ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠭᠡᠭᠡᠷᠡᠯᠡᠨ ᠬᠦᠶᠦᠬᠦ ᠤᠷᠤᠯᠳᠤᠭᠠᠨ ᠠᠮᠵᠢᠯᠳᠠᠳᠠᠢ ᠶᠠᠪᠤᠭᠳᠠᠭᠰᠠᠨ
ᠨᠡᠶᠢᠲᠡᠯᠡᠭᠰᠡᠨ ᠴᠠᠭ᠄
2023/12/29
      ᠣᠶᠢᠷ᠎ᠠ ᠳᠤ᠂ ᠬᠤᠰᠢᠭᠤ ᠰᠤᠷᠭᠠᠨ ᠬᠥᠮᠦᠵᠢᠯ ᠤᠨ ᠰᠢᠰᠲ᠋ᠧᠮ 2023 ᠣᠨ ᠤ ᠪᠥᠬᠦ ᠬᠤᠰᠢᠭᠤᠨ ᠤ ︽ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠮᠡᠳᠦ ᠳᠤᠳᠤᠨᠤ︾ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠪᠦᠯ ᠤᠨ ᠤᠯᠠᠷᠢᠯ ᠤᠨ ᠭᠡᠭᠡᠷᠡᠯᠡᠨ ᠬᠦᠶᠦᠬᠦ ᠤᠷᠤᠯᠳᠤᠭᠠᠨ ᠶᠠᠪᠤᠭᠳᠠᠭᠤᠯᠵᠤ᠂ ᠪᠥᠬᠦ ᠬᠤᠰᠢᠭᠤᠨ ᠤ 9 ᠳᠤᠮᠳᠠᠳᠤ ᠪᠠᠭ᠎ᠠ ᠰᠤᠷᠭᠠᠭᠤᠯᠢ ᠶᠢᠨ 10 ᠲᠥᠯᠥᠭᠡᠯᠡᠭᠴᠢᠳ ᠤᠨ ᠪᠠᠭ ᠤᠨ 230 ᠳᠠᠮᠢᠷᠴᠢᠳ ᠬᠠᠬᠢᠷ ᠬᠦᠢᠳᠡᠨ ᠢ ᠬᠠᠯᠠᠰᠢᠷᠠᠯ ᠦᠬᠡᠢ ᠢᠳᠡᠪᠬᠢᠯᠡᠨ ᠤᠷᠤᠯᠴᠠᠵᠤ᠂ ᠤᠷᠤᠯᠳᠤᠭᠠᠨ ᠤ ᠡᠴᠦᠰ ᠲᠤ ᠭᠤᠷᠪᠠᠳᠤᠭᠠᠷ ᠪᠠᠭ᠎ᠠ ᠰᠤᠷᠭᠠᠭᠤᠯᠢ ᠨᠢ ᠪᠠᠭ᠎ᠠ ᠰᠤᠷᠭᠠᠭᠤᠯᠢ ᠶᠢᠨ ᠳᠤᠭᠤᠶᠢᠯᠠᠩ ᠤᠨ ᠲᠡᠷᠢᠬᠦᠨ᠂ ᠭᠤᠷᠪᠠᠳᠤᠭᠠᠷ ᠳᠤᠮᠳᠠᠳᠤ ᠰᠤᠷᠭᠠᠭᠤᠯᠢ ᠨᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠲᠡᠷᠢᠬᠦᠨ ᠳᠤ ᠳᠤᠳᠤᠷᠠᠵᠤ᠂ ᠲᠠᠪᠤᠳᠤᠭᠠᠷ ᠪᠠᠭ᠎ᠠ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ ᠳᠤᠰ ᠳᠤᠰ ᠳᠡᠳ᠋ᠯᠡᠨ᠂ ᠨᠢᠭᠡᠳᠦᠭᠡᠷ ᠪᠠᠭ᠎ᠠ ᠰᠤᠷᠭᠠᠭᠤᠯᠢ ᠭᠤᠷᠪᠠᠳᠤᠭᠠᠷ ᠲᠤ ᠰᠢᠯᠭᠠᠷᠠᠵᠤ᠂ ᠳᠥᠷᠪᠡᠳᠦᠭᠡᠷ ᠪᠠᠭ᠎ᠠ ᠰᠤᠷᠭᠠᠭᠤᠯᠢ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ᠂ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠢ ᠰᠢᠯᠢᠳᠡᠭ ᠶᠣᠰᠣ ᠰᠤᠷᠲᠠᠬᠤᠨ ᠤ ᠱᠠᠩᠨᠠᠯ ᠳᠤᠰᠴᠤ᠂ ᠤᠷᠤᠯᠳᠤᠭᠠᠨ ᠳᠤ ᠪᠠᠰᠠ 14 ᠰᠢᠯᠢᠳᠡᠭ  ᠬᠢᠨᠠᠭᠴᠢᠳ ᠢ ᠱᠠᠩᠨᠠᠨ ᠤᠷᠮᠠᠰᠢᠭᠤᠯᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号