ᠤᠯᠠᠨ ᠤ ᠳᠠᠭᠠᠭᠤᠯᠤᠭᠴᠢ ᠤᠬᠠᠭᠠᠯᠢᠭ ᠪᠦᠰᠡᠬᠦᠢ  —  ᠭᠡᠷᠡᠯᠮ᠎ᠡ
ᠨᠡᠶᠢᠲᠡᠯᠡᠭᠰᠡᠨ ᠴᠠᠭ᠄
2023/12/26
 ᠰᠠᠶᠢᠬᠠᠠᠠᠦ᠋ᠯᠵᠡᠢ ᠰᠤᠮᠤᠨ ᠤ ᠳᠤᠷᠤᠮ ᠭᠠᠴᠠᠭᠠᠨ ᠤ ᠮᠠᠯᠴᠢᠨ ᠪᠦᠰᠡᠬᠦᠢ ᠭᠡᠷᠡᠯᠮ᠎ᠡ᠂ ᠤᠷᠠᠨ ᠭᠠᠷ ᠬᠤᠷᠴᠠ ᠤᠬᠠᠭᠠᠨ ᠢᠶᠠᠷ ᠢᠶᠠᠨ ᠴᠢᠨᠡᠭᠡᠯᠢᠭ ᠠᠮᠢᠳᠤᠷᠠᠯ ᠢᠶᠠᠨ ᠴᠤᠭᠴᠠᠯᠠᠨ᠂ ᠠᠭᠤᠵᠢᠭᠤ ᠪᠤᠳᠤᠯ ᠬᠤᠯᠠ ᠶᠢᠨ ᠬᠠᠷᠠᠴᠠ ᠪᠠᠷ ᠤᠯᠠᠨ ᠢ ᠳᠠᠭᠠᠭᠤᠯᠤᠨ ᠭᠠᠪᠰᠢᠭᠠᠶᠢᠯᠠᠵᠤ᠂ ᠪᠦᠬᠦ ᠤᠯᠤᠰ ᠤᠨ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠳᠠᠭᠠᠭᠤᠯᠤᠭᠴᠢ ᠶᠢᠨ ᠢᠷᠠᠭᠤ ᠠᠯᠳᠠᠷ ᠢ ᠬᠦᠷᠳᠡᠨ᠂ ᠰᠢᠨ᠎ᠡ ᠴᠠᠭ ᠤᠨ ᠭᠠᠷᠮᠠᠭᠠᠢ ᠪᠦᠰᠡᠭᠦᠶᠢᠴᠦᠳ ᠤᠨ ᠡᠩᠨᠡᠭᠡᠨ  ᠳᠤ ᠵᠡᠷᠭᠡᠴᠡᠨ ᠤᠷᠤᠭᠰᠢᠯᠠᠵᠤ ᠪᠠᠶᠢᠨ᠎ᠠ᠃   ᠨᠠᠮ ᠤᠨ ᠭᠡᠰᠢᠬᠦᠨ ᠭᠤᠤᠯᠳᠠᠯᠭᠠᠳᠤ ᠡᠷᠦᠬᠡ ᠭᠡᠷᠡᠯᠮ᠎ᠡ ᠶᠢᠨ ᠮᠣᠩᠭᠤᠯ ᠭᠡᠷ ᠲᠤ  ᠂ ᠡᠯ᠎ᠡ ᠵᠦᠢᠯ ᠤᠨ ᠥᠪᠡᠷᠮᠢᠴᠡ ᠣᠨᠴᠠᠯᠢᠭ ᠲᠠᠢ ᠭᠠᠷ ᠤᠷᠠᠯᠠᠯ ᠤᠨ ᠪᠦᠲᠦᠭᠡᠭᠳᠡᠬᠦᠨ ᠬᠤᠷᠭᠤ ᠲᠦᠭᠦᠷᠡᠩ ᠳᠡᠯᠭᠡᠭᠳᠡᠵᠦ᠂  ᠳᠤᠷᠭ᠎ᠠ ᠪᠠᠷ ᠤᠷᠠᠯᠠᠭᠰᠠᠨ ᠮᠤᠩᠭᠤᠯ ᠤᠨᠴᠠᠯᠢᠭᠳᠠᠢ ᠡᠭᠡᠮᠦᠭ᠂ ᠬᠦᠵᠦᠬᠦᠨ ᠤ ᠵᠡᠬᠦᠯᠳᠡ᠂ ᠭᠡᠵᠢᠬᠡᠨ ᠤ ᠪᠤᠭᠤᠯᠳᠠ ᠵᠡᠷᠭᠡ ᠤᠷᠠᠨ ᠨᠠᠷᠢᠯᠢᠭ ᠵᠠᠰᠠᠯ ᠵᠢᠮᠰᠡᠭ ᠨᠢ ᠦᠨᠳᠦᠰᠦᠳᠡᠨ ᠤ ᠰᠤᠶᠤᠯ ᠤᠨ ᠤᠨᠴᠠᠯᠢᠭ ᠢ ᠪᠦᠷᠢᠨ ᠬᠠᠷᠠᠭᠤᠯᠤᠨ᠎ᠠ᠃   ᠭᠡᠷᠡᠯᠮ᠎ᠡ ᠰᠣᠷᠣᠭᠴᠢ ᠦᠶ᠎ᠡ ᠠᠴᠠ ᠪᠠᠨ ᠯᠡ ᠭᠠᠷ ᠤᠷᠠᠯᠠᠯ ᠳᠤ ᠪᠠᠭ᠋ᠠᠳᠠᠢ ᠪᠠᠶᠢᠵᠤ᠂ ᠨᠠᠰᠤᠳᠠᠨ ᠪᠤᠭᠤᠷᠤᠯᠴᠤᠳ  ᠠᠴᠠ ᠪᠠᠨ ᠠᠷᠠᠰᠤᠨ ᠡᠳ᠋ᠯᠡᠯ᠂ ᠬᠠᠳᠬᠤᠮᠠᠯ ᠤᠷᠠᠯᠠᠬᠤ ᠶᠢ ᠬᠢᠴᠢᠶᠡᠵᠦ ᠰᠤᠷᠳᠠᠭ ᠪᠠᠶᠢᠭᠰᠠᠨ   ᠢᠶᠠᠨ᠂ ᠬᠤᠵᠢᠮ ᠨᠢ ᠨᠡᠩ ᠣᠯᠠᠨ ᠬᠥᠮᠥᠨ ᠳᠤ ᠦᠨᠳᠦᠰᠦᠲᠡᠨ ᠤ ᠭᠠᠷ ᠤᠷᠠᠯᠠᠯ ᠤᠨ ᠪᠦᠲᠦᠭᠡᠯ ᠢ ᠲᠠᠨᠢᠭᠤᠯᠬᠤ ᠵᠤᠷᠢᠯᠭ᠎ᠠ ᠪᠠᠷ ᠦᠢᠯᠡ ᠤᠶᠤᠳᠠᠯ ᠳᠤ ᠤᠷᠠᠨ᠂ ᠠᠵᠢᠯ ᠬᠢᠳᠡᠯ ᠳᠤ ᠭᠠᠷᠮᠠᠭᠠᠢ ᠪᠦᠰᠡᠭᠦᠶᠢᠴᠦᠳ ᠲᠠᠢ ᠬᠠᠮᠳᠤᠷᠠᠨ ︽ᠭᠡᠷᠡᠯᠮ᠎ᠡ ᠦᠨᠳᠦᠰᠦᠲᠡᠨ ᠤ ᠬᠤᠪᠴᠠᠰᠤ ᠵᠠᠰᠠᠯ ᠤᠨ ᠲᠤᠰᠬᠠᠢ ᠬᠤᠷᠰᠢᠶᠠᠵᠢᠯ︾ ᠪᠠᠶᠢᠭᠤᠯᠵᠤ᠂ ᠦᠨᠳᠦᠰᠦᠲᠡᠨ ᠤ ᠬᠤᠪᠴᠠᠰᠤ ᠵᠠᠰᠠᠯ᠂ ᠮᠢᠬ᠎ᠠ᠂ ᠴᠠᠭᠠᠨ ᠢᠳᠡᠭᠡ ᠪᠣᠷᠣᠯᠠᠭᠤᠯᠤᠨ᠂  ᠮᠠᠯᠴᠢᠳ ᠤᠨ  ᠣᠷᠣᠯᠭ᠎ᠠ  ᠶᠢᠨ ᠵᠠᠮ ᠢ ᠦᠷᠭᠡᠳᠬᠡᠨ᠂ 2020 ᠣᠨ ᠳᠤ᠂ ᠲᠡᠷᠡ ᠪᠠᠰᠠ ᠬᠤᠰᠢᠭᠤ ᠠᠷᠠᠳ ᠤᠨ ᠵᠠᠩ ᠦᠢᠯᠡ ᠶᠢᠨ ᠨᠡᠶᠢᠭᠡᠮᠯᠢᠭ ᠠᠴᠠ ᠣᠯᠭᠤᠭᠰᠠᠨ ︽ᠦᠨᠳᠦᠰᠦᠲᠡᠨ ᠤ ᠬᠤᠪᠴᠠᠰᠤ ᠵᠠᠰᠠᠯ᠂ ᠵᠠᠩ ᠦᠢᠯᠡ ᠶᠢᠨ ᠤᠯᠠᠮᠵᠢᠯᠠᠭᠴᠢ︾   ᠶᠢᠨ ᠢᠷᠠᠭᠤ ᠠᠯᠳᠠᠷ ᠢ ᠬᠦᠷᠳᠡᠵᠡᠢ᠃  ᠮᠣᠩᠭᠤᠯ ᠰᠤᠷᠪᠤᠯᠵᠢᠯᠠᠭ᠎ᠠ᠄ ᠮᠠᠯᠴᠢᠨ ᠭᠡᠷᠡᠯᠮ᠎ᠡ ︵2018 ᠣᠨ ᠳᠤ  ᠬᠤᠷᠰᠢᠶᠠᠵᠢᠯ ᠪᠠᠶᠢᠭᠤᠯᠵᠠᠢ᠂  ᠬᠤᠷᠰᠢᠶᠠᠵᠢᠯ ᠳᠤ 6 ᠭᠡᠰᠢᠭᠦᠨ ᠲᠠᠢ᠂ ᠡᠩ ᠤᠨ ᠴᠠᠭ ᠲᠤ ᠴᠢᠯᠦᠭᠡ ᠵᠠᠪ ᠢᠶᠠᠷ ᠢᠶᠠᠨ ᠳᠡᠪᠡᠯ ᠲᠡᠷᠯᠢᠭ ᠣᠶᠣᠵᠤ᠂ ᠭᠠᠷ ᠤᠷᠠᠯᠠᠯ ᠤᠨ ᠪᠦᠲᠦᠭᠡᠭᠳᠡᠬᠦᠨ ᠬᠢᠳᠡᠭ᠂ ᠪᠢᠳᠡ ᠤᠯᠠᠮᠵᠢᠯᠠᠯᠲᠤ ᠰᠦᠨᠢᠳ ᠲᠡᠷᠯᠢᠭ ᠬᠢᠬᠦ ᠪᠠᠷ ᠭᠤᠣᠯᠯᠠᠳᠠᠭ ᠪᠥᠭᠡᠳ ᠵᠣᠴᠢᠳ ᠤᠨ ᠱᠠᠭᠠᠷᠳᠠᠯᠭ᠎ᠠ ᠪᠠᠷ ᠰᠢᠨ᠎ᠡ ᠮᠠᠶ᠋ᠢᠭ ᠤᠨ ᠠᠷᠠᠰᠤᠨ ᠬᠤᠪᠴᠠᠰᠤ ᠬᠢᠳᠡᠭ᠃  ︶   2022 ᠣᠨ ᠳᠤ ︽ᠪᠦᠬᠦ ᠤᠯᠤᠰ ᠤᠨ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠳᠠᠭᠠᠭᠤᠯᠤᠭᠴᠢ︾ ᠶᠢᠨ ᠢᠷᠠᠭᠤ ᠠᠯᠳᠠᠷ ᠢ ᠬᠦᠷᠳᠡᠭᠰᠡᠨ ᠨᠢ  ᠭᠡᠷᠡᠯᠮ᠎ᠡ ᠳᠤ ᠤᠯᠠᠮ ᠵᠤᠷᠢᠭ ᠦᠭᠴᠦ᠂  ︽ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢᠨ ᠵᠡᠷᠭᠡᠪᠡᠷ ᠨᠡᠩ ᠤᠯᠠᠨ  ᠮᠠᠯᠴᠢᠳ ᠢᠶᠠᠨ ᠳᠠᠭᠠᠭᠤᠯᠤᠨ ᠬᠠᠮᠳᠤᠪᠡᠷ ᠪᠠᠶᠠᠵᠢᠶ᠎ᠡ︾ ᠬᠡᠮᠡᠨ ᠵᠤᠷᠢᠵᠤ᠂ ᠤᠯᠠᠮᠵᠢᠯᠠᠯᠳᠤ ᠤᠷ᠎ᠠ ᠮᠡᠷᠭᠡᠵᠢᠯ ᠢ ᠤᠳᠤ ᠦᠶ᠎ᠡ ᠶᠢᠨ ᠨᠡᠶᠢᠭᠡᠮ ᠤᠨ ᠭᠡᠷᠡᠭᠴᠡᠭᠡᠨ ᠳᠤ ᠵᠤᠬᠢᠴᠠᠭᠤᠯᠤᠨ᠂ ᠤᠯᠠᠮ ᠤᠯᠠᠨ ᠰᠢᠨ᠎ᠡ ᠪᠦᠲᠦᠭᠡᠭᠳᠡᠬᠦᠨ ᠤᠷᠠᠯᠠᠬᠤ ᠬᠡᠵᠦ ᠬᠠᠯᠠᠰᠢᠷᠠᠯ ᠦᠬᠡᠢ ᠰᠤᠷᠤᠯᠴᠠᠵᠤ ᠶᠠᠪᠤᠭ᠎ᠠ ᠤᠷᠤᠯᠳᠤᠯᠭ᠎ᠠ ᠲᠠᠢ ᠵᠤᠷᠢᠮᠠᠭ ᠪᠦᠰᠡᠭᠦᠢ ᠪᠠᠶᠢᠯ᠎ᠠ᠃  ᠮᠣᠩᠭᠤᠯ ᠰᠤᠷᠪᠤᠯᠵᠢᠯᠠᠭ᠎ᠠ᠄ ᠮᠠᠯᠴᠢᠨ ᠭᠡᠷᠡᠯᠮ᠎ᠡ  ︵ᠳᠠᠷᠠᠭᠠᠴᠢ ᠪᠠᠷ ᠪᠢᠳᠡ ᠡᠷᠬᠢᠨ ᠲᠣᠭᠤᠷᠢᠨ ᠤ ᠮᠠᠯᠴᠢᠳ ᠢ ᠳᠠᠶᠢᠴᠢᠯᠠᠨ ᠰᠤᠷᠤᠯᠴᠠᠯᠭ᠎ᠠ ᠶᠢ ᠢᠯᠡᠭᠦᠬᠡᠨ ᠴᠢᠬᠤᠯᠠᠴᠢᠯᠠᠵᠤ᠂ ᠨᠠᠩ ᠣᠯᠠᠨ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ  ᠬᠢᠵᠦ᠂ ᠡᠷᠬᠢᠨ ᠲᠣᠭᠤᠷᠢᠨ ᠤ ᠮᠠᠯᠴᠢᠳ ᠢ ᠬᠠᠪᠰᠤᠷᠤᠨ ᠬᠤᠶᠠᠳᠤᠭᠠᠷ ᠠᠵᠤ ᠦᠢᠯᠡᠰ ᠤᠨ ᠲᠠᠯ᠎ᠠ ᠶᠢᠨ ᠳᠠᠪᠠᠭᠤᠯᠢᠭ ᠢ ᠬᠦᠭᠵᠢᠬᠦᠯᠵᠦ ᠣᠷᠣᠯᠭ᠎ᠠ ᠶᠢ ᠨᠢ ᠨᠡᠮᠡᠭᠳᠡᠭᠦᠯᠦᠨ᠎ᠡ᠃︶  ᠨᠠᠮ ᠤᠨ ᠭᠡᠰᠢᠭᠦᠨ ᠭᠤᠤᠯᠳᠠᠯᠭᠠᠳᠤ ᠡᠷᠦᠬᠡ ᠪᠣᠯᠤᠭᠰᠠᠨ ᠤ ᠬᠤᠪᠢ ᠳᠤ᠂ ᠭᠡᠷᠡᠯᠮ᠎ᠠ ᠥᠪᠡᠷ ᠤᠨ ᠰᠤᠷᠤᠯᠴᠠᠯᠭ᠎ᠠ ᠪᠠᠨ ᠴᠢᠬᠤᠯᠠᠴᠢᠯᠠᠬᠤ ᠪᠠᠷ ᠪᠠᠷᠠᠬᠤ ᠦᠭᠡᠢ᠂ ᠨᠠᠮ ᠤᠨ ᠭᠡᠰᠢᠭᠦᠨ ᠤ ᠬᠠᠷᠢᠭᠤᠴᠠᠯᠭ᠎ᠠ  ᠶᠢ ᠢᠳᠡᠪᠬᠢᠲᠡᠢ ᠭᠦᠢᠴᠡᠳᠬᠡᠵᠦ᠂ ᠨᠠᠮ ᠤᠨ ᠭᠡᠰᠢᠭᠦᠨ ᠭᠤᠤᠯᠳᠠᠯᠭᠠᠳᠤ ᠡᠷᠦᠬᠡ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠭᠤᠴᠠᠵᠤ ᠪᠠᠶᠢᠭ᠎ᠠ ᠨᠠᠮ ᠤᠨ ᠭᠡᠰᠢᠭᠦᠨ ᠪᠣᠯᠣᠨ ᠬᠡᠰᠡᠭ ᠮᠠᠯᠴᠢᠳ ᠢ ᠵᠣᠬᠢᠶᠠᠨ ᠪᠠᠶᠢᠭᠤᠯᠤᠨ ᠨᠠᠮ ᠤᠨ ᠡᠯ᠎ᠡ ᠲᠦᠷᠦᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠵᠢᠴᠢ ᠮᠠᠯᠵᠢᠬᠤ ᠣᠷᠣᠨ ᠤ ᠬᠡᠷᠡᠭᠯᠡᠭᠡᠨ ᠤ ᠮᠡᠷᠭᠡᠵᠢᠯ ᠢ ᠨᠠᠷᠢᠨ ᠬᠢᠨᠠᠮᠠᠭᠠᠢ ᠰᠤᠷᠤᠯᠴᠠᠵᠤ᠂ ᠭᠠᠴᠠᠭᠠᠨ ᠤ ᠨᠠᠮ ᠤᠨ ᠭᠡᠰᠢᠭᠦᠨ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢᠨ ᠣᠨᠣᠯ ᠤᠨ ᠬᠢᠷᠢ ᠲᠦᠪᠰᠢᠨ ᠪᠠ ᠠᠮᠢᠳᠤᠷᠠᠯ ᠢᠶᠠᠨ ᠴᠢᠨᠡᠭᠡᠯᠢᠭᠵᠢᠬᠦᠯᠬᠦ ᠴᠢᠳᠠᠪᠤᠷᠢ ᠳᠤᠷᠰᠢᠯᠭ᠎ᠠ ᠶᠢ ᠳᠡᠭᠡᠭᠰᠢᠯᠡᠭᠦᠯᠵᠦ᠂ ᠭᠠᠴᠠᠭᠠᠨ ᠤ ᠡᠮᠡᠭᠲᠡᠶᠢᠴᠦᠳ ᠢ ᠪᠠᠶᠢᠩᠭᠤ ᠳᠠᠭᠠᠭᠤᠯᠤᠨ᠂ ᠰᠤᠮᠤ ᠭᠠᠴᠠᠭᠠᠨ  ᠠᠴᠠ ᠵᠣᠬᠢᠶᠠᠨ ᠪᠠᠶᠢᠭᠤᠯᠤᠭᠰᠠᠨ ᠡᠯ᠎ᠡ ᠲᠥᠷᠥᠯ ᠤᠨ ᠠᠵᠢᠯᠯᠠᠭ᠎ᠠ ᠳᠤ ᠤᠷᠤᠯᠴᠠᠭᠤᠯᠵᠤ᠂ ᠡᠮᠡᠭᠲᠡᠶᠢᠴᠦᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠭᠠᠴᠠᠭᠠᠨ ᠤ ᠬᠤᠶᠠᠷ ᠵᠥᠪᠯᠡᠯ ᠢ ᠬᠠᠪᠰᠤᠷᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭ᠎ᠠ ᠦᠷᠨᠢᠬᠦᠯᠬᠦ ᠵᠡᠷᠭᠡ ᠪᠠᠷ ᠨᠠᠮ ᠤᠨ ᠭᠡᠰᠢᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠬᠦᠢᠴᠡᠳᠭᠡᠬᠦ ᠶᠢᠨ ᠬᠠᠮᠳᠤ ᠥᠪᠡᠷ ᠤᠨ ᠠᠮᠢᠳᠤᠷᠠᠯ ᠢᠶᠠᠨ ᠬᠢᠯᠠᠷᠠᠳᠠᠯ᠎ᠠ ᠠᠪᠴᠤ ᠶᠠᠪᠤᠨ᠂ ᠦᠷᠦᠭᠡᠯ ᠪᠤᠰᠤᠳ ᠲᠤ ᠴᠦ ᠬᠤᠶᠢᠰᠢ ᠦᠬᠡᠢ ᠳᠤᠰᠠᠯᠠᠵᠤ ᠶᠠᠪᠤᠭ᠎ᠠ ᠶᠤᠮ᠃  ᠮᠣᠩᠭᠤᠯ ᠰᠤᠷᠪᠤᠯᠵᠢᠯᠠᠭ᠎ᠠ᠄ ᠮᠠᠯᠴᠢᠨ  ᠭᠡᠷᠡᠯᠮ᠎ᠡ ︵ᠨᠠᠮ ᠤᠨ ᠭᠡᠰᠢᠭᠦᠨ ᠭᠤᠣᠯᠳᠠᠯᠭᠠᠲᠤ ᠡᠷᠦᠬᠡ ᠪᠣᠯᠤᠭᠰᠠᠨ ᠤ ᠬᠤᠪᠢ ᠳᠤ᠂ ᠪᠢ ᠨᠠᠮ ᠤᠨ ᠬᠠᠶᠢᠷ᠎ᠠ ᠬᠠᠯᠠᠮᠵᠢ ᠶᠢ ᠤᠯᠠᠨᠳᠠ ᠭᠥᠷᠳᠡᠭᠰᠡᠨ ᠶᠤᠮ᠂ ᠬᠤᠶᠢᠰᠢᠳᠠ ᠥᠪᠡᠷ ᠤᠨ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠨᠠᠮ ᠤᠨ ᠭᠡᠰᠢᠭᠦᠨ ᠭᠤᠣᠯᠳᠠᠯᠭᠠᠲᠤ ᠡᠷᠦᠬᠡ ᠶᠢᠨ ᠪᠦᠯᠬᠦᠮᠳᠡᠭᠦᠯᠦᠨ ᠳᠠᠶᠢᠴᠢᠯᠠᠬᠤ ᠦᠢᠯᠡᠳᠦᠯ ᠢ  ᠤᠯᠠᠮ ᠢᠶᠠᠷ ᠪᠠᠳᠠᠷᠠᠭᠤᠯᠤᠨ᠎ᠠ᠃︶
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号