ᠵᠠᠰᠠᠭ ᠤᠨ ᠣᠷᠳᠣᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2023/3/1
ᠰᠦᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ[2023.2]                                                                                    ᠠᠷᠪᠠᠨ ᠬᠤᠶᠠᠷᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠡᠳᠤᠭᠠᠷ ᠤᠳᠠᠭᠠᠨ ᠤ ᠬᠤᠷᠠᠯᠳᠤᠭᠠᠨ ᠤ ᠮᠠᠲ᠋ᠧᠷᠢᠶᠠᠯ                                     ᠵᠠᠰᠠᠭ ᠤᠨ ᠣᠷᠳᠣᠨ ᠤ ᠠᠵᠢᠯ ᠤᠨ ᠢᠯᠡᠳᠭᠡᠯ      — 2023 ᠤᠨ ᠤ 2 ᠰᠠᠷ᠎ᠠ ᠶᠢᠨ 23 ᠤ ᠡᠲᠤᠷ ᠰᠥᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠭᠤᠷᠪᠡᠳᠤᠭᠠᠷ ᠤᠲᠠᠭᠠᠨ ᠤ ᠬᠤᠷᠠᠯᠲᠤᠭᠠᠨ ᠲᠡᠭᠡᠷ᠎ᠡᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ      ᠸᠠᠩ ᠵᠠᠨ ᠴᠢᠲᠦᠯᠦᠬᠡᠯᠡᠭᠴᠢᠳ ᠡ᠄      ᠤᠳᠤ᠂ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠠ᠂ ᠬᠢᠨᠡᠨ ᠵᠦᠪᠯᠡᠬᠦ ᠪᠤᠯᠪᠡᠤ᠂ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠭᠰᠠᠨ ᠨᠦᠬᠦᠳ ᠴᠦ ᠰᠠᠨᠠᠯ ᠢᠶᠠᠨ ᠲᠤᠷᠠᠳᠬᠤ ᠪᠤᠯᠪᠡᠤ᠃      ᠨᠢᠬᠡ᠂ 2022 ᠤᠨ ᠤ ᠠᠵᠢᠯ ᠤᠨ ᠡᠷᠬᠢᠴᠠᠬᠦᠯᠦᠯ      2022 ᠤᠨ ᠪᠤᠯ ᠲᠤᠰ ᠬᠤᠭᠤᠴᠠᠭᠠᠨ ᠤ ᠵᠠᠰᠠᠭ ᠤᠨ ᠤᠷᠳᠤᠨ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠡᠬᠢᠯᠡᠯᠳᠡ ᠶᠢᠨ ᠵᠢᠯ᠂ ᠮᠠᠰᠢ ᠶᠡᠭᠡ ᠬᠦᠴᠢᠷ ᠪᠡᠷᠭᠡᠰᠢᠶᠠᠯ ᠲᠠᠢ᠂ ᠲᠤᠶᠢᠯ ᠤᠨ ᠶᠡᠷᠦ ᠪᠤᠰᠤ ᠶᠢᠨ ᠨᠢᠭᠡ ᠵᠢᠯ ᠮᠥᠨ᠃ ᠰᠢᠨ᠎ᠡ ᠲᠢᠳᠢᠮᠯᠢᠭ ᠬᠢᠵᠢᠭ ᠤᠨ ᠪᠠᠶᠢᠳᠠᠯ ᠵᠡᠷᠭᠡ ᠪᠤᠳᠤᠯᠢᠶᠠᠨᠳᠠᠢ ᠬᠤᠪᠢᠷᠠᠯᠳᠠ ᠶᠡᠭᠡᠳᠡᠢ ᠵᠢᠱᠢᠯᠳᠠ ᠠᠴᠠ ᠲᠠᠪᠠᠭᠰᠠᠨ ᠬᠦᠴᠦᠨ ᠵᠦᠢᠯ ᠤᠨ ᠴᠤᠬᠢᠯᠳᠠ ᠳᠤ ᠬᠠᠨᠳᠤᠵᠦ᠂ ᠬᠤᠰᠢᠭᠤ ᠵᠠᠰᠠᠭ ᠤᠨ ᠤᠷᠳᠤᠨ ᠨᠢ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠡᠷᠢᠮᠳᠠᠯᠠᠵᠦ᠂ ᠨᠡᠮ ᠤᠨ ᠠᠷᠪᠡ ᠶᠢᠰᠤᠳᠤᠭᠡᠷ ᠶᠡᠭᠡ ᠬᠤᠷᠠᠯ᠂ ᠠᠷᠪᠡ ᠶᠢᠰᠤᠳᠤᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠪᠡ ᠨᠡᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠦ᠂ ᠲᠤᠭᠳᠠᠭᠤᠨ ᠪᠠᠶᠢᠯᠭᠠᠬᠤ ᠶᠢ ᠲᠡᠷᠢᠬᠦᠨ ᠳᠤ ᠲᠡᠯᠪᠢᠬᠤ᠂ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠭᠡᠢ ᠬᠦᠭ ᠠᠶᠠᠰ ᠢ ᠪᠡᠷᠢᠮᠳᠠᠯᠠᠵᠦ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠪᠦᠷᠢᠨ ᠪᠦᠳᠤᠨ᠂ ᠵᠦᠪ ᠤᠨᠤᠪᠴᠢᠳᠠᠢ᠂ ᠪᠦᠬᠦ ᠲᠠᠯ᠎ᠠ ᠪᠠᠷ ᠲᠤᠤᠱᠯᠠᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠡ ᠠᠵᠦ ᠠᠬᠤᠢ ᠨᠡᠶᠢᠭᠡᠮ  ᠤᠨ ᠬᠦᠭᠵᠢᠯᠳᠡ ᠶᠢ ᠨᠢᠭᠡᠳᠤᠯᠳᠠᠢ ᠲᠦᠯᠦᠪᠵᠢᠬᠦᠯᠦᠨ ᠠᠬᠢᠭᠤᠯᠵᠦ᠂ ᠠᠷᠪᠡᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠠᠴᠠ ᠲᠤᠭᠳᠠᠭᠠᠭᠰᠠᠨ ᠬᠠᠷᠠᠯᠳᠠ ᠡᠬᠦᠷᠭᠡ ᠶᠢ ᠨᠠᠯᠢᠶᠠᠳ ᠰᠠᠶᠢᠳᠤᠷ ᠪᠡᠶᠡᠯᠡᠬᠦᠯᠪᠡ᠃ ᠪᠦᠬᠦ ᠵᠢᠯ ᠤᠨ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠦᠩᠭᠡᠢ ᠦᠷᠳᠡᠭ ᠢ 47.2 ᠳ᠋ᠦᠩᠰᠢᠭᠤᠷ ᠲᠦᠬᠦᠷᠢᠭ ᠪᠡᠶᠡᠯᠡᠬᠦᠯᠵᠦ᠂ 