︽ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ︾ ᠦᠢᠯᠡᠴᠢᠯᠡᠭᠡ ᠨᠢ ᠤᠯᠠᠨ ᠲᠦᠮᠡᠨ ᠳᠤ ᠳᠠᠭᠠᠰᠢᠶᠠᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2023/12/27
    ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠥᠷᠭᠡᠳᠬᠡᠬᠦ ᠶᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠶᠢᠨ ᠲᠥᠯᠥᠭᠡ᠂ ᠰᠠᠶᠢᠬᠠᠨᠲᠠᠯ᠎ᠠ ᠪᠠᠯᠭᠠᠰᠤᠨ ᠤ ᠨᠠᠮ ᠤᠨ ᠬᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ︽ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ︾᠂ ︽ᠭᠡᠷ ᠎ ᠲᠤᠨᠢ ᠬᠦᠷᠴᠦ ᠦᠢᠯᠡᠴᠢᠯᠡᠬᠦ︾ ᠵᠡᠷᠭᠡ ᠠᠵᠢᠯ ᠤᠨ ᠵᠠᠭᠪᠤᠷ ᠲᠠᠢ ᠪᠦᠲᠦᠮᠵᠢᠲᠡᠢ ᠤᠶᠠᠯᠳᠤᠭᠤᠯᠤᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠪᠥᠬᠦ ᠲᠠᠯ᠎ᠠ ᠪᠠᠷ ᠲᠦᠭᠦᠮ ᠦᠵᠡᠬᠦᠯᠵᠦ ᠪᠠᠶᠢᠨ᠎ᠠ᠃    ᠭᠠᠴᠠᠭ᠎ᠠ᠂ ᠨᠡᠶᠢᠭᠡᠮ ᠲᠣᠭᠤᠷᠢᠭ ᠤᠨ ᠠᠵᠢᠯᠲᠠᠳ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠳᠤ ᠬᠤᠯᠪᠣᠭᠳᠠᠭᠰᠠᠨ ᠣᠯᠠᠨ ᠲᠦᠮᠡᠨ ᠢ ᠤᠷᠢᠳᠴᠢᠯᠠᠨ ᠰᠢᠭᠰᠢᠨ ᠪᠠᠶᠢᠴᠠᠭᠠᠵᠤ᠂ ᠰᠠᠶᠢᠬᠠᠨᠲᠠᠯ᠎ᠠ ᠪᠠᠯᠭᠠᠰᠤᠨ ᠤ ᠨᠠᠮ ᠤᠨ ᠬᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠤᠨ ᠠᠷᠠᠳ ᠲᠤ ᠲᠥᠬᠦᠮ ᠦᠵᠡᠭᠦᠯᠬᠦ ᠶᠡᠭᠡ ᠲᠢᠩᠬᠢᠮ ᠤᠨ ᠠᠷᠠᠳ ᠤᠨ ᠶᠠᠪᠤᠳᠠᠯ ᠤᠨ ᠴᠤᠩᠬᠤᠪᠴᠢ ᠳᠤ ᠬᠦᠷᠴᠦ ᠳᠡᠭᠡᠭᠰᠢ ᠮᠡᠳᠡᠬᠦᠯᠦᠨ᠂ ᠨᠦᠬᠦᠴᠡᠯ ᠳᠤ ᠨᠡᠶᠢᠴᠡᠭᠰᠡᠨ ᠨᠠᠰᠤᠳᠠᠶᠢᠴᠤᠳ ᠤᠨ ᠲᠥᠷᠥ ᠶᠢᠨ ᠪᠣᠳᠣᠯᠭ᠎ᠠ ᠭᠥᠷᠳᠡᠬᠦ ᠠᠴᠠ 1 — 2 ᠰᠠᠷ᠎ᠠ ᠶᠢᠨ ᠡᠮᠦᠨ᠎ᠡ᠂ ︽ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠠᠩᠭᠢ ᠶᠢᠨ ᠬᠢᠨ ᠨᠢᠬᠡᠨᠳᠡ ᠭᠠᠷ ᠭᠦᠢᠴᠡᠳᠬᠡᠯ ᠢ ᠨᠢ ᠤᠷᠤᠯᠠᠨ ᠬᠢᠵᠦ᠂ ᠨᠠᠰᠤᠲᠠᠶᠢᠴᠤᠳ ᠲᠠᠢ ᠬᠠᠷᠢᠯᠴᠠᠭᠰᠠᠨ ᠤ ᠳᠠᠷᠠᠭ᠎ᠠ᠂ ᠬᠠᠮᠢᠶ᠎ᠠ ᠪᠦᠬᠦᠢ ᠮᠠᠲ᠋ᠧᠷᠢᠶᠠᠯ ᠢᠶᠠᠨ ᠠᠪᠴᠤ ᠭᠡᠷ ᠲᠤᠨᠢ ᠬᠦᠷᠴᠦ ᠦᠢᠯᠡᠴᠢᠯᠡᠳᠡᠭ᠃ ᠡᠨᠡ ᠡᠳᠦᠷ ᠳᠡᠳᠡ ᠬᠤᠶᠠᠷ ᠰᠠᠷ᠎ᠠ ᠶᠢᠨ ᠳᠠᠷᠠᠭ᠎ᠠ ᠳᠡᠳᠬᠦᠪᠦᠷᠢ ᠪᠠᠨ ᠠᠪᠬᠤ ᠎ ᠪᠠᠷ ᠪᠠᠶᠢᠭ᠎ᠠ ᠯᠢᠦ ᠷᠦᠨ ᠬᠤᠸᠠ ᠨᠠᠰᠤᠳᠠᠨ ᠤ ᠳᠤ ᠦᠢᠯᠡᠴᠢᠯᠡᠬᠦ ᠪᠠᠷ ᠢᠷᠡᠭᠰᠡᠨ ᠪᠠᠶᠢᠯ᠎ᠠ᠃    ᠰᠤᠷᠪᠤᠯᠵᠢᠯᠠᠭ᠎ᠠ᠄ ᠯᠢᠦ ᠷᠦᠨ ᠬᠤᠸᠠ ᠶᠢᠨ ᠦᠬᠢᠨ ᠭᠦᠸᠧ ᠮᠧᠢ ︵ᠮᠢᠨᠤ ᠡᠵᠢ ᠶᠢᠨ ᠬᠥᠯ ᠨᠢ ᠴᠦ ᠮᠠᠭᠤ᠂ ᠦᠢᠯᠡᠴᠢᠯᠡᠭᠡᠨ ᠤ ᠠᠩᠭᠢ ᠶᠢᠨ ᠬᠢᠨ ᠪᠡᠶ᠎ᠡ ᠪᠠᠷ ᠢᠶᠠᠨ ᠢᠷᠡᠵᠦ ᠦᠢᠯᠡᠴᠢᠯᠡᠵᠦ ᠪᠠᠶᠢᠨ᠎ᠠ᠂ ᠠᠵᠢᠯᠲᠠᠳ ᠲᠤ ᠲᠠᠯᠠᠷᠬᠠᠵᠤ ᠪᠠᠶᠢᠨ᠎ᠠ︶    ᠰᠠᠶᠢᠬᠠᠨᠲᠠᠯ᠎ᠠ ᠪᠠᠯᠭᠠᠰᠤᠨ ᠤ ᠨᠠᠮ ᠤᠨ ᠬᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠦᠢᠯᠡᠴᠢᠯᠡᠭᠡᠨ ᠎ ᠤ ᠰᠢᠰᠲ᠋ᠧᠮ ᠤᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠪᠦᠷᠬᠦᠴᠡ ᠶᠢ ᠥᠷᠭᠡᠳᠬᠡᠵᠦ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ᠂ ᠭᠠᠴᠠᠭᠠᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ + ᠨᠠᠮ ᠤᠨ ᠭᠡᠰᠢᠭᠦᠨ᠂ ᠬᠤᠶᠠᠷ ᠵᠥᠪᠯᠡᠯ ᠤᠨ ᠭᠡᠰᠢᠭᠦᠨ᠂ ᠨᠢᠭᠡᠳᠦᠭᠡᠷ ᠱᠦᠵᠢ ᠶᠢᠨ 2+3 ᠦᠢᠯᠡᠴᠢᠯᠡᠭᠡᠨ ᠤ ᠵᠠᠭᠪᠤᠷ ᠢᠶᠠᠷ ᠬᠤᠶᠠᠷ ᠱᠠᠲᠤᠨ ᠤ ︽ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ︾ ᠦᠢᠯᠡᠴᠢᠯᠡᠭᠡ ᠶᠢ ᠠᠬᠢᠭᠤᠯᠵᠤ᠂ ᠪᠥᠬᠦ ᠬᠦᠷᠢᠶ᠎ᠡ ᠴᠠᠷ᠎ᠠ᠂ ᠪᠥᠬᠦ ᠲᠠᠯ᠎ᠠ᠂ ᠣᠯᠠᠨ ᠲᠠᠰ ᠳᠠᠪᠬᠤᠷᠭ᠎ᠠ ᠶᠢᠨ ︽ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ︾ ᠦᠢᠯᠡᠴᠢᠯᠡᠭᠡ ᠶᠢ ᠬᠠᠩᠭᠠᠬᠤ ᠶᠢᠨ ᠬᠠᠮᠲᠤ᠂ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ᠂ ᠦᠷᠡᠵᠢᠯ ᠤᠨ ᠳᠠᠭᠠᠳᠬᠠᠯ ᠤᠨ ᠣᠯᠭᠤᠮᠵᠢ ᠶᠢ ᠬᠠᠷᠭᠤᠭᠤᠯᠤᠨ ᠵᠥᠪᠰᠢᠶᠡᠷᠡᠵᠦ ᠳᠤᠭᠠᠴᠠᠭ᠎ᠠ ᠬᠢᠬᠦ᠂ ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠦᠷᠢ᠂ ᠠᠵᠢᠯ ᠠᠯᠳᠠᠭᠰᠠᠳ ᠤᠨ ᠳᠠᠩᠰᠠᠯᠠᠯᠲᠠ ᠵᠡᠷᠭᠡ 40 ᠭᠠᠷᠤᠢ ᠵᠦᠢᠯᠡᠰ ᠢ ᠴᠥᠮ ︽ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠠᠭᠤᠯᠭ᠎ᠠ ᠳᠤ ᠣᠷᠣᠭᠤᠯᠵᠤ᠂ ︽ᠥᠨᠳᠥᠷ ᠪᠦᠲᠦᠮᠵᠢᠲᠡᠢ ᠪᠥᠭᠡᠳ ᠳᠥᠭᠦᠮ ᠳᠥᠲᠡ᠂ ᠴᠢᠨᠠᠷ ᠰᠠᠶᠢᠲᠠᠢ ᠪᠥᠭᠡᠳ ᠰᠡᠳᠬᠢᠯ ᠳᠤ ᠳᠤᠯᠠᠭᠠᠨ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠪᠣᠶ ᠪᠤᠯᠭᠠᠵᠤ ᠪᠠᠶᠢᠨ᠎ᠠ᠃    ᠰᠤᠷᠪᠤᠯᠵᠢᠯᠠᠭ᠎ᠠ᠄ ᠰᠠᠶᠢᠬᠠᠨᠲᠠᠯ᠎ᠠ ᠪᠠᠯᠭᠠᠰᠤᠨ ᠤ ᠨᠠᠮ ᠤᠨ ᠬᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠤᠨ ᠠᠵᠢᠯᠳᠠᠨ  ᠰᠢᠦ ᠵᠧᠨ ︵ᠰᠠᠶᠢᠬᠠᠨᠲᠠᠯ᠎ᠠ ᠪᠠᠯᠭᠠᠰᠤᠨ ᠤ ᠨᠠᠮ ᠤᠨ ᠬᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠯᠠᠨ ᠲᠦᠮᠡᠨ ᠤ  ᠳᠤᠬᠠᠶᠢᠯᠠᠭᠰᠠᠨ ᠠᠵᠢᠯ ᠬᠦᠢᠴᠡᠳᠬᠡᠬᠦ ᠳᠤ ᠦᠢᠯᠡᠴᠢᠯᠡᠬᠦ ᠶᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠬᠦᠯᠵᠦ᠂ ᠭᠡᠷ ᠲᠤᠨᠢ ᠬᠦᠷᠴᠦ ᠦᠢᠯᠡᠴᠢᠯᠡᠬᠦ᠂ ︽ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ︾ ᠠᠵᠢᠯ ᠢ ᠥᠷᠨᠢᠭᠦᠯᠵᠦ᠂ ᠦᠨᠳᠦᠰᠦᠨ ᠱᠠᠲᠤᠨ ᠤ ᠤᠯᠠᠨ ᠲᠦᠮᠡᠨ ᠤ ︽ᠤᠯᠠᠨ ᠤᠳᠠᠭ᠎ᠠ ᠬᠦᠢᠴᠡᠳᠬᠡᠵᠦ᠂ ᠨᠠᠰᠢ ᠴᠠᠰᠢ ᠤᠯᠠᠨ ᠭᠦᠶᠦᠬᠦ︾ ᠵᠡᠷᠭᠡ ᠠᠰᠠᠭᠤᠳᠠᠯ ᠢ ᠰᠢᠢᠳᠪᠦᠷᠢᠯᠡᠵᠦ᠂ ᠡᠨᠡ ᠵᠢᠯ ᠠᠴᠠ ᠨᠠᠰᠢ ᠡᠯ᠎ᠡ ᠵᠦᠢᠯ ᠤᠨ ᠲᠤᠬᠠᠶᠢᠯᠠᠭᠰᠠᠨ ᠠᠵᠢᠯ ᠵᠢᠱᠢᠶᠡᠯᠡᠪᠡᠯ᠂ ᠨᠢᠬᠡ ᠯᠡ ᠺᠠᠷᠲ ᠢᠶᠠᠷ ᠬᠦᠢᠴᠡᠳᠬᠡᠬᠦ᠂ ᠥᠨᠳᠥᠷ ᠨᠠᠰᠤᠨ ᠤ ᠳᠡᠳᠬᠦᠪᠦᠷᠢ ᠭᠤᠶᠤᠴᠢᠯᠠᠬᠤ᠂ ᠦᠷᠡᠵᠢᠯ ᠤᠨ ᠮᠡᠳᠡᠭᠡ ᠵᠠᠩᠭᠢ ᠵᠡᠷᠭᠡ ᠲᠤᠬᠠᠶᠢᠯᠠᠭᠰᠠᠨ ᠠᠵᠢᠯ ᠢ ᠪᠠᠭᠲᠠᠭᠠᠨ 140 ᠭᠠᠷᠤᠢ ᠤᠳᠠᠭ᠎ᠠ ᠤᠷᠤᠯᠠᠨ ᠬᠦᠢᠴᠡᠳᠬᠡᠵᠦ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠪᠠ᠃    ᠳᠠᠷᠠᠭᠠᠴᠢ ᠶᠢᠨ ᠠᠯᠬᠤᠮ ᠳᠤ᠂ ᠰᠠᠶᠢᠬᠠᠨᠲᠠᠯ᠎ᠠ ᠪᠠᠯᠭᠠᠰᠤᠨ ᠤ ᠨᠠᠮ ᠤᠨ ᠬᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠤᠨ ᠬᠢᠨ ᠡᠩᠨᠡᠭᠡᠨ ᠤ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ︽ᠣᠯᠠᠨ ᠡᠰᠢᠵᠢᠭᠰᠡᠨ︾ ᠦᠢᠯᠡᠴᠢᠯᠡᠭᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠲᠤᠰᠬᠠᠢ ᠮᠡᠷᠭᠡᠵᠢᠯ ᠤᠨ ᠰᠢᠯᠢᠳᠡᠭ ᠣᠷᠣᠯᠠᠨ ᠭᠦᠢᠴᠡᠳᠭᠡᠭᠴᠢ ᠰᠤᠩᠭᠤᠨ ᠲᠣᠬᠢᠷᠠᠭᠤᠯᠵᠤ᠂ ︽ᠬᠠᠪᠰᠤᠷᠤᠨ  ᠰᠢᠢᠳᠪᠦᠷᠢᠯᠡᠵᠦ ᠣᠷᠣᠯᠠᠨ ᠭᠦᠢᠴᠡᠳᠬᠡᠬᠦ︾ ᠦᠢᠯᠡᠴᠢᠯᠡᠭᠡ ᠬᠠᠩᠭᠠᠵᠤ᠂ ︽ᠦᠵᠡᠵᠦ ᠰᠣᠨᠣᠰᠬᠤ ᠪᠠ ᠠᠰᠠᠭᠤᠵᠤ ᠯᠠᠪᠯᠠᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠎ ᠶᠢ ᠡᠮᠬᠢᠯᠡᠨ ᠳᠢᠭᠯᠡᠵᠦ᠂ ︽ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ︾ ᠦᠢᠯᠡᠴᠢᠯᠡᠭᠡ ᠶᠢ ᠲᠡᠭᠦᠯᠳᠡᠷᠵᠢᠭᠦᠯᠦᠨ᠂ ᠠᠰᠠᠭᠤᠨ ᠯᠠᠪᠯᠠᠬᠤ᠂ ᠵᠢᠭᠠᠨ ᠵᠢᠯᠤᠭᠤᠳᠬᠤ᠂ ᠤᠷᠢᠳᠴᠢᠯᠠᠨ ᠪᠣᠯᠵᠣᠬᠤ᠂ ᠣᠷᠣᠯᠠᠨ ᠭᠦᠢᠴᠡᠳᠬᠡᠬᠦ ᠵᠡᠷᠭᠡ ᠦᠢᠯᠡᠴᠢᠯᠡᠭᠡ ᠬᠠᠩᠭᠠᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号