠬᠢᠭᠰᠡᠨ ᠤ ᠵᠤᠷᠢᠯᠭ᠎ᠠ ᠨᠢ  ᠮᠠᠯᠴᠢᠨ ᠲᠦᠮᠡᠨ ᠢᠶᠠᠨ ᠲᠠᠶᠢᠴᠢᠯᠠᠨ ᠲᠠᠭᠠᠭᠤᠯᠵᠦ ᠤᠳᠤᠬᠢᠴᠢᠯᠠᠭᠰᠠᠨ ᠮᠠᠯ ᠠᠵᠦ ᠠᠬᠤᠢ ᠶᠢᠨ ᠵᠠᠮ ᠢᠶᠠᠷ ᠵᠠᠮᠨᠠᠵᠦ᠂ ᠠᠷᠪᠢᠯᠠᠵᠦ ᠪᠤᠯᠬᠤ ᠵᠠᠷᠤᠳᠠᠯ ᠪᠦᠬᠦᠨ ᠢ ᠠᠷᠪᠢᠯᠠᠨ ᠮᠠᠯᠴᠢᠨ ᠲᠦᠮᠡᠨ ᠲᠠᠢ ᠪᠠᠨ ᠬᠠᠮᠳᠦ ᠪᠠᠷ ᠤᠷᠤᠭᠰᠢᠯᠠᠬᠤ ᠶᠢ ᠡᠷᠢᠯᠬᠢᠯᠡᠭᠰᠡᠨ ᠰᠢᠨ᠎ᠡ ᠵᠠᠮᠨᠠᠯ ᠶᠤᠮ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号