ᠮᠠᠨ ᠤ ᠬᠤᠰᠢᠭᠤ 2023 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ  ᠶᠢᠨ ᠰᠠᠷ᠎ᠠ︾ ︽ᠦᠨᠳᠦᠰᠦᠲᠡᠨ ᠤ ᠬᠠᠤᠯᠢ ᠳᠥᠷᠢᠮ ᠤᠨ ᠤᠬᠠᠭᠤᠯᠭ᠎ᠠ ᠶᠢᠨ ᠭᠠᠷᠠᠭ︾ ᠤᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠢᠭᠰᠡᠨ
ᠨᠡᠶᠢᠲᠡᠯᠡᠭᠰᠡᠨ ᠴᠠᠭ᠄
2023/12/27
    ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠳᠦᠷᠢᠮ ᠢ ᠪᠦᠬᠦ ᠲᠠᠯ᠎ᠠ ᠪᠠᠷ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠳᠡᠪᠰᠢᠯᠲᠡ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠂ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠬᠠᠮᠲᠤᠷᠠᠯᠴᠠᠭ᠎ᠠ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠦᠵᠡᠯ ᠤᠬᠠᠮᠰᠠᠷ ᠢ ᠪᠠᠲᠤ ᠴᠤᠭᠴᠠᠯᠠᠵᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠥᠲᠦᠭᠡᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠶᠢᠨ ᠲᠥᠯᠥᠭᠡ᠂ 4 ᠰᠠᠷ᠎ᠠ ᠶᠢᠨ 28 ᠤ ᠡᠳᠦᠷ᠂ ᠮᠠᠨ ᠤ ᠬᠤᠰᠢᠭᠤ 2023 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠲᠥᠷᠢᠮ  ᠤᠨ ᠤᠬᠠᠭᠤᠯᠭ᠎ᠠ ᠶᠢᠨ ᠭᠠᠷᠠᠭ︾ ᠤᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ᠃    ᠬᠤᠰᠢᠭᠤ ᠤᠳᠤᠷᠢᠳᠤᠯᠭ᠎ᠠ ᠸᠠᠩ ᠵᠠᠨ ᠴᠢ᠂ ᠨᠠᠰᠤᠲᠤ᠂ ᠲᠤᠯᠭᠠᠭᠤᠷᠢ᠂ ᠳ᠋ᠦ᠋ ᠱᠧᠩ᠂ ᠳᠠᠯᠠᠨᠪᠠᠶᠠᠷ᠂ ᠰᠥᠩ ᠬᠤᠩ ᠪᠢᠩ᠂ ᠰᠠᠶᠢᠨᠴᠤᠭᠲᠦ᠂ ᠴᠢᠨ ᠯᠢᠶᠠᠩ᠂ ᠬᠠᠨ ᠵᠧᠨ᠂ ᠸᠧᠢ ᠱᠦ ᠹᠧᠢ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ ᠶᠢᠨ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠤᠮᠤ ᠪᠠᠯᠭᠠᠰᠤᠨ ᠤ ᠳᠠᠷᠤᠭ᠎ᠠ᠂ ᠨᠢᠭᠡᠳᠦᠮᠡᠯ ᠹᠷᠣᠨᠲ ᠤᠨ ᠭᠡᠰᠢᠭᠦᠨ᠂ ᠠᠷᠠᠳ ᠤᠨ ᠲᠥᠯᠥᠭᠡᠯᠡᠭᠴᠢ᠂  ᠨᠡᠶᠢᠭᠡᠮ ᠤᠨ ᠡᠯ᠎ᠡ ᠬᠦᠷᠢᠶ᠎ᠡ ᠬᠡᠪᠴᠢᠶᠡᠨ ᠳᠠᠬᠢ ᠲᠥᠯᠥᠭᠡᠯᠡᠭᠴᠢ ᠬᠥᠮᠦᠰ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃    ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠸᠠᠩ ᠵᠠᠨ ᠴᠢ ᠡᠬᠢᠯᠡᠯᠲᠡ ᠶᠢᠨ ᠶᠣᠰᠣᠯᠠᠯ ᠳᠤ ᠶᠠᠷᠢᠶ᠎ᠠ ᠬᠢᠵᠡᠢ᠃    ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠨᠠᠰᠤᠲᠤ ᠮᠠᠨ ᠤ ᠬᠤᠰᠢᠭᠤᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ  ᠶᠢᠨ ᠰᠠᠷ᠎ᠠ︾᠂ ︽ᠦᠨᠳᠦᠰᠦᠲᠡᠨ ᠤ ᠬᠠᠤᠯᠢ ᠲᠥᠷᠢᠮ ᠤᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠨᠡᠶᠢᠳᠡᠯᠡᠪᠠ᠃    ᠶᠤᠰᠤᠯᠠᠯ ᠳᠤ᠂ ᠬᠤᠰᠢᠭᠤ ᠤᠯᠠᠭᠠᠨᠮᠥ᠋ᠴᠢᠷ᠂ ᠰᠠᠢ ᠪᠧᠢ ᠴᠧᠩ ᠨᠡᠶᠢᠭᠡᠮ ᠲᠣᠭᠤᠷᠢᠭ᠂ ᠬᠠᠩᠭᠠᠢ ᠵᠠᠮ ᠤᠨ ᠨᠡᠶᠢᠭᠡᠮ ᠲᠣᠭᠤᠷᠢᠭ ᠵᠢᠴᠢ ᠤᠯᠤᠰ ᠤᠨ ᠬᠡᠦᠬᠡᠳ ᠠᠴᠠ ᠭᠤᠴᠣ ᠰᠠᠶᠢᠬᠠᠨ ᠲᠣᠭᠯᠠᠯᠲᠠ ᠭᠠᠷᠭᠠᠵᠤ᠂ ᠠᠵᠢᠯᠲᠠᠳ ᠤᠯᠤᠰ ᠤᠨ ᠬᠠᠮᠢᠶ᠎ᠠ ᠪᠥᠬᠦᠢ ᠬᠠᠤᠯᠢ ᠴᠠᠭᠠᠵᠠ ᠬᠠᠤᠯᠢ ᠳᠤᠭᠲᠠᠭᠠᠯ᠂ ᠨᠠᠮ ᠤᠨ ᠦᠨᠳᠦᠰᠦᠲᠡᠨ ᠤ ᠠᠵᠢᠯ ᠤᠨ ᠴᠢᠭᠯᠡᠯᠲᠡ᠂ ᠲᠥᠷᠦ ᠶᠢᠨ ᠪᠤᠳᠤᠯᠭ᠎ᠠ ᠵᠡᠷᠭᠡ ᠶᠢ ᠤᠬᠠᠭᠤᠯᠤᠨ ᠲᠠᠶᠢᠯᠪᠤᠷᠢᠯᠠᠵᠠᠢ᠃    ᠰᠤᠷᠪᠤᠯᠵᠢᠯᠠᠭ᠎ᠠ᠄ ᠤᠯᠤᠰ ᠤᠨ ᠬᠡᠦᠬᠡᠳ  ᠡᠷᠴᠢᠵᠤᠷᠢᠭ  ᠥᠨᠦᠳᠦᠷ ᠤᠨ ᠡᠨᠡᠬᠦ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠦᠵᠡᠯ ᠤᠬᠠᠮᠰᠠᠷ ᠢ ᠪᠠᠲᠤ ᠴᠤᠭᠴᠠᠯᠠᠬᠤ ᠠᠵᠢᠯᠯᠠᠭᠠᠨ ᠳᠤ ᠤᠷᠤᠯᠴᠠᠭᠠᠳ ᠰᠡᠳᠬᠢᠯ ᠶᠡᠭᠡ ᠥᠨᠳᠦᠷ ᠪᠠᠶᠢᠨ᠎ᠠ᠃ ᠤᠯᠤᠰ ᠠᠴᠠ ᠮᠠᠨ ᠤ ᠤᠯᠤᠰ ᠤᠨ ᠬᠡᠦᠬᠡᠳ ᠢ ᠴᠢᠬᠤᠯᠠᠴᠢᠯᠠᠨ ᠦᠵᠡᠵᠦ ᠪᠠᠶᠢᠭ᠎ᠠ ᠳᠤ ᠮᠠᠰᠢ ᠲᠠᠯᠠᠷᠬᠠᠵᠤ ᠪᠠᠶᠢᠨ᠎ᠠ᠃    ᠰᠣᠷᠪᠤᠯᠵᠢᠯᠠᠭ᠎ᠠ᠄ ᠰᠠᠢ ᠪᠸᠢ ᠴᠧᠩ ᠰᠠᠭᠤᠭᠠᠯᠢ ᠲᠤᠭᠤᠷᠢᠭ ᠤᠨ ᠨᠠᠮ ᠤᠨ ᠡᠭᠦᠷ ᠤᠨ ᠱᠦᠵᠢ᠂ ᠡᠷᠬᠢᠯᠡᠭᠴᠢ  ᠲᠦᠩ ᠰᠢᠦ ᠴᠢᠨ    5 ᠰᠠᠷ᠎ᠠ ᠪᠣᠯ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠪᠣᠯᠤᠨ᠎ᠠ᠂ ᠪᠢ ᠥᠨᠥᠳᠥᠷ ᠠᠵᠠ ᠪᠠᠷ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ︾ ︽ᠦᠨᠳᠦᠰᠦᠲᠡᠨ ᠤ ᠬᠠᠤᠯᠢ ᠲᠥᠷᠢᠮ ᠤᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠳᠤ ᠤᠷᠤᠯᠴᠠᠭᠰᠠᠨ ᠳᠤ ᠪᠠᠨ ᠶᠡᠭᠡ ᠪᠠᠶᠠᠷᠯᠠᠵᠤ ᠪᠠᠶᠢᠨ᠎ᠠ᠂ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢᠳᠡ ᠡᠯ᠎ᠡ ᠵᠦᠢᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠳᠦᠷᠢᠮ ᠢ ᠰᠠᠶᠢᠲᠤᠷ ᠤᠬᠠᠭᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号