ᠡᠷᠬᠡ ᠶᠢ ᠳᠣᠷᠣᠭᠰᠢ ᠪᠠᠭᠤᠯᠭᠠᠵᠤ ᠤᠯᠠᠨ ᠲᠥᠮᠡᠨ ᠳᠤ ᠳᠥᠭᠦᠮ ᠲᠥᠳᠡ ᠦᠢᠯᠡᠴᠢᠯᠡᠭᠡ ᠬᠠᠩᠭᠠᠨ᠎ᠠ
ᠨᠡᠶᠢᠲᠡᠯᠡᠭᠰᠡᠨ ᠴᠠᠭ᠄
2023/12/27
    ᠣᠶᠢᠷ᠎ᠠ ᠳᠤ᠂ ᠰᠢᠯᠢ ᠶᠢᠨ ᠭᠤᠤᠯ ᠠᠶᠢᠮᠠᠭ ᠡᠷᠬᠡ ᠶᠢ ᠳᠣᠷᠣᠭᠰᠢ ᠪᠠᠭᠤᠯᠭᠠᠵᠤ ᠡᠷᠬᠡ ᠶᠢ ᠬᠠᠰᠤᠬᠤ᠂ ᠡᠷᠬᠡ ᠬᠠᠷᠢᠭᠤᠴᠠᠯᠭ᠎ᠠ ᠶᠢ ᠨᠢᠭᠡᠳᠦᠯᠲᠡᠶ ᠪᠣᠯᠭᠠᠬᠤ᠂ ᠶᠠᠪᠤᠴᠠ ᠶᠢ ᠪᠠᠭᠠᠰᠬᠠᠬᠤ ᠶᠢ ᠪᠥᠬᠦ ᠲᠠᠯ᠎ᠠ ᠪᠠᠷ ᠠᠬᠢᠭᠤᠯᠵᠤ᠂ 97 ᠵᠦᠢᠯ ᠤᠨ ᠡᠷᠬᠡ ᠶᠢᠨ ᠵᠦᠢᠯᠡᠰ ᠢ ᠬᠤᠰᠢᠭᠤ ᠰᠢᠶᠠᠨ ᠬᠤᠲᠠ ︵ᠲᠣᠭᠤᠷᠢᠭ︶᠎ ᠳᠤ ᠪᠠᠭᠤᠯᠭᠠᠵᠤ᠂ ᠮᠠᠨ ᠤ ᠬᠤᠰᠢᠭᠤᠨ ᠤ ᠡᠯ᠎ᠡ ᠰᠠᠯᠠᠭ᠎ᠠ ᠮᠥᠴᠢᠷ ᠢᠳᠡᠪᠬᠢᠲᠡᠶ ᠵᠣᠯᠭᠠᠭᠤᠯᠤᠨ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠢᠯᠡᠴᠢᠯᠡᠭᠡ ᠪᠠᠨ ᠰᠠᠶᠢᠵᠢᠷᠠᠭᠤᠯᠵᠤ᠂ ᠤᠯᠠᠨ ᠲᠥᠮᠡᠨ ᠳᠤ ᠳᠥᠭᠦᠮ ᠦᠵᠡᠭᠦᠯᠵᠦ ᠪᠠᠶᠢᠨ᠎ᠠ᠃     ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠤᠪᠴᠢᠶᠠᠨ ᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠤᠩᠬᠤᠪᠴᠢ ᠳᠤ᠂ ᠡᠮ ᠤᠨ ᠳᠡᠯᠭᠡᠭᠦᠷ ᠤᠨ ᠬᠠᠷᠢᠭᠤᠴᠠᠯᠭᠠᠲᠠᠨ ᠳ᠋ᠦ᠋ ᠰᠢᠶᠠᠩ ᠬᠠᠮᠢᠶ᠎ᠠ ᠪᠥᠬᠦᠢ ᠮᠠᠲ᠋ᠧᠷᠢᠶᠠᠯ ᠢᠶᠠᠨ ᠠᠪᠴᠤ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠢᠶᠠᠨ ᠬᠤᠪᠢᠷᠠᠭᠤᠯᠬᠤ ᠭᠦᠢᠴᠡᠳᠬᠡᠯ ᠬᠢᠬᠦ ᠎ ᠪᠠᠷ ᠤᠴᠢᠬᠤ ᠳᠤ᠂ ᠠᠵᠢᠯᠲᠠᠨ ᠤ ᠬᠦᠯᠢᠴᠡᠩᠭᠦᠶ ᠨᠢᠮᠪᠠᠶ ᠦᠢᠯᠡᠴᠢᠯᠡᠭᠡ ᠪᠠ ᠲᠥᠬᠦᠮ ᠲᠦᠳᠡ ᠭᠦᠢᠴᠡᠳᠭᠡᠬᠦ ᠶᠠᠪᠤᠴᠠ ᠨᠢ ᠲᠡᠭᠦᠨ ᠤ ᠰᠡᠳᠬᠢᠯ ᠳᠤ ᠶᠡᠭᠡ ᠲᠠᠭᠠᠯᠠᠭᠳᠠᠵᠠᠢ᠃ ᠲᠣᠰ ᠲᠤᠬᠠᠶᠢᠯᠠᠭᠰᠠᠨ ᠠᠵᠢᠯ ᠪᠣᠯ ᠶᠠᠭ ᠲᠣᠰ ᠤᠳᠠᠭᠠᠨ ᠤ ᠳᠣᠷᠣᠭᠰᠢ ᠪᠠᠭᠤᠯᠭᠠᠭᠰᠠᠨ ᠡᠷᠬᠡ ᠶᠢᠨ ᠵᠦᠢᠯᠡᠰ ᠤᠨ ᠨᠢᠭᠡ ᠪᠣᠯᠤᠨ᠎ᠠ᠃     ᠰᠤᠷᠪᠤᠯᠵᠢᠯᠠᠭ᠎ᠠ᠄ ᠡᠮ ᠤᠨ ᠳᠡᠯᠭᠡᠭᠦᠷ ᠤᠨ ᠬᠠᠷᠢᠭᠤᠴᠠᠯᠭᠠᠲᠠᠨ ᠳ᠋ᠦ᠋ ᠰᠢᠶᠠᠩ᠄ ᠥᠩᠭᠡᠷᠡᠭᠰᠡᠨ ᠳᠤ ᠪᠢᠳᠡ ᠬᠠᠮᠢᠶ᠎ᠠ ᠪᠦᠬᠦᠢ ᠵᠦᠢᠯᠡᠰ ᠢ ᠡᠷᠬᠡᠪᠰᠢ ᠠᠶᠢᠮᠠᠭ ᠲᠤ ᠲᠤᠰᠢᠶᠠᠵᠤ ᠨᠡᠯᠢᠶᠡᠳ ᠤᠳᠠᠭᠠᠨ ᠴᠠᠭ ᠬᠡᠷᠡᠭᠰᠡᠳᠡᠭ᠂ ᠤᠳᠤ ᠰᠢᠭᠤᠳ ᠬᠤᠰᠢᠭᠤᠨ ᠳᠠᠭᠠᠨ ᠭᠦᠢᠴᠡᠳᠬᠡᠵᠦ ᠲᠡᠶᠢᠯᠬᠦ ᠪᠤᠯᠵᠠᠢ᠂ ᠠᠵᠢᠯᠲᠠᠨ ᠤ ᠵᠢᠯᠣᠭᠤᠳᠤᠯᠭ᠎ᠠ ᠳᠤᠤᠷ᠎ᠠ ᠤᠳᠠᠯ ᠦᠭᠡᠢ ᠦᠨᠡᠮᠯᠡᠯ ᠢᠶᠠᠨ ᠤᠯᠤᠭᠠᠳ ᠳᠡᠶᠢᠯᠦᠴᠢᠬᠡᠨ᠎ᠡ᠂ ᠨᠠᠰᠢ ᠴᠠᠰᠢ ᠲᠤᠲᠠᠭᠤ ᠬᠦᠶᠦᠬᠦ ᠪᠤᠯᠵᠠᠢ᠂ ᠠᠵᠢᠯ ᠤᠨ ᠦᠷ᠎ᠡ ᠪᠦᠲᠦᠮᠵᠢ ᠮᠠᠰᠢ ᠲᠦᠷᠭᠡᠨ ᠰᠠᠶᠢᠨ ᠪᠠᠶᠢᠨ᠎ᠠ᠃     ᠲᠣᠰ ᠤᠳᠠᠭᠠᠨ ᠤ ᠳᠣᠷᠣᠭᠰᠢ ᠪᠠᠭᠤᠯᠭᠠᠭᠰᠠᠨ ᠵᠦᠢᠯᠡᠰ ᠤᠨ ᠳᠣᠲᠣᠷ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠤᠯᠪᠤᠭᠳᠠᠬᠤ ᠨᠢ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠵᠥᠪᠰᠢᠶᠡᠷᠡᠯ ᠪᠠᠶᠢᠵᠤ᠂ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠪᠠᠶᠢᠭᠤᠯᠬᠤ ᠵᠥᠪᠰᠢᠶᠡᠷᠡᠯ᠂ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠦᠷᠭᠦᠯᠵᠢᠯᠡᠬᠦ ᠵᠥᠪᠰᠢᠶᠡᠷᠡᠯ᠂ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠨᠥᠬᠦᠨ ᠭᠦᠢᠴᠡᠳᠭᠡᠬᠦ ᠵᠥᠪᠰᠢᠶᠡᠷᠡᠯ᠂ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠬᠦᠴᠦᠨ ᠥᠬᠡᠶ ᠪᠣᠯᠭᠠᠬᠤ ᠵᠥᠪᠰᠢᠶᠡᠷᠡᠯ᠂ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠬᠤᠪᠢᠷᠠᠭᠤᠯᠬᠤ ᠵᠥᠪᠰᠢᠶᠡᠷᠡᠯ᠂ ᠬᠥᠬᠡᠭᠴᠢᠨ ᠲᠥᠷᠥᠯ ᠤᠨ ᠵᠣᠷ ᠤᠨ ᠪᠤᠰᠤ ᠡᠮ ᠤᠨ ᠡᠵᠡᠩᠨᠡᠯᠲᠡ ᠵᠢᠴᠢ ᠬᠥᠬᠡᠭᠴᠢᠨ ᠲᠥᠷᠥᠯ ᠤᠨ ᠵᠣᠷ ᠤᠨ ᠪᠤᠰᠤ ᠡᠮ ᠢ ᠡᠵᠡᠩᠨᠡᠵᠦ ᠪᠠᠶᠢᠭ᠎ᠠ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠠᠵᠢᠯᠲᠠᠨ ᠤ ᠬᠢᠷᠢ ᠬᠡᠮ ᠢ ᠮᠠᠭᠠᠳᠯᠠᠨ ᠲᠣᠭᠲᠠᠭᠠᠬᠤ ᠵᠡᠷᠭᠡ ᠲᠤᠯᠤᠭᠠᠨ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠢ ᠴᠥᠮ ᠰᠢᠭᠤᠳ ᠳᠣᠷᠣᠭᠰᠢ ᠪᠠᠭᠤᠯᠭᠠᠵᠠᠢ᠃     ᠰᠤᠷᠪᠤᠯᠵᠢᠯᠠᠭ᠎ᠠ᠄ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠳᠠᠷᠤᠭ᠎ᠠ  ᠾᠧᠦ ᠨᠠ᠄ ︽ᠬᠤᠶᠠᠷ ᠢ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠢᠯ ᠤᠨ ᠱᠠᠭᠠᠷᠳᠠᠯᠭ᠎ᠠ ᠶᠢ ᠳᠠᠷᠤᠶ ᠲᠦᠷᠭᠡᠨ ᠨᠠᠶᠢᠳᠠᠪᠤᠷᠢᠵᠢᠭᠤᠯᠵᠤ᠂ ᠠᠶᠢᠮᠠᠭ ᠤᠨ ᠲᠣᠪᠴᠢᠶ᠎ᠠ ᠲᠠᠢ ᠵᠣᠯᠭᠠᠭᠤᠯᠬᠤ ᠵᠦᠢᠯᠡᠰ ᠢ ᠲᠠᠨᠢᠵᠤ ᠠᠪᠬᠤ ᠪᠠ ᠰᠢᠰᠲ᠋ᠧᠮ ᠤᠨ ᠲᠣᠬᠢᠷᠠᠭᠤᠯᠤᠯᠲᠠ ᠲᠤᠷᠰᠢᠯᠲᠠ ᠶᠢᠨ ᠠᠵᠢᠯ ᠢ ᠰᠠᠶᠢᠲᠤᠷ ᠬᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠎ ᠲᠠᠢ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠡᠮ ᠤᠨ ᠵᠦᠢᠯᠡᠰ ᠎ ᠢ ᠵᠢᠵᠢᠭᠯᠡᠨ ᠬᠤᠳᠠᠯᠳᠤᠬᠤ ᠵᠥᠪᠰᠢᠶᠡᠷᠡᠯ ᠤᠨ ᠵᠦᠢᠯᠡᠰ ᠢ ᠤᠷᠤᠭᠰᠢᠲᠠᠢ ᠬᠦᠯᠢᠶᠡᠨ ᠠᠪᠤᠭᠰᠠᠨ ᠪᠥᠭᠡᠳ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠡᠬᠢᠯᠡᠨ ᠭᠦᠢᠴᠡᠳᠬᠡᠪᠡ᠃ ᠲᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠬᠢᠨᠠᠨ ᠵᠥᠪᠰᠢᠶᠡᠷᠡᠬᠦ ᠶᠢ ᠴᠢᠩᠳᠠᠯᠠᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠭᠦᠢᠴᠡᠳᠭᠡᠬᠦ ᠳᠠᠷᠠᠭᠠᠯᠠᠯ ᠢᠶᠠᠨ ᠰᠢᠯᠢᠳᠡᠭᠵᠢᠭᠦᠯᠵᠦ᠂ ᠦᠢᠯᠡᠴᠢᠯᠡᠭᠡ ᠪᠠᠨ ᠰᠢᠯᠢᠳᠡᠭᠵᠢᠭᠦᠯᠵᠦ᠂ ᠪᠥᠬᠦ ᠬᠤᠰᠢᠭᠤᠨ ᠤ ᠣᠯᠠᠨ ᠲᠦᠮᠡᠨ ᠳᠤ ᠨᠠᠩ ᠳᠥᠭᠦᠮ ᠳᠥᠲᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡ ᠪᠠ ᠣᠷᠴᠢᠨ ᠲᠣᠭᠤᠷᠢᠨ ᠢ ᠬᠠᠩᠭᠠᠨ᠎ᠠ᠃     ᠬᠤᠰᠢᠭᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠳᠣᠷᠣᠭᠰᠢ ᠪᠠᠭᠤᠯᠭᠠᠬᠤ ᠵᠦᠢᠯᠡᠰ ᠤᠨ ᠵᠤᠯᠭᠠᠭᠤᠯᠬᠤ ᠠᠵᠢᠯ ᠢ ᠨᠢᠭᠡᠨᠲᠡ ᠪᠡᠶᠡᠯᠡᠭᠦᠯᠵᠡᠢ᠃ ᠡᠭᠦᠨ ᠳᠤ ᠳᠠᠭᠠᠳᠬᠠᠯ ᠳᠤ ᠤᠷᠤᠭᠰᠠᠨ ᠪᠠᠶᠢᠭᠤᠯᠭ᠎ᠠ ᠨᠢᠭᠡᠴᠡ ᠎ ᠶᠢ ᠳᠠᠩᠰᠠᠯᠠᠬᠤ᠂ ᠳᠠᠭᠠᠳᠬᠠᠯ ᠳᠤ ᠣᠷᠣᠯᠴᠠᠭᠰᠠᠳ ᠤᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ︽ᠳᠠᠭᠠᠳᠬᠠᠯ ᠳᠤ ᠣᠷᠣᠯᠴᠠᠭᠰᠠᠨ ᠭᠡᠷᠡᠴᠢ ᠪᠠᠷᠢᠮᠲᠠ︾ ᠭᠠᠷᠭᠠᠵᠤ ᠥᠭᠬᠦ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠪᠠ ᠣᠨᠴᠠ ᠬᠥᠨᠳᠦ ᠡᠪᠡᠳᠴᠢᠨ ᠤ ᠵᠦᠢᠯ ᠤᠨ ᠬᠠᠷᠠᠭᠠᠯᠵᠠᠯ ᠢ ᠮᠠᠭᠠᠳᠯᠠᠨ ᠲᠣᠭᠲᠠᠭᠠᠬᠤ᠂ ᠤᠨᠳᠤᠤ ᠭᠠᠵᠠᠷ ᠲᠤ ᠰᠢᠯᠵᠢᠭᠦᠯᠦᠨ ᠡᠮᠨᠡᠭᠦᠯᠦᠭᠰᠡᠨ ᠬᠥᠮᠦᠰ ᠢ ᠳᠠᠩᠰᠠᠯᠠᠬᠤ᠂ ᠲᠦᠷᠭᠡᠨ ᠠᠪᠤᠷᠠᠯᠳᠠ ᠶᠢᠨ ᠡᠮᠴᠢᠯᠡᠭᠡᠨ ᠤ ᠵᠠᠷᠤᠳᠠᠯ ᠢ ᠲᠠᠩᠰᠠᠨ ᠠᠴᠠ ᠲᠠᠶᠢᠯᠬᠤ᠂ ᠳᠠᠭᠠᠳᠬᠠᠯ ᠳᠤ ᠣᠷᠣᠯᠴᠠᠭᠰᠠᠳ ᠤᠨ ᠬᠤᠪᠢ ᠬᠥᠮᠦᠨ ᠤ ᠲᠠᠩᠰᠠᠨ ᠡᠷᠦᠬᠡ ᠠᠴᠠ ᠨᠢᠭᠡ ᠯᠡ ᠤᠳᠠᠭ᠎ᠠ ᠳᠤ ᠭᠠᠷᠭᠠᠨ ᠠᠪᠬᠤ ᠵᠡᠷᠭᠡ ᠪᠠᠭᠲᠠᠨ᠎ᠠ᠃     ᠰᠤᠷᠪᠤᠯᠵᠢᠯᠠᠭ᠎ᠠ᠄ ᠬᠤᠰᠢᠭᠤ ᠡᠮ ᠡᠮᠨᠡᠯᠭᠡ ᠶᠢᠨ ᠳᠠᠭᠠᠳᠬᠠᠯ ᠤᠨ ᠲᠥᠪ ᠤᠨ ᠡᠷᠬᠢᠯᠡᠭᠴᠢ   ᠵᠠᠩ ᠷᠦᠨ ᠲᠤᠤ    ᠮᠠᠨ ᠤ ᠲᠣᠪᠴᠢᠶ᠎ᠠ ᠪᠣᠯᠤᠨ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠳᠣᠷᠣᠭᠰᠢ ᠪᠠᠭᠤᠯᠭᠠᠬᠤ ᠵᠦᠢᠯᠡᠰ ᠤᠨ ᠨᠠᠷᠢᠨ ᠲᠠᠩᠰᠠ ᠶᠢ ᠢᠳᠡᠪᠬᠢᠲᠡᠶ ᠵᠣᠯᠭᠠᠭᠤᠯᠵᠤ᠂ ᠲᠣᠰ ᠤᠳᠠᠭ᠎ᠠ ᠨᠡᠶᠢᠲᠡ 25 ᠵᠦᠢᠯ ᠤᠨ ᠲᠤᠬᠠᠶᠢᠯᠠᠭᠰᠠᠨ ᠠᠵᠢᠯ ᠢ ᠨᠠᠶᠢᠳᠠᠨ ᠬᠡᠷᠡᠭᠵᠢᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠭᠰᠡᠨ᠂ ᠬᠤᠶᠢᠰᠢᠳᠠ ᠪᠢᠳᠡ ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ︽ᠬᠤᠶᠠᠷ ᠢ ᠰᠢᠯᠢᠳᠡᠭᠵᠢᠭᠦᠯᠬᠦ︾ ᠠᠵᠢᠯᠯᠠᠭ᠎ᠠ ᠶᠢᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠦᠢᠯᠡᠴᠢᠯᠡᠭᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠨᠡᠮᠡᠭᠳᠡᠭᠦᠯᠦᠨ᠎ᠡ᠃     ᠣᠶᠢᠯᠠᠭᠠᠭᠰᠠᠨ ᠢᠶᠠᠷ᠂ ᠲᠣᠰ ᠤᠳᠠᠭ᠎ᠠ ᠳᠣᠷᠣᠭᠰᠢ ᠪᠠᠭᠤᠯᠭᠠᠬᠤ ᠪᠠᠷ ᠪᠠᠶᠢᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠤᠶᠠᠷ ᠲᠥᠷᠥᠯ ᠳᠤ ᠬᠤᠪᠢᠶᠠᠵᠤ᠂ ᠨᠢᠭᠡ ᠲᠥᠷᠥᠯ ᠨᠢ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠤᠨ ᠳᠡᠰ ᠬᠦᠷᠲᠡᠯ᠎ᠡ ᠳᠣᠷᠣᠭᠰᠢ ᠪᠠᠭᠤᠯᠭᠠᠵᠤ᠂ ᠠᠶᠢᠮᠠᠭ ᠠᠴᠠ ᠬᠤᠰᠢᠭᠤ ᠰᠢᠶᠠᠨ ᠬᠤᠲᠠ ︵ᠲᠣᠭᠤᠷᠢᠭ︶ ᠬᠦᠷᠲᠡᠯ᠎ᠡ ᠤᠯᠠᠮ ᠨᠢᠭᠡ ᠠᠯᠬᠤᠮ ᠳᠣᠷᠣᠭᠰᠢ ᠪᠠᠭᠤᠯᠭᠠᠬᠤ ᠪᠠᠷ ᠪᠠᠶᠢᠭ᠎ᠠ ᠨᠡᠶᠢᠲᠡ 3 ᠰᠠᠯᠠᠭ᠎ᠠ ᠮᠥᠴᠢᠷ ᠤᠨ 22 ᠡᠷᠬᠡ ᠶᠢᠨ ᠵᠦᠢᠯᠡᠰ ᠪᠣᠯᠤᠨ᠎ᠠ᠃ ᠨᠥᠭᠦᠭᠡ ᠲᠥᠷᠥᠯ ᠨᠢ ᠰᠢᠯᠢ ᠶᠢᠨ ᠭᠤᠤᠯ ᠠᠶᠢᠮᠠᠭ ᠤᠨ ᠬᠤᠰᠢᠭᠤ ᠰᠢᠶᠠᠨ ᠬᠤᠲᠠ ︵ᠲᠣᠭᠤᠷᠢᠭ︶᠎ ᠳᠤ ᠪᠠᠭᠤᠯᠭᠠᠬᠤ ᠪᠠᠷ ᠪᠠᠶᠢᠭ᠎ᠠ ᠨᠡᠶᠢᠲᠡ 12 ᠰᠠᠯᠠᠭ᠎ᠠ ᠮᠥᠴᠢᠷ ᠤᠨ 75 ᠡᠷᠬᠡ ᠶᠢᠨ ᠵᠦᠢᠯᠡᠰ ᠪᠣᠯᠤᠨ᠎ᠠ᠃     ᠰᠤᠷᠪᠤᠯᠵᠢᠯᠠᠭ᠎ᠠ᠄ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠡᠳ᠋ ᠳᠠᠷᠤᠭ᠎ᠠ   ᠨᠠᠷᠠᠰᠤ᠄ ᠡᠷᠬᠡ ᠶᠢ ᠪᠠᠭᠤᠯᠭᠠᠭᠰᠠᠨ ᠤ ᠳᠠᠷᠠᠭ᠎ᠠ᠂ ᠡᠯ᠎ᠡ ᠰᠠᠯᠠᠭ᠎ᠠ ᠮᠥᠴᠢᠷ ᠢᠳᠡᠪᠬᠢᠲᠡᠶ ᠵᠣᠯᠭᠠᠭᠤᠯᠵᠤ᠂ ᠯᠠᠪᠳᠠᠭᠤᠨ ᠢᠶᠠᠷ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠪᠠ ᠦᠢᠯᠡᠴᠢᠯᠡᠭᠡᠨ ᠤ ᠦᠷ᠎ᠡ ᠪᠦᠲᠦᠮᠵᠢ ᠶᠢᠨ ᠲᠠᠯ᠎ᠠ ᠪᠠᠷ ᠬᠦᠴᠦᠯᠡᠵᠦ᠂  ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠦᠨᠡᠨ ᠬᠦ ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号