ᠤᠯᠤᠰ ᠲᠥᠷᠥ ᠶᠢᠨ ᠵᠥᠪᠯᠡᠯᠭᠡᠨ ᠤ ᠬᠡᠰᠢᠭᠦᠨ ᠬᠠᠶᠢᠷ᠎ᠠ ᠬᠠᠯᠠᠮᠵᠢ ᠪᠠᠨ ᠡᠷᠭᠦᠵᠦ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠬᠡᠶᠢᠯᠡᠭᠰᠡᠨ
ᠨᠡᠶᠢᠲᠡᠯᠡᠭᠰᠡᠨ ᠴᠠᠭ᠄
2023/12/27
   ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠲᠦᠷ ᠵᠣᠭᠰᠣᠭᠠᠬᠤ ᠬᠤᠭᠤᠴᠠᠭᠠᠨ ᠳᠤ ᠮᠠᠯᠴᠢᠳ ᠡᠪᠡᠰᠦ ᠪᠣᠷᠳᠤᠭ᠎ᠠ ᠲᠤᠲᠠᠭᠳᠠᠵᠤ ᠪᠠᠶᠢᠭ᠎ᠠ ᠪᠠᠶᠢᠳᠠᠯ ᠢ ᠤᠶᠢᠯᠠᠭᠠᠭᠠᠳ᠂ ᠬᠠᠢ ᠵᠢᠶᠦ᠋ᠨ ᠬᠠᠶᠢᠯᠤᠭᠤᠷ ᠵᠤᠩᠰᠢ ᠴᠢᠯᠠᠭᠤᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ᠂ ᠤᠯᠤᠰ ᠲᠥᠷᠦ ᠶᠢᠨ ᠵᠥᠪᠯᠡᠯᠭᠡᠨ ᠤ ᠬᠡᠰᠢᠭᠦᠨ ᠬᠠᠢ ᠵᠢᠶᠦ᠋ᠨ ᠰᠠᠩᠪᠤᠯᠠᠭ ᠰᠤᠮᠤᠨ ᠤ ᠰᠢᠨᠡᠪᠤᠯᠠᠭ ᠭᠠᠴᠠᠭ᠎ᠠ᠂ ᠡᠷᠳᠡᠨᠢᠲᠠᠯ᠎ᠠ ᠭᠠᠴᠠᠭᠠᠨ ᠤ ᠮᠠᠯᠵᠢᠬᠤ ᠡᠷᠦᠬᠡ ᠶᠢ ᠡᠪᠡᠰᠦ ᠪᠤᠷᠳᠤᠭ᠎ᠠ ᠪᠠᠷ ᠳᠡᠳᠬᠦᠨ᠂ ᠬᠠᠶᠢᠷ᠎ᠠ ᠬᠠᠯᠠᠮᠵᠢ ᠬᠦᠷᠭᠡᠵᠦ᠂ ᠮᠠᠯᠴᠢᠳ ᠤᠨ ᠮᠠᠯ ᠤᠨᠤᠭ᠎ᠠ ᠶᠢᠨ ᠠᠮᠤᠷ ᠲᠦᠪᠰᠢᠨ ᠢᠶᠠᠷ ᠬᠠᠪᠤᠷ ᠤᠨ ᠭᠠᠴᠢᠭ ᠴᠠᠭ ᠢ ᠥᠩᠭᠡᠷᠡᠭᠡᠬᠦ ᠶᠢ ᠪᠠᠲᠤᠯᠠᠵᠠᠢ᠃    ᠬᠤᠶᠠᠷ ᠪᠤᠷᠳᠤᠭ᠎ᠠ ᠲᠡᠭᠡᠭᠰᠡᠨ ᠠᠴᠢᠶᠠᠨ ᠤ ᠮᠠᠰᠢᠨ ᠲᠣᠰᠪᠣᠷᠢ ᠰᠢᠨᠡᠪᠤᠯᠠᠭ ᠭᠠᠴᠠᠭ᠎ᠠ ᠪᠠ ᠡᠷᠳᠡᠨᠢᠲᠠᠯ᠎ᠠ ᠭᠠᠴᠠᠭᠠᠨ ᠤ ᠲᠥᠪ ᠲᠤ ᠵᠤᠭᠰᠤᠵᠤ᠂ ᠮᠠᠯᠴᠢᠳ ᠭᠠᠴᠠᠭᠠᠨ ᠤ ᠨᠠᠮ ᠤᠨ ᠡᠭᠦᠷ᠂ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠬᠠᠪᠰᠤᠷᠤᠯᠭ᠎ᠠ ᠳᠣᠣᠷ᠎ᠠ ᠡᠪᠡᠰᠦ ᠪᠤᠷᠳᠤᠭ᠎ᠠ ᠪᠠᠨ ᠲᠡᠭᠡᠭᠡᠵᠦ ᠶᠠᠭᠠᠷᠠᠯᠳᠤᠨ᠎ᠠ᠃ ᠡᠨᠡ ᠤᠳᠠᠭ᠎ᠠ᠂ ᠬᠤᠶᠠᠷ ᠭᠠᠴᠠᠭᠠᠨ ᠤ 216 ᠡᠷᠦᠬᠡ ᠳᠤ ᠨᠡᠶᠢᠲᠡ 20 ᠭᠠᠷᠤᠢ ᠲᠦᠮᠡᠨ ᠲᠥᠭᠦᠷᠢᠭ ᠤᠨ ᠥᠷᠲᠡᠭ ᠪᠦᠬᠦᠢ ᠪᠤᠷᠳᠤᠭ᠎ᠠ ︵70 ᠲᠤᠨ᠂ 1400 ᠤᠭᠤᠲᠠ ᠪᠣᠷᠳᠤᠭ᠎ᠠ︶  ᠬᠠᠨᠳᠢᠪᠯᠠᠵᠠᠢ᠃    ᠬᠠᠢ ᠵᠢᠶᠦ᠋ᠨ ᠨᠢᠭᠡᠨ ᠦᠨᠳᠦᠰᠦᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠣᠯᠠᠨ ᠲᠦᠮᠡᠨ ᠤ ᠳᠤᠮᠳᠠ ᠬᠦᠨᠵᠡᠭᠡᠶᠢᠷᠡᠨ᠂ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠵᠦ᠂ ᠪᠣᠷᠣᠭᠵᠢᠭᠤᠨ ᠪᠥᠭᠡᠳ ᠦᠨᠡᠨᠴᠢ ᠰᠢᠳᠤᠷᠭᠤ ᠪᠠᠷ ᠲᠡᠮᠡᠴᠡᠵᠦ᠂ ᠤᠯᠤᠰ ᠲᠥᠷᠦ ᠶᠢᠨ ᠭᠡᠰᠢᠭᠦᠨ ᠤ ᠴᠤᠭ ᠵᠢᠪᠬᠤᠭ᠎ᠠ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号