︽ᠠᠵᠠᠳᠠᠢ ᠠᠶᠢᠯ︾ ᠨᠤᠮ ᠤᠨ ᠦᠷᠦᠭᠡᠨ ᠤ ᠤᠴᠢᠷᠳᠠᠢ ᠠᠵᠢᠯᠯᠠᠭ᠎ᠠ ᠪᠠᠷ ︽ᠤᠯᠠᠭᠠᠨ ᠪᠤᠭᠴᠤ︾ ᠎ ᠶᠢᠨ ᠦᠢᠯᠡᠴᠢᠯᠡᠭᠡ ᠶᠢ ᠮᠠᠯᠴᠢᠨ ᠲᠦᠮᠡᠨ ᠳᠤ ᠬᠦᠷᠭᠡᠯ᠎ᠡ
ᠨᠡᠶᠢᠲᠡᠯᠡᠭᠰᠡᠨ ᠴᠠᠭ᠄
2023/12/27
                   ᠤᠶᠢᠷ᠎ᠠ ᠶᠢᠨ ᠡᠳᠦᠷ ᠳᠡᠯᠡᠭᠡᠢ ᠶᠢᠨ ᠨᠤᠮ ᠤᠩᠰᠢᠬᠤ ᠡᠳᠦᠷ ᠢ ᠪᠡᠯᠭᠡᠯᠡᠬᠦ ᠠᠵᠢᠯᠯᠠᠭ᠎ᠠ ᠠᠳᠡ ᠳᠡᠨᠳᠡ ᠦᠪᠡᠷᠮᠢᠴᠡ ᠤᠨᠴᠠᠯᠢᠭ ᠲᠠᠢ ᠶᠠᠪᠤᠭᠳᠠᠭᠰᠠᠨ ᠪᠠᠶᠢᠨ᠎ᠠ᠃ ᠵᠢᠷᠦᠬᠡ ᠪᠠᠯᠭᠠᠰᠤᠨ ᠤ ᠠᠵᠠᠳᠠᠢ ᠠᠶᠢᠯ ᠲᠠᠯ᠎ᠠ ᠨᠤᠲᠤᠭ ᠤᠨ ᠨᠣᠮ ᠤᠨ ᠥᠷᠥᠭᠡ ︽ᠤᠯᠠᠭᠠᠨ ᠪᠣᠭᠴᠣ ᠶᠢᠨ ᠵᠤᠷᠢᠭ ᠰᠠᠨᠠᠭ᠎ᠠ ᠶᠢ ᠤᠯᠠᠮᠵᠢᠯᠠᠨ ᠳᠡᠯᠭᠡᠷᠡᠬᠦᠯᠵᠦ᠂ ᠤᠷᠠᠨ ᠵᠤᠬᠢᠶᠠᠯ᠂ ᠨᠤᠮ ᠪᠢᠴᠢᠭ ᠠᠴᠠ ᠤᠶᠤᠨ ᠤ ᠰᠢᠮ᠎ᠡ ᠶᠢ ᠳᠡᠭᠡᠳᠦᠯᠡᠶ᠎ᠡ︾ ᠭᠡᠬᠦ ᠨᠣᠮ ᠤᠩᠰᠢᠬᠤ ᠠᠵᠢᠯᠯᠠᠭ᠎ᠠ ᠥᠷᠨᠢᠭᠦᠯᠵᠦ᠂ ᠤᠩᠰᠢᠯᠭ᠎ᠠ ᠪᠠᠷ ᠲᠠᠯ᠎ᠠ ᠨᠤᠲᠤᠭ ᠢ ᠤᠮᠳᠠᠯᠠᠵᠤ᠂ ᠦᠢᠯᠡᠴᠢᠯᠡᠭᠡ ᠪᠠᠷ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠵᠠᠢ    ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠰᠢᠨ᠎ᠡ ᠤᠨᠤᠯ᠂ ᠰᠢᠨ᠎ᠡ ᠲᠦᠷᠦ ᠶᠢᠨ ᠪᠣᠳᠣᠯᠭ᠎ᠠ᠂ ᠰᠢᠨ᠎ᠡ ᠮᠡᠷᠭᠡᠵᠢᠯ᠂ ᠰᠢᠨ᠎ᠡ ᠦᠢᠯᠡᠴᠢᠯᠡᠭᠡ ᠪᠠᠷ ᠲᠠᠯ᠎ᠠ ᠨᠤᠲᠤᠭ ᠤᠨ ᠨᠣᠮ ᠤᠨ ᠥᠷᠥᠭᠡ ᠳᠤ ᠠᠮᠢᠵᠢᠷᠠᠯ ᠤᠨ ᠬᠦᠴᠦᠨ ᠨᠡᠮᠡᠷᠢᠯᠡᠨ᠎ᠡ᠃    ᠠᠵᠢᠯᠯᠠᠭ᠎ᠠ ᠳᠤᠮᠳᠠ᠂ ᠰᠠᠩᠪᠤᠯᠠᠭ ᠰᠤᠮᠤᠨ ᠤ ᠪᠠᠶ᠋ᠬᠠᠠᠭᠤᠯᠠ ᠭᠠᠴᠠᠭᠠᠨ ᠤ ᠨᠢᠭᠡᠳᠦᠭᠡᠷ ᠱᠦᠵᠢ ᠪᠣᠷᠣᠭᠵᠢᠭᠤᠨ ᠠᠮᠢᠳᠤᠯᠢᠭ ᠬᠡᠯᠡ ᠶᠠᠷᠢᠶ᠎ᠠ ᠪᠠᠷ ︽ᠤᠯᠠᠭᠠᠨ ᠪᠣᠭᠴᠣ︾ ᠪᠠᠶᠢᠭᠤᠯᠤᠭᠳᠠᠭᠰᠠᠨ 51 ᠵᠢᠯ ᠤᠨ ᠲᠤᠷᠰᠢᠬᠢ ᠬᠤᠪᠢᠷᠠᠰᠢ ᠦᠭᠡᠢ ᠬᠠᠶᠢᠷ᠎ᠠ ᠰᠡᠳᠬᠢᠯᠭᠡ ᠪᠠ ᠤᠭ ᠰᠠᠨᠠᠭ᠎ᠠ ᠶᠢ ᠤᠯᠠᠨ ᠳᠤ ᠤᠬᠠᠭᠤᠯᠤᠨ ᠲᠠᠶᠢᠯᠪᠤᠷᠢᠯᠠᠵᠤ᠂ ᠨᠡᠩ ᠴᠤ ᠦᠷᠭᠦᠯᠵᠢᠯᠡᠨ ᠲᠡᠮᠡᠴᠡᠬᠦ ᠪᠠ ᠤᠯᠠᠮᠵᠢᠯᠠᠨ ᠪᠠᠳᠠᠷᠠᠭᠤᠯᠬᠤ ᠢᠲᠡᠭᠡᠯ ᠵᠣᠷᠢᠭ ᠢᠶᠠᠨ ᠢᠯᠡᠳᠬᠡᠵᠡᠢ᠃    ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠷᠠᠳ ᠤᠨ ᠰᠢᠭᠦᠬᠦ ᠬᠤᠷᠢᠶᠠᠨ ᠤ ᠶᠡᠷᠦᠩᠬᠡᠶᠢᠯᠡᠭᠰᠡᠨ ᠰᠢᠭᠦᠨ ᠲᠠᠰᠤᠯᠬᠤ ᠲᠢᠩᠬᠢᠮ ᠤᠨ ᠬᠠᠷᠢᠭᠤᠴᠠᠯᠭᠠᠳᠠᠨ ᠴᠡᠷᠢᠭ ᠠᠩᠭᠢ ᠪᠠ ᠣᠷᠣᠨ ᠨᠤᠲᠤᠭ ᠬᠠᠮᠲᠤ ᠪᠠᠷ ᠴᠡᠷᠢᠭ ᠤᠨ ᠪᠣᠯᠪᠠᠰᠤᠷᠠᠯ ᠳᠤᠮᠳᠠ ᠳᠡᠯᠪᠡᠷᠡᠭᠡ ᠦᠭᠡᠢ ᠰᠤᠮᠤ ᠳᠠᠷᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠵᠦ᠂ ᠥᠷᠭᠡᠨ ᠣᠯᠠᠨ ᠮᠠᠯᠴᠢᠨ ᠲᠦᠮᠡᠨ ᠳᠤ ᠬᠠᠤᠯᠢ ᠴᠠᠭᠠᠵᠠ ᠶᠢᠨ ᠮᠡᠳᠡᠯᠭᠡ ᠶᠢᠨ ᠲᠠᠯ᠎ᠠ ᠪᠠᠷ ᠤᠯᠠᠮ ᠨᠢᠭᠡ ᠠᠯᠬᠤᠮ ᠣᠶᠢᠯᠠᠭᠠᠯᠲᠠ ᠲᠠᠢ ᠪᠣᠯᠭᠠᠵᠠᠢ᠃    ᠬᠤᠰᠢᠭᠤ ᠤᠯᠤᠰ ᠲᠥᠷᠦ ᠶᠢᠨ ᠵᠦᠪᠯᠡᠯᠭᠡᠨ ᠤ ᠠᠯᠪᠠᠨ ᠭᠡᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠲᠠᠩᠰᠠ ᠡᠪᠬᠡᠮᠡᠯ ᠤᠨ ᠣᠷᠳᠣᠨ᠂ ᠤᠯᠠᠭᠠᠨᠮᠥ᠋ᠴᠢᠷ ᠠᠴᠠ ᠠᠵᠠᠳᠠᠢ ᠠᠶᠢᠯ ᠲᠠᠯ᠎ᠠ ᠨᠤᠲᠤᠭ ᠤᠨ ᠨᠣᠮ ᠤᠨ ᠥᠷᠥᠭᠡ ᠳᠤ ᠨᠣᠮ ᠪᠢᠴᠢᠭ ᠬᠠᠨᠳᠢᠪᠯᠡᠵᠤ᠂ ︽ᠴᠢᠬᠡᠴᠢ ᠰᠤᠷᠳᠠᠯ ᠤᠨ ᠨᠣᠮ ᠤᠨ ᠥᠷᠥᠭᠡ︾ ᠭᠡᠰᠡᠨ ᠢᠯᠡᠷᠭᠡᠶᠢᠯᠡᠯ ᠣᠯᠭᠤᠵᠤ᠂ ᠬᠤᠰᠢᠭᠤ ᠤᠯᠠᠭᠠᠨᠮᠥ᠋ᠴᠢᠷ ᠤᠨ ᠭᠡᠰᠢᠭᠦᠳ ᠪᠠᠰᠠ ᠤᠷᠠᠨ ᠰᠠᠶᠢᠬᠠᠨ ᠤ ᠲᠣᠭᠯᠠᠯᠲᠠ ᠡᠷᠬᠦᠨ ᠪᠠᠷᠢᠵᠤ ᠮᠠᠯᠴᠢᠨ ᠤᠯᠠᠨ ᠢ ᠪᠠᠶᠠᠰᠬᠠᠯ᠎ᠠ᠃    ᠠᠵᠢᠯᠯᠠᠭᠠᠨ ᠤ ᠠᠬᠤᠢ ᠲᠠᠯᠠᠪᠠᠶ ᠳᠤ᠂ ᠨᠣᠮ ᠤᠨ ᠪᠠᠭ᠋ᠠᠳᠠᠳ ᠨᠤᠮ ᠤᠩᠰᠢᠭᠰᠠᠨ ᠲᠦᠷᠦᠭᠳᠡᠯ ᠢᠶᠠᠨ ᠬᠤᠪᠢᠶᠠᠯᠴᠠᠬᠤ᠂ ᠭᠡᠷ ᠪᠦᠯᠢ ᠶᠢᠨ ᠣᠨᠢᠰᠤᠭ᠎ᠠ ᠳᠠᠭᠠᠬᠤ ᠪᠠ ᠮᠡᠳᠡᠯᠭᠡ ᠶᠢᠨ ᠤᠷᠤᠯᠳᠤᠭᠠᠨ ᠵᠡᠷᠭᠡ ᠤᠷᠤᠯᠳᠤᠭᠠᠨ ᠳᠡᠮᠡᠴᠡᠭᠡᠨ ᠵᠤᠬᠢᠶᠠᠨ ᠪᠠᠶᠢᠭᠤᠯᠵᠤ᠂ ᠤᠯᠠᠨ ᠢᠶᠠᠷ ᠢᠶᠠᠨ ᠤᠩᠰᠢᠯᠭ᠎ᠠ ᠶᠢᠨ ᠷᠢᠳᠢ ᠰᠢᠳᠢ ᠶᠢ ᠮᠡᠳᠡᠷᠡᠨ᠂ ᠪᠠᠶᠠᠷ ᠴᠡᠩᠭᠡᠯ ᠤᠨ ᠳᠤᠮᠳᠠ ᠶᠡᠷᠦ ᠶᠢᠨ ᠮᠡᠳᠡᠯᠭᠡ ᠪᠠᠨ ᠨᠡᠮᠡᠭᠳᠡᠬᠦᠯᠵᠡᠢ᠃    ᠰᠤᠷᠪᠤᠯᠵᠢᠯᠠᠭ᠎ᠠ᠄ ᠵᠢᠷᠦᠬᠡ ᠪᠠᠯᠭᠠᠰᠤᠨ ᠤ ᠪᠠᠶᠠᠨᠪᠤᠯᠠᠭ ᠭᠠᠴᠠᠭᠠᠨ ᠤ ᠳᠡᠳ᠋ ᠱᠦᠵᠢ᠂ ᠠᠵᠠᠳᠠᠢ ᠠᠶᠢᠯ ᠲᠠᠯ᠎ᠠ ᠨᠤᠲᠤᠭ ᠤᠨ ᠨᠣᠮ ᠤᠨ ᠦᠷᠦᠭᠡᠨ ᠤ ᠬᠠᠮᠢᠶᠠᠷᠤᠭᠴᠢ  ᠪᠠ᠊᠂ ᠰᠡᠴᠡᠨᠳᠤ    ᠰᠤᠷᠪᠤᠯᠵᠢᠯᠠᠭ᠎ᠠ᠄ ᠪᠠᠶᠠᠨᠪᠤᠯᠠᠭ ᠭᠠᠴᠠᠭᠠᠨ ᠤ ᠮᠠᠯᠴᠢᠨ ᠰᠠᠷᠠᠨᠴᠢᠮᠡᠭ    ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠵᠢᠷᠦᠬᠡ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ᠂ ᠬᠥᠪᠡᠭᠡᠲᠦ ᠰᠢᠷ᠎ᠠ ᠬᠤᠰᠢᠭᠤᠨ ᠠᠴᠠ ᠬᠦᠷᠦᠯᠴᠡᠨ ᠢᠷᠡᠭᠰᠡᠨ ᠮᠠᠯᠴᠢᠨ ᠵᠡᠷᠭᠡ ᠵᠢᠷᠠᠭᠠᠳ ᠬᠦᠮᠦᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号