ᠠᠮᠠᠷᠠᠯᠳᠠ ᠴᠢᠯᠦᠬᠡ ᠦᠬᠡᠢ ᠠᠵᠢᠯ ᠤᠨ ᠪᠠᠶᠢᠷᠢ ᠪᠠᠨ ᠰᠠᠬᠢᠭᠴᠢᠳ ᠲᠤ ᠬᠦᠨᠳᠦᠳᠭᠡᠯ ᠢᠯᠡᠷᠭᠡᠶᠢᠯᠡᠶ᠎ᠡ
ᠨᠡᠶᠢᠲᠡᠯᠡᠭᠰᠡᠨ ᠴᠠᠭ᠄
2023/12/27
    ᠬᠦᠮᠦᠨ ᠪᠦᠬᠦᠨ ᠠᠮᠠᠷᠠᠵᠤ ᠵᠤᠭᠠᠯᠠᠨ᠂ ᠠᠮᠠᠷᠠᠯᠳᠠ ᠶᠢᠨ ᠡᠳᠦᠷ ᠢᠶᠠᠨ ᠵᠤᠭᠠᠳᠠᠢ ᠦᠩᠭᠡᠷᠡᠭᠦᠯᠵᠦ ᠪᠠᠶᠢᠬᠤ ᠳᠤ᠂ ᠵᠠᠷᠢᠮ ᠣᠨᠴᠠᠭᠠᠶ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠳ ᠲᠤ ᠠᠪᠴᠤ ᠬᠡᠯᠡᠪᠡᠯ᠂ ᠠᠮᠠᠷᠠᠯᠲᠠ ᠶᠢᠨ ᠬᠤᠭᠤᠴᠠᠭᠠᠨ ᠳᠤ ᠬᠠᠷᠢᠨ ᠤᠯᠠᠮ ᠶᠠᠭᠠᠷᠠᠤ ᠪᠤᠯᠵᠤ᠂ ᠠᠵᠢᠯ ᠤᠨ ᠪᠠᠶᠢᠷᠢ ᠪᠠᠨ ᠪᠠᠳᠤ ᠰᠠᠬᠢᠬᠤ ᠭᠡᠷᠡᠭᠳᠡᠢ ᠪᠠᠶᠢᠳᠠᠭ᠃    ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠲᠦᠷᠭᠡᠨ  ᠠᠪᠤᠷᠠᠯᠳᠠ ᠶᠢᠨ  ᠡᠮᠴᠢᠯᠡᠬᠡᠨ ᠤ ᠰᠠᠯᠠᠭ᠎ᠠ ᠳᠤ᠂ ᠰᠥᠨᠢ ᠶᠢᠨ ᠡᠭᠡᠯᠵᠢᠨ ᠳᠤ ᠪᠠᠶᠢᠭ᠎ᠠ ᠰᠤᠪᠢᠯᠠᠭᠴᠢ ᠭᠤᠸ ᠼᠠᠢ ᠶᠦᠨ ᠵᠢᠵᠢᠭᠦᠷ ᠤᠨ ᠡᠮᠴᠢ ᠲᠠᠢ ᠬᠠᠮᠲᠤ ᠪᠠᠷ ᠡᠪᠡᠳᠴᠢᠲᠡᠨ ᠤ ᠰᠢᠷᠬ᠎ᠠ ᠶᠢ ᠪᠠᠶᠢᠴᠠᠭᠠᠵᠤ᠂ ᠡᠷᠡᠭᠦᠯᠵᠢᠭᠦᠯᠬᠦ ᠳᠠᠰᠬᠠᠯ ᠬᠢᠬᠦ  ᠎ ᠶᠢ ᠵᠢᠭᠠᠨ᠎ᠠ᠃ ᠪᠠᠶᠠᠷ ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠬᠠᠮᠤᠭ ᠤᠨ  ᠶᠠᠭᠠᠷᠠᠯᠳᠠᠢ ᠨᠢ ᠲᠦᠷᠭᠡᠨ ᠠᠪᠤᠷᠠᠯᠳᠠ ᠶᠢᠨ ᠡᠮᠴᠢᠯᠡᠬᠡᠨ ᠤ  ᠰᠠᠯᠠᠭ᠎ᠠ ᠪᠠᠶᠢᠵᠤ᠂ ᠵᠥᠪᠬᠡᠨ ᠨᠢᠭᠡ ᠯᠡ ᠰᠥᠨᠢ ᠶᠢᠨ ᠡᠭᠡᠯᠵᠢᠨ ᠳᠤ ᠴᠥᠭᠡᠨ ᠪᠤᠰᠤ ᠡᠪᠡᠳᠴᠢᠲᠡᠨ ᠡᠮᠴᠢᠯᠡᠭᠦᠯᠳᠡᠭ᠃    ᠰᠤᠷᠪᠤᠯᠵᠢᠯᠠᠭ᠎ᠠ᠄ ᠡᠮᠴᠢ ᠶᠠᠩ ᠯᠢ ᠵᠢᠶᠦ᠋ᠨ ︵ᠠᠮᠠᠷᠠᠯᠲᠠ ᠶᠢᠨ ᠬᠤᠭᠤᠴᠠᠭᠠᠨ ᠳᠤ ᠴᠤ ᠪᠢᠳᠡ ᠶᠠᠭᠠᠷᠠᠯᠲᠠᠢ ᠠᠵᠢᠯᠯᠠᠳᠠᠭ᠂ ᠲᠦᠷᠭᠡᠨ  ᠠᠪᠤᠷᠠᠯᠳᠠ ᠶᠢᠨ ᠰᠠᠯᠠᠭᠠᠨ ᠤ ᠡᠮᠴᠢ ᠰᠤᠪᠢᠯᠠᠭᠴᠢᠳ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠲᠤ ᠴᠦ ᠴᠥᠮ ᠡᠩ ᠤᠨ ᠴᠠᠭ ᠤᠨ ᠵᠢᠵᠢᠭᠦᠷ ᠤᠨ ᠬᠦᠰᠦᠨᠦᠭᠲᠦ ᠪᠠᠷ ᠬᠡᠪ ᠤᠨ ᠶᠣᠰᠣᠭᠠᠷ ᠠᠵᠢᠯᠯᠠᠵᠤ ᠠᠮᠠᠷᠠᠳᠠᠭ᠃ ᠠᠵᠢᠯ ᠠᠴᠠ ᠪᠠᠨ ᠪᠠᠭᠤᠭᠰᠠᠨ ᠤ ᠳᠠᠷᠠᠭ᠎ᠠ ᠴᠤ ᠭᠡᠰᠡᠨ ᠤᠳᠠᠰᠤ ᠨᠡᠪᠲᠡᠷᠡᠬᠦ ᠶᠢ ᠪᠠᠲᠤᠯᠠᠵᠤ ᠂ ᠳᠠᠭᠤᠳᠠᠯᠭ᠎ᠠ ᠳᠤ ᠪᠡᠯᠡᠨ ᠪᠠᠶᠢᠬᠤ ᠬᠡᠷᠡᠭᠳᠡᠢ︶      ᠭᠤᠸ ᠼᠠᠢ ᠶᠦᠨ ᠲᠦᠷᠭᠡᠨ ᠠᠪᠤᠷᠠᠯᠳᠠ ᠶᠢᠨ ᠡᠮᠴᠢᠯᠡᠭᠡᠨ ᠤ ᠰᠠᠯᠠᠭᠠᠨ ᠳᠤ  8 ᠵᠢᠯ ᠠᠵᠢᠯᠯᠠᠬᠤ ᠳᠤ ᠪᠠᠨ᠂ ᠠᠷᠢᠭᠤᠳᠬᠠᠬᠤ ᠤᠰᠤ᠂ ᠡᠮ᠂  ᠵᠡᠬᠦᠯᠡᠬᠦᠷ ᠲᠠᠢ ᠡᠳᠦᠷ ᠳᠤᠵᠢ ᠪᠠᠷ ᠢᠶᠠᠨ ᠬᠠᠨᠢᠰᠤᠨ᠂ ᠵᠠᠷᠢᠮ ᠶᠠᠭᠠᠷᠠᠤ ᠦᠶ᠎ᠡ ᠳᠤ ᠎ ᠪᠠᠨ ᠭᠡᠷ ᠤᠨ ᠪᠠᠷ᠎ᠠ ᠬᠠᠷᠠᠯ ᠦᠬᠡᠢ ᠬᠡᠴᠢᠨᠡᠨ ᠤᠳᠠᠳᠠᠭ ᠴᠦ ᠰᠤᠩᠭᠤᠭᠰᠠᠨ ᠠᠵᠢᠯ ᠳᠤ ᠪᠠᠨ ᠬᠠᠷᠠᠮᠰᠠᠯ ᠦᠬᠡᠢ ᠵᠢᠳᠬᠦᠵᠦ᠂ ᠬᠠᠷᠢᠭᠤᠴᠠᠯᠭ᠎ᠠ ᠡᠬᠦᠷᠭᠡᠯᠡᠯ ᠢᠶᠠᠨ ᠪᠠᠷᠢᠮᠳᠠᠯᠠᠭᠰᠠᠭᠠᠷ ᠢᠷᠡᠵᠡᠢ᠃    ᠰᠤᠷᠪᠤᠯᠵᠢᠯᠠᠭ᠎ᠠ᠄ ᠰᠤᠪᠢᠯᠠᠭᠴᠢ ᠭᠤᠸ ᠼᠠᠢ ᠶᠦᠨ ︵ᠲᠦᠷᠭᠡᠨ  ᠠᠪᠤᠷᠠᠯᠳᠠ ᠶᠢᠨ ᠰᠠᠯᠠᠭᠠᠨ ᠤ ᠠᠵᠢᠯᠲᠠᠨ ᠪᠣᠯᠤᠭᠰᠠᠨ ᠤ ᠬᠤᠪᠢ ᠳᠤ᠂ ᠡᠪᠡᠳᠴᠢᠲᠡᠨ ᠢ ᠠᠯᠢ ᠲᠦᠷᠭᠡᠨ ᠢᠶᠠᠷ ᠡᠷᠡᠭᠦᠯᠵᠢᠬᠦᠯᠬᠦ ᠶᠢᠨ ᠲᠥᠯᠥᠭᠡ ᠪᠢᠳᠡ ᠵᠢᠭᠠᠬᠠᠨ  ᠶᠠᠳᠠᠷᠠᠬᠤ ᠨᠢ ᠴᠦ ᠶᠠᠳᠠᠷᠠᠨ᠎ᠠ᠃ ᠨᠢᠭᠡᠳᠦᠭᠡᠷ ᠹᠷᠣᠨᠲ ᠲᠤ ᠪᠠᠲᠤ ᠰᠠᠬᠢᠵᠤ ᠪᠠᠶᠢᠭ᠎ᠠ ᠪᠢᠳᠡᠨ ᠤ ᠭᠡᠷ ᠤᠨ ᠬᠥᠮᠥᠰ ᠲᠠᠢ ᠪᠠᠨ ᠠᠭᠤᠯᠵᠠᠬᠤ ᠴᠠᠭ ᠲᠤᠩ ᠪᠠᠭ᠎ᠠ ᠪᠣᠯᠪᠠᠴᠤ ᠡᠪᠡᠳᠴᠢᠲᠡᠨ ᠢ ᠵᠤᠪᠠᠭᠤᠷᠢ ᠠᠴᠠ ᠰᠠᠯᠭᠠᠵᠤ ᠳᠡᠶᠢᠯᠪᠡᠯ᠂ ᠮᠢᠨᠤ ᠦᠵᠡᠬᠦ ᠪᠠᠷ ᠠᠯᠢᠪᠠ ᠪᠦᠬᠦᠨ ᠪᠦᠷ ᠪᠡᠨ᠎ᠡ ᠲᠠᠢ︶    ᠬᠠᠯᠠᠭᠤᠨ ᠨᠡᠷᠡᠨ ᠤ ᠳᠣᠣᠷ᠎ᠠ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠵᠤ ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ ᠪᠤᠢ᠂ ᠡᠷᠲᠡᠯᠡᠵᠦ ᠣᠷᠣᠶᠢᠯᠠᠨ᠂ ᠠᠷᠢᠭᠤᠨ ᠴᠡᠪᠡᠷ ᠬᠤᠲᠠ ᠶᠢᠨ ᠣᠷᠴᠢᠨ ᠲᠣᠭᠤᠷᠢᠨ ᠎ ᠢ ᠬᠠᠮᠠᠭᠠᠯᠠᠳᠠᠭ ᠤᠷᠴᠢᠨ ᠳᠤᠭᠤᠷᠢᠨ ᠤ ᠠᠷᠢᠭᠤᠨ ᠴᠡᠪᠡᠷ ᠤᠨ ᠠᠵᠢᠯᠴᠢᠨ ᠁  ᠭᠡᠬᠦ ᠮᠡᠳᠦᠴᠢᠯᠡᠨ ᠡᠮᠴᠢ  ᠰᠤᠪᠢᠯᠠᠭᠴᠢᠳ ᠲᠠᠢ ᠠᠳᠠᠯᠢ ᠪᠠᠷ᠂ ᠦᠪᠡᠷ ᠤᠨ ᠢᠶᠠᠨ ᠵᠢᠷᠭᠠᠯ ᠴᠡᠩᠭᠡᠯ ᠢ ᠤᠮᠠᠷᠳᠠᠨ ᠤᠯᠠᠨ ᠤ ᠠᠮᠤᠷ ᠲᠦᠪᠰᠢᠨ ᠵᠤᠯ ᠵᠢᠷᠭᠠᠯ ᠤᠨ ᠲᠦᠯᠦᠬᠡ ᠵᠢᠳᠬᠦᠵᠦ ᠶᠠᠪᠤᠭ᠎ᠠ ᠦᠢ ᠤᠯᠠᠨ ᠠᠵᠢᠯᠳᠠᠨ ᠳᠤ ᠬᠦᠨᠳᠦᠳᠭᠡᠯ ᠳᠡᠪᠰᠢᠬᠦᠯᠦᠶ᠎ᠡ︕
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号