ᠰᠢᠯᠢ ᠶᠢᠨ ᠭᠤᠣᠯ ᠠᠶᠢᠮᠠᠭ ᠤᠨ ᠠᠩᠬᠠᠳᠤᠭᠠᠷ ᠬᠤᠭᠤᠴᠠᠭᠠᠨ ᠤ ︽ᠴᠢ ᠮᠧᠩ ᠬᠤᠨᠳᠠᠭᠠᠲᠤ︾ ᠵᠠᠯᠠᠭᠤ ᠪᠠᠭᠠᠴᠤᠳ ᠤᠨ ᠫᠢᠩᠫᠠᠩ ᠪᠥᠮᠪᠦᠭᠡ ᠶᠢᠨ ᠺᠯᠦ᠋ᠪ ᠤᠨ ᠤᠷᠢᠯᠭ᠎ᠠ ᠶᠢᠨ ᠤᠷᠤᠯᠳᠤᠭᠠᠨ ᠰᠥᠨᠢᠳ ᠪᠠᠷᠠᠭᠤᠨ ᠬᠤᠰᠢᠭᠤᠨ ᠳᠤ ᠶᠠᠪᠤᠭᠳᠠᠭᠰᠠᠨ
ᠨᠡᠶᠢᠲᠡᠯᠡᠭᠰᠡᠨ ᠴᠠᠭ᠄
2023/12/27
    ᠤᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠫᠢᠩᠫᠠᠩ ᠪᠥᠮᠪᠦᠭᠡ ᠶᠢᠨ ᠨᠡᠶᠢᠭᠡᠮᠯᠢᠭ ᠠᠴᠠ ᠭᠤᠣᠯᠯᠠᠨ ᠡᠷᠬᠢᠯᠡᠵᠦ᠂ ᠰᠥᠨᠢᠳ ᠪᠠᠷᠠᠭᠤᠨ ᠬᠤᠰᠢᠭᠤᠨ ᠤ ᠫᠢᠩᠫᠠᠩ ᠪᠥᠮᠪᠦᠭᠡ ᠶᠢᠨ ᠨᠡᠶᠢᠭᠡᠮᠯᠢᠭ᠂ ᠰᠥᠨᠢᠳ ᠪᠠᠷᠠᠭᠤᠨ ᠬᠤᠰᠢᠭᠤᠨ ᠤ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠠᠴᠠ ᠳᠠᠭᠠᠭᠠᠴᠢᠯᠠᠨ ᠡᠷᠬᠢᠯᠡᠭᠰᠡᠨ ᠰᠢᠯᠢ ᠶᠢᠨ ᠭᠤᠣᠯ ᠠᠶᠢᠮᠠᠭ ᠤᠨ ᠠᠩᠬᠠᠳᠤᠭᠠᠷ ᠬᠤᠭᠤᠴᠠᠭᠠᠨ ᠤ ︽ᠴᠢ ᠮᠧᠩ ᠬᠤᠨᠳᠠᠭᠠᠲᠤ︾ ᠵᠠᠯᠠᠭᠤᠴᠤᠳ ᠪᠠᠭᠠᠴᠤᠳ ᠤᠨ ᠫᠢᠩᠫᠠᠩ ᠪᠥᠮᠪᠦᠭᠡ ᠶᠢᠨ ᠺᠯᠦ᠋ᠪ ᠤᠨ ᠤᠷᠢᠯᠭ᠎ᠠ ᠶᠢᠨ ᠤᠷᠤᠯᠳᠤᠭᠠᠨ ᠰᠥᠨᠢᠳ ᠪᠠᠷᠠᠭᠤᠨ ᠬᠤᠰᠢᠭᠤᠨ ᠳᠤ ᠶᠠᠪᠤᠭᠳᠠᠪᠠ᠃    ᠲᠤᠰ ᠣᠳᠠᠭᠠᠨ ᠤ ᠤᠷᠤᠯᠳᠤᠭᠠᠨ ᠳᠤ ᠪᠥᠬᠦ ᠠᠶᠢᠮᠠᠭ ᠤᠨ ᠡᠯ᠎ᠡ ᠫᠢᠩᠫᠠᠩ ᠪᠥᠮᠪᠦᠭᠡ ᠶᠢᠨ ᠺᠯᠦ᠋ᠪ ᠤᠨ 16 ᠲᠥᠯᠥᠭᠡᠯᠡᠭᠴᠢ ᠠᠩᠭᠢ᠂ 75 ᠲᠠᠮᠢᠷᠴᠢᠨ ᠣᠷᠣᠯᠴᠠᠵᠤ᠂ ᠤᠷᠤᠯᠳᠤᠭᠠᠨ ᠨᠢ ᠬᠤᠶᠠᠷ ᠡᠳᠦᠷ ᠤᠨ ᠬᠤᠭᠤᠴᠠᠭ᠎ᠠ ᠎ ᠲᠠᠢ ᠶᠠᠪᠤᠭᠳᠠᠵᠠᠢ᠃    ᠲᠤᠰ ᠤᠳᠠᠭᠠᠨ ᠤ ᠤᠷᠤᠯᠳᠤᠭᠠᠨ ᠢ ᠡᠷᠬᠢᠯᠡᠨ ᠶᠠᠪᠤᠭᠳᠠᠭᠤᠯᠤᠭᠰᠠᠨ ᠨᠢ ᠪᠥᠬᠦ ᠠᠶᠢᠮᠠᠭ ᠤᠨ ᠡᠯ᠎ᠡ ᠫᠢᠩᠫᠠᠩ ᠪᠥᠮᠪᠦᠭᠡ ᠶᠢᠨ ᠺᠯᠦ᠋ᠪ ᠤᠨ ᠬᠤᠭᠤᠷᠣᠨᠳᠣᠬᠢ ᠰᠣᠯᠢᠯᠴᠠᠭ᠎ᠠ ᠶᠢ ᠬᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ ᠫᠢᠩᠫᠠᠩ ᠪᠥᠮᠪᠦᠭᠡ ᠶᠢᠨ ᠬᠥᠳᠡᠯᠭᠡᠭᠡᠨ ᠤ ᠬᠥᠭᠵᠢᠯᠲᠡ ᠶᠢ ᠠᠬᠢᠭᠤᠯᠵᠤ᠂ ᠬᠦᠮᠦᠰ ᠤᠨ ᠪᠡᠶ᠎ᠡ ᠮᠠᠬᠠᠪᠤᠳ ᠤᠨ ᠬᠥᠳᠡᠯᠭᠡᠭᠡᠨ ᠳᠤ ᠢᠳᠡᠪᠬᠢᠯᠡᠨ ᠤᠷᠤᠯᠴᠠᠬᠤ ᠶᠢ ᠤᠷᠢᠶᠠᠯᠠᠭᠰᠠᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号