ᠰᠠᠶᠢᠬᠠᠨ᠋ᠥ᠌ᠯᠵᠡᠢ ᠰᠤᠮᠤ᠄ ᠣᠶᠤᠨᠯᠢᠭ ︽ᠨᠡᠮᠡᠬᠦ ᠠᠷᠭ᠎ᠠ︾ ᠪᠠ ᠨᠠᠷᠢᠯᠢᠭ ︽ᠬᠠᠰᠤᠬᠤ ᠠᠷᠭ᠎ᠠ︾ ᠶᠢ ᠬᠡᠷᠡᠭᠵᠢᠭᠦᠯᠦᠨ ᠰᠢᠨᠵᠢᠯᠡᠬᠦ ᠤᠬᠠᠭᠠᠨᠴᠢ ᠮᠠᠯᠵᠢᠯ ᠤᠨ ᠵᠠᠮ ᠢᠶᠠᠷ ᠵᠠᠮᠨᠠᠨ᠎ᠠ
ᠨᠡᠶᠢᠲᠡᠯᠡᠭᠰᠡᠨ ᠴᠠᠭ᠄
2023/12/28
    ᠣᠶᠢᠷ᠎ᠠ ᠶᠢᠨ ᠬᠡᠳᠦᠨ ᠵᠢᠯ ᠳᠤ᠂ ᠰᠠᠶᠢᠬᠠᠨ᠋ᠥ᠌ᠯᠵᠡᠢ ᠰᠤᠮᠤ ᠠᠮᠢ ᠠᠬᠤᠶ ᠶᠢ ᠤᠷᠢᠳ ᠢᠶᠠᠷ ᠪᠤᠳᠤᠯᠬᠢᠯᠠᠨ᠂ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠮᠠᠯ ᠠᠵᠤ ᠠᠬᠤᠶ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ ᠪᠦᠲᠦᠴᠡ ᠶᠢ ᠬᠦᠴᠦᠯᠡᠨ ᠰᠢᠯᠢᠳᠡᠭᠵᠢᠭᠦᠯᠵᠦ᠂ ᠤᠯᠠᠮᠵᠢᠯᠠᠯᠲᠤ ᠲᠡᠵᠢᠭᠡᠨ ᠦᠷᠡᠵᠢᠭᠦᠯᠬᠦ ᠦᠢᠯᠡᠰ ᠢ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠳᠠᠰᠢ ᠬᠤᠪᠢᠷᠠᠭᠤᠯᠬᠤ ᠶᠢ ᠢᠳᠡᠪᠬᠢᠲᠡᠶ ᠠᠬᠢᠭᠤᠯᠵᠤ᠂ ᠠᠮᠢ ᠠᠬᠤᠶ ᠶᠢᠨ ᠲᠡᠵᠢᠭᠡᠨ ᠦᠷᠡᠵᠢᠭᠦᠯᠬᠦ ᠵᠠᠮ ᠢᠶᠠᠷ ᠯᠠᠪᠳᠠᠭᠤᠨ ᠵᠠᠮᠨᠠᠵᠤ᠂ ᠣᠶᠤᠨᠯᠢᠭ ︽ᠨᠡᠮᠡᠬᠦ ᠠᠷᠭ᠎ᠠ︾ ᠪᠠ ᠨᠠᠷᠢᠯᠢᠭ ︽ᠬᠠᠰᠤᠬᠤ ᠠᠷᠭ᠎ᠠ︾ ᠪᠠᠷ ᠳᠠᠮᠵᠢᠭᠤᠯᠤᠨ᠂ ᠠᠵᠤ ᠠᠬᠤᠶ ᠶᠢᠨ ᠦᠷ᠎ᠡ ᠠᠰᠢᠭ ᠪᠠ ᠠᠮᠢ ᠠᠬᠤᠶ ᠶᠢᠨ ᠦᠷ᠎ᠡ ᠠᠰᠢᠭ ᠤᠨ ᠬᠤᠤᠰ ᠡᠯᠪᠡᠭ ᠬᠤᠷᠢᠶᠠᠯᠲᠠ ᠶᠢ  ᠪᠡᠶᠡᠯᠡᠭᠦᠯᠵᠠᠢ᠃    ᠰᠠᠶᠢᠬᠠᠨ᠋ᠥ᠌ᠯᠵᠡᠢ ᠰᠤᠮᠤᠨ ᠤ ᠰᠠᠶᠢᠬᠠᠨᠪᠥ᠋ᠷᠢᠨ ᠭᠠᠴᠠᠭᠠᠨ ᠤ ᠮᠠᠯᠴᠢᠨ ᠵᠧᠦ ᠵᠢᠶᠠᠨ ᠬᠠᠢ ᠶᠢᠨ ᠪᠡᠯᠴᠢᠭᠡᠷ ᠲᠤ ᠬᠦᠷᠬᠦ ᠳᠤ ᠨᠣᠮᠢᠨ ᠨᠣᠭᠤᠭᠠᠨ ᠥᠩᠭᠡ ᠲᠡᠯᠭᠡᠭᠳᠡᠨ ᠬᠠᠷᠠᠭᠳᠠᠨ᠎ᠠ᠃ ᠵᠧᠤ ᠵᠢᠶᠠᠨ ᠬᠠᠶ ᠪᠣᠯ ᠭᠠᠴᠠᠭᠠᠨ ᠳᠤ ᠠᠯᠳᠠᠷᠰᠢᠭᠰᠠᠨ ᠲᠡᠵᠢᠭᠡᠨ ᠦᠷᠡᠵᠢᠭᠦᠯᠬᠦ ᠲᠣᠮᠣ ᠡᠷᠦᠬᠡ ᠪᠤᠯᠤᠨ᠎ᠠ᠃ ᠲᠣᠮᠣ ᠡᠷᠦᠬᠡ ᠭᠡᠳᠡᠭ ᠨᠢ ᠲᠡᠵᠢᠭᠡᠭᠰᠡᠨ ᠨᠢ ᠠᠷᠪᠢᠨ ᠠᠴᠠ ᠪᠣᠯᠤᠭᠰᠠᠨ ᠪᠢᠰᠢ᠂ ᠬᠠᠷᠢᠨ ᠬᠠᠰᠢᠷ ᠲᠤᠷᠰᠢᠯᠭ᠎ᠠ ᠲᠠᠢ ᠡᠷᠦᠬᠡ ᠪᠤᠯᠬᠤᠷ ᠶᠤᠮ᠃ ᠲᠡᠷᠡ ᠰᠤᠷᠪᠤᠯᠵᠢᠯᠠᠭᠴᠢ ᠳᠤ᠄ ︽ᠮᠠᠯ ᠲᠡᠵᠢᠭᠡᠬᠦ ᠳᠤ ᠶᠠᠰᠤ ᠴᠢᠨᠠᠷ ᠬᠠᠮᠤᠭ ᠤᠨ ᠴᠢᠬᠤᠯᠠ᠂ ᠶᠠᠰᠤ ᠴᠢᠨᠠᠷ ᠢ ᠬᠥᠭᠡᠭᠡᠴᠡᠯᠳᠦᠬᠦ ᠠᠴᠠ ᠲᠤᠭ᠎ᠠ ᠲᠤᠯᠤᠭᠠᠢ ᠶᠢ ᠬᠥᠭᠡᠭᠡᠴᠡᠯᠳᠦᠬᠦ ᠥᠬᠡᠶ ᠪᠠᠶᠢᠬᠤ ᠬᠡᠷᠡᠭᠲᠡᠢ᠂ ᠡᠨᠡ ᠲᠠᠩᠰᠠ ᠶᠢ ᠰᠠᠶᠢᠲᠤᠷ ᠪᠤᠳᠤᠬᠤ ᠬᠡᠷᠡᠭᠲᠡᠶ︾ ᠭᠡᠵᠦ ᠶᠠᠷᠢᠯ᠎ᠠ᠃     ᠰᠤᠷᠪᠤᠯᠵᠢᠯᠠᠭ᠎ᠠ᠄ ︵ᠮᠠᠯᠴᠢᠨ   ᠵᠧᠦ ᠵᠢᠶᠠᠨ ᠬᠠᠢ᠄  ᠣᠯᠠᠩᠬᠢ ᠬᠥᠮᠦᠰ ᠮᠠᠯ ᠤᠨᠤᠭ᠎ᠠ ᠶᠢ ᠢᠯᠡᠭᠦᠦ ᠲᠡᠵᠢᠭᠡᠪᠡᠯ ᠢᠯᠡᠭᠦᠦ ᠣᠯᠵᠤ᠂ ᠢᠯᠡᠭᠦᠦ ᠬᠤᠳᠠᠯᠳᠤᠵᠤ ᠴᠢᠳᠠᠨ᠎ᠠ ᠭᠡᠵᠦ ᠦᠵᠡᠳᠡᠭ᠃ ᠭᠡᠪᠡᠴᠦ ᠦᠨᠡᠨ ᠳᠡᠭᠡᠨ ᠲᠡᠶᠢᠮᠦ ᠪᠢᠰᠢ᠂ ᠢᠯᠡᠭᠦᠦ ᠲᠡᠵᠢᠭᠡᠪᠡᠯ ᠪᠡᠯᠴᠢᠭᠡᠷ ᠤᠨ ᠳᠠᠷᠤᠯᠲᠠ ᠶᠡᠭᠡ᠂ ᠲᠡᠵᠢᠭᠡᠬᠦ ᠥᠪᠡᠷ ᠤᠨ ᠥᠷᠲᠡᠭ ᠥᠨᠳᠥᠷ᠂ ᠬᠠᠷᠢᠨ ᠦᠷ᠎ᠡ ᠠᠰᠢᠭ ᠨᠢ ᠲᠡᠶᠢᠮᠤ ᠰᠠᠶᠢᠨ ᠪᠢᠰᠢ ᠪᠠᠶᠢᠳᠠᠭ᠃︶    ᠵᠧᠦ ᠵᠢᠶᠠᠨ ᠬᠠᠢ ᠶᠢᠨ ᠬᠢᠨ 200 ᠡᠮ᠎ᠡ ᠬᠤᠨᠢ᠂ 60 ᠭᠠᠷᠤᠢ ᠦᠬᠡᠷ ᠮᠠᠯᠵᠢᠵᠤ ᠪᠠᠶᠢᠨ᠎ᠠ᠂ ᠥᠪᠡᠷ ᠤᠨ ᠮᠠᠯ ᠤᠨᠤᠭ᠎ᠠ ᠪᠠᠨ ᠲᠠᠷᠭᠤ ᠬᠦᠴᠦ ᠲᠠᠢ᠂ ᠶᠠᠰᠤ ᠴᠢᠨᠠᠷ ᠰᠠᠶᠢᠲᠠᠢ ᠪᠠᠶᠢᠯᠭᠠᠬᠤ ᠶᠢᠨ ᠲᠥᠯᠥᠭᠡ᠂ ᠲᠡᠷᠡ ᠡᠷᠬᠢᠨ ᠲᠣᠭᠤᠷᠢᠨ ᠤ ᠮᠠᠯᠵᠢᠬᠤ ᠡᠷᠦᠬᠡ ᠠᠴᠠ 2 ᠲᠦᠮᠡᠨ ᠮᠦ ᠪᠡᠯᠴᠢᠭᠡᠷ ᠲᠦᠷᠢᠶᠡᠰᠦᠯᠡᠵᠡᠢ᠃ ᠬᠦᠷᠦᠯᠴᠡᠭᠡᠲᠠᠢ ᠪᠡᠯᠴᠢᠭᠡᠷ ᠤᠰᠤ ᠨᠢ ᠲᠡᠭᠦᠨ ᠤ ᠮᠠᠯ ᠠᠵᠤ ᠠᠬᠤᠢ ᠶᠢᠨ ᠦᠢᠯᠡᠳᠪᠦᠷᠢᠯᠡᠯ ᠢᠶᠠᠨ ᠬᠥᠭᠵᠢᠭᠦᠯᠬᠦ ᠳᠤ ᠭᠦᠢᠴᠡᠳ ᠢᠳᠡ ᠬᠦᠴᠦᠨ ᠨᠡᠮᠡᠷᠢᠯᠡᠭᠰᠡᠨ ᠪᠠᠶᠢᠨ᠎ᠠ᠃ ︽ᠠᠮᠢ ᠠᠬᠤᠶ ᠶᠢᠨ ᠲᠠᠩᠰᠠ︾ ᠶᠢ ᠪᠤᠳᠤᠵᠤ ᠭᠠᠷᠭᠠᠭᠰᠠᠨ ᠵᠧᠤ ᠵᠢᠶᠠᠨ ᠬᠠᠶ ᠨᠠᠷᠢᠯᠢᠭ ᠲᠡᠵᠢᠭᠡᠵᠦ ᠨᠠᠷᠢᠯᠢᠭ ᠠᠷᠠᠴᠢᠯᠠᠬᠤ ᠳᠡᠭᠡᠷ᠎ᠡ ᠬᠦᠴᠦ ᠲᠠᠯᠪᠢᠵᠤ᠂ ᠨᠠᠷᠢᠯᠢᠭ ᠰᠣᠩᠭᠤᠵᠤ ᠨᠠᠷᠢᠯᠢᠭ ︽ᠬᠠᠰᠤᠨ︾᠂ ᠬᠤᠨᠢ ᠪᠠᠨ ᠬᠠᠰᠤᠨ 200 ᠪᠣᠯᠭᠠᠵᠤ᠂ ᠦᠷ᠎ᠡ ᠶᠢᠨ ᠮᠠᠯ ᠢ ᠴᠢᠨᠠᠷ ᠰᠠᠶᠢᠲᠠᠶ ᠪᠤᠶᠢᠵᠢᠭᠤᠯᠵᠤ᠂ ᠡᠭᠦᠯᠳᠡᠷ ᠢ ᠰᠠᠶᠢᠵᠢᠷᠠᠭᠤᠯᠵᠠᠢ᠃ ᠢᠩᠭᠢᠭᠡᠳ ᠬᠡᠳᠦᠶᠢᠪᠡᠷ ᠲᠤᠭ᠎ᠠ ᠨᠢ ᠬᠠᠰᠤᠭᠳᠠᠭᠰᠠᠨ ᠪᠣᠯᠪᠠᠴᠤ ᠦᠨ᠎ᠡ ᠨᠢ ᠪᠠᠭ᠎ᠠ ᠪᠤᠰᠤ ᠥᠰᠴᠦ᠂ ᠲᠡᠳᠡᠨ ᠤ ᠬᠤᠴᠠᠨ ᠤ ᠪᠣᠷᠣᠯᠠᠭᠤᠯᠭ᠎ᠠ ᠶᠢᠨ ᠦᠨ᠎ᠡ ᠨᠢ 2500 - 3000 ᠲᠥᠭᠦᠷᠢᠭ ᠲᠤ ᠬᠦᠷᠴᠦ ᠳᠡᠶᠢᠯᠬᠦ ᠪᠤᠯᠵᠠᠢ᠃ ︽ᠠᠵᠤ ᠠᠬᠤᠶ ᠶᠢᠨ ᠲᠠᠩᠰᠠ︾ ᠪᠠᠨ ᠣᠨᠣᠪᠴᠢᠲᠠᠶ ᠪᠤᠳᠤᠨ ᠭᠠᠷᠭᠠᠭᠠᠳ᠂ ᠵᠧᠤ ᠵᠢᠶᠠᠨ ᠬᠠᠶ ︽ᠬᠤᠨᠢ ᠶᠢ ᠰᠢᠯᠢᠳᠡᠭᠵᠢᠭᠦᠯᠦᠨ ᠦᠬᠡᠷ ᠢ ᠥᠰᠬᠡᠬᠦ︾ ᠰᠠᠭᠤᠷᠢᠨ ᠳᠡᠭᠡᠷ᠎ᠡ ᠦᠬᠡᠷ ᠤᠨ ᠠᠵᠤ ᠦᠢᠯᠡᠰ ᠢ ᠬᠥᠭᠵᠢᠭᠦᠯᠦᠭᠰᠡᠨ ᠪᠥᠭᠡᠳ ᠴᠠᠭᠠᠨ ᠢᠳᠡᠭᠡ ᠪᠣᠯᠪᠠᠰᠤᠷᠠᠭᠤᠯᠵᠤ ᠭᠤᠷᠪᠠᠳᠤᠭᠠᠷ ᠠᠵᠤ ᠦᠢᠯᠡᠰ ᠢᠶᠠᠨ ᠡᠬᠢᠯᠡᠭᠦᠯᠵᠦ᠂ ᠨᠠᠷᠢᠯᠢᠭ ︽ᠬᠠᠰᠤᠬᠤ ᠠᠷᠭ᠎ᠠ︾ ᠠᠴᠠ ᠤᠶᠤᠨᠯᠢᠭ ︽ᠨᠡᠮᠡᠬᠦ ᠠᠷᠭ᠎ᠠ︾ ᠳᠤ ᠬᠦᠷᠴᠦ᠂ ᠮᠠᠰᠢ ᠰᠠᠶᠢᠨ ᠦᠷ᠎ᠡ ᠪᠦᠲᠦᠮᠵᠢ ᠤᠯᠵᠠᠢ᠃ ︽ᠦᠬᠡᠷ ᠬᠤᠨᠢ ᠪᠥᠷ ᠲᠡᠵᠢᠭᠡᠨ᠎ᠡ᠂ ᠭᠡᠪᠡᠴᠦ ᠠᠷᠪᠢᠨ ᠲᠡᠵᠢᠭᠡᠬᠦ ᠥᠬᠡᠶ᠂ ᠠᠮᠢ ᠠᠬᠤᠶ ᠰᠠᠶᠢᠵᠢᠷᠠᠪᠠᠯ ᠦᠢᠯᠡᠳᠭᠦᠨ ᠤ ᠥᠷᠲᠡᠭ ᠪᠠ ᠦᠷ᠎ᠡ ᠠᠰᠢᠭ ᠴᠥᠮ ᠰᠠᠶᠢᠨ ᠪᠣᠯᠤᠨ᠎ᠠ︾ ᠭᠡᠵᠦ ᠵᠧᠦ ᠵᠢᠶᠠᠨ ᠬᠠᠢ ᠶᠠᠷᠢᠯ᠎ᠠ᠃     ᠰᠤᠷᠪᠤᠯᠵᠢᠯᠠᠭ᠎ᠠ᠄ ᠮᠠᠯᠴᠢᠨ ᠵᠧᠦ ᠵᠢᠶᠠᠨ ᠬᠠᠢ᠄ ᠮᠠᠯᠴᠢᠳ ᠮᠠᠯ ᠮᠠᠯᠵᠢᠬᠤ ᠳᠠᠭᠠᠨ ᠬᠠᠰᠢᠯᠠ ᠴᠥᠭᠡᠨ ᠲᠡᠵᠢᠭᠡᠵᠦ ᠨᠠᠷᠢᠯᠢᠭ ᠠᠷᠠᠴᠢᠯᠠᠨ᠂ ᠡᠭᠦᠯᠳᠡᠷ ᠢ ᠰᠠᠶᠢᠵᠢᠷᠠᠭᠤᠯᠪᠠᠯ ᠵᠤᠬᠢᠨ᠎ᠠ᠂ ᠪᠢ ᠰᠢᠮᠧᠨ᠋ᠲ᠋ᠧᠷ ᠦᠬᠡᠷ ᠲᠡᠵᠢᠭᠡᠵᠦ ᠪᠠᠶᠢᠨ᠎ᠠ᠂ ᠳᠡᠭᠡᠬᠦ ᠳᠡᠭᠡᠨ ᠪᠢ ᠪᠠᠰᠠ ᠦᠨᠢᠶᠡᠨ ᠰᠦ ᠪᠤᠯᠪᠠᠰᠤᠷᠠᠭᠤᠯᠤᠨ ᠴᠠᠭᠠᠨ ᠢᠳᠡᠭᠡ ᠬᠢᠵᠦ ᠪᠠᠶᠢᠨ᠎ᠠ᠂ ᠴᠠᠭᠠᠨ ᠢᠳᠡᠭᠡ ᠪᠠᠨ ᠬᠤᠳᠠᠯᠳᠤᠭᠠᠳ ᠪᠠᠰᠠ ᠨᠢᠭᠡ ᠪᠦᠯᠦᠭ ᠡᠪᠡᠰᠦ ᠪᠤᠷᠳᠤᠭᠠᠨ ᠤ ᠵᠠᠷᠤᠳᠠᠯ   ᠢᠶᠠᠨ ᠭᠠᠷᠭᠠᠴᠢᠬᠠᠵᠤ ᠴᠢᠳᠠᠨ᠎ᠠ᠂ ᠢᠩᠭᠢᠪᠡᠯ ᠭᠤᠷᠪᠠᠳᠤᠭᠠᠷ ᠠᠵᠤ ᠦᠢᠯᠡᠰ ᠤᠨ ᠦᠷᠳᠡᠭ ᠢ ᠭᠦᠢᠴᠡᠳ ᠠᠰᠢᠭᠯᠠᠵᠤ ᠴᠢᠳᠠᠨ᠎ᠠ᠂ ᠲᠡᠷᠡ ᠮᠥᠷᠲᠡᠭᠡᠨ ᠬᠥᠳᠡᠯᠮᠦᠷᠢ ᠬᠦᠴᠦᠨ ᠳᠤ ᠪᠠᠰᠠ ᠠᠷᠪᠢᠲᠠᠢ᠃ ᠡᠭᠦᠨ ᠲᠠᠢ ᠠᠳᠠᠯᠢ ᠪᠠᠷ᠂ ᠬᠤᠨᠢᠨ ᠤ ᠡᠭᠦᠯᠳᠡᠷ ᠢ ᠠᠩᠬᠠᠷᠤᠨ ᠰᠢᠯᠢᠳᠡᠭᠵᠢᠭᠦᠯᠪᠡᠯ᠂ ᠡᠩ ᠤᠨ ᠦᠶ᠎ᠡ ᠳᠤ ᠲᠠᠪᠢ ᠵᠢᠷᠠᠨ ᠺᠢᠯᠣᠭ᠍ᠷᠠᠮ ᠬᠦᠷᠳᠡᠭ ᠬᠤᠨᠢ ᠶᠢ ᠲᠠᠯᠠ ᠭᠠᠷᠤᠢ ᠺᠢᠯᠣᠭ᠍ᠷᠠᠮ ᠬᠦᠷᠭᠡᠵᠦ ᠳᠡᠶᠢᠯᠦᠨ᠎ᠡ᠂ ᠢᠩᠭᠢᠪᠡᠯ ᠢᠯᠡᠭᠦᠦ ᠤᠷᠤᠯᠭ᠎ᠠ ᠤᠷᠤᠵᠤ ᠢᠷᠡᠴᠢᠬᠡᠨ᠎ᠡ᠃︶    ᠰᠢᠨᠵᠢᠯᠡᠬᠦ ᠤᠬᠠᠭᠠᠨᠴᠢ ᠪᠠᠷ ᠮᠠᠯ ᠮᠠᠯᠵᠢᠵᠤ ᠤᠶᠤᠨᠯᠢᠭ ︽ᠨᠡᠮᠡᠬᠦ ᠠᠷᠭ᠎ᠠ︾ ᠪᠠ ᠨᠠᠷᠢᠯᠢᠭ ︽ᠬᠠᠰᠤᠬᠤ ᠠᠷᠭ᠎ᠠ ︾ ᠶᠢ ᠬᠡᠷᠡᠭᠵᠢᠭᠦᠯᠬᠦ ᠨᠢ ᠤᠳᠤ ᠨᠢᠭᠡᠨᠲᠡ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠬᠦ ᠨᠢᠭᠡᠨ ᠠᠷᠭ᠎ᠠ ᠵᠠᠮ ᠪᠤᠯᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠶᠢ ᠡᠷᠡᠰ ᠨᠠᠶᠢᠳᠠᠪᠤᠷᠢᠵᠢᠭᠤᠯᠬᠤ ᠨᠢ ᠨᠠᠩ ᠴᠤ ᠮᠠᠯᠴᠢᠳ ᠤᠨ ᠦᠢᠯᠡᠳᠪᠦᠷᠢᠯᠡᠯ ᠢᠶᠠᠨ ᠬᠥᠭᠵᠢᠭᠦᠯᠬᠦ ᠶᠢᠨ ᠴᠢᠬᠤᠯᠠ ᠤᠷᠢᠲᠠᠯ ᠪᠣᠯᠵᠣ ᠪᠠᠶᠢᠨ᠎ᠠ᠂ ᠤᠴᠢᠷ ᠨᠢ ᠠᠮᠢ ᠠᠬᠤᠶ ᠰᠠᠶᠢᠵᠢᠷᠠᠪᠠᠯ ᠮᠠᠯᠴᠢᠳ ᠰᠠᠶ᠋ᠢ ᠢᠯᠡᠭᠦᠦ ᠤᠷᠤᠯᠭ᠎ᠠ ᠤᠯᠵᠤ ᠴᠢᠳᠠᠨ᠎ᠠ᠂ ᠰᠠᠶ᠋ᠢ ᠪᠠᠶᠠᠨ ᠴᠢᠨᠡᠭᠡᠯᠢᠭ ᠰᠠᠶᠢᠬᠠᠨ ᠠᠮᠢᠳᠤᠷᠠᠵᠤ ᠴᠢᠳᠠᠨ᠎ᠠ᠃    ᠣᠶᠢᠷ᠎ᠠ ᠶᠢᠨ ᠵᠢᠯ ᠳᠤ᠂ ᠰᠠᠶᠢᠬᠠᠠᠠᠥ᠋ᠯᠵᠡᠢ ᠰᠤᠮᠤ ︽ᠣᠷᠣᠨ ᠨᠤᠲᠤᠭ ᠤᠨ ᠪᠠᠶᠢᠳᠠᠯ ᠳᠠᠭᠠᠨ ᠳᠣᠭᠢᠷᠠᠭᠤᠯᠤᠨ᠂ ᠦᠬᠡᠷ ᠮᠠᠯᠵᠢᠬᠤ ᠳᠤ ᠳᠣᠭᠢᠷᠠᠪᠠᠯ ᠦᠬᠡᠷ ᠮᠠᠯᠵᠢᠵᠤ᠂ ᠬᠤᠨᠢ ᠮᠠᠯᠵᠢᠬᠤ ᠳᠤ ᠳᠣᠭᠢᠷᠠᠪᠠᠯ ᠬᠤᠨᠢ ᠮᠠᠯᠵᠢᠬᠤ︾ ᠵᠠᠷᠴᠢᠮ ᠢ ᠪᠠᠷᠢᠮᠲᠠᠯᠠᠵᠤ᠂ ᠰᠢᠯᠢᠳᠡᠭ ᠡᠭᠦᠯᠳᠡᠷ ᠤᠨ ᠮᠠᠯ ᠮᠠᠯᠵᠢᠬᠤ ᠶᠢ ᠮᠠᠯ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠮᠠᠯᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠭ᠎ᠠ ᠵᠠᠮ ᠪᠤᠯᠭᠠᠨ ᠰᠠᠶᠢᠲᠤᠷ ᠠᠳᠬᠤᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠰᠢᠯᠢᠳᠡᠭ ᠡᠭᠦᠯᠳᠡᠷ ᠤᠨ ᠮᠠᠯ ᠮᠠᠯᠵᠢᠬᠤ ᠠᠬᠢᠴᠠ ᠪᠠᠨ ᠲᠦᠷᠭᠡᠳᠬᠡᠨ ᠠᠬᠢᠭᠤᠯᠵᠤ᠂ ᠮᠠᠯᠵᠢᠬᠤ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠠᠮᠢ ᠠᠬᠤᠶ ᠶᠢᠨ ᠲᠠᠩᠰᠠ᠂ ᠠᠯᠤᠰ ᠬᠡᠲᠦ ᠶᠢᠨ ᠲᠠᠩᠰᠠ ᠶᠢ ᠰᠠᠶᠢᠲᠤᠷ ᠪᠤᠳᠤᠵᠤ᠂ ᠴᠥᠭᠡᠨ ᠲᠡᠵᠢᠭᠡᠵᠦ ᠨᠠᠷᠢᠯᠢᠭ ᠮᠠᠯᠵᠢᠬᠤ ᠵᠠᠮ ᠢᠶᠠᠷ ᠵᠠᠮᠨᠠᠭᠤᠯᠵᠤ᠂ ᠮᠠᠯ ᠰᠦᠷᠦᠭ ᠤᠨ ᠡᠭᠦᠯᠳᠡᠷ ᠤᠨ ᠶᠠᠰᠤ ᠴᠢᠨᠠᠷ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠠᠢ᠃     ᠰᠤᠷᠪᠤᠯᠵᠢᠯᠠᠭ᠎ᠠ᠄ ᠰᠠᠶᠢᠬᠠᠨ᠋ᠥ᠌ᠯᠵᠡᠢ ᠰᠤᠮᠤᠨ ᠤ ᠨᠠᠮ ᠤᠨ ᠬᠤᠷᠢᠶᠠᠨ ᠤ ᠱᠦᠵᠢ ᠪᠦᠷᠢᠨᠵᠠᠨ᠎ᠠ  ᠄ ᠲᠠᠷᠠᠭᠠᠴᠢ ᠶᠢᠨ ᠠᠯᠬᠤᠮ ᠳᠤ ᠮᠠᠨ ᠤ ᠰᠤᠮᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠡᠷᠦᠩᠬᠡᠶ ᠬᠥᠭ ᠠᠶᠠᠰ ᠢ ᠪᠠᠷᠢᠮᠲᠠᠯᠠᠨ᠎ᠠ᠃ ᠡᠭᠦᠨ ᠳᠤ ᠨᠢᠭᠡᠳᠦᠭᠡᠷ ᠲᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠬᠤᠶᠠᠳᠤᠭᠠᠷ ᠲᠤ᠂ ᠮᠠᠯᠴᠢᠳ ᠲᠤ ᠠᠵᠤ ᠠᠬᠤᠢ ᠶᠢᠨ ᠳᠠᠩᠰᠠ᠂ ᠠᠮᠢ ᠠᠬᠤᠢ  ᠶᠢᠨ ᠳᠠᠩᠰᠠ ᠪᠠᠨ ᠰᠠᠶᠢᠲᠤᠷ ᠪᠤᠳᠤᠬᠤ ᠲᠤᠬᠠᠢ ᠤᠬᠠᠭᠤᠯᠭ᠎ᠠ ᠬᠥᠮᠦᠵᠢᠯ ᠬᠢᠬᠦ ᠡᠷᠴᠢᠮ ᠢᠶᠠᠨ ᠴᠢᠩᠭᠠᠷᠠᠭᠤᠯᠤᠨ᠎ᠠ᠃ ᠭᠤᠷᠪᠠᠳᠤᠭᠠᠷ ᠲᠤ᠂ ᠮᠠᠯᠵᠢᠬᠤ ᠡᠷᠦᠬᠡ ᠶᠢᠨ ᠮᠠᠯ ᠤᠨ ᠡᠭᠦᠯᠳᠡᠷ ᠢᠶᠠᠨ ᠰᠢᠯᠢᠳᠡᠭᠵᠢᠭᠦᠯᠵᠦ᠂ ᠴᠥᠭᠡᠨ ᠲᠡᠵᠢᠭᠡᠵᠦ ᠨᠠᠷᠢᠯᠢᠭ ᠠᠷᠠᠴᠢᠯᠠᠬᠤ ᠶᠢ ᠵᠤᠷᠢᠭᠵᠢᠭᠤᠯᠤᠨ᠎ᠠ᠃ ᠡᠭᠦᠨ ᠤ ᠬᠠᠮᠲᠤ ᠮᠠᠨ ᠤ ᠰᠤᠮᠤ ᠨᠢ ᠪᠠᠰᠠ ᠣᠯᠠᠨ ᠠᠷᠭ᠎ᠠ ᠬᠡᠮᠵᠢᠶ᠎ᠡ ᠲᠣᠭᠲᠠᠭᠠᠵᠤ᠂ ᠡᠭᠦᠯᠳᠡᠷ ᠣᠷᠣᠭᠤᠯᠬᠤ᠂ ᠡᠭᠦᠯᠳᠡᠷ ᠰᠢᠯᠢᠳᠡᠭᠵᠢᠭᠦᠯᠬᠦ᠂ ᠮᠠᠯ ᠰᠦᠷᠦᠭ ᠤᠨ ᠪᠦᠲᠦᠴᠡ ᠳᠤ ᠲᠤᠬᠢᠷᠠᠭᠤᠯᠤᠯᠲᠠ ᠬᠢᠬᠦ᠂ ᠬᠠᠰᠢᠶᠠᠯᠠᠨ ᠲᠡᠵᠢᠭᠡᠵᠦ ᠦᠷᠡᠵᠢᠭᠦᠯᠬᠦ ᠵᠡᠷᠭᠡ ᠲᠠᠯ᠎ᠠ ᠪᠠᠷ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠮᠠᠯᠴᠢᠳ ᠤᠨ ᠤᠬᠠᠮᠰᠠᠷ ᠠᠴᠠ ᠪᠠᠨ ᠨᠤᠲᠤᠭ ᠪᠡᠯᠴᠢᠭᠡᠷ ᠠᠮᠢ ᠠᠬᠤᠶ ᠪᠠᠨ ᠬᠠᠶᠢᠷᠠᠯᠠᠨ ᠬᠠᠮᠠᠭᠠᠯᠠᠬᠤ ᠶᠢ ᠵᠣᠷᠢᠭᠵᠢᠭᠤᠯᠤᠨ ᠵᠢᠯᠤᠭᠤᠳᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号