︽ᠮᠣᠷᠢᠲᠠᠢ ᠤᠶᠠᠩᠭ᠎ᠠ︾ ᠤᠷᠠᠨ ᠤᠩᠰᠢᠯᠭ᠎ᠠ ᠶᠢᠨ ᠤᠷᠤᠯᠳᠤᠭᠠᠨ ᠬᠥᠭᠵᠢᠶᠡᠨ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2023/12/27
   4 ᠰᠠᠷ᠎ᠠ ᠶᠢᠨ 21 ᠤ ᠡᠳᠦᠷ᠂ 28 ᠳ᠋ᠤᠭᠠᠷ ︽ᠳᠡᠯᠡᠬᠡᠶ ᠶᠢᠨ ᠨᠣᠮ ᠤᠩᠰᠢᠬᠤ ᠡᠳᠦᠷ︾ ᠬᠦᠷᠴᠦ ᠢᠷᠡᠬᠦ ᠲᠠᠰᠢᠷᠠᠮ ᠳᠤ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠪᠣᠯᠤᠨ ᠬᠤᠰᠢᠭᠤ ᠭᠤᠷᠪᠠᠳᠤᠭᠠᠷ ᠪᠠᠭ᠎ᠠ ᠰᠤᠷᠭᠠᠭᠤᠯᠢ ᠠᠴᠠ ᠬᠠᠮᠲᠤᠷᠠᠨ ᠡᠷᠬᠢᠯᠡᠭᠰᠡᠨ ︽ᠮᠣᠷᠢᠲᠠᠢ ᠤᠶᠠᠩᠭ᠎ᠠ︾ ᠤᠷᠠᠨ ᠤᠩᠰᠢᠯᠭ᠎ᠠ ᠶᠢᠨ ᠤᠷᠤᠯᠳᠤᠭᠠᠨ ᠬᠥᠭᠵᠢᠶᠡᠨ ᠲᠠᠢ ᠶᠠᠪᠤᠭᠳᠠᠵᠤ᠂ ᠬᠤᠰᠢᠭᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠨᠢᠭᠡ ᠠᠴᠠ ᠵᠢᠷᠭᠤᠳᠤᠭᠠᠷ ᠣᠨ  ᠤ 21 ᠰᠤᠷᠤᠭᠴᠢ ᠤᠷᠤᠯᠳᠤᠭᠠᠨ ᠳᠤ ᠣᠷᠣᠯᠴᠠᠵᠤ᠂ ᠬᠥᠭᠡᠷᠦᠬᠦᠨ ᠴᠤᠪᠤᠭᠤ ᠬᠥᠳᠡᠯᠦᠯ᠂ ᠢᠷᠡᠭᠤ ᠴᠡᠭᠡᠯᠬᠡᠨ ᠬᠤᠭᠤᠯᠠᠢ ᠪᠠᠷ ᠢᠶᠠᠨ ᠪᠠᠭᠰᠢ ᠭᠡᠷ ᠤᠨ ᠠᠬᠠᠮᠠᠳ ᠢᠶᠠᠨ ᠪᠠᠶᠠᠰᠬᠠᠯ᠎ᠠ᠃    ᠤᠷᠤᠯᠳᠤᠭᠠᠨ ᠤ ᠡᠴᠦᠰ ᠲᠤ᠂ ᠨᠢᠭᠡ ᠠᠴᠠ ᠭᠤᠷᠪᠠᠳᠤᠭᠠᠷ ᠣᠨ ᠤ ᠳᠤᠭᠤᠶᠢᠯᠠᠩ ᠪᠠ ᠳᠥᠷᠪᠡ ᠠᠴᠠ ᠵᠢᠷᠭᠤᠳᠤᠭᠠᠷ ᠣᠨ ᠤ ᠳᠤᠭᠤᠶᠢᠯᠠᠩ ᠳᠤ ᠲᠣᠰ ᠲᠣᠰ ᠨᠢᠭᠡᠳᠦᠭᠡᠷ ᠳᠡᠰ ᠲᠤ 1 ᠬᠦᠮᠦᠨ᠂ ᠬᠤᠶᠠᠳᠤᠭᠠᠷ ᠳᠡᠰ ᠲᠤ 2 ᠬᠦᠮᠦᠨ᠂ ᠭᠤᠷᠪᠠᠳᠤᠭᠠᠷ ᠳᠡᠰ ᠲᠤ 3 ᠬᠦᠮᠦᠨ ᠢ ᠰᠢᠯᠭᠠᠷᠠᠭᠤᠯᠤᠨ ᠭᠠᠷᠭᠠᠵᠤ᠂ ᠬᠢᠨᠠᠭᠴᠢ ᠪᠠᠭᠰᠢ ᠨᠠᠷ ᠠᠴᠠ ᠢᠷᠠᠭᠤ ᠠᠯᠳᠠᠷ ᠤᠨ ᠦᠨᠡᠮᠯᠡᠯ ᠤᠯᠭᠤᠵᠠᠢ᠃    ᠤᠷᠤᠯᠳᠤᠭᠠᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠳᠤᠳᠬᠠᠨ᠂ ᠰᠤᠷᠭᠠᠭᠤᠯᠢ ᠶᠢᠨ ᠬᠦᠷᠢᠶᠡᠨ ᠤ ᠨᠣᠮ ᠰᠣᠶᠣᠯ ᠤᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠰᠤᠷᠤᠭᠴᠢᠳ ᠤᠨ ᠨᠣᠮ ᠤᠩᠰᠢᠯᠭ᠎ᠠ ᠶᠢᠨ ᠤᠷᠮ᠎ᠠ ᠪᠠᠬ᠎ᠠ ᠶᠢ ᠬᠥᠭᠵᠢᠭᠡᠵᠦ᠂ ᠤᠩᠰᠢᠯᠭ᠎ᠠ ᠶᠢᠨ ᠢᠳᠡᠪᠬᠢᠵᠢᠯ ᠢ ᠳᠠᠶᠢᠴᠢᠯᠠᠬᠤ ᠶᠢ ᠵᠤᠷᠢᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号