4 ᠰᠠᠷ᠎ᠠ ᠶᠢᠨ 25 ᠤ ᠦᠳᠡ ᠶᠢᠨ ᠬᠤᠶᠢᠨ᠎ᠠ᠂ ︽ᠤᠯᠠᠭᠠᠨ ᠪᠤᠭᠴᠤ︾ ᠶᠢ ᠡᠭᠦᠰᠭᠡᠨ ᠪᠠᠶᠢᠭᠤᠯᠤᠭᠴᠢ | ᠳᠤᠭᠤᠸᠠ ᠨᠠᠰᠤᠳᠠᠨ ᠤ ᠤᠮᠪᠤᠯᠤ ᠦᠬᠢᠨ ᠴᠡᠭᠡᠯᠭᠡᠨ ᠤᠷᠢᠯᠭ᠎ᠠ ᠪᠠᠷ ᠭᠤᠤᠯ ᠰᠡᠳᠦᠪᠳᠦ ᠪᠤᠯᠪᠠᠰᠤᠷᠠᠯ ᠡᠷᠬᠢᠯᠡᠵᠦ᠂ | ᠡᠯ᠎ᠡ ᠰᠤᠮᠤ ᠪᠠᠯᠭᠠᠰᠤᠨ ᠤ ᠤᠬᠠᠭᠤᠯᠬᠤ ᠬᠡᠰᠢᠬᠦᠨ᠂ ︽ᠤᠯᠠᠭᠠᠨ ᠪᠤᠭᠴᠤ︾ ᠶᠢᠨ ᠦᠯᠢᠭᠡᠷ ᠢ ᠤᠬᠠᠭᠤᠯᠤᠨ | ᠳᠠᠶᠢᠯᠪᠤᠷᠢᠯᠠᠬᠤ ᠰᠠᠶᠢᠨ ᠳᠤᠷ᠎ᠠ ᠶᠢᠨ ᠭᠡᠰᠢᠬᠦᠳ ᠲᠤ ︽ᠤᠯᠠᠭᠠᠨ ᠪᠤᠭᠴᠤ︾ ᠶᠢᠨ ᠦᠯᠢᠬᠡᠷ ᠢ ᠬᠤᠪᠢᠶᠠᠯᠴᠠᠵᠠᠢ᠃ | ᠪᠤᠯᠪᠠᠰᠤᠷᠠᠯ ᠳᠤ᠂ ︽ᠤᠯᠠᠭᠠᠨ ᠪᠤᠭᠴᠤ︾ ᠶᠢᠨ ᠡᠭᠦᠰᠦᠯ᠂ ᠦᠢᠯᠡᠴᠢᠯᠡᠬᠡᠨ ᠤ ᠠᠩᠭᠢ ᠶᠢ ᠰᠡᠷᠭᠦᠬᠡᠨ | ᠪᠠᠶᠢᠭᠤᠯᠤᠭᠰᠠᠨ᠂ ᠰᠤᠷᠤᠯᠴᠠᠯᠭ᠎ᠠ ᠬᠦᠷᠭᠡᠭᠦ᠂ ᠰᠢᠨ᠎ᠡ ᠴᠠᠭ ᠦᠶ᠎ᠡ ᠶᠢᠨ ︽ᠤᠯᠠᠭᠠᠨ ᠪᠤᠭᠴᠤ︾ ᠵᠡᠷᠭᠡ ᠳᠠᠯ᠎ᠠ ᠪᠠᠷ | ᠵᠢᠷᠤᠭ ᠰᠡᠬᠦᠳᠡᠷ᠂ ᠳᠡᠦᠬᠡᠨ ᠮᠠᠲ᠋ᠧᠷᠢᠶᠠᠯ ᠦᠵᠡᠬᠦᠯᠦᠨ ᠠᠮᠢᠳᠤᠯᠢᠭ ᠤᠶᠢᠯᠠᠭᠠᠮᠵᠢᠳᠠᠢ ᠳᠠᠶᠢᠯᠤᠮᠵᠢ ᠬᠢᠵᠦ᠂ | ᠤᠬᠠᠭᠤᠯᠤᠨ ᠳᠠᠶᠢᠯᠪᠤᠷᠢᠯᠠᠬᠤ ᠡᠯ᠎ᠡ ᠰᠠᠯᠪᠤᠷᠢ ᠪᠠᠭ᠎ᠠ ᠠᠩᠭᠢ ᠶᠢᠨ ᠬᠢᠨ ᠤ ᠳᠠᠷᠠᠭᠠᠴᠢ ᠶᠢᠨ ᠠᠯᠬᠤᠮ ᠤᠨ ᠠᠵᠢᠯ ᠳᠤ | ᠪᠠᠳᠤ ᠰᠠᠭᠤᠷᠢ ᠳᠠᠯᠪᠢᠭᠰᠠᠨ ᠪᠠᠶᠢᠨ᠎ᠠ᠃ | ᠪᠤᠯᠪᠠᠰᠤᠷᠠᠯ ᠤᠨ ᠳᠠᠷᠠᠭ᠎ᠠ᠂ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠤᠨ | ᠬᠠᠷᠢᠭᠤᠴᠠᠯᠭᠠᠲᠠᠨ ᠠᠴᠠ ᠡᠯ᠎ᠡ ᠰᠠᠯᠪᠤᠷᠢ ᠪᠠᠭ᠎ᠠ ᠠᠩᠭᠢ ᠳᠤ ᠡᠭᠦᠷᠭᠡ ᠬᠤᠪᠢᠶᠠᠷᠢᠯᠠᠵᠠᠢ᠃ | ᠤᠶᠢᠯᠠᠭᠠᠭᠰᠠᠨ ᠢᠶᠠᠷ᠂ ᠡᠨᠡ ᠵᠢᠯ ᠮᠠᠨ ᠤ ᠬᠤᠰᠢᠭᠤ 42 ᠨᠡᠷ᠎ᠡ ᠰᠠᠶᠢᠨ ᠳᠤᠷ᠎ᠠ ᠶᠢᠨ ᠬᠡᠰᠢᠬᠦᠳ ᠢᠶᠠᠷ | ᠪᠦᠷᠢᠯᠳᠦᠭᠰᠡᠨ ︽ᠤᠯᠠᠭᠠᠨ ᠪᠣᠭᠴᠣ︾ ᠶᠢᠨ ᠦᠯᠢᠭᠡᠷ ᠢ ᠤᠬᠠᠭᠤᠯᠤᠨ ᠳᠠᠶᠢᠯᠪᠤᠷᠢᠯᠠᠬᠤ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ ᠪᠠᠶᠢᠭᠤᠯᠵᠤ᠂ ︽ᠤᠯᠠᠭᠠᠨ ᠪᠣᠭᠴᠣ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ | ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠥᠷᠭᠡᠳᠬᠡᠵᠦ᠂ ᠦᠢᠯᠡᠴᠢᠯᠡᠭᠡᠨ ᠤ | ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠣᠯᠠᠨ ᠲᠦᠮᠡᠨ ᠳᠤ ᠤᠶᠢᠯᠠᠭᠠᠮᠵᠢᠳᠠᠢ᠂ ᠤᠯᠠᠨ | ᠲᠦᠮᠡᠨ ᠤ ᠬᠦᠯᠢᠶᠡᠨ ᠠᠪᠬᠤ ᠳᠤᠷᠠᠳᠠᠢ ᠬᠡᠯᠪᠡᠷᠢ ᠪᠠᠷ ᠬᠠᠷᠢᠯᠴᠠᠨ ᠬᠥᠳᠡᠯᠦᠯᠴᠡᠬᠦ ᠮᠠᠶ᠋ᠢᠭ ᠤᠨ ᠣᠨᠣᠯ ᠤᠨ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠳᠠᠶᠢᠯᠪᠤᠷᠢᠯᠠᠭᠴᠢᠳ ︽ᠣᠨᠣᠯ + ᠥᠯᠢᠭᠡᠷ︾᠂ ︽ | ᠣᠨᠣᠯ + ᠬᠡᠷᠡᠭ ᠤᠨ ᠵᠢᠱᠢᠶ᠎ᠡ︾᠂ ︽ᠣᠨᠣᠯ + ᠲᠠᠭᠤ ᠳᠦᠷᠰᠦ ᠰᠢᠩᠭᠡᠭᠡᠯᠲᠡ︾᠂ ︽ᠣᠨᠣᠯ + ᠤᠩᠰᠢᠯᠭ᠎ᠠ︾ | ᠵᠡᠷᠭᠡ ᠠᠷᠭ᠎ᠠ ᠬᠡᠯᠪᠡᠷᠢ ᠪᠠᠷ ︽ᠤᠯᠠᠭᠠᠨ ᠪᠣᠭᠴᠣ︾ ᠳᠤ ᠲᠦᠰᠢᠭᠯᠡᠨ ᠤᠯᠠᠨ ᠲᠦᠮᠡᠨ ᠳᠤ ᠮᠡᠳᠡᠯᠭᠡ᠂ ᠲᠥᠷᠥ ᠶᠢᠨ | ᠪᠣᠳᠣᠯᠭ᠎ᠠ ᠬᠦᠷᠭᠡᠬᠦ ᠪᠠᠷ ᠪᠤᠢ᠃ |