2.4% ᠪᠠᠷ ᠨᠡᠮᠡᠭᠳᠡᠪᠡ︔ ᠡᠩ ᠤᠨ ᠤᠯᠠᠨ ᠨᠠᠶᠢᠳᠠ ᠶᠢᠨ ᠲᠦᠰᠦᠪ ᠤᠨ ᠤᠷᠤᠯᠭ᠎ᠠ ᠶᠢ 2.05 ᠳ᠋ᠦᠩᠰᠢᠭᠤᠷ ᠲᠦᠬᠦᠷᠢᠭ ᠪᠡᠶᠡᠯᠡᠬᠦᠯᠪᠡ︔ ᠲᠡᠭᠡᠳᠤ ᠱᠠᠳᠤᠨ ᠠᠴᠠ ᠲᠡᠮᠡᠴᠠᠨ ᠤᠯᠤᠭᠰᠠᠨ ᠨᠦᠬᠦᠪᠤᠷᠢ ᠶᠢᠨ ᠪᠡᠯᠡ ᠮᠦᠩᠬᠦ 2021 ᠤᠨ ᠤ  ᠬᠢ ᠠᠴᠠ 1.86 ᠳ᠋ᠦᠩᠰᠢᠭᠤᠷ ᠲᠦᠬᠦᠷᠢᠭ ᠨᠡᠮᠡᠭᠳᠡᠵᠦ᠂ 15% ᠪᠠᠷ ᠨᠡᠮᠡᠭᠳᠡᠪᠡ︔ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 17 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠤᠨ ᠤ ᠡᠬᠦᠷᠭᠡ ᠶᠢ 2.1 ᠳ᠋ᠦᠩᠰᠢᠭᠤᠷ ᠲᠦᠬᠦᠷᠢᠭ ᠲᠡᠪᠡᠭᠤᠯᠤᠨ ᠪᠡᠶᠡᠯᠡᠬᠦᠯᠵᠦ᠂ 20.6% ᠪᠠᠷ ᠨᠡᠮᠡᠭᠳᠡᠪᠡ︔ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠲᠤᠬᠢᠷᠠᠭᠤᠯᠵᠦ ᠪᠤᠯᠬᠤᠶᠢᠴᠠ ᠤᠷᠤᠯᠭ᠎ᠠ ᠶᠢ ᠲᠤᠰᠪᠤᠷᠢ 44607 ᠲᠦᠬᠦᠷᠢᠭ ᠪᠡ 16996 ᠲᠦᠬᠦᠷᠢᠭ ᠪᠡᠶᠡᠯᠡᠬᠦᠯᠵᠦ᠂ 4.3% ᠪᠤᠯᠤᠨ 7.6% ᠪᠠᠷ ᠨᠡᠮᠡᠭᠳᠡᠪᠡ︔ ᠨᠡᠶᠢᠬᠡᠮ ᠤᠨ ᠭᠡᠷᠡᠭᠯᠡᠭᠡᠨ ᠤ ᠲᠡᠸᠡᠷ ᠤᠨ ᠵᠢᠵᠢᠭᠯᠡᠨ ᠪᠤᠷᠤᠯᠠᠭᠤᠯᠭ᠎ᠠ ᠶᠢᠨ ᠶᠡᠷᠦᠩᠭᠡᠢ ᠦᠨ᠎ᠡ ᠶᠢ 8.6 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠪᠦᠬᠦ ᠠᠶᠢᠮᠠᠭ ᠤᠨ ᠭᠤᠷᠪᠡᠳᠤᠭᠠᠷ ᠲᠤ ᠵᠢᠭᠰᠠᠭᠠᠭᠳᠠᠵᠦ᠂ ᠬᠤᠰᠢᠭᠤ ᠰᠢᠶᠠᠨ ᠤ ᠭᠡᠪᠴᠢᠶᠠᠨ ᠤ ᠠᠵᠦ ᠠᠬᠤᠢ ᠶᠢᠨ ᠶᠡᠷᠦᠩᠭᠡᠢ ᠪᠤᠳᠠᠳᠤ ᠬᠦᠴᠦᠨ ᠲᠤᠭᠳᠠᠭᠤᠨ ᠢᠶᠠᠷ ᠲᠡᠭᠡᠭᠰᠢᠯᠡᠪᠡ᠃      ᠨᠢᠬᠡ ᠵᠢᠯ ᠤᠨ ᠲᠤᠷᠰᠢ᠂ ᠪᠢᠳᠡ ᠲᠤᠭᠳᠠᠭᠤᠨ ᠪᠠᠶᠢᠯᠭᠠᠬᠤ ᠶᠢ ᠲᠡᠷᠢᠬᠦᠨ ᠳᠤ ᠲᠡᠯᠪᠢᠬᠤ᠂ ᠲᠤᠭᠳᠠᠭᠤᠨ ᠤ ᠲᠤᠮᠳᠠ ᠤᠷᠤᠭᠰᠢᠯᠠᠬᠤ ᠶᠢ ᠪᠠᠷᠢᠮᠳᠠᠯᠠᠵᠦ᠂ ᠬᠦᠭᠵᠢᠯᠳᠡ ᠶᠢᠨ ᠰᠠᠭᠤᠷᠢ ᠶᠢ ᠨᠡᠩ ᠪᠡᠳᠤᠳᠬᠠᠪᠡ᠃ ᠠᠵᠦ ᠠᠬᠤᠢ ᠶᠢ ᠲᠤᠭᠳᠠᠪᠤᠷᠢᠵᠢᠭᠤᠯᠬᠤ ᠠᠷᠭ᠎ᠠ ᠪᠡᠷᠢᠯ ᠪᠡ ᠲᠦᠷᠦ ᠶᠢᠨ ᠪᠤᠳᠤᠯᠭ᠎ᠠ ᠨᠤᠭᠤᠳ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠵᠦ ᠠᠬᠤᠢ ᠶᠢ ᠲᠤᠭᠳᠠᠪᠤᠷᠢᠵᠢᠭᠤᠯᠬᠤ 40 ᠵᠤᠷᠪᠤᠰ᠂ ᠠᠵᠦ ᠦᠢᠯᠡᠳᠪᠤᠷᠢ ᠶᠢᠨ ᠠᠵᠦ ᠠᠬᠤᠢ ᠶᠢᠨ ᠴᠢᠨᠠᠷᠯᠢᠭ ᠬᠦᠭᠵᠢᠯᠳᠡ ᠶᠢ ᠠᠬᠢᠭᠤᠯᠬᠤ 36 ᠵᠤᠷᠪᠤᠰ ᠢ ᠲᠤᠭᠳᠠᠭᠠᠵᠦ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠰᠢᠯᠢᠳᠡᠭᠵᠢᠬᠦᠯᠬᠦ ᠳᠤ ᠦᠢᠯᠡᠴᠢᠯᠠᠬᠦ ᠵᠠᠬ᠎ᠠ ᠲᠡᠯᠬᠡᠬᠦᠷ ᠤᠨ ᠭᠤᠤᠯ ᠴᠤᠭᠴᠠ ᠶᠢᠨ 261 ᠵᠤᠷᠪᠤᠰ ᠡᠬᠦᠷᠭᠡ ᠶᠢ ᠨᠠᠷᠢᠯᠢᠭᠵᠢᠭᠤᠯᠤᠨ ᠲᠡᠬᠦᠯᠳᠡᠷᠵᠢᠬᠦᠯᠵᠦ᠂ ᠲᠦᠬᠡᠮᠡᠯ ᠬᠠᠷᠠᠭᠠᠯᠵᠠᠳᠤ  ᠴᠢᠨᠡᠷᠳᠡᠢ ᠪᠠᠭ᠎ᠠ ᠵᠢᠵᠢᠭ ᠠᠵᠦ ᠠᠬᠤᠶᠢᠯᠠᠯ ᠤᠨ ᠦᠢᠯᠡᠰ ᠪᠤᠰᠬᠠᠬᠤ ᠪᠠᠳᠤᠯᠠᠭ᠎ᠠ ᠶᠢᠨ ᠵᠢᠬᠡᠯᠡᠯᠬᠡ 1303 ᠲᠦᠮᠡᠨ ᠲᠦᠬᠦᠷᠢᠭ ᠲᠠᠯᠪᠢᠵᠦ᠂ ᠬᠦᠴᠢᠷᠳᠡᠯ ᠲᠠᠢ ᠠᠵᠦ ᠠᠬᠤᠶᠢᠯᠠᠯ ᠤᠨ 7108  ᠲᠦᠮᠡᠨ ᠲᠦᠬᠦᠷᠢᠭ ᠤᠨ ᠵᠢᠭᠡᠯᠡᠯᠭᠡ ᠶᠢᠨ ᠡᠭᠡ ᠮᠦᠩᠬᠦ ᠪᠡ ᠬᠦᠦ ᠮᠦᠩᠬᠦ ᠶᠢ ᠪᠤᠴᠠᠭᠠᠬᠤ ᠬᠤᠭᠤᠴᠠᠭ᠎ᠠ ᠶᠢ ᠨᠢ ᠤᠷᠳᠤᠳᠬᠠᠵᠦ᠂ ᠦᠯᠡᠳᠡᠭᠡᠨ ᠰᠠᠭᠤᠯᠭᠠᠭᠰᠠᠨ ᠭᠠᠶᠢᠯᠢ ᠶᠢ ᠪᠤᠴᠠᠭᠠᠬᠤ᠂ ᠭᠠᠶᠢᠯᠢ ᠶᠢ ᠬᠦᠩᠭᠡᠯᠡᠵᠦ ᠰᠦᠢᠳᠭᠡᠯ ᠢ ᠪᠠᠭᠤᠷᠠᠭᠤᠯᠬᠤ ᠵᠡᠷᠭᠡ ᠳᠤ 1.19 ᠳ᠋ᠦᠩᠰᠢᠭᠤᠷ ᠲᠦᠬᠦᠷᠢᠭ ᠵᠠᠷᠤᠴᠠᠭᠤᠯᠵᠦ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ᠂ ᠲᠤᠮᠳᠠ ᠪᠠᠭ᠎ᠠ ᠠᠵᠦ ᠠᠬᠤᠶᠢᠯᠠᠯ ᠤᠨ 1.2 ᠳ᠋ᠦᠩᠰᠢᠭᠤᠷ ᠲᠦᠬᠦᠷᠢᠭ ᠢ ᠲᠦᠯᠦᠵᠦ ᠲᠠᠭᠤᠰᠬᠠᠨ᠂ ᠠᠵᠦ ᠠᠬᠤᠢ ᠶᠢᠨ ᠨᠡᠮᠡᠭᠳᠡᠯ ᠢ ᠲᠦᠷᠭᠡᠳᠭᠡᠵᠦ᠂ ᠵᠠᠬ᠎ᠠ ᠲᠡᠯᠬᠡᠬᠦᠷ ᠤᠨ ᠭᠤᠤᠯ ᠴᠤᠭᠴᠠ ᠶᠢ ᠲᠤᠭᠳᠠᠪᠤᠷᠢᠵᠢᠭᠤᠯᠪᠡ᠃ ᠲᠦᠷᠦᠯ ᠵᠦᠢᠯ ᠢᠶᠠᠷ ᠲᠠᠶᠢᠴᠢᠯᠠᠬᠤ᠂ ᠪᠡᠯᠡ ᠤᠷᠤᠭᠤᠯᠤᠯᠳᠠ ᠪᠠᠷ ᠲᠠᠶᠢᠴᠢᠯᠠᠬᠤ ᠶᠢ ᠲᠤᠪᠤᠶᠢᠯᠭᠠᠵᠦ᠂ ᠪᠦᠬᠦ ᠵᠢᠯ ᠳᠤ ᠠᠶᠢᠮᠠᠭ ᠤᠨ ᠲᠠᠰ ᠤᠨ 6 ᠲᠦᠷᠦᠯ ᠵᠦᠢᠯ ᠂ ᠬᠤᠰᠢᠭᠤ ᠲᠠᠰ ᠤᠨ 42 ᠭᠤᠤᠯᠳᠠᠯᠭ᠎ᠠ ᠲᠠᠢ ᠲᠦᠷᠦᠯ ᠵᠦᠢᠯ ᠳᠤ 21 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠵᠦ᠂ ᠲᠦᠷᠦᠯ ᠵᠦᠢᠯ ᠤᠨ ᠶᠡᠷᠦᠩᠭᠡᠢ ᠭᠡᠮᠵᠢᠶ᠎ᠠ᠂ ᠪᠡᠯᠡ ᠤᠷᠤᠭᠤᠯᠤᠯᠳᠠ ᠶᠢᠨ ᠶᠡᠷᠦᠩᠭᠡᠢ ᠭᠡᠮᠵᠢᠶ᠎ᠠ ᠲᠤᠰᠪᠤᠷᠢ 9% ᠪᠤᠯᠤᠨ 31% ᠪᠠᠷ ᠨᠡᠮᠡᠭᠳᠡᠵᠦ᠂ ᠠᠵᠦ ᠦᠢᠯᠡᠳᠪᠤᠷᠢ ᠶᠢᠨ ᠪᠡᠯᠡ ᠤᠷᠤᠭᠤᠯᠤᠯᠳᠠ᠂ ᠠᠷᠠᠳ ᠤᠨ ᠪᠡᠯᠡ ᠤᠷᠤᠭᠤᠯᠤᠯᠳᠠ ᠲᠤᠰᠪᠤᠷᠢ 127% ᠪᠤᠯᠤᠨ 65% ᠪᠠᠷ ᠨᠡᠮᠡᠭᠳᠡᠵᠦ᠂ ᠨᠡᠮᠡᠭᠳᠡᠯ ᠢ ᠲᠤᠭᠳᠠᠪᠤᠷᠢᠵᠢᠭᠤᠯᠬᠤ᠂ ᠪᠦᠳᠤᠴᠠ ᠶᠢ ᠲᠤᠬᠢᠷᠠᠭᠤᠯᠬᠤ᠂ ᠰᠠᠭᠤᠷᠢ ᠶᠢ ᠪᠠᠬᠢᠵᠢᠬᠦᠯᠬᠦ ᠳᠤ ᠬᠦᠴᠦᠳᠡᠢ ᠲᠤᠯᠭᠠᠭᠤᠷᠢᠯᠠᠯ ᠬᠠᠩᠭᠠᠪᠡ᠃      ᠨᠢᠭᠡ ᠵᠢᠯ ᠤᠨ ᠲᠤᠷᠰᠢ᠂ ᠪᠢᠳᠡ ᠬᠤᠰᠢᠭᠤᠨ ᠤ ᠪᠠᠶᠢᠳᠠᠯ ᠳᠤ ᠰᠠᠭᠤᠷᠢᠯᠠᠨ᠂ ᠠᠯᠤᠰ ᠬᠡᠲᠦ ᠶᠢ ᠲᠥᠯᠥᠪᠵᠢᠭᠦᠯᠬᠦ ᠶᠢ ᠪᠠᠷᠢᠮᠲᠠᠯᠠᠵᠤ᠂ ᠬᠥᠭᠵᠢᠯᠲᠡ ᠶᠢᠨ ᠨᠦᠬᠡᠴᠠ ᠬᠦᠴᠦᠨ ᠢ ᠲᠠᠰᠤᠷᠠᠯᠲᠠ ᠦᠭᠡᠢ ᠨᠡᠮᠡᠭᠳᠡᠬᠦᠯᠪᠡ᠃ ᠤᠳᠤ ᠦᠶ᠎ᠡ ᠶᠢᠨ ᠮᠠᠯ ᠠᠵᠤ ᠠᠬᠤᠢ ᠶᠢᠨ ᠶᠠᠰᠤ ᠴᠢᠨᠠᠷ ᠢ ᠲᠡᠭᠡᠭᠰᠢᠯᠡᠬᠦᠯᠦᠨ ᠦᠷ᠎ᠡ ᠠᠰᠢᠭ ᠢ ᠨᠡᠮᠡᠭᠳᠡᠬᠦᠯᠪᠡ᠃ ︽ᠬᠤᠨᠢᠨ ᠤ ᠡᠬᠦᠯᠳᠡᠷ ᠢ ᠰᠢᠯᠢᠳᠡᠭᠵᠢᠬᠦᠯᠦᠨ ᠲᠡᠮᠡᠭᠡ ᠦᠰᠭᠡᠬᠦ︾᠂ ︽ᠬᠤᠨᠢᠨ ᠤ ᠡᠬᠦᠯᠳᠡᠷ ᠢ ᠰᠢᠯᠢᠳᠡᠭᠵᠢᠬᠦᠯᠦᠨ ᠦᠬᠡᠷ ᠦᠰᠭᠡᠬᠦ︾ ᠪᠠᠶᠢᠯᠳᠤᠬᠤ ᠪᠤᠳᠤᠯᠭ᠎ᠠ ᠶᠢᠨ ᠦᠢᠯᠡᠳᠦᠯ ᠴᠢᠳᠠᠪᠤᠷᠢ ᠶᠢ ᠠᠭᠠᠵᠢᠮ ᠢᠶᠠᠷ ᠪᠠᠳᠠᠷᠠᠭᠤᠯᠵᠤ᠂ ᠪᠥᠬᠦ ᠵᠢᠯ ᠳᠤ 58.95 ᠲᠦᠮᠡᠨ ᠮᠠᠯ ᠳᠤ ᠭᠠᠷᠭᠠᠯᠳᠠ ᠬᠢᠵᠦ᠂ 