ᠪᠤᠳᠠᠰ ᠤᠨ ᠪᠤᠰᠤ ᠰᠤᠶᠤᠯ ᠤᠨ ᠦᠪ ᠤᠨ ᠦᠵᠡᠬᠦᠯᠦᠯᠭᠡ ᠨᠠᠭᠠᠳᠤᠮᠴᠢᠨ ᠤᠯᠠᠨ ᠳᠤ  ᠳᠠᠭᠠᠰᠢᠶᠠᠭᠳᠠᠯ᠎ᠠ
ᠨᠡᠶᠢᠲᠡᠯᠡᠭᠰᠡᠨ ᠴᠠᠭ᠄
2023/12/29
     ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠰᠢᠯᠢ ᠶᠢᠨ ᠭᠤᠤᠯ ᠤᠨ ᠮᠤᠩᠭᠤᠯ ᠮᠤᠷᠢᠨ ᠤ ᠬᠤᠯᠪᠣᠭᠠᠲᠤ ᠤᠷᠤᠯᠳᠤᠭᠠᠨ ᠤ ᠰᠠᠶᠢᠬᠠᠨᠲᠠᠯ᠎ᠠ ᠪᠠᠯᠭᠠᠰᠤᠨ ᠤ ᠪᠠᠶᠠᠨᠬᠠᠩᠭᠠᠢ ᠭᠠᠴᠠᠭᠠᠨ ᠳᠠᠬᠢ ᠬᠤᠪᠢᠶᠠᠷᠢ ᠳᠠᠯᠠᠪᠠᠢ ᠤᠷᠤᠯᠳᠤᠭᠠᠨ  ᠳᠤ ᠳᠡᠯᠭᠡᠭᠳᠡᠭᠰᠡᠨ ᠪᠤᠳᠠᠰ ᠤᠨ ᠪᠤᠰᠤ ᠰᠤᠶᠤᠯ ᠤᠨ ᠦᠪ ᠤᠨ ᠦᠵᠡᠬᠦᠯᠦᠯᠭᠡ ᠠᠵᠢᠯᠯᠠᠭ᠎ᠠ ᠳᠤ ᠦᠩᠭᠡ ᠨᠡᠮᠡᠵᠦ᠂ ᠨᠠᠭᠠᠳᠤᠮᠴᠢᠨ ᠤᠯᠠᠨ ᠳᠤ ᠳᠠᠭᠠᠰᠢᠶᠠᠭᠳᠠᠯ᠎ᠠ᠃ᠮᠣᠩᠭᠤᠯ ᠭᠡᠷ ᠲᠤ ᠳᠡᠯᠭᠡᠭᠳᠡᠭᠰᠡᠨ᠂ ᠢᠰᠡᠭᠡᠢ ᠤᠷᠠᠯᠠᠯ᠂ ᠬᠠᠳᠬᠤᠮᠠᠯ᠂  ᠠᠷᠠᠰᠤᠨ ᠰᠡᠶᠢᠯᠦᠮᠯᠡᠯ᠂ ᠮᠤᠳᠤᠨ ᠰᠡᠶᠢᠯᠦᠮᠯᠡᠯ᠂ ᠮᠤᠷᠢ ᠳᠡᠮᠡᠭᠡᠨ ᠤ ᠡᠳ᠋ᠯᠡᠯ ᠵᠡᠷᠭᠡ ᠦᠨᠳᠦᠰᠦᠳᠡᠨ ᠤ ᠭᠠᠷ ᠤᠷᠠᠯᠠᠯ ᠤᠨ ᠪᠦᠲᠦᠭᠡᠯ᠂ ᠤᠯᠠᠮᠵᠢᠯᠡᠯᠳᠤ ᠪᠠ ᠤᠳᠤ  ᠮᠠᠶ᠋ᠢᠭ ᠢ ᠤᠶᠠᠯᠳᠤᠭᠤᠯᠤᠭᠰᠠᠨ ᠴᠡᠪᠡᠷ ᠪᠠᠶᠢᠭᠠᠯᠢᠯᠢᠭ ᠴᠠᠭᠠᠨ ᠢᠳᠡᠭᠡᠨ ᠬᠦᠷᠦᠭᠰᠡᠨ ᠪᠤᠯᠭᠠᠨ ᠤ ᠪᠠᠬ᠎ᠠ  ᠶᠢ ᠳᠠᠳᠠᠨ᠎ᠠ᠃     ᠲᠣᠰ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠪᠠ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠦᠵᠡᠭᠦᠯᠦᠯᠭᠡ ᠨᠢ ᠰᠣᠶᠣᠯ ᠵᠢᠭᠤᠯᠴᠢᠯᠠᠯ ᠤᠨ ᠠᠭᠤᠰᠤᠯᠴᠠᠯ ᠪᠠ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠨᠡᠭᠡᠭᠡᠨ ᠬᠥᠭᠵᠢᠭᠦᠯᠦᠯᠲᠡ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ  ᠠᠮᠢᠳᠤᠯᠢᠭᠵᠢᠭᠤᠯᠤᠨ᠂ ᠦᠨᠳᠦᠰᠦᠳᠡᠨ ᠤ ᠦᠪ ᠰᠤᠶᠤᠯ ᠢ ᠤᠯᠠᠮᠵᠢᠯᠠᠨ ᠪᠠᠳᠠᠷᠠᠭᠤᠯᠵᠤ᠂ ᠨᠡᠩ ᠤᠯᠠᠨ ᠬᠦᠮᠦᠰ ᠲᠤ ᠤᠶᠢᠯᠠᠭᠠᠭᠤᠯᠤᠭᠰᠠᠨ ᠤ ᠬᠠᠮᠳᠤ ᠴᠡᠪᠡᠷ ᠪᠠᠶᠢᠭᠠᠯᠢᠯᠢᠭ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠤᠷᠤᠯᠠᠭᠤᠯᠭ᠎ᠠ ᠶᠢᠨ ᠵᠠᠮ ᠢ ᠦᠷᠭᠡᠳᠭᠡᠨ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠵᠦ᠂ ᠨᠡᠩ ᠤᠯᠠᠨ ᠮᠠᠯᠴᠢᠨ ᠲᠦᠮᠡᠨ ᠳᠤ ᠳᠠᠭᠤᠷᠢᠶᠠᠯ ᠪᠤᠯᠵᠤ ᠴᠢᠳᠠᠭᠰᠠᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号