ᠰᠢ ᠶᠢᠨ ᠫᠢᠩ ᠾᠧ ᠢ ᠴᠧᠩ ᠤᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2023/12/26
   ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 18 ᠤ ᠴᠠᠭᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 18 ᠤ ᠦᠳᠡ ᠶᠢᠨ ᠬᠤᠶᠢᠨ᠎ᠠ ᠵᠦᠩ ᠨᠠᠨ ᠬᠠᠢ ᠶᠢᠨ ᠶᠢᠩᠲ᠋ᠠᠢ ᠳᠤ ᠪᠡᠭᠡᠵᠢᠩ ᠳᠤ ᠲᠤᠰᠢᠶᠠᠯ ᠤᠨ ᠮᠡᠳᠡᠭᠦᠯᠦᠯᠲᠡ ᠬᠢᠬᠦ ᠪᠠᠷ ᠢᠷᠡᠭᠰᠡᠨ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠲᠠᠢ ᠠᠭᠤᠯᠵᠠᠵᠤ᠂ ᠲᠡᠭᠦᠨ ᠤ ᠣᠣᠮᠧᠨ ᠤ ᠣᠳᠣᠬᠠᠨ ᠤ ᠪᠠᠶᠢᠳᠠᠯ ᠪᠣᠯᠣᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃    ᠰᠢ ᠶᠢᠨ ᠫᠢᠩ᠂ ᠨᠢᠭᠡ ᠵᠢᠯ ᠤᠨ ᠲᠤᠷᠰᠢ᠂ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠤᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠢ ᠳᠠᠭᠠᠭᠤᠯᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠣᠳᠠᠲᠠᠢ ᠶᠢ ᠡᠷᠬᠢᠮᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠣᠣᠮᠧᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠳᠤ ᠵᠠᠰᠠᠪᠤᠷᠢ ᠣᠷᠣᠭᠤᠯᠬᠤ ᠶᠢ ᠤᠷᠤᠭᠰᠢᠲᠠᠢ ᠪᠡᠶᠡᠯᠡᠭᠦᠯᠵᠦ᠂ ᠵᠠᠰᠠᠭ ᠵᠠᠬᠢᠷᠭᠠᠨ ᠤ ᠳᠠᠷᠤᠭ᠎ᠠ ᠶᠢᠨ ᠰᠣᠩᠭᠤᠭᠤᠯᠢ ᠶᠢᠨ ᠬᠠᠤᠯᠢ ᠪᠠ ᠬᠠᠤᠯᠢ ᠲᠣᠭᠲᠠᠭᠠᠬᠤ ᠬᠤᠷᠠᠯ ᠤᠨ ᠰᠣᠩᠭᠤᠭᠤᠯᠢ ᠶᠢᠨ ᠬᠠᠤᠯᠢ ᠳᠤ ᠵᠠᠰᠠᠪᠤᠷᠢ ᠣᠷᠣᠭᠤᠯᠬᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠵᠤ᠂ ᠱᠠᠩᠨᠠᠯᠲᠤ ᠰᠤᠭᠤᠯᠤᠭ᠎ᠠ ᠶᠢᠨ ᠦᠢᠯᠡᠰ ᠤᠨ ᠬᠠᠤᠯᠢ ᠶᠣᠰᠣᠨ ᠤ ᠬᠠᠮᠢᠶᠠᠷᠤᠯᠲᠠ ᠶᠢ ᠴᠢᠩᠭᠠᠳᠬᠠᠵᠤ᠂ ᠣᠣᠮᠧᠨ ᠤ ᠲᠡᠦᠬᠡᠨ ᠳᠡᠭᠡᠷᠡᠬᠢ ᠠᠩᠬᠠᠳᠠᠭᠴᠢ ᠪᠦᠭᠦ ᠲᠠᠯ᠎ᠠ ᠶᠢᠨ ᠰᠢᠰᠲ᠋ᠧᠮ ᠲᠠᠢ ᠤᠯᠠᠨ ᠡᠰᠢᠲᠦ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠾᠧᠩ ᠴᠢᠨ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠭᠠᠳᠠᠭᠠᠳᠤ ᠲᠠᠢ ᠰᠣᠯᠢᠯᠴᠠᠭ᠎ᠠ ᠬᠢᠵᠦ ᠬᠠᠮᠲᠤᠷᠠᠨ ᠠᠵᠢᠯᠯᠠᠬᠤ ᠶᠢ ᠦᠷᠭᠦᠯᠵᠢᠯᠡᠨ ᠥᠷᠭᠡᠳᠬᠡᠵᠦ᠂ ᠣᠣᠮᠧᠨ ᠤ ᠠᠵᠤ ᠠᠬᠤᠢ ᠲᠦᠷᠭᠡᠨ ᠢᠶᠠᠷ ᠰᠡᠷᠭᠦᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠠᠲᠤᠯᠠᠪᠠ᠃ ᠲᠥᠪ ᠠᠴᠠ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠪᠣᠯᠣᠨ ᠤᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠠᠵᠢᠯ ᠢ ᠭᠦᠢᠴᠡᠳ ᠨᠤᠲᠠᠯᠠᠵᠤ ᠪᠠᠶᠢᠨ᠎ᠠ ᠭᠡᠵᠦ ᠢᠯᠡᠳᠬᠡᠪᠡ᠃    ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠪᠢᠳᠡ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠃ ᠲᠥᠪ ᠠᠴᠠ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠪᠦᠭᠦ ᠲᠠᠯ᠎ᠠ ᠪᠠᠷ ᠵᠥᠪ ᠤᠨᠤᠪᠴᠢᠳᠠᠢ᠂ ᠭᠤᠶᠢᠪᠢᠰᠢ ᠦᠭᠡᠢ ᠲᠤᠭᠤᠰᠢᠯᠠᠭᠤᠯᠵᠤ᠂ ︽ᠤᠯᠤᠰ ᠢᠶᠠᠨ ᠬᠠᠶᠢᠷᠠᠯᠠᠭᠴᠢᠳ ᠢᠶᠠᠷ ᠣᠣᠮᠧᠨ ᠢ ᠵᠠᠰᠠᠭᠤᠯᠬᠤ︾ ᠵᠠᠷᠴᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠳᠠᠷᠤᠭ᠎ᠠ ᠪᠠ ᠤᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠨᠡᠶᠢᠭᠡᠮ ᠤᠨ ᠡᠯ᠎ᠡ ᠡᠲᠡᠭᠡᠳ ᠢ ᠪᠦᠯᠬᠦᠮᠳᠡᠭᠦᠯᠦᠨ ᠳᠠᠭᠠᠭᠤᠯᠵᠤ᠂ ᠤᠯᠤᠰ ᠤᠨ ᠬᠥᠭᠵᠢᠯᠲᠡ ᠶᠢᠨ ᠠᠪᠴᠢᠷᠠᠭᠰᠠᠨ ᠲᠡᠦᠬᠡᠨ ᠠᠵᠠ ᠲᠣᠭᠢᠶᠠᠯ ᠢ ᠠᠮᠵᠢᠨ᠂ ᠣᠣᠮᠧᠨ ᠤ ᠣᠨᠴᠠᠯᠢᠭ ᠲᠠᠢ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠠᠮᠵᠢᠯᠲᠠ ᠲᠠᠢ ᠦᠢᠯᠡᠳᠦᠯᠭᠡ ᠶᠢ ᠲᠠᠰᠤᠷᠠᠯᠲᠠ ᠦᠭᠡᠢ ᠠᠬᠢᠭᠤᠯᠵᠤ᠂ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ ᠢᠶᠠᠷ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠤᠭᠲᠤᠬᠤ ᠶᠢ ᠪᠦᠭᠦ ᠬᠦᠴᠦᠨ ᠢᠶᠠᠷ ᠢᠶᠠᠨ ᠲᠡᠮᠵᠢᠨ᠎ᠠ ᠭᠡᠵᠦ ᠴᠢᠬᠤᠯᠠᠴᠢᠯᠠᠪᠠ᠃    ᠯᠢ ᠴᠢᠶᠠᠩ᠂ ᠼᠠᠢ ᠴᠢ᠂ ᠳ᠋ᠢᠩ ᠰᠢᠤᠸᠠᠢ ᠰᠢᠶᠠᠩ᠂ ᠱᠢ ᠲᠠᠢ ᠹᠧᠩ᠂ ᠴᠧᠨ ᠸᠧᠨ ᠴᠢᠩ᠂ ᠰᠢᠶᠠ ᠪᠦᠦ ᠯᠦᠩ ᠨᠠᠷ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号