ᠭᠠᠩ ᠲᠠᠢ ᠳᠡᠮᠡᠴᠡᠬᠦ ᠠᠵᠢᠯ ᠳᠤ ᠭᠠᠷ ᠬᠤᠯᠪᠤᠨ ᠨᠢᠭᠡᠳᠴᠦ ᠪᠠᠶᠢᠨ᠎ᠠ
ᠨᠡᠶᠢᠲᠡᠯᠡᠭᠰᠡᠨ ᠴᠠᠭ᠄
2023/12/28
   ᠮᠠᠨ ᠤ ᠬᠤᠰᠢᠭᠤᠨ ᠤ ᠭᠠᠩ ᠤᠨ ᠪᠠᠶᠢᠳᠠᠯ ᠳᠤ᠂ ᠥᠷᠭᠡᠨ ᠣᠯᠠᠨ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠠᠷᠤᠭᠠᠰᠤ ᠶᠢ ᠬᠦᠩᠭᠡᠷᠡᠬᠦᠯᠬᠦ ᠵᠤᠷᠢᠯᠭ᠎ᠠ ᠪᠠᠷ᠂ 7 ᠰᠠᠷ᠎ᠠ ᠶᠢᠨ 4᠎ ᠤ ᠡᠳᠦᠷ ᠠᠶᠢᠮᠠᠭ ᠤᠨ ᠬᠤᠲᠠ ᠬᠥᠳᠡᠭᠡ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠰᠢᠯᠢᠳᠡᠭ ᠠᠵᠤ ᠠᠬᠤᠶᠢᠯᠠᠯ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠵᠣᠬᠢᠴᠠᠭᠤᠯᠵᠤ᠂ ᠰᠠᠩᠪᠤᠯᠠᠭ ᠰᠤᠮᠤᠨ ᠤ ᠰᠢᠨᠡᠪᠤᠯᠠᠭ ᠭᠠᠴᠠᠭᠠᠨ ᠳᠤ ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠤᠭ᠎ᠠ ᠵᠢᠴᠢ ᠪᠡᠯᠡ ᠮᠥᠩᠭᠦ ᠬᠠᠨᠳᠢᠪᠯᠠᠵᠠᠢ᠃     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠬᠠᠰᠪᠠᠭᠠᠲᠤᠷ᠂ ᠠᠶᠢᠮᠠᠭ ᠤᠨ ᠬᠤᠲᠠ ᠬᠥᠳᠡᠭᠡ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠰᠢᠯᠢ ᠶᠢᠨ ᠭᠤᠣᠯ ᠠᠶᠢᠮᠠᠭ ᠲᠠᠬᠢ ᠬᠤᠪᠢᠶᠠᠷᠢ ᠪᠠᠩᠬᠢ᠂ ᠲᠠᠷᠢᠶᠠᠯᠠᠩ ᠎ ᠤᠨ ᠪᠠᠩᠬᠢ ᠶᠢᠨ ᠰᠢᠯᠢ ᠶᠢᠨ ᠭᠤᠣᠯ ᠠᠶᠢᠮᠠᠭ ᠲᠠᠬᠢ ᠬᠤᠪᠢᠶᠠᠷᠢ ᠪᠠᠩᠬᠢ᠂ ᠥᠪᠥᠷ ᠮᠣᠩᠭᠤᠯ ᠤᠨ ᠮᠧᠩ ᠹᠧᠩ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠤᠣᠯ ᠬᠠᠷᠢᠭᠤᠴᠠᠯᠭᠠᠲᠠᠨ ᠬᠠᠨᠳᠢᠪᠯᠡᠬᠤ ᠶᠣᠰᠣᠯᠠᠯ ᠳᠤ ᠤᠷᠤᠯᠴᠠᠨ᠂ ᠬᠠᠰᠪᠠᠭᠠᠳᠤᠷ ᠬᠤᠰᠢᠭᠤ ᠵᠠᠰᠠᠭ ᠤᠨ ᠤᠷᠳᠤᠨ ᠢ ᠲᠦᠯᠦᠬᠡᠯᠡᠨ ᠬᠡᠮᠡᠷᠯᠢᠭ ᠳᠤᠭ ᠭᠦᠷᠭᠡᠨ ᠳᠠᠯᠠᠷᠬᠠᠯ ᠤᠨ ᠰᠡᠳᠬᠢᠯᠬᠡ ᠪᠠᠨ ᠢᠯᠡᠷᠭᠡᠶᠢᠯᠡᠯ᠎ᠡ᠃    ᠬᠠᠰᠪᠠᠭᠠᠲᠤᠷ ᠢᠯᠡᠷᠬᠡᠶᠢᠯᠡᠬᠦ ᠳᠡᠭᠡᠨ᠂ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠮᠠᠨ ᠤ ᠬᠤᠰᠢᠭᠤᠨ ᠤ ᠭᠠᠩ ᠬᠠᠭᠰᠠᠷᠠᠭᠠᠨ ᠤ ᠪᠠᠶᠢᠳᠠᠯ ᠢ ᠬᠠᠯᠠᠮᠵᠢᠯᠠᠵᠤ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠳᠤ ᠥᠷᠭᠡᠨ ᠣᠯᠠᠨ ᠮᠠᠯᠴᠢᠨ ᠲᠦᠮᠡᠨ ᠲᠠᠢ ᠬᠦᠴᠦᠨ ᠢᠶᠠᠨ ᠬᠠᠮᠲᠤᠳᠬᠠᠵᠤ᠂ ᠪᠣᠳᠠᠲᠤ ᠠᠵᠢᠯᠯᠠᠭ᠎ᠠ ᠪᠠᠷ ᠎ ᠢᠶᠠᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭ᠎ᠠ ᠪᠠ ᠨᠡᠶᠢᠭᠡᠮ ᠤᠨ ᠬᠠᠷᠢᠭᠤᠴᠠᠯᠭ᠎ᠠ ᠶᠢ ᠡᠬᠦᠷᠭᠡᠯᠡᠨ᠂ ᠲᠤᠰᠠᠯᠠᠮᠵᠢ ᠦᠵᠡᠭᠦᠯᠦᠭᠰᠡᠨ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ ᠭᠡᠵᠡᠢ᠃    ᠣᠶᠢᠯᠠᠭᠠᠭᠰᠠᠨ ᠢᠶᠠᠷ᠂ ᠰᠢᠯᠢ ᠶᠢᠨ ᠭᠤᠣᠯ ᠠᠶᠢᠮᠠᠭ ᠤᠨ ᠬᠤᠲᠠ ᠬᠥᠳᠡᠭᠡ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠨᠢ ᠠᠶᠢᠮᠠᠭ ᠤᠨ ᠳᠡᠰ ᠤᠨ ᠬᠠᠪᠰᠤᠷᠤᠨ ᠲᠡᠳᠬᠦᠬᠦ ᠠᠵᠢᠯ ᠲᠥᠷᠥᠯ ᠤᠨ ᠨᠢᠭᠡᠴᠡ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠶᠤᠤ ᠶᠦᠩ ᠪᠥᠸᠧ ᠶᠢᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠪᠠ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠢ ᠪᠠᠲᠤᠯᠠᠬᠤ ᠲᠤᠰᠬᠠᠢ ᠰᠡᠳᠦᠪᠲᠦ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠠ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠭᠠᠩ ᠤᠨ ᠭᠠᠮᠰᠢᠭ ᠤᠨ ᠪᠠᠶᠢᠳᠠᠯ ᠢ ᠣᠶᠢᠯᠠᠭᠠᠭᠰᠠᠨ ᠤ ᠲᠠᠷᠠᠭ᠎ᠠ᠂ ᠬᠠᠮᠤᠭ ᠤᠨ ᠲᠡᠷᠢᠭᠦᠨ ᠳᠤ ᠡᠯ᠎ᠡ ᠲᠠᠯ᠎ᠠ ᠶᠢᠨ ᠬᠦᠴᠦᠨ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠡᠪᠡᠰᠦ ᠪᠣᠷᠳᠤᠭ᠎ᠠ ᠪᠣᠯᠣᠨ ᠭᠠᠩ ᠲᠠᠢ ᠳᠡᠮᠡᠴᠡᠬᠦ ᠪᠡᠯᠡ ᠮᠥᠩᠭᠦ ᠬᠠᠨᠳᠢᠪᠯᠡᠬᠤ᠂ ᠤᠯᠠᠨ ᠲᠦᠮᠡᠨ ᠢ ᠲᠣᠬᠤᠨᠢᠭᠤᠯᠬᠤ ᠵᠡᠷᠭᠡ ᠠᠷᠭ᠎ᠠ ᠬᠡᠯᠪᠡᠷᠢ ᠪᠠᠷ ᠮᠠᠯᠴᠢᠨ ᠲᠦᠮᠡᠨ ᠢ ᠬᠠᠪᠰᠤᠷᠴᠤ ︽ᠪᠠᠴᠢᠮ ᠲᠤᠯᠭᠠᠮ᠎ᠠ︾ ᠠᠰᠠᠭᠤᠳᠠᠯ ᠢ ᠨᠢ ᠰᠢᠢᠳᠪᠦᠷᠢᠯᠡᠵᠦ ᠥᠭᠬᠦ ᠎ ᠶᠢ ᠵᠤᠷᠢᠨ᠂  ᠡᠨᠡ ᠤᠳᠠᠭ᠎ᠠ ᠳᠤᠰ ᠺᠣᠮᠫᠠᠨᠢ ᠨᠢ ᠭᠠᠩ ᠲᠠᠢ ᠳᠡᠮᠡᠴᠡᠬᠦ ᠡᠪᠡᠰᠦ ᠪᠣᠷᠳᠤᠭ᠎ᠠ 60 ᠲᠣᠨ ᠬᠠᠨᠳᠢᠪᠯᠡᠵᠤ ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠰᠢᠯᠢ ᠶᠢᠨ ᠭᠤᠣᠯ ᠠᠶᠢᠮᠠᠭ ᠲᠠᠬᠢ ᠬᠤᠪᠢᠶᠠᠷᠢ ᠪᠠᠩᠬᠢ᠂ ᠲᠠᠷᠢᠶᠠᠯᠠᠩ ᠤᠨ ᠪᠠᠩᠬᠢ ᠶᠢᠨ ᠰᠢᠯᠢ ᠶᠢᠨ ᠭᠤᠣᠯ ᠠᠶᠢᠮᠠᠭ ᠲᠠᠬᠢ ᠬᠤᠪᠢᠶᠠᠷᠢ ᠪᠠᠩᠬᠢ ᠳᠤᠰ ᠳᠤᠰ 5 ᠲᠦᠮᠡᠨ ᠲᠥᠭᠦᠷᠢᠭ ᠤᠨ ᠭᠠᠩ ᠬᠠᠭᠰᠠᠷᠠᠭᠠᠨ ᠲᠠᠢ ᠳᠡᠮᠡᠴᠡᠬᠦ ᠪᠡᠯᠡ ᠮᠦᠩᠭᠦ ᠬᠠᠨᠳᠢᠪᠯᠡᠵᠤ᠂ ᠥᠪᠥᠷ ᠮᠣᠩᠭᠤᠯ ᠤᠨ ᠮᠧᠩ ᠹᠧᠩ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ 30 ᠲᠤᠨ ᠡᠪᠡᠰᠦ ᠪᠣᠷᠳᠤᠭ᠎ᠠ ᠬᠠᠨᠳᠢᠪᠯᠠᠭᠰᠠᠨ ᠪᠠᠶᠢᠨ᠎ᠠ᠃    ᠶᠣᠰᠣᠯᠠᠯ ᠤᠨ ᠲᠠᠷᠠᠭ᠎ᠠ᠂ ᠠᠶᠢᠮᠠᠭ ᠤᠨ ᠬᠤᠳᠠ ᠬᠥᠳᠡᠭᠡ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠪᠠᠰᠠ ᠮᠠᠯᠴᠢᠨ ᠲᠦᠮᠡᠨ ᠢ ᠲᠣᠬᠤᠨᠢᠭᠤᠯᠵᠤ᠂ ᠴᠢᠩ ᠰᠡᠳᠬᠢᠯ ᠤᠨ ᠮᠡᠨᠳᠦᠴᠢᠯᠡᠯ ᠪᠠ ᠳᠤᠬᠤᠨᠢᠭᠤᠯᠭ᠎ᠠ ᠶᠢᠨ ᠪᠣᠳᠠᠰ ᠬᠦᠷᠭᠡᠵᠡᠢ᠃    ᠠᠵᠢᠯᠯᠠᠭ᠎ᠠ ᠳᠤᠮᠳᠠ᠂ ᠠᠶᠢᠮᠠᠭ ᠤᠨ ᠬᠤᠳᠠ ᠬᠥᠳᠡᠭᠡ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯᠣᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠰᠢᠯᠢ ᠶᠢᠨ ᠭᠤᠣᠯ ᠠᠶᠢᠮᠠᠭ ᠲᠠᠬᠢ ᠬᠤᠪᠢᠶᠠᠷᠢ ᠪᠠᠩᠬᠢ ᠪᠠᠰᠠ ᠨᠠᠮ ᠤᠨ ᠪᠠᠶᠢᠭᠤᠯᠤᠯᠲᠠ ᠶᠢ ᠬᠠᠮᠲᠤᠪᠠᠷ ᠪᠠᠶᠢᠭᠤᠯᠬᠤ ︽ᠮᠥᠩᠭᠦᠨ ᠭᠦᠢᠯᠭᠡᠭᠡᠨ ᠤ ᠬᠠᠮᠲᠤᠷᠠᠯᠴᠠᠭᠠᠨ ᠤ ᠵᠥᠪᠯᠡᠯᠴᠡᠭᠡᠷ︾ ᠲᠣᠬᠢᠷᠠᠯᠴᠠᠵᠠᠢ᠃    ᠮᠣᠩᠭᠤᠯ ᠰᠤᠷᠪᠤᠯᠵᠢᠯᠠᠭ᠎ᠠ᠄ ᠰᠠᠩᠪᠤᠯᠠᠭ ᠰᠤᠮᠤᠨ ᠤ ᠰᠢᠨᠡᠪᠤᠯᠠᠭ ᠭᠠᠴᠠᠭᠠᠨ ᠤ ᠮᠠᠯᠴᠢᠨ  ᠬᠤᠤᠰᠪᠠᠶᠠᠷ    ᠰᠤᠷᠪᠤᠯᠵᠢᠯᠠᠭ᠎ᠠ᠄ ᠰᠢᠯᠢ ᠶᠢᠨ ᠭᠤᠣᠯ ᠠᠶᠢᠮᠠᠭ ᠤᠨ ᠬᠤᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠨᠠᠮ ᠤᠨ ᠶᠡᠷᠦᠩᠬᠡᠢ ᠡᠭᠦᠷ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᠴᠦᠨ ᠱᠧᠩ ︵ᠮᠠᠨ ᠤ ᠪᠦᠯᠦᠭᠯᠡᠯ ᠵᠠᠭᠤᠴᠢᠯᠠᠭᠤᠷ ᠢᠶᠠᠷ ᠳᠡᠮᠵᠢᠨ ᠰᠥᠨᠢᠳ ᠪᠠᠷᠠᠭᠤᠨ ᠬᠤᠰᠢᠭᠤᠨ ᠤ ᠬᠡᠰᠡᠭ ᠭᠠᠵᠠᠷ ᠣᠷᠣᠨ ᠳᠤ ᠠᠳᠠᠯᠢ ᠪᠤᠰᠤ ᠬᠡᠮᠵᠢᠶᠡᠨ ᠤ ᠭᠠᠩ ᠬᠠᠭᠰᠠᠷᠠᠭᠠᠨ ᠤ ᠪᠠᠶᠢᠳᠠᠯ ᠭᠠᠷᠴᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠵᠣᠬᠢᠬᠤ ᠨᠥᠯᠥᠭᠡ ᠦᠵᠡᠭᠦᠯᠦᠭᠰᠡᠨ ᠢ ᠤᠶᠢᠯᠠᠭᠠᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠮᠤᠭ ᠤᠨ ᠲᠡᠷᠢᠭᠦᠨ ᠳᠤ ᠰᠠᠩᠪᠤᠯᠠᠭ ᠰᠤᠮᠤ ᠪᠣᠯᠣᠨ ᠰᠢᠨᠠᠪᠤᠯᠠᠭ ᠭᠠᠴᠠᠭ᠎ᠠ ᠲᠠᠢ  ᠬᠤᠯᠪᠣᠭ᠎ᠠ ᠠᠪᠴᠠᠢ᠃ ᠪᠠᠩᠬᠢ᠂ ᠠᠵᠤ ᠠᠬᠤᠶᠢᠯᠠᠯ ᠢ ᠪᠠᠭᠲᠠᠭᠠᠭᠰᠠᠨ ᠣᠯᠠᠨ ᠲᠠᠯ᠎ᠠ ᠶᠢᠨ ᠳᠠᠶᠢᠴᠢᠯᠠᠯᠲᠠ ᠪᠠᠷ ᠳᠡᠮᠵᠢᠨ᠂ ᠲᠤᠬᠠᠢ ᠶᠢᠨ ᠭᠠᠵᠠᠷ ᠤᠨ ᠮᠠᠯᠴᠢᠳ ᠲᠤ ᠡᠪᠡᠰᠦ ᠪᠣᠷᠳᠤᠭ᠎ᠠ᠂ ᠪᠠᠰᠠ ᠨᠢᠭᠡ ᠪᠦᠯᠦᠭ ᠠᠮᠢᠳᠤᠷᠠᠯ ᠤᠨ ᠡᠳ᠋ ᠪᠣᠳᠠᠰ᠂ ᠨᠢᠭᠡ ᠪᠦᠯᠦᠭ ᠭᠠᠩ ᠬᠠᠭᠰᠠᠷᠠᠭᠠᠨ ᠲᠠᠢ ᠲᠡᠮᠡᠴᠡᠬᠦ ᠪᠡᠯᠡ ᠮᠥᠩᠭᠦ ᠠᠪᠴᠢᠷᠠᠨ ᠥᠭᠴᠦ᠂ ᠮᠠᠯᠴᠢᠳ ᠢ ᠬᠠᠪᠰᠤᠷᠤᠨ ᠬᠠᠮᠲᠤ ᠪᠠᠷ ᠬᠦᠴᠢᠷ ᠪᠡᠷᠬᠡ ᠶᠢ ᠲᠤᠭᠤᠯᠬᠤ ᠶᠢ ᠬᠦᠰᠡᠵᠦ ᠪᠠᠶᠢᠨ᠎ᠠ᠂ ᠨᠢᠭᠡ ᠲᠠᠯ᠎ᠠ ᠳᠤᠨᠢ ᠬᠦᠴᠢᠷᠳᠡᠯ ᠲᠤᠯᠭᠠᠷᠠᠪᠠᠯ᠂ ᠪᠢᠳᠡ ᠯᠠᠪᠲᠠᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠡᠨᠡ ᠤᠳᠠᠭᠠᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠲᠡᠶᠢᠨ ᠳᠤ ᠢᠯᠠᠯᠲᠠ ᠣᠯᠬᠤ ᠶᠢ ᠪᠢ ᠢᠲᠡᠭᠡᠵᠦ ᠪᠠᠶᠢᠨ᠎ᠠ᠃︶
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号