ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠠᠴᠠ ᠡᠮᠦᠨᠡᠬᠢ ᠢᠳᠡᠭᠡᠨ ᠤ ᠠᠮᠤᠷ ᠲᠦᠪᠰᠢᠨ ᠤ ᠲᠤᠰᠬᠠᠢ ᠲᠥᠷᠥᠯ ᠤᠨ ᠪᠠᠶᠢᠴᠠᠭᠠᠯᠲᠠ ᠥᠷᠨᠢᠭᠦᠯᠦᠭᠰᠡᠨ
ᠨᠡᠶᠢᠲᠡᠯᠡᠭᠰᠡᠨ ᠴᠠᠭ᠄
2023/12/27
     ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠢ ᠪᠠᠲᠤᠯᠠᠵᠤ᠂ ᠣᠯᠠᠨ ᠲᠦᠮᠡᠨ ᠤ ᠪᠠᠶᠠᠷ ᠪᠠᠶᠠᠰᠬᠤᠯᠠᠩᠲᠠᠢ᠂ ᠡᠶ᠎ᠡ ᠨᠠᠶᠢᠷᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠦᠨᠡᠨᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠠᠴᠠ ᠡᠮᠦᠨᠡᠬᠢ ᠢᠳᠡᠭᠡᠨ ᠤ ᠠᠮᠤᠷ ᠲᠦᠪᠰᠢᠨ ᠤ ᠲᠤᠰᠬᠠᠢ ᠲᠥᠷᠥᠯ ᠤᠨ ᠪᠠᠶᠢᠴᠠᠭᠠᠯᠲᠠ ᠬᠢᠵᠡᠢ᠃     ᠬᠠᠤᠯᠢ ᠬᠡᠷᠡᠭᠵᠢᠭᠦᠯᠦᠭᠴᠢᠳ ᠳᠥᠷᠪᠡᠨ ᠳᠤᠭᠤᠶᠢᠯᠠᠩ ᠬᠤᠪᠢᠶᠠᠵᠤ᠂ ᠬᠡᠳᠦ ᠳᠡᠯᠭᠡᠭᠦᠷ᠂ ᠢᠳᠡᠭᠡᠨ ᠤ ᠡᠵᠡᠩᠨᠡᠯᠲᠡ ᠶᠢᠨ ᠳᠡᠯᠭᠡᠭᠦᠷ ᠵᠡᠷᠭᠡ ᠳᠤ ᠭᠦᠨᠵᠡᠭᠡᠶᠢᠷᠡᠨ᠂ ᠠᠮᠤ ᠪᠤᠳᠠᠭ᠎ᠠ᠂ ᠲᠣᠰᠣ᠂ ᠭᠤᠯᠢᠷ᠂ ᠬᠡᠦᠬᠡᠳ ᠤᠨ ᠢᠳᠡᠭᠡᠨ ᠵᠡᠷᠭᠡ ᠲᠥᠷᠥᠯ ᠵᠦᠢᠯ ᠢᠶᠠᠷ ᠭᠤᠤᠯᠳᠠᠯᠭ᠎ᠠ ᠪᠤᠯᠭᠠᠨ᠂ ᠡᠵᠡᠩᠨᠡᠯᠲᠡ ᠶᠢᠨ ᠨᠢᠭᠡᠴᠡ ᠶᠢᠨ ᠭᠤᠣᠯ ᠴᠣᠭᠴᠠ  ᠶᠢᠨ ᠬᠢᠷᠢ ᠭᠡᠮ᠂ ᠲᠦᠷᠢᠮ ᠤᠨ ᠨᠠᠶᠢᠳᠠᠪᠤᠷᠢᠵᠢᠭᠤᠯᠤᠯᠲᠠ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠢᠳᠡᠭᠡᠨ ᠤ ᠲᠦᠭᠦᠬᠡᠢ ᠮᠠᠲ᠋ᠧᠷᠢᠶᠠᠯ ᠢ ᠬᠤᠳᠠᠯᠳᠤᠨ ᠠᠪᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ︽ᠭᠤᠷᠪᠠ ᠦᠭᠡᠢ︾ ᠢᠳᠡᠭᠡᠨ ᠵᠢᠴᠢ ᠬᠤᠭᠤᠴᠠᠭ᠎ᠠ ᠨᠢ ᠥᠩᠭᠡᠷᠡᠭᠰᠡᠨ᠂ ᠴᠢᠨᠠᠷ ᠨᠢ ᠬᠤᠪᠢᠷᠬᠠᠰᠠᠨ ᠢᠳᠡᠭᠡᠨ ᠪᠣᠷᠤᠯᠠᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠴᠢᠩᠭ᠎ᠠ ᠪᠠᠶᠢᠴᠠᠭᠠᠵᠠᠢ᠃     ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠦᠭᠴᠢᠳ ᠡᠵᠡᠩᠨᠡᠭᠴᠢᠳ ᠲᠤ ︽ᠢᠳᠡᠭᠡᠨ ᠤ ᠠᠶᠤᠯᠭᠦᠢ ᠶᠢᠨ ᠬᠠᠤᠯᠢ︾᠂ ︽ᠢᠳᠡᠭᠡᠨ ᠤ ᠠᠶᠤᠯᠭᠦᠢ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠢ ᠤᠬᠠᠭᠤᠯᠬᠤ ᠶᠢᠨ ᠬᠠᠮᠲᠤ ᠢᠳᠡᠭᠡᠨ ᠪᠣᠷᠣᠯᠠᠭᠤᠯᠬᠤ ᠨᠢᠭᠡᠴᠡ ᠶᠢ ᠢᠳᠡᠭᠡᠨ ᠤ ᠠᠶᠤᠯᠭᠦᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠭᠤᠯᠵᠠᠢ᠃    ᠳᠠᠷᠠᠭᠠᠴᠢ ᠶᠢᠨ ᠠᠯᠬᠤᠮ ᠳᠤ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠪᠣᠯᠤᠨ ᠵᠠᠬ᠎ᠠ ᠳᠡᠯᠭᠡᠭᠦᠷ ᠤᠨ ᠲᠣᠭᠤᠷᠢᠨ ᠪᠠᠶᠢᠴᠠᠭᠠᠯᠲᠠ ᠶᠢᠨ ᠪᠣᠭᠤᠮᠲᠠ ᠶᠢ ᠤᠯᠠᠮ ᠨᠢᠭᠡ ᠠᠯᠬᠤᠮ ᠴᠢᠩᠭ᠎ᠠ ᠠᠳᠬᠤᠵᠤ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠠᠬᠢ ᠣᠯᠠᠨ ᠲᠦᠮᠡᠨ ᠤ ᠢᠳᠡᠭᠡᠨ ᠤᠮᠳᠠᠭᠠᠨ ᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号