ᠮᠠᠨ ᠤ ᠬᠤᠰᠢᠭᠤ ᠬᠠᠪᠤᠷ ᠤᠨ ᠤᠯᠠᠷᠢᠯ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ  ᠥᠷᠨᠢᠭᠦᠯᠦᠭᠰᠡᠨ
ᠨᠡᠶᠢᠲᠡᠯᠡᠭᠰᠡᠨ ᠴᠠᠭ᠄
2023/12/27
   ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠠᠷᠠᠳ ᠤᠯᠠᠨ ᠤ ᠡᠷᠡᠭᠦᠯ ᠮᠡᠨᠳᠦ ᠠᠮᠤᠷ ᠲᠥᠪᠰᠢᠨ ᠢ ᠦᠨᠡᠨᠬᠦ ᠪᠠᠲᠤᠯᠠᠬᠤ ᠶᠢᠨ ᠲᠥᠯᠦᠭᠡ᠂ ᠣᠶᠢᠷ᠎ᠠ ᠳᠤ᠂ ᠮᠠᠨ ᠤ ᠬᠤᠰᠢᠭᠤ ᠬᠠᠪᠤᠷ ᠤᠨ ᠤᠯᠠᠷᠢᠯ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠦᠷᠨᠢᠭᠦᠯᠵᠡᠢ᠃    3 ᠰᠠᠷ᠎ᠠ ᠶᠢᠨ ᠰᠡᠭᠦᠯᠴᠢ ᠠᠴᠠ ᠡᠬᠢᠯᠡᠨ᠂ ᠬᠤᠰᠢᠭᠤ ᠨᠤᠲᠤᠭ ᠪᠡᠯᠴᠢᠭᠡᠷ ᠤᠨ ᠥᠷᠲᠡᠭᠡᠨ ᠤ ᠮᠡᠷᠭᠡᠵᠢᠯᠲᠡᠳ ᠪᠦᠬᠦ ᠬᠤᠰᠢᠭᠤᠨ ᠤ ᠬᠤᠯᠤᠭᠠᠨ᠎ᠠ ᠶᠢᠨ ᠭᠠᠮᠰᠢᠭ ᠣᠯᠠᠨ ᠡᠭᠦᠰᠳᠡᠭ ᠣᠷᠣᠨ᠂ ᠥᠨᠳᠥᠷ ᠨᠢᠭᠲᠠᠴᠠ ᠲᠠᠢ ᠣᠷᠣᠨ᠂ ᠬᠤᠯᠤᠭᠠᠨ᠎ᠠ ᠶᠢᠨ ᠬᠤᠭᠤᠷᠤᠨᠳᠦ ᠬᠠᠯᠳᠠᠪᠦᠷᠢᠯᠠᠬᠤ ᠬᠤᠯᠤᠭᠠᠨ᠎ᠠ ᠶᠢᠨ ᠬᠢᠵᠢᠭ ᠪᠠᠶᠢᠩᠭᠤ ᠡᠭᠦᠰᠳᠡᠭ ᠣᠷᠣᠨ ᠳᠤ ᠪᠠᠶᠢᠴᠠᠭᠠᠯᠲᠠ ᠦᠷᠨᠢᠭᠦᠯᠵᠦ᠂ ᠰᠡᠷᠭᠡᠶᠢᠯᠡᠨ ᠵᠠᠰᠠᠬᠤ ᠠᠴᠠ ᠡᠮᠦᠨᠡᠬᠢ ᠬᠢᠨᠠᠨ ᠬᠡᠮᠵᠢᠯᠲᠡ ᠶᠢᠨ ᠠᠵᠢᠯ ᠢ ᠰᠠᠶᠢᠲᠤᠷ ᠪᠡᠶᠡᠯᠡᠭᠦᠯᠵᠡᠢ᠃ ᠬᠤᠯᠤᠭᠠᠨ᠎ᠠ ᠶᠢᠨ ᠬᠥᠨᠥᠭᠡᠯ ᠢ ᠪᠠᠶᠢᠴᠠᠭᠠᠭᠰᠠᠨ ᠰᠠᠭᠤᠷᠢᠨ ᠳᠡᠭᠡᠷ᠎ᠡ᠂ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠢᠭᠡᠳ ᠣᠷᠴᠢᠨ ᠲᠣᠭᠤᠷᠢᠨ ᠢ ᠬᠠᠮᠠᠭᠠᠯᠠᠬᠤ ᠶᠢ ᠵᠡᠷᠭᠡ ᠳᠤᠨᠢ ᠴᠢᠬᠤᠯᠠᠴᠢᠯᠠᠬᠤ ᠵᠠᠷᠴᠢᠮ ᠢ ᠪᠠᠷᠢᠮᠲᠠᠯᠠᠵᠤ᠂ 10 ᠲᠦᠮᠡᠨ ᠮᠦ ᠭᠠᠵᠠᠷ ᠲᠤ ᠬᠤᠯᠤᠭᠠᠨ᠎ᠠ ᠤᠰᠠᠳᠬᠠᠬᠤ ᠠᠵᠢᠯ ᠥᠷᠨᠢᠭᠦᠯᠬᠦ ᠪᠠᠷ ᠲᠥᠯᠥᠪᠯᠡᠭᠰᠡᠨ ᠪᠠᠶᠢᠨ᠎ᠠ᠃    ᠣᠶᠢᠯᠠᠭᠠᠭᠰᠠᠨ ᠢᠶᠠᠷ᠂ 2023 ᠣᠨ ᠤ ᠬᠠᠪᠤᠷ ᠤᠨ ᠤᠯᠠᠷᠢᠯ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ 4 ᠰᠠᠷ᠎ᠠ ᠶᠢᠨ 13 ᠤ ᠡᠳᠦᠷ ᠠᠴᠠ ᠡᠬᠢᠯᠡᠵᠦ᠂ 4 ᠰᠠᠷ᠎ᠠ ᠶᠢᠨ 24 ᠤ ᠡᠳᠦᠷ ᠪᠣᠯᠲᠠᠯ᠎ᠠ᠂ ᠨᠢᠭᠡᠨᠲᠡ 7.5 ᠲᠦᠮᠡᠨ ᠮᠦ ᠲᠠᠯᠠᠪᠠᠢ ᠶᠢ ᠰᠡᠷᠭᠡᠶᠢᠯᠡᠨ ᠵᠠᠰᠠᠵᠤ᠂ 7.5 ᠲᠤᠨ ᠠᠮᠢᠳᠤ ᠪᠣᠳᠠᠰ ᠤᠨ ᠡᠮ ᠬᠡᠷᠡᠭᠯᠡᠵᠦ᠂ ᠲᠣᠮᠣ ᠬᠡᠯᠪᠡᠷᠢ ᠶᠢᠨ ᠮᠠᠰᠢᠨ ᠮᠧᠬᠠᠨᠢᠭ 37 ᠰᠠᠤᠷᠢ ᠤᠳᠠᠭ᠎ᠠ᠂ ᠮᠠᠰᠢᠨ ᠲᠡᠷᠭᠡ 18 ᠲᠡᠷᠭᠡ ᠤᠳᠠᠭ᠎ᠠ ᠬᠥᠳᠡᠯᠭᠡᠭᠰᠡᠨ ᠪᠠᠶᠢᠨ᠎ᠠ᠃ ᠬᠡᠷᠪᠡ ᠠᠭᠤᠷ ᠠᠮᠢᠰᠬᠤᠯ ᠬᠡᠪ ᠤᠨ ᠪᠠᠶᠢᠪᠠᠯ᠂ ᠵᠢᠱᠢᠯᠲᠡ ᠪᠠᠷ 4 ᠰᠠᠷ᠎ᠠ ᠶᠢᠨ 28 ᠤ ᠡᠳᠦᠷ ᠰᠡᠷᠭᠡᠶᠢᠯᠡᠨ ᠵᠠᠰᠠᠬᠤ ᠠᠵᠢᠯ ᠢ ᠪᠥᠬᠦᠨ ᠢ ᠪᠡᠶᠡᠯᠡᠭᠦᠯᠬᠦ ᠪᠣᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号