ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠬᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠥᠷᠭᠡᠳᠬᠡᠬᠦ ᠶᠢ | ᠲᠠᠰᠤᠷᠠᠯᠲᠠ ᠦᠭᠡᠢ ᠲᠦᠯᠬᠢᠨ ᠠᠬᠢᠭᠤᠯᠬᠤ ᠶᠢᠨ ᠲᠥᠯᠥᠭᠡ᠂ ᠰᠠᠶᠢᠬᠠᠨᠲᠠᠯ᠎ᠠ ᠪᠠᠯᠭᠠᠰᠤᠨ ᠤ ᠨᠠᠮ ᠤᠨ ᠬᠡᠰᠢᠭᠦᠨ ᠪᠠ | ᠣᠯᠠᠨ ᠲᠦᠮᠡᠨ ᠳᠤ ᠦᠢᠯᠡᠴᠢᠯᠡᠬᠦ ᠲᠥᠪ ︽ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ︾᠂ ︽ᠭᠡᠷ | ᠲᠤᠨᠢ ᠬᠦᠷᠴᠦ ᠦᠢᠯᠡᠴᠢᠯᠡᠬᠦ︾ ᠵᠡᠷᠭᠡ ᠠᠵᠢᠯ ᠤᠨ ᠵᠠᠭᠪᠤᠷ ᠲᠠᠢ ᠪᠦᠲᠦᠮᠵᠢᠲᠡᠢ ᠤᠶᠠᠯᠳᠤᠭᠤᠯᠤᠨ᠂ ᠣᠯᠠᠨ | ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠪᠥᠬᠦ ᠲᠠᠯ᠎ᠠ ᠪᠠᠷ ᠲᠦᠭᠦᠮ ᠦᠵᠡᠬᠦᠯᠵᠦ ᠪᠠᠶᠢᠨ᠎ᠠ᠃ | ᠭᠠᠴᠠᠭ᠎ᠠ᠂ ᠨᠡᠶᠢᠭᠡᠮ ᠲᠣᠭᠤᠷᠢᠭ ᠤᠨ ᠠᠵᠢᠯᠲᠠᠳ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠳᠤ | ᠬᠤᠯᠪᠣᠭᠳᠠᠭᠰᠠᠨ ᠣᠯᠠᠨ ᠲᠦᠮᠡᠨ ᠢ ᠤᠷᠢᠳᠴᠢᠯᠠᠨ ᠰᠢᠭᠰᠢᠨ ᠪᠠᠶᠢᠴᠠᠭᠠᠵᠤ᠂ ᠰᠠᠶᠢᠬᠠᠨᠲᠠᠯ᠎ᠠ ᠪᠠᠯᠭᠠᠰᠤᠨ ᠤ ᠨᠠᠮ ᠤᠨ | ᠬᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠤᠨ ᠠᠷᠠᠳ ᠲᠤ ᠲᠥᠬᠦᠮ ᠦᠵᠡᠭᠦᠯᠬᠦ ᠶᠡᠭᠡ ᠲᠢᠩᠬᠢᠮ ᠤᠨ | ᠠᠷᠠᠳ ᠤᠨ ᠶᠠᠪᠤᠳᠠᠯ ᠤᠨ ᠴᠤᠩᠬᠤᠪᠴᠢ ᠳᠤ ᠬᠦᠷᠴᠦ ᠳᠡᠭᠡᠭᠰᠢ ᠮᠡᠳᠡᠬᠦᠯᠦᠨ᠂ ᠨᠦᠬᠦᠴᠡᠯ ᠳᠤ ᠨᠡᠶᠢᠴᠡᠭᠰᠡᠨ | ᠨᠠᠰᠤᠳᠠᠶᠢᠴᠤᠳ ᠤᠨ ᠲᠥᠷᠥ ᠶᠢᠨ ᠪᠣᠳᠣᠯᠭ᠎ᠠ ᠭᠥᠷᠳᠡᠬᠦ ᠠᠴᠠ 1 — 2 ᠰᠠᠷ᠎ᠠ ᠶᠢᠨ ᠡᠮᠦᠨ᠎ᠡ᠂ ︽ᠬᠠᠪᠰᠤᠷᠤᠨ | ᠰᠢᠢᠳᠪᠦᠷᠢᠯᠡᠵᠦ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠠᠩᠭᠢ ᠶᠢᠨ ᠬᠢᠨ ᠨᠢᠬᠡᠨᠳᠡ ᠭᠠᠷ ᠭᠦᠢᠴᠡᠳᠬᠡᠯ ᠢ ᠨᠢ | ᠤᠷᠤᠯᠠᠨ ᠬᠢᠵᠦ᠂ ᠨᠠᠰᠤᠲᠠᠶᠢᠴᠤᠳ ᠲᠠᠢ ᠬᠠᠷᠢᠯᠴᠠᠭᠰᠠᠨ ᠤ ᠳᠠᠷᠠᠭ᠎ᠠ᠂ ᠬᠠᠮᠢᠶ᠎ᠠ ᠪᠦᠬᠦᠢ ᠮᠠᠲ᠋ᠧᠷᠢᠶᠠᠯ ᠢᠶᠠᠨ ᠠᠪᠴᠤ | ᠭᠡᠷ ᠲᠤᠨᠢ ᠬᠦᠷᠴᠦ ᠦᠢᠯᠡᠴᠢᠯᠡᠳᠡᠭ᠃ ᠡᠨᠡ ᠡᠳᠦᠷ ᠳᠡᠳᠡ ᠬᠤᠶᠠᠷ ᠰᠠᠷ᠎ᠠ ᠶᠢᠨ ᠳᠠᠷᠠᠭ᠎ᠠ ᠳᠡᠳᠬᠦᠪᠦᠷᠢ ᠪᠠᠨ ᠠᠪᠬᠤ | ᠪᠠᠷ ᠪᠠᠶᠢᠭ᠎ᠠ ᠯᠢᠦ ᠷᠦᠨ ᠬᠤᠸᠠ ᠨᠠᠰᠤᠳᠠᠨ ᠤ ᠳᠤ ᠦᠢᠯᠡᠴᠢᠯᠡᠬᠦ ᠪᠠᠷ ᠢᠷᠡᠭᠰᠡᠨ ᠪᠠᠶᠢᠯ᠎ᠠ᠃ | ᠰᠤᠷᠪᠤᠯᠵᠢᠯᠠᠭ᠎ᠠ᠄ ᠯᠢᠦ ᠷᠦᠨ ᠬᠤᠸᠠ ᠶᠢᠨ ᠦᠬᠢᠨ ᠭᠦᠸᠧ ᠮᠧᠢ ︵ᠮᠢᠨᠤ ᠡᠵᠢ ᠶᠢᠨ ᠬᠥᠯ ᠨᠢ ᠴᠦ ᠮᠠᠭᠤ᠂ | ᠦᠢᠯᠡᠴᠢᠯᠡᠭᠡᠨ ᠤ ᠠᠩᠭᠢ ᠶᠢᠨ ᠬᠢᠨ ᠪᠡᠶ᠎ᠡ ᠪᠠᠷ ᠢᠶᠠᠨ ᠢᠷᠡᠵᠦ ᠦᠢᠯᠡᠴᠢᠯᠡᠵᠦ ᠪᠠᠶᠢᠨ᠎ᠠ᠂ ᠠᠵᠢᠯᠲᠠᠳ ᠲᠤ ᠲᠠᠯᠠᠷᠬᠠᠵᠤ | ᠪᠠᠶᠢᠨ᠎ᠠ︶ | ᠰᠠᠶᠢᠬᠠᠨᠲᠠᠯ᠎ᠠ ᠪᠠᠯᠭᠠᠰᠤᠨ ᠤ ᠨᠠᠮ ᠤᠨ ᠬᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠦᠢᠯᠡᠴᠢᠯᠡᠭᠡᠨ | ᠤ ᠰᠢᠰᠲ᠋ᠧᠮ ᠤᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠪᠦᠷᠬᠦᠴᠡ ᠶᠢ ᠥᠷᠭᠡᠳᠬᠡᠵᠦ᠂ ᠠᠷᠠᠳ ᠲᠤ ᠳᠥᠭᠦᠮ | ᠦᠵᠡᠭᠦᠯᠬᠦ ᠦᠢᠯᠡᠴᠢᠯᠡᠭᠡᠨ ᠤ ᠲᠥᠪ᠂ ᠭᠠᠴᠠᠭᠠᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ | + ᠨᠠᠮ ᠤᠨ ᠭᠡᠰᠢᠭᠦᠨ᠂ ᠬᠤᠶᠠᠷ ᠵᠥᠪᠯᠡᠯ ᠤᠨ ᠭᠡᠰᠢᠭᠦᠨ᠂ ᠨᠢᠭᠡᠳᠦᠭᠡᠷ ᠱᠦᠵᠢ ᠶᠢᠨ 2+3 ᠦᠢᠯᠡᠴᠢᠯᠡᠭᠡᠨ ᠤ | ᠵᠠᠭᠪᠤᠷ ᠢᠶᠠᠷ ᠬᠤᠶᠠᠷ ᠱᠠᠲᠤᠨ ᠤ ︽ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ︾ ᠦᠢᠯᠡᠴᠢᠯᠡᠭᠡ ᠶᠢ | ᠠᠬᠢᠭᠤᠯᠵᠤ᠂ ᠪᠥᠬᠦ ᠬᠦᠷᠢᠶ᠎ᠡ ᠴᠠᠷ᠎ᠠ᠂ ᠪᠥᠬᠦ ᠲᠠᠯ᠎ᠠ᠂ ᠣᠯᠠᠨ ᠲᠠᠰ ᠳᠠᠪᠬᠤᠷᠭ᠎ᠠ ᠶᠢᠨ ︽ᠬᠠᠪᠰᠤᠷᠤᠨ | ᠰᠢᠢᠳᠪᠦᠷᠢᠯᠡᠵᠦ ᠣᠷᠣᠯᠠᠨ ᠭᠦᠢᠴᠡᠳᠬᠡᠬᠦ︾ ᠦᠢᠯᠡᠴᠢᠯᠡᠭᠡ ᠶᠢ ᠬᠠᠩᠭᠠᠬᠤ ᠶᠢᠨ ᠬᠠᠮᠲᠤ᠂ ᠡᠮᠴᠢᠯᠡᠭᠡᠨ ᠤ | ᠳᠠᠭᠠᠳᠬᠠᠯ ᠤᠨ ᠰᠦᠢᠳᠬᠡᠯ ᠲᠤᠰᠢᠶᠠᠬᠤ᠂ ᠦᠷᠡᠵᠢᠯ ᠤᠨ ᠳᠠᠭᠠᠳᠬᠠᠯ ᠤᠨ ᠣᠯᠭᠤᠮᠵᠢ ᠶᠢ ᠬᠠᠷᠭᠤᠭᠤᠯᠤᠨ | ᠵᠥᠪᠰᠢᠶᠡᠷᠡᠵᠦ ᠳᠤᠭᠠᠴᠠᠭ᠎ᠠ ᠬᠢᠬᠦ᠂ ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠦᠷᠢ᠂ ᠠᠵᠢᠯ ᠠᠯᠳᠠᠭᠰᠠᠳ ᠤᠨ | ᠳᠠᠩᠰᠠᠯᠠᠯᠲᠠ ᠵᠡᠷᠭᠡ 40 ᠭᠠᠷᠤᠢ ᠵᠦᠢᠯᠡᠰ ᠢ ᠴᠥᠮ ︽ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ︾ | ᠦᠢᠯᠡᠴᠢᠯᠡᠭᠡᠨ ᠤ ᠠᠭᠤᠯᠭ᠎ᠠ ᠳᠤ ᠣᠷᠣᠭᠤᠯᠵᠤ᠂ ︽ᠥᠨᠳᠥᠷ ᠪᠦᠲᠦᠮᠵᠢᠲᠡᠢ ᠪᠥᠭᠡᠳ ᠳᠥᠭᠦᠮ ᠳᠥᠲᠡ᠂ ᠴᠢᠨᠠᠷ | ᠰᠠᠶᠢᠲᠠᠢ ᠪᠥᠭᠡᠳ ᠰᠡᠳᠬᠢᠯ ᠳᠤ ᠳᠤᠯᠠᠭᠠᠨ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠣᠷᠴᠢᠨ | ᠲᠣᠭᠤᠷᠢᠨ ᠢ ᠪᠥᠬᠦ ᠲᠠᠯ᠎ᠠ ᠪᠠᠷ ᠪᠣᠶ ᠪᠤᠯᠭᠠᠵᠤ ᠪᠠᠶᠢᠨ᠎ᠠ᠃ | ᠰᠤᠷᠪᠤᠯᠵᠢᠯᠠᠭ᠎ᠠ᠄ ᠰᠠᠶᠢᠬᠠᠨᠲᠠᠯ᠎ᠠ ᠪᠠᠯᠭᠠᠰᠤᠨ ᠤ ᠨᠠᠮ ᠤᠨ ᠬᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ | ᠲᠥᠪ ᠤᠨ ᠠᠵᠢᠯᠳᠠᠨ ᠰᠢᠦ ᠵᠧᠨ ︵ᠰᠠᠶᠢᠬᠠᠨᠲᠠᠯ᠎ᠠ ᠪᠠᠯᠭᠠᠰᠤᠨ ᠤ ᠨᠠᠮ ᠤᠨ ᠬᠡᠰᠢᠭᠦᠨ ᠪᠠ ᠣᠯᠠᠨ ᠲᠦᠮᠡᠨ ᠳᠤ | ᠦᠢᠯᠡᠴᠢᠯᠡᠬᠦ ᠲᠥᠪ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠯᠠᠨ ᠲᠦᠮᠡᠨ ᠤ ᠳᠤᠬᠠᠶᠢᠯᠠᠭᠰᠠᠨ ᠠᠵᠢᠯ | ᠬᠦᠢᠴᠡᠳᠬᠡᠬᠦ ᠳᠤ ᠦᠢᠯᠡᠴᠢᠯᠡᠬᠦ ᠶᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠦᠢᠯᠡᠴᠢᠯᠡᠭᠡ ᠶᠢ ᠤᠯᠠᠮ ᠨᠢᠭᠡ | ᠠᠯᠬᠤᠮ ᠰᠢᠯᠢᠳᠡᠭᠵᠢᠬᠦᠯᠵᠦ᠂ ᠭᠡᠷ ᠲᠤᠨᠢ ᠬᠦᠷᠴᠦ ᠦᠢᠯᠡᠴᠢᠯᠡᠬᠦ᠂ ︽ᠬᠠᠪᠰᠤᠷᠤᠨ ᠰᠢᠢᠳᠪᠦᠷᠢᠯᠡᠵᠦ ᠣᠷᠣᠯᠠᠨ | ᠭᠦᠢᠴᠡᠳᠬᠡᠬᠦ︾ ᠠᠵᠢᠯ ᠢ ᠥᠷᠨᠢᠭᠦᠯᠵᠦ᠂ ᠦᠨᠳᠦᠰᠦᠨ ᠱᠠᠲᠤᠨ ᠤ ᠤᠯᠠᠨ ᠲᠦᠮᠡᠨ ᠤ ︽ᠤᠯᠠᠨ ᠤᠳᠠᠭ᠎ᠠ | ᠬᠦᠢᠴᠡᠳᠬᠡᠵᠦ᠂ ᠨᠠᠰᠢ ᠴᠠᠰᠢ ᠤᠯᠠᠨ ᠭᠦᠶᠦᠬᠦ︾ ᠵᠡᠷᠭᠡ ᠠᠰᠠᠭᠤᠳᠠᠯ ᠢ ᠰᠢᠢᠳᠪᠦᠷᠢᠯᠡᠵᠦ᠂ ᠡᠨᠡ ᠵᠢᠯ ᠠᠴᠠ ᠨᠠᠰᠢ | ᠡᠯ᠎ᠡ ᠵᠦᠢᠯ ᠤᠨ ᠲᠤᠬᠠᠶᠢᠯᠠᠭᠰᠠᠨ ᠠᠵᠢᠯ ᠵᠢᠱᠢᠶᠡᠯᠡᠪᠡᠯ᠂ ᠨᠢᠬᠡ ᠯᠡ ᠺᠠᠷᠲ ᠢᠶᠠᠷ ᠬᠦᠢᠴᠡᠳᠬᠡᠬᠦ᠂ ᠥᠨᠳᠥᠷ | ᠨᠠᠰᠤᠨ ᠤ ᠳᠡᠳᠬᠦᠪᠦᠷᠢ ᠭᠤᠶᠤᠴᠢᠯᠠᠬᠤ᠂ ᠦᠷᠡᠵᠢᠯ ᠤᠨ ᠮᠡᠳᠡᠭᠡ ᠵᠠᠩᠭᠢ ᠵᠡᠷᠭᠡ ᠲᠤᠬᠠᠶᠢᠯᠠᠭᠰᠠᠨ ᠠᠵᠢᠯ ᠢ | ᠪᠠᠭᠲᠠᠭᠠᠨ 140 ᠭᠠᠷᠤᠢ ᠤᠳᠠᠭ᠎ᠠ ᠤᠷᠤᠯᠠᠨ ᠬᠦᠢᠴᠡᠳᠬᠡᠵᠦ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠪᠠ᠃ | ︶ | ᠳᠠᠷᠠᠭᠠᠴᠢ ᠶᠢᠨ ᠠᠯᠬᠤᠮ ᠳᠤ᠂ ᠰᠠᠶᠢᠬᠠᠨᠲᠠᠯ᠎ᠠ ᠪᠠᠯᠭᠠᠰᠤᠨ ᠤ ᠨᠠᠮ ᠤᠨ ᠬᠡᠰᠢᠭᠦᠨ ᠪᠠ ᠣᠯᠠᠨ ᠲᠦᠮᠡᠨ ᠳᠤ | ᠦᠢᠯᠡᠴᠢᠯᠡᠬᠦ ᠲᠥᠪ ᠤᠨ ᠬᠢᠨ ᠡᠩᠨᠡᠭᠡᠨ ᠤ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ︽ᠣᠯᠠᠨ | ᠡᠰᠢᠵᠢᠭᠰᠡᠨ︾ ᠦᠢᠯᠡᠴᠢᠯᠡᠭᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠲᠤᠰᠬᠠᠢ ᠮᠡᠷᠭᠡᠵᠢᠯ ᠤᠨ ᠰᠢᠯᠢᠳᠡᠭ ᠣᠷᠣᠯᠠᠨ | ᠭᠦᠢᠴᠡᠳᠭᠡᠭᠴᠢ ᠰᠤᠩᠭᠤᠨ ᠲᠣᠬᠢᠷᠠᠭᠤᠯᠵᠤ᠂ ︽ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ︾ | ᠦᠢᠯᠡᠴᠢᠯᠡᠭᠡ ᠬᠠᠩᠭᠠᠵᠤ᠂ ︽ᠦᠵᠡᠵᠦ ᠰᠣᠨᠣᠰᠬᠤ ᠪᠠ ᠠᠰᠠᠭᠤᠵᠤ ᠯᠠᠪᠯᠠᠬᠤ︾ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ | ᠶᠢ ᠡᠮᠬᠢᠯᠡᠨ ᠳᠢᠭᠯᠡᠵᠦ᠂ ︽ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ︾ ᠦᠢᠯᠡᠴᠢᠯᠡᠭᠡ ᠶᠢ | ᠲᠡᠭᠦᠯᠳᠡᠷᠵᠢᠭᠦᠯᠦᠨ᠂ ᠠᠰᠠᠭᠤᠨ ᠯᠠᠪᠯᠠᠬᠤ᠂ ᠵᠢᠭᠠᠨ ᠵᠢᠯᠤᠭᠤᠳᠬᠤ᠂ ᠤᠷᠢᠳᠴᠢᠯᠠᠨ ᠪᠣᠯᠵᠣᠬᠤ᠂ ᠣᠷᠣᠯᠠᠨ | ᠭᠦᠢᠴᠡᠳᠬᠡᠬᠦ ᠵᠡᠷᠭᠡ ᠦᠢᠯᠡᠴᠢᠯᠡᠭᠡ ᠬᠠᠩᠭᠠᠬᠤ ᠪᠤᠯᠤᠨ᠎ᠠ᠃ | |