4 ᠰᠠᠷ᠎ᠠ ᠶᠢᠨ 25 ᠤ ᠡᠳᠦᠷ᠂ ᠰᠢᠯᠢ ᠶᠢᠨ ᠭᠤᠤᠯ ᠠᠶᠢᠮᠠᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ | ᠲᠧᠯᠸᠢᠰ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠰᠢᠯᠢ ᠶᠢᠨ ᠭᠤᠤᠯ ᠠᠶᠢᠮᠠᠭ ᠤᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠶᠢ ᠠᠬᠢᠭᠤᠯᠬᠤ ᠲᠥᠪ᠂ ᠰᠢᠯᠢ ᠶᠢᠨ ᠭᠤᠤᠯ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠭᠰᠡᠨ ᠰᠢᠯᠢ ᠶᠢᠨ ᠭᠤᠤᠯ ᠠᠶᠢᠮᠠᠭ ᠤᠨ ︽ᠳᠤᠮᠳᠠᠳᠤ ᠤᠯᠤᠰ ᠤᠨ ᠲᠠᠮᠢᠷ | ᠤᠨ ᠰᠤᠭᠤᠯᠤᠭ᠎ᠠ ᠬᠤᠨᠳᠠᠭᠠᠲᠤ︾ ᠵᠢᠷᠭᠤᠳᠤᠭᠠᠷ ᠬᠤᠭᠤᠴᠠᠭᠠᠨ ᠤ ᠡᠷᠡᠭᠲᠡᠶ ᠶᠢᠨ ᠬᠥᠯ ᠪᠥᠮᠪᠦᠭᠡ ᠶᠢᠨ ᠮᠠᠩᠯᠠᠶ | ᠰᠢᠯᠭᠠᠷᠠᠭᠤᠯᠬᠤ ᠤᠷᠤᠯᠳᠤᠭᠠᠨ ᠰᠢᠯᠢ ᠶᠢᠨ ᠭᠤᠤᠯ ᠪᠡᠶ᠎ᠡ ᠲᠠᠮᠢᠷ ᠤᠨ ᠲᠠᠯᠠᠪᠠᠶ ᠳᠤ ᠦᠨᠳᠦᠷᠯᠡᠵᠦ᠂ ᠮᠠᠨ ᠤ | ᠬᠤᠰᠢᠭᠤᠨ ᠤ ᠲᠠᠮᠠᠴᠢ ᠬᠥᠯ ᠪᠥᠮᠪᠦᠭᠡ ᠶᠢᠨ ᠠᠩᠭᠢ ᠤᠷᠤᠯᠳᠤᠭᠠᠨ ᠳᠤ ᠳᠡᠳ᠋ᠯᠡᠭᠰᠡᠨ ᠪᠠᠶᠢᠨ᠎ᠠ᠃ | ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠬᠤᠰᠢᠭᠤ ᠠᠵᠢᠯᠴᠢᠨ ᠤ ᠡᠪᠯᠡᠯ ᠤᠨ | ᠬᠠᠮᠢᠶ᠎ᠠ ᠪᠥᠬᠦᠶ ᠬᠠᠷᠢᠭᠤᠴᠠᠯᠭᠠᠲᠠᠨ ᠲᠠᠮᠢᠷᠴᠢᠳ ᠤᠨ ᠢᠯᠠᠯᠲᠠ ᠲᠠᠢ ᠪᠤᠴᠠᠵᠤ ᠢᠷᠡᠭᠰᠡᠨ ᠢ ᠬᠠᠯᠠᠭᠤᠨ ᠢᠶᠠᠷ | ᠤᠭᠲᠤᠵᠤ᠂ ᠲᠠᠮᠢᠷᠴᠢᠳ ᠲᠤ ᠰᠣᠷᠭᠤᠭ ᠴᠡᠴᠡᠭ ᠬᠦᠷᠭᠡᠨ ᠰᠠᠶᠢᠨ ᠰᠠᠶᠢᠬᠠᠨ ᠵᠥᠩᠨᠡᠯ ᠢᠶᠠᠨ ᠳᠡᠪᠰᠢᠭᠦᠯᠵᠡᠢ᠃ | ᠲᠣᠰ ᠤᠳᠠᠭᠠᠨ ᠤ ᠤᠷᠤᠯᠳᠤᠭᠠᠨ 6 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠥᠬᠦ ᠠᠶᠢᠮᠠᠭ ᠤᠨ 14 | ᠲᠥᠯᠥᠭᠡᠯᠡᠭᠴᠢᠳ ᠤᠨ ᠠᠩᠭᠢ ᠶᠢᠨ 300 ᠭᠠᠷᠤᠶ ᠲᠠᠮᠢᠷᠴᠢᠨ ᠤᠷᠤᠯᠴᠠᠵᠠᠢ᠃ | ᠣᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠬᠥᠯ ᠪᠥᠮᠪᠦᠭᠡ ᠶᠢᠨ ᠠᠩᠭᠢ ᠶᠢᠨ ᠳᠣᠲᠣᠷ᠎ᠠ ᠨᠠᠰᠤ ᠪᠠᠷ | ᠬᠠᠮᠤᠭ ᠶᠡᠭᠡ ᠨᠢ 40 ᠨᠠᠰᠤᠲᠠᠶ᠂ ᠬᠠᠮᠤᠭ ᠪᠠᠭ᠎ᠠ ᠨᠢ 21 ᠨᠠᠰᠤᠲᠠᠶ᠃ | ᠲᠠᠮᠠᠴᠢ ᠬᠥᠯ ᠪᠥᠮᠪᠦᠭᠡ ᠶᠢᠨ ᠠᠩᠭᠢ ᠶᠢᠨ ᠳᠡᠳ᠋ ᠳᠠᠷᠤᠭ᠎ᠠ ᠦᠢᠯᠡᠰ᠄ ᠬᠤᠰᠢᠭᠤ ᠰᠣᠶᠣᠯ ᠲᠠᠮᠢᠷ | ᠵᠢᠭᠤᠯᠴᠢᠯᠠᠯ ᠷᠠᠳᠢᠣ᠋ ᠲᠧᠯᠸᠢᠰ ᠲᠣᠪᠴᠢᠶᠠᠨ ᠤ ᠵᠣᠬᠢᠶᠠᠨ ᠪᠠᠶᠢᠭᠤᠯᠤᠯᠲᠠ ᠪᠠᠷ ᠪᠢᠳᠡ ᠤᠷᠤᠯᠳᠤᠭᠠᠨ ᠳᠤ ᠨᠡᠷ᠎ᠡ | ᠮᠡᠳᠡᠭᠦᠯᠵᠦ ᠤᠷᠤᠯᠴᠠᠭᠰᠠᠨ᠂ ᠤᠷᠤᠯᠳᠤᠭᠠᠨ ᠳᠤ ᠪᠢᠳᠡ ᠴᠦᠬᠦᠷᠡᠰᠢ ᠦᠭᠡᠢ ᠴᠢᠷᠮᠠᠶᠢᠵᠤ ᠰᠢᠢᠳᠪᠦᠷᠢᠲᠦ | ᠤᠷᠤᠯᠳᠤᠭᠠᠨ ᠳᠤ ᠤᠷᠤᠭᠰᠠᠨ᠂ ᠬᠡᠳᠦᠶᠢᠪᠡᠷ ᠰᠥᠨᠢᠳ ᠵᠡᠭᠦᠨ ᠬᠤᠰᠢᠭᠤᠨ ᠤ ᠠᠩᠭᠢ ᠳᠤ ᠢᠯᠠᠭᠳᠠᠭᠰᠠᠨ ᠪᠣᠯᠪᠠᠴᠤ | ᠂ ᠪᠢᠳᠡ ᠳᠡᠳ᠋ᠯᠡᠭᠰᠡᠨ ᠶᠤᠮ᠂ ᠡᠨᠡ ᠨᠢ ᠮᠥᠨ ᠴᠦ ᠮᠠᠨ ᠤ ᠠᠶᠢᠮᠠᠭ ᠤᠨ ᠲᠠᠰ ᠤᠨ ᠤᠷᠤᠯᠳᠤᠭᠠᠨ ᠳᠤ ᠣᠯᠤᠭᠰᠠᠨ | ᠬᠠᠮᠤᠭ ᠤᠨ ᠰᠠᠶᠢᠨ ᠬᠢᠷᠢ ᠪᠦᠲᠦᠮᠵᠢ ᠮᠥᠨ᠂ ᠤᠷᠤᠯᠳᠤᠭᠠᠨ ᠢᠶᠠᠷ ᠳᠡᠮᠵᠢᠨ ᠪᠢᠳᠡ ᠡᠯ᠎ᠡ ᠬᠥᠯ ᠪᠥᠮᠪᠦᠭᠡ ᠶᠢᠨ | ᠠᠩᠭᠢ ᠠᠴᠠ ᠮᠠᠰᠢ ᠣᠯᠠᠨ ᠶᠠᠭᠤᠮ᠎ᠠ ᠣᠯᠵᠤ ᠰᠤᠷᠴᠠᠶ᠂ ᠡᠨᠡ ᠬᠦ ᠬᠢᠷᠢ ᠪᠦᠲᠦᠮᠵᠢ ᠨᠢ ᠮᠠᠨ ᠤ ᠲᠠᠷᠠᠭᠠᠴᠢ ᠶᠢᠨ | ᠬᠥᠯ ᠪᠥᠮᠪᠦᠭᠡ ᠶᠢᠨ ᠤᠷᠤᠯᠳᠤᠭᠠᠨ ᠳᠤ ᠮᠠᠰᠢ ᠰᠠᠶᠢᠨ ᠠᠬᠢᠭᠤᠯᠬᠤ ᠦᠶᠯᠡᠳᠦᠯ ᠲᠠᠢ ᠶᠤᠮ᠂ ᠥᠨᠥᠳᠦᠷ | ᠤᠳᠤᠷᠢᠳᠤᠯᠭ᠎ᠠ ᠨᠠᠷ ᠪᠢᠳᠡᠨ ᠢ ᠤᠭᠲᠤᠭᠰᠠᠨ ᠳᠤ ᠪᠢᠳᠡ ᠲᠤᠩ ᠲᠠᠯᠠᠷᠬᠠᠵᠤ ᠪᠠᠶᠢᠬᠤ ᠮᠥᠷᠲᠡᠭᠡᠨ ᠰᠡᠳᠬᠢᠯ | ᠳᠣᠭᠳᠣᠯᠵᠤ ᠪᠠᠶᠢᠨ᠎ᠠ᠃ ᠳᠠᠷᠠᠭᠠᠴᠢ ᠶᠢᠨ ᠤᠷᠤᠯᠳᠤᠭᠠᠨ ᠳᠤ ᠪᠢᠳᠡ ᠮᠠᠰᠢ ᠶᠡᠭᠡ ᠬᠦᠰᠡᠯ ᠡᠷᠡᠮᠡᠯᠵᠡᠯ ᠲᠠᠯᠪᠢᠵᠤ | ᠪᠠᠶᠢᠨ᠎ᠠ᠃ | |