ᠯᠢ ᠭᠦᠸᠧ ᠴᠢᠩ
ᠨᠡᠶᠢᠲᠡᠯᠡᠭᠰᠡᠨ ᠴᠠᠭ᠄
2023/12/29
     ᠯᠢ ᠭᠦᠸᠧ ᠴᠢᠩ᠂ ᠡᠷᠡᠭᠲᠡᠶ᠂ ᠬᠢᠲᠠᠳ ᠦᠨᠳᠦᠰᠦᠲᠡᠨ᠂ 1981 ᠣᠨ ᠤ 9 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠶᠢᠨ ᠲᠤᠰᠢᠶᠠᠯ ᠲᠠᠢ᠃ ᠪᠡᠭᠡᠵᠢᠩ ᠤᠨ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ ᠪᠦᠳᠦᠭᠡᠨ ᠪᠠᠶᠢᠭᠤᠯᠤᠯᠳᠠ ᠬᠦᠭᠵᠢᠭᠦᠯᠦᠯᠳᠡ ᠶᠢᠨ ᠲᠤᠪᠴᠢᠶᠠᠨ ᠤ ᠲᠦᠷᠪᠡᠳᠦᠭᠡᠷ ᠲᠡᠰ ᠤᠨ ᠪᠠᠶᠢᠴᠠᠭᠠᠨ ᠰᠤᠳᠤᠯᠤᠭᠴᠢ᠂ ᠪᠡᠭᠡᠵᠢᠩ ᠤᠨ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ ᠪᠦᠳᠦᠭᠡᠨ ᠪᠠᠶᠢᠭᠤᠯᠤᠯᠳᠠ ᠬᠦᠭᠵᠢᠭᠦᠯᠦᠯᠳᠡ ᠶᠢᠨ ᠲᠤᠪᠴᠢᠶᠠᠨ ᠤ ᠪᠦᠳᠦᠭᠡᠨ ᠪᠠᠶᠢᠭᠤᠯᠤᠯᠳᠠ ᠶᠢᠨ ᠭᠠᠵᠠᠷ ᠤᠨ ᠲᠠᠷᠤᠭ᠎ᠠ᠂ ᠵᠢᠷᠭᠤᠳᠤᠭᠠᠷ ᠲᠡᠰ ᠠᠴᠠ ᠭᠤᠤᠯᠯᠠᠨ ᠡᠷᠬᠢᠯᠡᠪᠡ︔ ᠪᠡᠭᠡᠵᠢᠩ ᠤᠨ ᠠᠵᠤ ᠠᠬᠤᠢ ᠮᠡᠷᠭᠡᠵᠢᠯ ᠤᠨ ᠨᠡᠭᠡᠭᠡᠯᠳᠡ ᠶᠢᠨ ᠤᠷᠤᠨ ᠤ ᠠᠵᠤ ᠠᠬᠤᠶᠢᠯᠠᠯ ᠳᠤ ᠦᠢᠯᠡᠴᠢᠯᠡᠬᠦ ᠠᠵᠢᠯ ᠤᠨ ᠪᠠᠶᠢᠷᠢ ᠶᠢᠨ ᠶᠡᠷᠦᠩᠭᠡᠢ ᠠᠵᠢᠯᠳᠠᠨ ᠢᠶᠠᠷ ᠠᠵᠢᠯᠯᠠᠵᠤ ᠦᠩᠭᠡᠷᠡᠪᠡ᠃      ᠬᠤᠰᠢᠭᠤ ᠳᠠᠷᠤᠭ᠎ᠠ ᠶᠢ ᠬᠠᠪᠰᠤᠷᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠢ ᠬᠠᠷᠢᠭᠤᠴᠠᠵᠤ ᠂ ᠬᠤᠰᠢᠭᠤ ᠳᠡᠳ᠋ ᠳᠠᠷᠤᠭ᠎ᠠ ᠮᠥᠷᠡᠨ ᠲᠠᠢ ᠭᠤᠤᠯᠴᠢᠯᠠᠨ ᠬᠠᠷᠢᠯᠴᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶ᠎ᠡ ᠴᠠᠷᠠᠭ᠎ᠠ ᠶᠢᠨ ᠠᠵᠢᠯ ᠢ ᠬᠤᠪᠢᠳᠠᠨ ᠬᠠᠮᠢᠶᠠᠷᠤᠨ᠎ᠠ᠃      ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号