4 ᠰᠠᠷ᠎ᠠ ᠶᠢᠨ 23 ᠤ ᠡᠳᠦᠷ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠬᠤᠰᠢᠭᠤ | ᠵᠣᠬᠢᠶᠠᠯᠴᠢᠳ ᠤᠨ ᠡᠪᠯᠡᠯ ᠬᠠᠮᠲᠤᠷᠠᠨ ᠡᠷᠢᠶᠠᠨᠨᠠᠭᠤᠷ ᠰᠤᠮᠤᠨ ᠤ ᠵᠢᠪᠬᠤᠯᠠᠩᠳᠤ ᠭᠠᠴᠠᠭᠠᠨ ᠳᠤ ᠬᠦᠷᠴᠦ ︽ᠤᠳᠬ᠎ᠠ | ᠤᠷᠠᠯᠢᠭ ᠤᠨ ᠵᠣᠬᠢᠶᠠᠨ ᠪᠦᠲᠦᠭᠡᠯᠭᠡ ᠶᠢᠨ ᠠᠮᠢᠳᠤᠷᠠᠯ ᠳᠤ ᠬᠦᠨᠵᠡᠭᠡᠶᠢᠷᠡᠬᠦ ᠰᠠᠭᠤᠷᠢᠨ ᠭᠠᠵᠠᠷ︾ ᠤᠨ ᠢᠯᠡᠷᠬᠡᠶᠢᠯᠡᠯ | ᠣᠯᠭᠤᠬᠤ ᠶᠣᠰᠣᠯᠠᠯ ᠶᠠᠪᠤᠭᠳᠠᠭᠤᠯᠵᠠᠢ᠃ ᠡᠨᠡ ᠪᠣᠯ ᠪᠥᠬᠦ ᠬᠤᠰᠢᠭᠤᠨ ᠤ ᠠᠩᠬᠠᠳᠠᠭᠴᠢ ︽ᠤᠳᠬ᠎ᠠ ᠤᠷᠠᠯᠢᠭ ᠤᠨ | ᠵᠣᠬᠢᠶᠠᠨ ᠪᠦᠲᠦᠭᠡᠯᠭᠡ ᠶᠢᠨ ᠰᠠᠭᠤᠷᠢᠨ ᠭᠠᠵᠠᠷ︾ ᠪᠣᠯᠬᠤ ᠶᠢᠨ ᠬᠠᠮᠳᠤ ᠮᠠᠨ ᠤ ᠬᠤᠰᠢᠭᠤᠨ ᠤ ᠤᠳᠬ᠎ᠠ | ᠤᠷᠠᠯᠢᠭ ᠤᠨ ᠬᠢᠨ ᠤ ᠬᠤᠯᠪᠤᠭᠠᠳᠤ ᠬᠤᠷᠠᠯ ᠤᠨ ᠦᠨᠳᠦᠰᠦᠨ ᠱᠠᠲᠤᠨ ᠤ ᠰᠣᠶᠣᠯ ᠤᠨ ᠦᠢᠯᠡᠰ ᠤᠨ | ᠬᠥᠭᠵᠢᠯᠲᠡ ᠶᠢ ᠠᠬᠢᠭᠤᠯᠬᠤ ᠪᠠᠰᠠ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ | ᠠᠵᠢᠯᠯᠠᠭᠠᠨ ᠤ ᠲᠤᠬᠠᠢ ᠶᠢᠨ ᠲᠠᠯᠠᠪᠠᠶ ᠳᠤ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ | ᠣᠯᠠᠨ ᠨᠡᠶᠢᠭᠡᠮᠯᠢᠭ ᠤᠨ ᠰᠢᠯᠢᠳᠡᠭ ᠲᠥᠯᠥᠭᠡᠯᠡᠭᠴᠢ ᠪᠠ ᠡᠷᠢᠶᠠᠨᠨᠠᠭᠤᠷ ᠰᠤᠮᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠤᠳᠤᠷᠢᠳᠬᠤ ᠪᠠᠭ ᠬᠠᠮᠲᠤᠷᠠᠨ ᠢᠯᠡᠷᠭᠡᠶᠢᠯᠡᠯ ᠤᠯᠭᠤᠨ᠂ ᠰᠠᠭᠤᠷᠢᠨ ᠭᠠᠵᠠᠷ ᠤᠨ ᠵᠢᠩᠭᠢᠨᠢ ᠪᠠᠷ | ᠪᠠᠶᠢᠭᠤᠯᠤᠭᠳᠠᠭᠰᠠᠨ ᠢ ᠵᠠᠷᠯᠠᠯ᠎ᠠ᠃ | ︽ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠰᠠᠭᠤᠷᠢᠨ︾ ᠢ ᠪᠠᠶᠢᠭᠤᠯᠤᠭᠰᠠᠨ ᠨᠢ ᠰᠣᠶᠣᠯ ᠪᠠ | ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠷ ᠳᠡᠮᠵᠢᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠡᠬᠢ | ᠪᠠᠶᠠᠯᠢᠭ ᠢ ᠬᠠᠮᠲᠤ ᠪᠠᠷ ᠡᠳ᠋ᠯᠡᠬᠦ᠂ ᠰᠣᠳᠣᠨ ᠪᠦᠲᠦᠭᠡᠯ ᠪᠦᠲᠦᠭᠡᠬᠦ᠂ ᠬᠠᠷᠢᠯᠴᠠᠨ ᠠᠰᠢᠭ ᠭᠥᠷᠳᠡᠬᠦ ᠶᠢ ᠪᠡᠶᠡᠯᠡᠭᠦᠯᠵᠦ᠂ | ᠤᠳᠬ᠎ᠠ ᠤᠷᠠᠯᠢᠭ ᠤᠨ ᠠᠵᠢᠯᠲᠠᠳ ᠤᠨ ᠬᠤᠶᠢᠰᠢᠳᠠ ᠶᠢᠨ ᠵᠣᠬᠢᠶᠠᠨ ᠪᠦᠲᠦᠭᠡᠯᠭᠡ ᠳᠤ ᠤᠷ᠎ᠠ ᠮᠡᠷᠭᠡᠵᠢᠯ | ᠰᠣᠯᠢᠯᠴᠠᠬᠤ᠂ ᠣᠯᠣᠯᠲᠠ ᠲᠥᠷᠥᠭᠳᠡᠯ ᠢᠶᠠᠨ ᠬᠤᠪᠢᠶᠠᠯᠴᠠᠬᠤ ᠲᠠᠪᠴᠠᠩ ᠪᠠ ᠨᠥᠬᠦᠴᠡᠯ ᠬᠠᠩᠭᠠᠵᠤ᠂ ᠮᠠᠨ ᠤ | ᠬᠤᠰᠢᠭᠤᠨ ᠤ ᠤᠳᠬ᠎ᠠ ᠤᠷᠠᠯᠢᠭ ᠤᠨ ᠬᠥᠭᠵᠢᠯᠲᠡ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠬᠦ ᠶᠢᠨ | ᠲᠦᠯᠦᠬᠡ ᠶᠤᠮ᠃ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠰᠠᠭᠤᠷᠢᠨ ᠭᠠᠵᠠᠷ ᠲᠤ 200 | ᠭᠠᠷᠤᠢ ᠳᠡᠪᠲᠡᠷ ᠨᠣᠮ ᠪᠢᠴᠢᠭ ᠬᠠᠨᠳᠢᠪᠯᠡᠵᠤ᠂ ︽ᠰᠤᠶᠤᠯ ᠪᠤᠯ ᠦᠨᠳᠦᠰᠦᠳᠡᠨ ᠤ ᠵᠤᠷᠢᠭ ᠰᠠᠨᠠᠭᠠᠨ ᠤ ᠠᠮᠢᠨ | ᠰᠤᠳᠠᠰᠤ᠂ ᠤᠳᠬ᠎ᠠ ᠤᠷᠠᠯᠢᠭ ᠪᠤᠯ ᠴᠠᠭ ᠦᠶ᠎ᠡ ᠶᠢᠨ ᠪᠦᠷᠢᠶ᠎ᠡ ᠮᠦᠨ︾ ᠬᠡᠮᠡᠬᠦ ᠤᠷᠠᠨ ᠪᠢᠴᠢᠯᠭᠡ ᠶᠢᠨ ᠪᠦᠲᠦᠭᠡᠯ | ᠪᠡᠯᠡᠭᠯᠡᠵᠡᠢ᠃ | ᠢᠯᠡᠷᠬᠡᠶᠢᠯᠡᠯ ᠣᠯᠭᠤᠬᠤ ᠶᠣᠰᠣᠯᠠᠯ ᠤᠨ ᠳᠠᠷᠠᠭ᠎ᠠ᠂ ᠤᠯᠠᠨ ᠢᠶᠠᠷ ᠢᠶᠠᠨ ᠤᠳᠬ᠎ᠠ ᠤᠷᠠᠯᠢᠭ ᠤᠨ ᠵᠤᠬᠢᠶᠠᠨ | ᠪᠦᠲᠦᠭᠡᠯᠭᠡ ᠶᠢᠨ ᠠᠮᠢᠳᠤᠷᠠᠯ ᠳᠤ ᠬᠦᠨᠵᠡᠭᠡᠶᠢᠷᠡᠬᠦ ᠭᠤᠣᠯ ᠰᠡᠳᠦᠪ ᠢᠶᠠᠷ ᠶᠠᠷᠢᠯᠴᠠᠭ᠎ᠠ ᠦᠷᠨᠢᠬᠦᠯᠦᠨ᠂ ᠥᠪᠡᠷ | ᠥᠪᠡᠷ ᠤᠨ ᠰᠠᠨᠠᠯ ᠢᠶᠠᠨ ᠶᠠᠷᠢᠵᠤ᠂ ᠲᠠᠷᠠᠭᠠᠴᠢ ᠶᠢᠨ ᠠᠯᠬᠤᠮ ᠳᠤ ᠰᠠᠭᠤᠷᠢᠨ ᠭᠠᠵᠠᠷ ᠤᠨ ᠪᠠᠶᠢᠭᠤᠯᠤᠯᠳᠠ ᠳᠤ | ᠲᠦᠰᠢᠭᠯᠡᠨ᠂ ᠬᠡᠷᠬᠢᠨ ᠠᠮᠢᠳᠤᠷᠠᠯ ᠳᠤ ᠭᠦᠨᠵᠡᠭᠡᠶᠢᠷᠡᠨ ᠵᠤᠬᠢᠶᠠᠨ ᠪᠦᠲᠦᠭᠡᠯᠭᠡ ᠶᠢᠨ ᠪᠤᠷᠤ ᠮᠠᠲ᠋ᠧᠷᠢᠶᠠᠯ ᠴᠤᠭᠯᠠᠭᠤᠯᠬᠤ | ᠠᠵᠢᠯ ᠦᠷᠨᠢᠬᠦᠯᠬᠦ᠂ ᠠᠷᠠᠳ ᠲᠦᠮᠡᠨ ᠤ ᠳᠤᠮᠳᠠ ᠦᠨᠳᠦᠰᠦᠯᠡᠵᠦ ᠴᠠᠭ ᠦᠶ᠎ᠡ ᠲᠠᠢ ᠨᠡᠶᠢᠴᠡᠭᠰᠡᠨ ᠤᠳᠬ᠎ᠠ | ᠤᠷᠠᠯᠢᠭ ᠤᠨ ᠪᠦᠲᠦᠭᠡᠯ ᠳᠤᠭᠤᠷᠪᠢᠬᠤ ᠲᠤᠬᠠᠢ ᠶᠠᠷᠢᠯᠴᠠᠵᠠᠢ᠃ | ᠳᠠᠷᠠᠭ᠎ᠠ ᠨᠢ᠂ ᠠᠵᠢᠯᠯᠠᠭ᠎ᠠ ᠳᠤ ᠤᠷᠤᠯᠴᠠᠭᠰᠠᠳ ᠤᠷᠢᠳ ᠬᠤᠵᠢᠳ ᠰᠥᠨᠢᠳ ᠪᠠᠷᠠᠭᠤᠨ ᠬᠤᠰᠢᠭᠤᠨ ᠤ | ᠡᠷᠲᠡᠨ ᠤ ᠣᠶ ᠰᠢᠭᠤᠢ᠂ ᠾᠦᠩᠨᠦ ᠶᠢᠨ ᠤᠩᠭᠤᠨ ᠤ ᠭᠠᠵᠠᠷ ᠢᠶᠠᠷ ᠳᠤᠭᠤᠷᠢᠨ᠂ ᠴᠠᠭ ᠦᠶ᠎ᠡ ᠶᠢᠨ ᠪᠠᠶᠢᠳᠠᠯ ᠢ | ᠤᠶᠢᠯᠠᠭᠠᠭᠰᠠᠨ ᠤ ᠬᠠᠮᠳᠤ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠲᠤ ᠭᠦᠨᠵᠡᠭᠡᠶᠢᠷᠡᠵᠦ ︽ᠰᠣᠶᠣᠯ ᠢ | ᠬᠢᠯᠢ ᠬᠢᠵᠠᠭᠠᠷ ᠣᠷᠣᠨ ᠳᠤ ᠬᠦᠷᠭᠡᠬᠦ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠤᠷᠠᠨ ᠰᠠᠶᠢᠬᠠᠨ ᠤ | ᠲᠣᠭᠯᠠᠯᠲᠠ ᠪᠠᠨ ᠡᠷᠬᠦᠨ᠂ ᠠᠮᠢᠳᠤᠷᠠᠯ ᠤᠨ ᠬᠡᠷᠡᠭᠰᠡᠯ ᠬᠦᠷᠭᠡᠵᠦ᠂ ᠡᠬᠡ ᠤᠯᠤᠰ ᠤᠨ ᠤᠮᠠᠷᠠᠳᠤ ᠬᠢᠯᠢ ᠶᠢ ᠰᠠᠬᠢᠨ | ᠬᠠᠮᠠᠭᠠᠯᠠᠵᠤ ᠪᠠᠶᠢᠭ᠎ᠠ ᠳᠠᠷᠤᠭ᠎ᠠ ᠪᠠᠶᠢᠯᠳᠤᠭᠴᠢᠳ ᠢ ᠳᠤᠬᠤᠨᠢᠭᠤᠯᠤᠯᠠ᠃ | ᠣᠶᠢᠯᠠᠭᠠᠭᠰᠠᠨ ᠢᠶᠠᠷ᠂ ᠳᠠᠷᠠᠭᠠᠴᠢ ᠶᠢᠨ ᠠᠯᠬᠤᠮ ᠳᠤ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭ᠎ᠠ | ᠤᠯᠠᠨ ᠲᠦᠮᠡᠨ ᠲᠠᠢ ᠣᠶᠢᠷᠠᠲᠤᠭᠰᠠᠨ ᠵᠤᠬᠢᠶᠠᠨ ᠪᠦᠲᠦᠭᠡᠯᠭᠡ ᠶᠢᠨ ᠪᠤᠷᠤ ᠮᠠᠲ᠋ᠧᠷᠢᠶᠠᠯ ᠴᠤᠭᠯᠠᠭᠤᠯᠬᠤ᠂ ᠵᠣᠬᠢᠶᠠᠨ | ᠪᠦᠲᠦᠭᠡᠬᠦ᠂ ᠪᠣᠯᠪᠠᠰᠤᠷᠠᠯ ᠬᠦᠷᠲᠡᠭᠡᠬᠦ᠂ ᠦᠵᠡᠭᠦᠯᠦᠯᠭᠡ ᠶᠢᠨ ᠲᠣᠭᠯᠠᠯᠲᠠ ᠭᠠᠷᠭᠠᠬᠤ ᠵᠡᠷᠭᠡ ᠠᠵᠢᠯᠯᠠᠭ᠎ᠠ ᠶᠢ ᠦᠷᠭᠡᠨ | ᠢᠶᠠᠷ ᠦᠷᠨᠢᠬᠦᠯᠵᠦ᠂ ᠪᠦᠬᠦ ᠬᠤᠰᠢᠭᠤᠨ ᠤ ᠤᠳᠬ᠎ᠠ ᠤᠷᠠᠯᠢᠭ ᠤᠨ ᠠᠵᠢᠯᠲᠠᠳ ᠢ ᠬᠥᠲᠥᠯᠥᠨ ᠵᠢᠯᠤᠭᠤᠳᠴᠤ ︽ | ᠤᠳᠬ᠎ᠠ ᠤᠷᠠᠯᠢᠭ ᠤᠨ ᠵᠤᠬᠢᠶᠠᠨ ᠪᠦᠲᠦᠭᠡᠯᠭᠡ ᠶᠢᠨ ᠰᠠᠭᠤᠷᠢᠨ︾ ᠳᠤ ᠭᠦᠨᠵᠡᠭᠡᠶᠢᠷᠡᠭᠦᠯᠦᠨ᠂ ᠬᠠᠨᠳᠤᠯᠭ᠎ᠠ ᠲᠠᠢ ᠪᠠᠷ | ᠮᠠᠨ ᠤ ᠬᠤᠰᠢᠭᠤᠨ ᠤ ᠦᠨᠳᠦᠰᠦᠲᠡᠨ ᠤ ᠵᠠᠩ ᠦᠶᠯᠡ ᠶᠢᠨ ᠰᠣᠶᠣᠯ ᠤᠨ ᠡᠯᠪᠡᠭ ᠪᠠᠶᠠᠯᠢᠭ ᠡᠬᠢ ᠪᠠᠶᠠᠯᠢᠭ ᠢ | ᠠᠭᠤᠳᠠᠯᠵᠤ᠂ ᠤᠳᠬ᠎ᠠ ᠤᠷᠠᠯᠢᠭ ᠤᠨ ᠠᠵᠢᠯᠲᠠᠳ ᠢ ᠥᠷᠭᠡᠨ ᠬᠡᠪᠴᠢᠶ᠎ᠡ ᠪᠠᠷ ᠵᠣᠬᠢᠶᠠᠨ ᠪᠠᠶᠢᠭᠤᠯᠵᠤ ᠬᠢᠯᠢ ᠶᠢᠨ | ᠰᠤᠮᠤᠨ ᠳᠤ ᠬᠦᠨᠵᠡᠬᠡᠶᠢᠷᠡᠨ ᠤᠳᠬ᠎ᠠ ᠤᠷᠠᠯᠢᠭ ᠤᠨ ᠮᠠᠲ᠋ᠧᠷᠢᠶᠠᠯ ᠴᠤᠭᠯᠠᠭᠤᠯᠬᠤ ᠪᠠ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠤᠳᠬ᠎ᠠ ᠤᠷᠠᠯᠢᠭ ᠤᠨ ᠰᠣᠳᠣᠨ ᠪᠦᠲᠦᠭᠡᠯ ᠵᠣᠬᠢᠶᠠᠨ ᠪᠦᠲᠦᠭᠡᠵᠦ᠂ | ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠠᠬᠢᠭᠤᠯᠵᠤ᠂ ᠰᠥᠨᠢᠳ ᠪᠠᠷᠠᠭᠤᠨ | ᠬᠤᠰᠢᠭᠤᠨ ᠤ ᠤᠳᠬ᠎ᠠ ᠤᠷᠠᠯᠢᠭ ᠤᠨ ᠦᠢᠯᠡᠰ ᠤᠨ ᠴᠡᠴᠡᠭᠯᠡᠨ ᠬᠥᠭᠵᠢᠬᠦ ᠶᠢ ᠬᠠᠮᠲᠤ ᠪᠠᠷ ᠠᠬᠢᠭᠤᠯᠬᠤ ᠪᠤᠯᠤᠨ᠎ᠠ᠃ |