ᠠᠩᠬᠠᠳᠠᠭᠴᠢ ᠤᠳᠠᠭᠠᠨ ᠤ ︽ᠳᠣᠮᠣᠭᠲᠤ ᠨᠤᠲᠤᠭ ᠰᠠᠶᠢᠬᠠᠠᠠᠥ᠋ᠯᠵᠡᠢ ᠬᠤᠨᠳᠠᠭᠠᠲᠤ︾ ᠳᠡᠯᠡᠬᠡᠢ ᠶᠢᠨ ᠰᠢᠲᠠᠷ᠎ᠠ ᠶᠢᠨ ᠳᠡᠰ ᠳᠡᠪᠰᠢᠭᠦᠯᠬᠦ ᠤᠷᠤᠯᠳᠤᠭᠠᠨ ᠠᠮᠵᠢᠯᠲᠠ ᠲᠠᠢ ᠶᠠᠪᠤᠭᠳᠠᠭᠰᠠᠨ
ᠨᠡᠶᠢᠲᠡᠯᠡᠭᠰᠡᠨ ᠴᠠᠭ᠄
2023/12/27
   ᠤᠶᠢᠷ᠎ᠠ ᠳᠤ᠂ ᠥᠪᠥᠷ ᠮᠣᠩᠭᠤᠯ ᠤᠨ ᠳᠡᠯᠡᠬᠡᠢ ᠶᠢᠨ ᠰᠢᠲᠠᠷ᠎ᠠ ᠶᠢᠨ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠰᠥᠨᠢᠳ ᠪᠠᠷᠠᠭᠤᠨ ᠬᠤᠰᠢᠭᠤᠨ ᠤ ᠰᠠᠶᠢᠬᠠᠠᠠᠥ᠋ᠯᠵᠡᠢ ᠰᠤᠮᠤᠨ ᠤ ᠠᠷᠠᠳ ᠤᠨ ᠵᠠᠰᠠᠭ ᠤᠨ ᠣᠷᠳᠣᠨ᠂ ᠰᠥᠨᠢᠳ ᠪᠠᠷᠠᠭᠤᠨ ᠬᠤᠰᠢᠭᠤᠨ ᠤ ᠵᠠᠯᠠᠭᠤᠴᠤᠳ ᠪᠠᠭᠠᠴᠤᠳ ᠤᠨ ᠪᠡᠶ᠎ᠡ ᠲᠠᠮᠢᠷ ᠤᠨ ᠺᠯᠦ᠋ᠪ ᠠᠴᠠ ᠳᠠᠭᠠᠭᠠᠴᠢᠯᠠᠨ ᠡᠷᠭᠢᠯᠡᠭᠰᠡᠨ ᠠᠩᠬᠠᠳᠠᠭᠴᠢ ᠤᠳᠠᠭᠠᠨ ᠤ ︽ᠳᠣᠮᠣᠭᠲᠤ ᠨᠤᠲᠤᠭ ᠰᠠᠶᠢᠬᠠᠠᠠᠥ᠋ᠯᠵᠡᠢ ᠬᠤᠨᠳᠠᠭᠠᠲᠤ︾ ᠳᠡᠯᠡᠬᠡᠢ ᠶᠢᠨ ᠰᠢᠲᠠᠷ᠎ᠠ ᠶᠢᠨ ᠳᠡᠰ ᠳᠡᠪᠰᠢᠭᠦᠯᠬᠦ ᠤᠷᠤᠯᠳᠤᠭᠠᠨ ᠰᠠᠶᠢᠬᠠᠠᠠᠥ᠋ᠯᠵᠡᠢ ᠰᠤᠮᠤᠨ ᠤ ᠨᠤᠭᠤᠭᠠᠨᠲᠠᠯ᠎ᠠ ᠭᠠᠴᠠᠭᠠᠨ ᠳᠤ ᠠᠮᠵᠢᠯᠲᠠ ᠲᠠᠢ ᠶᠠᠪᠤᠭᠳᠠᠵᠠᠢ᠃    ᠤᠷᠤᠯᠳᠤᠭᠠᠨ ᠳᠤ᠂ ᠮᠠᠨ ᠤ ᠬᠤᠰᠢᠭᠤ ᠵᠢᠴᠢ ᠵᠡᠭᠦᠨ ᠰᠦᠨᠢᠳ᠂ ᠬᠥᠪᠡᠭᠡᠲᠦ ᠰᠢᠷ᠎ᠠ᠂ ᠰᠢᠯᠤᠭᠤᠨ ᠴᠠᠭᠠᠨ᠂ ᠪᠠᠷᠠᠭᠤᠨ ᠦᠵᠦᠮᠦᠴᠢᠨ ᠵᠢᠴᠢ ᠤᠯᠠᠭᠠᠨᠴᠠᠪ ᠠᠶᠢᠮᠠᠭ᠂ ᠡᠷᠢᠶᠡᠨ ᠬᠤᠲᠠ ᠠᠴᠠ ᠬᠦᠷᠦᠯᠴᠡᠨ ᠢᠷᠡᠭᠰᠡᠨ ᠨᠡᠶᠢᠲᠡ 100 ᠰᠢᠲᠠᠷᠴᠢᠳ ᠢᠳᠡᠪᠬᠢᠯᠡᠨ ᠤᠷᠤᠯᠴᠠᠵᠠᠢ᠃     ᠰᠤᠷᠪᠤᠯᠵᠢᠯᠠᠭ᠎ᠠ ︵ᠪᠢᠴᠢᠬᠠᠨ ᠰᠢᠲᠠᠷᠴᠢᠨ᠄ ᠪᠢ ᠶᠢᠰᠦᠨ ᠨᠠᠰᠤᠲᠠᠶ᠂ ᠪᠢ ᠴᠡᠴᠡᠷᠯᠢᠭ ᠲᠤ ᠪᠠᠶᠢᠬᠤ ᠳᠤ ᠪᠠᠨ ᠳᠡᠯᠡᠬᠡᠢ ᠶᠢᠨ ᠰᠢᠲᠠᠷ᠎ᠠ ᠶᠢ ᠡᠬᠢᠯᠡᠵᠦ ᠰᠤᠷᠤᠭᠰᠠᠨ᠂ ᠡᠨᠡ ᠤᠳᠠᠭᠠᠨ ᠤ ᠤᠷᠤᠯᠳᠤᠭᠠᠨ ᠳᠤ ᠮᠠᠰᠢ ᠢᠲᠡᠭᠡᠯ ᠲᠠᠢ ᠪᠠᠶᠢᠨ᠎ᠠ᠃︶    ᠰᠤᠷᠪᠤᠯᠵᠢᠯᠠᠭ᠎ᠠ ︵ᠥᠪᠥᠷ ᠮᠣᠩᠭᠤᠯ ᠤᠨ ᠳᠡᠯᠡᠬᠡᠢ ᠶᠢᠨ ᠰᠢᠲᠠᠷ᠎ᠠ ᠶᠢᠨ ᠨᠡᠶᠢᠭᠡᠮᠯᠢᠭ ᠤᠨ ᠳᠡᠳ᠋ ᠨᠠᠷᠢᠨ ᠪᠢᠴᠢᠭ ᠎ ᠤᠨ ᠳᠠᠷᠤᠭ᠎ᠠ ᠪᠠᠶ ᠪᠠᠭᠠᠲᠤᠷ᠄ ᠮᠠᠨ ᠤ ᠨᠡᠶᠢᠭᠡᠮᠯᠢᠭ ᠪᠠᠶᠢᠭᠤᠯᠤᠭᠳᠠᠭᠰᠠᠨ ᠤ ᠳᠠᠷᠠᠭ᠎ᠠ ᠡᠯ᠎ᠡ ᠠᠶᠢᠮᠠᠭ ᠬᠤᠲᠠ ᠳᠤ ᠣᠯᠠᠨ ᠤᠳᠠᠭ᠎ᠠ ᠳᠡᠯᠡᠬᠡᠢ ᠶᠢᠨ ᠰᠢᠲᠠᠷ᠎ᠠ ᠶᠢ ᠳᠡᠯᠭᠡᠷᠡᠭᠦᠯᠬᠦ ᠠᠵᠢᠯᠯᠠᠭ᠎ᠠ ᠪᠠ ᠤᠷᠤᠯᠳᠤᠭᠠᠨ ᠶᠠᠪᠤᠭᠳᠠᠭᠤᠯᠤᠭᠰᠠᠨ᠂ ᠥᠨᠥᠳᠦᠷ ᠪᠢᠳᠡ ᠰᠥᠨᠢᠳ ᠪᠠᠷᠠᠭᠤᠨ ᠬᠤᠰᠢᠭᠤᠨ ᠤ ᠰᠠᠶᠢᠬᠠᠠᠠᠥ᠋ᠯᠵᠡᠢ ᠰᠤᠮᠤᠨ ᠳᠤ ᠢᠷᠡᠵᠦ ᠳᠡᠯᠡᠬᠡᠢ ᠶᠢᠨ ᠰᠢᠲᠠᠷ᠎ᠠ ᠎ ᠶᠢᠨ ᠳᠡᠰ ᠳᠡᠪᠰᠢᠭᠦᠯᠬᠦ ᠤᠷᠤᠯᠳᠤᠭᠠᠨ ᠡᠷᠬᠢᠯᠡᠭᠰᠡᠨ᠂ ᠲᠣᠰ ᠤᠳᠠᠭᠠᠨ ᠤ ᠤᠷᠤᠯᠳᠤᠭᠠᠨ ᠢᠶᠠᠷ ᠳᠠᠮᠵᠢᠭᠤᠯᠤᠨ ᠨᠠᠩ ᠣᠯᠠᠨ ᠵᠠᠯᠠᠭᠤᠴᠤᠳ ᠪᠠᠭᠠᠴᠤᠳ ᠵᠢᠴᠢ ᠣᠯᠠᠨ ᠲᠦᠮᠡᠨ ᠳᠤ ᠳᠡᠯᠡᠬᠡᠢ ᠶᠢᠨ ᠰᠢᠲᠠᠷ᠎ᠠ ᠶᠢ ᠤᠶᠢᠯᠠᠭᠤᠯᠬᠤ ᠶᠢ ᠬᠦᠰᠡᠵᠦ ᠪᠠᠶᠢᠨ᠎ᠠ᠃    ᠡᠭᠦᠨ ᠠᠴᠠ ᠭᠠᠳᠠᠨ᠎ᠠ᠂ ᠳᠡᠯᠡᠬᠡᠢ ᠶᠢᠨ ᠰᠢᠲᠠᠷ᠎ᠠ ᠶᠢᠨ ᠤᠷᠤᠯᠳᠤᠭᠠᠨ ᠤ ᠠᠬᠤᠢ ᠲᠠᠯᠠᠪᠠᠢ ᠶᠢᠨ ᠬᠠᠵᠠᠭᠤᠳᠠᠬᠢ ᠬᠥᠳᠡᠯᠭᠡᠭᠡᠨ ᠤ ᠲᠠᠰᠤᠭ ᠲᠤ ᠰᠠᠶᠢᠬᠠᠠᠠᠥ᠋ᠯᠵᠡᠢ ᠰᠤᠮᠤᠨ ᠤ ᠮᠠᠯᠴᠢᠳ ᠤᠨ ᠥᠪᠡᠷ ᠢᠶᠠᠨ ᠦᠶᠯᠡᠳᠦᠭᠰᠡᠨ ᠴᠠᠭᠠᠨ ᠢᠳᠡᠭᠡᠨ ᠤ ᠳᠡᠯᠭᠡᠨ ᠪᠤᠷᠤᠯᠠᠭᠤᠯᠤᠯᠲᠠ ᠬᠥᠷ ᠬᠥᠭᠵᠢᠶᠡᠨ ᠲᠠᠢ ᠶᠠᠪᠤᠭᠳᠠᠭᠰᠠᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号