ᠷᠠᠰᠢᠶᠠᠨᠲᠤ ᠭᠠᠴᠠᠭᠠᠨ ᠤ ︽ᠰᠢᠨ᠎ᠡ ᠮᠠᠯᠴᠢᠨ︾ ᠪᠣᠯᠪᠠᠰᠤᠷᠠᠯ ᠤᠨ ᠰᠠᠭᠤᠷᠢᠨ ᠢᠯᠡᠷᠬᠡᠶᠢᠯᠡᠯ ᠰᠡᠬᠦᠭᠰᠡᠨ
ᠨᠡᠶᠢᠲᠡᠯᠡᠭᠰᠡᠨ ᠴᠠᠭ᠄
2023/12/27
     4 ᠰᠠᠷ᠎ᠠ ᠶᠢᠨ 24 ᠤ ᠡᠳᠦᠷ᠂ ᠷᠠᠰᠢᠶᠠᠨᠲᠤ ᠭᠠᠴᠠᠭᠠᠨ ᠤ ︽ᠰᠢᠨ᠎ᠡ ᠮᠠᠯᠴᠢᠨ︾ ᠪᠣᠯᠪᠠᠰᠤᠷᠠᠯ ᠤᠨ ᠰᠠᠭᠤᠷᠢᠨ  ᠢᠯᠡᠷᠬᠡᠶᠢᠯᠡᠯ ᠰᠡᠬᠦᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠠᠨ ᠶᠢᠦ ᠴᠢᠶᠠᠩ᠂  ᠬᠤᠰᠢᠭᠤ ᠳᠡᠳ᠋ ᠳᠠᠷᠤᠭ᠎ᠠ ᠶᠠᠩ ᠵᠠᠨ ᠴᠢᠩ ᠢᠯᠡᠷᠬᠡᠶᠢᠯᠡᠯ ᠰᠡᠬᠦᠬᠦ ᠶᠤᠰᠤᠯᠠᠯ ᠳᠤ ᠤᠷᠤᠯᠴᠠᠵᠠᠢ᠃      ᠶᠣᠰᠣᠯᠠᠯ ᠳᠤ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠨᠠᠮ ᠤᠨ ᠬᠤᠷᠢᠶᠠᠨ  ᠤ ᠨᠠᠮ ᠤᠨ ᠰᠤᠷᠭᠠᠭᠤᠯᠢ᠂ ᠬᠤᠰᠢᠭᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠤᠭᠠᠲᠦ ᠬᠤᠷᠠᠯ᠂ ᠵᠡᠮᠳᠡᠭᠴᠦᠳ ᠤᠨ ᠬᠤᠯᠪᠤᠭᠠᠲᠦ ᠬᠤᠷᠠᠯ ᠠᠴᠠ ᠷᠠᠰᠢᠶᠠᠨᠲᠤ ᠭᠠᠴᠠᠭᠠᠨ ᠤ ︽ᠰᠢᠨ᠎ᠡ ᠮᠠᠯᠴᠢᠨ︾ ᠪᠣᠯᠪᠠᠰᠤᠷᠠᠯ ᠤᠨ ᠰᠠᠭᠤᠷᠢᠨ ᠳᠤ ᠬᠠᠮᠢᠶ᠎ᠠ ᠪᠥᠬᠦᠢ ᠫᠠᠶᠢᠰᠠ ᠢᠯᠡᠷᠬᠡᠶᠢᠯᠡᠯ ᠤᠯᠭᠤᠵᠠᠢ᠃      ᠣᠶᠢᠯᠠᠭᠠᠭᠰᠠᠨ ᠢᠶᠠᠷ᠂ ᠷᠠᠰᠢᠶᠠᠨᠲᠤ ᠭᠠᠴᠠᠭᠠᠨ ᠤ ︽ᠰᠢᠨ᠎ᠡ ᠮᠠᠯᠴᠢᠨ︾ ᠪᠣᠯᠪᠠᠰᠤᠷᠠᠯ ᠤᠨ ᠰᠠᠭᠤᠷᠢᠨ 2022 ᠣᠨ ᠳᠤ ᠪᠠᠶᠢᠭᠤᠯᠤᠭᠳᠠᠵᠤ᠂ 2000 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠰᠤᠳᠤᠯᠤᠨ ᠰᠤᠷᠤᠯᠴᠠᠬᠤ ᠲᠥᠪ᠂ ᠬᠤᠭᠤᠯᠠᠯᠯᠠᠬᠤ ᠲᠣᠭᠤᠷᠢᠭ᠂ ᠪᠣᠯᠪᠠᠰᠤᠷᠠᠯ ᠤᠨ ᠲᠣᠭᠤᠷᠢᠭ᠂ ᠠᠮᠠᠷᠠᠬᠤ ᠪᠠ ᠪᠡᠶ᠎ᠡ ᠴᠢᠭᠢᠷᠠᠭᠵᠢᠭᠤᠯᠬᠤ ᠲᠣᠭᠤᠷᠢᠭ ᠢᠶᠠᠷ ᠪᠥᠷᠢᠯᠳᠦᠭᠰᠡᠨ᠂ ᠲᠥᠬᠦᠭᠡᠷᠦᠮᠵᠢ ᠢᠵᠢ ᠪᠥᠷᠢᠨ᠂ 100 ᠭᠠᠷᠤᠶ ᠬᠥᠮᠦᠨ ᠢ ᠪᠠᠭᠲᠠᠭᠠᠵᠤ ᠳᠡᠶᠢᠯᠬᠦ ᠣᠯᠠᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠬᠡᠯᠪᠡᠷᠢ ᠶᠢᠨ ᠪᠤᠯᠪᠠᠰᠤᠷᠠᠯ ᠤᠨ ᠰᠠᠭᠤᠷᠢᠨ ᠭᠠᠵᠠᠷ ᠪᠣᠯᠤᠨ᠎ᠠ᠃      ᠲᠠᠷᠠᠭᠠᠴᠢ ᠶᠢᠨ ᠠᠯᠬᠤᠮ ᠳᠤ᠂ ᠪᠣᠯᠪᠠᠰᠤᠷᠠᠯ ᠤᠨ ᠰᠠᠭᠤᠷᠢᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠨᠠᠮ ᠤᠨ ᠭᠡᠰᠢᠭᠦᠨ ᠺᠠᠳ᠋ᠷ ᠤᠨ ᠴᠢᠳᠠᠪᠤᠷᠢ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠵᠠᠯᠠᠭᠤᠴᠤᠳ ᠪᠠᠭᠠᠴᠤᠳ ᠤᠨ ᠣᠨᠣᠯ ᠤᠨ ᠬᠡᠪ ᠪᠣᠯᠪᠠᠰᠤᠷᠠᠯ᠂ ᠠᠷᠠᠴᠢᠯᠠᠨ ᠲᠡᠵᠢᠭᠡᠬᠦ ᠬᠠᠮᠢᠶᠠᠷᠤᠯᠲᠠ ᠶᠢᠨ ᠮᠡᠷᠭᠡᠵᠢᠯ᠂ ᠮᠠᠯ ᠠᠵᠤ ᠠᠬᠤᠶ ᠶᠢᠨ ᠮᠧᠬᠠᠨᠢᠭ ᠤᠨ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠬᠦ ᠵᠢᠴᠢ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠶᠢᠨ ᠡᠯ᠎ᠡ ᠲᠥᠷᠥᠯ ᠤᠨ ᠪᠣᠯᠪᠠᠰᠤᠷᠠᠯ ᠢ ᠥᠷᠭᠡᠨ  ᠢᠶᠠᠷ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠣᠯᠠᠨ ᠲᠦᠮᠡᠨ᠂ ᠬᠥᠳᠡᠭᠡ ᠲᠣᠰᠬᠤᠨ ᠤ ᠤᠷ᠎ᠠ ᠴᠢᠳᠠᠪᠤᠷᠢ ᠶᠢᠨ ᠬᠡᠯᠪᠡᠷᠢ ᠶᠢᠨ ᠴᠢᠳᠠᠪᠤᠷᠢᠲᠠᠨ᠂ ᠨᠤᠲᠤᠭ ᠤᠨ ᠴᠢᠳᠠᠪᠤᠷᠢᠲᠠᠳ ᠢ ᠬᠥᠲᠥᠯᠥᠨ ᠵᠢᠯᠣᠭᠤᠳᠴᠤ ᠪᠠᠶᠢᠭᠠᠳ ᠰᠡᠳᠬᠢᠮᠵᠢ  ᠶᠢ ᠨᠢ ᠬᠤᠪᠢᠷᠠᠭᠤᠯᠵᠤ᠂ ᠴᠢᠳᠠᠪᠤᠷᠢ ᠶᠢ ᠨᠢ ᠳᠡᠭᠡᠭᠰᠢᠯᠡᠭᠦᠯᠵᠦ᠂ ︽ᠲᠠᠪᠤ ᠶᠢ ᠬᠥᠭᠵᠢᠭᠦᠯᠦᠨ ᠮᠠᠨᠳᠤᠭᠤᠯᠬᠤ︾ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号