4.4% ᠪᠠᠷ ᠨᠡᠮᠡᠭᠳᠡᠭᠦᠯᠦᠨ᠂ ᠮᠠᠯᠵᠢᠯ ᠤᠨ ᠣᠨ ᠳᠤ 94.7 ᠲᠦᠮᠡᠨ ᠢᠳᠡᠰᠢᠨ ᠤ ᠬᠤᠨᠢ᠂ 8.49 ᠲᠦᠮᠡᠨ ᠢᠳᠡᠰᠢᠨ ᠤ ᠦᠬᠡᠷ ᠮᠠᠯᠵᠢᠵᠦ᠂ ᠰᠦᠨᠢᠳ ᠬᠤᠣᠰ ᠪᠥᠬᠦᠲᠦ ᠲᠡᠮᠡᠭᠡ 8000 ᠳᠤ ᠬᠦᠷᠪᠡ᠃ ᠬᠤᠨᠢᠨ ᠤ ᠠᠵᠤ ᠦᠢᠯᠡᠰ ᠡᠳᠤᠷ ᠢᠷᠡᠬᠦᠶ᠎ᠠ ᠬᠦᠭᠵᠢᠵᠦ᠂ ᠰᠢᠯᠢᠳᠡᠭ ᠡᠬᠦᠯᠳᠡᠷ ᠤᠨ ᠦᠢᠯᠡᠰ ᠢ ᠬᠦᠭᠵᠢᠬᠦᠯᠦᠨ ᠮᠠᠨᠳᠤᠭᠤᠯᠬᠤ ᠵᠡᠮ ᠢᠶᠠᠷ ᠡᠷᠡᠰ ᠵᠠᠮᠨᠠᠵᠦ᠂ ᠰᠦᠨᠢᠳ ᠬᠤᠨᠢᠨ ᠤ ᠡᠬᠦᠯᠳᠡᠷ  ᠢ ᠴᠡᠪᠡᠷᠰᠢᠬᠦᠯᠬᠦ ᠪᠡ ᠪᠡᠷᠢᠮᠵᠢᠶᠠᠵᠢᠭᠤᠯᠤᠨ ᠰᠤᠩᠭᠤᠨ ᠪᠤᠶᠢᠵᠢᠭᠤᠯᠬᠤ ᠠᠵᠢᠯ ᠢ ᠦᠷᠬᠦᠯᠵᠢᠯᠡᠨ ᠬᠦᠨᠵᠡᠭᠡᠶᠢᠷᠡᠬᠦᠯᠵᠦ᠂ ᠵᠢᠯ ᠤᠨ ᠲᠤᠳᠤᠷ᠎ᠡ ᠬᠢᠷᠢ ᠲᠡᠩᠴᠡᠬᠦ ᠦᠬᠡᠢ ᠬᠤᠴᠠ ᠪᠡ ᠰᠦᠨᠢᠳ ᠡᠬᠦᠯᠳᠡᠷ ᠤᠨ ᠪᠤᠰᠤ 2.03 ᠲᠦᠮᠡᠨ ᠬᠤᠨᠢ ᠶᠢ ᠲᠠᠶᠠᠭᠳᠠᠵᠦ᠂ ᠤᠯᠤᠰ ᠤᠨ ᠲᠠᠰ ᠤᠨ ᠢᠳᠡᠰᠢᠨ ᠤ ᠬᠤᠨᠢᠨ ᠤ ᠭᠤᠣᠯ ᠡᠭᠦᠯᠳᠡᠷ ᠪᠣᠶᠢᠵᠢᠭᠤᠯᠬᠤ ᠲᠠᠯᠠᠪᠠᠶ᠂ ᠮᠠᠯ ᠤᠨ ᠰᠢᠯᠢᠳᠡᠭ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠲᠠᠯᠠᠪᠠᠶ ᠲᠤᠰᠪᠤᠷᠢ 1 ᠶᠢ ᠪᠠᠶᠢᠭᠤᠯᠵᠦ᠂ ᠰᠥᠨᠢᠳ ᠬᠤᠨᠢᠨ ᠤ ᠡᠭᠦᠯᠳᠡᠷ ᠢ ᠦᠷᠡᠵᠢᠬᠦᠯᠦᠨ ᠪᠤᠶᠢᠵᠢᠭᠤᠯᠬᠤ ᠲᠠᠯᠠᠪᠠᠶ 14 ᠳᠤ ᠬᠦᠷᠴᠦ᠂ ᠭᠤᠤᠯ ᠰᠦᠷᠦᠭ ᠢ 132 ᠪᠣᠯᠭᠠᠨ ᠬᠥᠭᠵᠢᠭᠦᠯᠵᠦ᠂ ︽ᠰᠢᠯᠢᠳᠡᠭ ᠡᠭᠦᠯᠳᠡᠷ ᠤᠨ ᠲᠠᠯᠠᠪᠠᠶ + ᠦᠷᠡᠵᠢᠬᠦᠯᠦᠨ ᠪᠤᠶᠢᠵᠢᠭᠤᠯᠬᠤ ᠲᠠᠯᠠᠪᠠᠶ + ᠭᠤᠤᠯ ᠰᠦᠷᠦᠭ︾ ᠤᠨ ᠭᠤᠷᠪᠠᠨ ᠳᠡᠰ ᠤᠨ ᠦᠷᠡᠵᠢᠭᠦᠯᠦᠨ ᠪᠣᠶᠢᠵᠢᠭᠤᠯᠬᠤ ᠲᠤᠭᠳᠠᠯᠴᠠᠭ᠎ᠠ ᠶᠢ ᠪᠦᠷᠢᠯᠳᠦᠭᠦᠯᠵᠦ᠂ ᠰᠥᠨᠢᠳ ᠬᠤᠨᠢᠨ ᠤ ᠪᠣᠳᠠᠭᠠᠯᠢ ᠪᠡᠶ᠎ᠡ ᠶᠢᠨ ᠲᠦᠯᠯᠡᠬᠦ ᠴᠢᠳᠠᠪᠤᠷᠢ ᠪᠠ ᠰᠦᠷᠦᠭ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠪᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠠᠨ ᠤᠳᠠᠭ᠎ᠠ ᠠᠷᠪᠢᠨ ᠲᠦᠯ ᠲᠤᠰᠬᠤ ᠰᠦᠨᠢᠳ ᠬᠤᠨᠢᠨ ᠤ ᠵᠢᠱᠢᠶ᠎ᠡ ᠦᠵᠡᠭᠦᠯᠦᠨ ᠲᠦᠬᠡᠮᠡᠯᠵᠢᠬᠦᠯᠬᠦ ᠲᠥᠷᠥᠯ ᠵᠦᠢᠯ ᠢ ᠬᠡᠷᠡᠭᠵᠢᠭᠦᠯᠵᠦ᠂ ᠤᠯᠠᠨ ᠲᠦᠯᠯᠡᠬᠦ ᠰᠦᠨᠢᠳ ᠬᠤᠨᠢ ᠶᠢ ᠪᠣᠶᠢᠵᠢᠭᠤᠯᠬᠤ᠂ ᠠᠮᠢ ᠠᠬᠤᠢ ᠬᠢᠭᠡᠳ ᠠᠵᠤ ᠠᠬᠤᠢ ᠶᠢᠨ ᠲᠠᠯ᠎ᠠ ᠪᠠᠷ ᠬᠤᠤᠰ ᠠᠰᠢᠭ ᠭᠥᠷᠳᠡᠬᠦ ᠶᠢ ᠲᠦᠷᠭᠡᠨ ᠪᠡᠶᠡᠯᠡᠭᠦᠯᠬᠦ ᠳᠤ ᠰᠠᠭᠤᠷᠢ ᠲᠠᠯᠪᠢᠪᠠ᠃ ᠶᠠᠩ ᠶᠠᠩ ᠮᠠᠯᠵᠢᠯ ᠤᠨ ᠦᠢᠯᠡᠰ ᠲᠤ ︽ᠰᠢᠯᠢ ᠶᠢᠨ ᠭᠤᠤᠯ ᠤᠨ ᠬᠤᠨᠢ︾ ᠭᠡᠬᠦ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠬᠡᠷᠡᠭᠯᠡᠬᠦ ᠡᠷᠬᠡ ᠤᠯᠭᠤᠭᠰᠠᠨ ᠤ ᠬᠠᠮᠲᠤ᠂ ︽ᠮᠧᠩ︾ ᠦᠰᠦᠭᠳᠤ ᠱᠣᠰᠢᠭ᠎ᠠ ᠳᠡᠮᠳᠡᠭ ᠤᠨ ᠦᠨᠡᠮᠯᠡᠯ ᠢ ᠬᠦᠷᠳᠡᠭᠡᠵᠦ᠂ ᠲᠠᠯ᠎ᠠ ᠨᠤᠲᠤᠭ ᠤᠨ 5 ᠲᠦᠮᠡᠨ ᠬᠤᠨᠢᠨ ᠤ ᠢᠷᠡᠯᠳᠡ ᠶᠢ ᠮᠦᠷᠳᠡᠬᠦ ᠠᠵᠢᠯ ᠢ ᠬᠡᠷᠡᠭᠵᠢᠭᠦᠯᠵᠦ᠂ ᠲᠦᠷᠦᠯ ᠲᠡᠮᠳᠡᠭ ᠤᠨ ᠪᠦᠲᠦᠭᠡᠭᠳᠡᠬᠦᠨ ᠤ ᠶᠡᠷᠦᠩᠭᠡᠢ ᠦᠨ᠎ᠡ ᠦᠰᠦᠭᠡᠳ 4% ᠳᠤ ᠬᠥᠷᠪᠡ᠃ ᠲᠡᠮᠡᠭᠡᠨ ᠤ ᠠᠵᠦ ᠦᠢᠯᠡᠰ ᠤᠨ ᠲᠠᠪᠠᠭᠤᠯᠢᠭ ᠢ ᠠᠭᠠᠵᠢᠮ ᠢᠶᠠᠷ ᠢᠯᠡᠷᠡᠬᠦᠯᠵᠦ᠂ ᠲᠦᠷᠦ ᠶᠢᠨ ᠪᠤᠳᠤᠯᠭ᠎ᠠ ᠬᠦᠳᠤᠯᠤᠨ ᠵᠢᠯᠤᠭᠤᠳᠬᠤ᠂ ᠲᠦᠷᠦᠯ ᠵᠦᠢᠯ ᠢᠶᠠᠷ ᠲᠡᠳᠬᠦᠬᠦ᠂ ᠬᠠᠮᠲᠤᠷᠠᠯᠴᠠᠨ ᠳᠠᠶᠢᠴᠢᠯᠠᠬᠤ ᠪᠠᠷ ᠳᠡᠮᠵᠢᠨ᠂ ᠵᠡᠭᠦᠨ ᠪᠠᠷᠠᠭᠤᠨ ᠬᠡᠰᠡᠭ ᠤᠨ ᠲᠡᠮᠡᠭᠡᠨ ᠤ ᠠᠵᠤ ᠦᠢᠯᠡᠰ ᠤᠨ ᠲᠡᠵᠢᠭᠡᠨ ᠦᠷᠡᠵᠢᠭᠦᠯᠬᠦ 2 ᠪᠦᠰᠡ ᠶᠢ ᠢᠳᠡᠪᠬᠢᠲᠡᠢ ᠡᠬᠦᠳᠴᠦ᠂ ᠲᠠᠷᠠᠬᠠᠢ ᠪᠤᠳᠠᠷᠬᠠᠢ ᠡᠷᠦᠬᠡ ᠶᠢᠨ ᠡᠵᠡᠩᠨᠡᠯᠲᠡ ᠶᠢ ᠵᠣᠬᠢᠬᠤ ᠬᠡᠮᠵᠢᠶ᠎ᠡ ᠪᠠᠷ ᠲᠦᠪᠯᠡᠷᠡᠬᠦᠯᠦᠨ ᠡᠷᠴᠢᠮᠵᠢᠭᠰᠡᠨ᠂ ᠭᠡᠪᠴᠢᠶᠡᠵᠢᠭᠰᠡᠨ ᠡᠵᠡᠩᠨᠡᠯᠳᠡ ᠳᠠᠰᠢ ᠬᠤᠪᠢᠷᠠᠭᠤᠯᠪᠡ᠃ ᠲᠡᠮᠡᠭᠡᠨ ᠤ ᠦᠢᠯᠡᠰ ᠤᠨ ᠠᠮᠢᠳᠤ ᠪᠤᠳᠠᠰ  ᠤᠨ ᠰᠢᠨᠵᠢᠯᠡᠭᠡ ᠮᠡᠷᠭᠡᠵᠢᠯ ᠤᠨ ᠺᠤᠮᠫᠠᠨᠢ ᠲᠤᠭᠳᠠᠭᠤᠨ ᠢᠶᠠᠷ ᠠᠵᠢᠯᠯᠠᠵᠦ᠂ ᠭᠥᠸᠧ ᠼᠠᠢ ᠪᠧᠢ ᠰᠾᠢ ᠬᠤᠤᠰ ᠪᠦᠬᠦᠳᠤ ᠲᠡᠮᠡᠭᠡ ᠶᠢ ᠦᠰᠭᠡᠬᠦ ᠰᠠᠭᠤᠷᠢᠨ ᠭᠠᠵᠡᠷ ᠤᠨ ᠲᠦᠷᠦᠯ ᠵᠦᠢᠯ ᠢ ᠰᠠᠭᠤᠷᠢᠰᠢᠭᠤᠯᠤᠨ ᠠᠵᠢᠯ ᠡᠬᠢᠯᠡᠬᠦᠯᠵᠦ᠂ ᠢᠩᠭᠡ ᠰᠠᠭᠠᠬᠤ ᠡᠷᠦᠬᠡ 2021 ᠣᠨ ᠳᠤ 17 ᠡᠷᠦᠬᠡ ᠪᠠᠶᠢᠭᠰᠠᠨ ᠠᠴᠠ ᠨᠡᠮᠡᠭᠳᠡᠭᠡᠳ 42 ᠡᠷᠦᠬᠡ ᠪᠣᠯᠵᠤ᠂ ᠢᠩᠭᠡᠨ ᠰᠦᠨ ᠤ ᠭᠠᠷᠤᠯᠲᠠ 350 ᠲᠣᠨ ᠪᠠᠶᠢᠭᠰᠠᠨ ᠠᠴᠠ ᠨᠡᠮᠡᠭᠳᠡᠭᠡᠳ 740 ᠲᠣᠨ ᠪᠣᠯᠵᠤ᠂ ᠰᠦᠨ ᠤ ᠬᠠᠩᠭᠠᠯᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ ︽ᠵᠠᠬ᠎ᠠ ᠳᠡᠯᠭᠡᠭᠦᠷ + ᠲᠤᠯᠤᠭᠠᠶᠢᠯᠠᠭᠴᠢ ᠠᠵᠤ ᠠᠬᠤᠶᠢᠯᠠᠯ + ᠰᠠᠭᠤᠷᠢᠨ ᠭᠠᠵᠠᠷ ︵ᠬᠤᠷᠰᠢᠶᠠᠵᠢᠯ︶ + ᠮᠠᠯᠵᠢᠬᠤ ᠡᠷᠦᠬᠡ ︵ᠭᠡᠷ ᠪᠦᠯᠢ ᠶᠢᠨ ᠮᠠᠯᠵᠢᠯ ᠤᠨ ᠲᠠᠯᠠᠪᠠᠢ︶︾ ᠶᠢᠨ ᠬᠠᠮᠲᠤᠪᠠᠷ ᠠᠰᠢᠭ ᠬᠦᠷᠳᠡᠬᠦ ᠲᠡᠮᠡᠭᠡᠨ ᠤ ᠠᠵᠤ ᠦᠢᠯᠡᠰ ᠤᠨ ᠰᠢᠨ᠎ᠡ ᠵᠠᠮ ᠢ ᠶᠠᠭ ᠰᠦᠪᠡᠭᠴᠢᠯᠡᠨ ᠪᠦᠷᠢᠯᠳᠦᠭᠦᠯᠵᠦ ᠪᠤᠢ᠃ ᠰᠦᠨ ᠤ ᠠᠵᠤ ᠦᠢᠯᠡᠰ ᠡᠷᠡᠭᠦᠯ ᠢᠶᠠᠷ ᠬᠦᠭᠵᠢᠵᠦ᠂ 440.6 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠳᠤᠮᠳᠠ ᠵᠢᠵᠢᠭ ᠲᠡᠵᠢᠭᠡᠨ ᠦᠷᠡᠵᠢᠭᠦᠯᠬᠦ ᠲᠠᠯᠠᠪᠠᠶ᠂ ᠤᠯᠠᠮᠵᠢᠯᠠᠯᠲᠤ ᠴᠠᠭᠠᠨ ᠢᠳᠡᠭᠡᠨ ᠤ ᠵᠢᠵᠢᠭ ᠦᠢᠯᠡᠳᠪᠤᠷᠢ ᠵᠡᠷᠭᠡ 21 ᠡᠷᠦᠬᠡ ᠶᠢ ᠲᠠᠰ ᠳᠡᠪᠰᠢᠭᠦᠯᠦᠨ ᠥᠭᠡᠷᠡᠴᠢᠯᠡᠵᠦ᠂ ᠴᠠᠭᠠᠨ ᠢᠳᠡᠭᠡᠨ ᠤ ᠠᠵᠤ ᠦᠢᠯᠡᠰ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠢᠳᠡᠰᠢᠨ ᠤ ᠦᠬᠡᠷ ᠤᠨ ᠡᠬᠦᠯᠳᠡᠷ ᠢ ᠰᠠᠶᠢᠵᠢᠷᠠᠭᠤᠯᠬᠤ ᠠᠯᠬᠤᠴᠠ ᠪᠠᠨ ᠲᠦᠷᠭᠡᠳᠭᠡᠵᠦ᠂ ᠰᠢᠯᠢᠳᠡᠭ ᠡᠬᠦᠯᠳᠡᠷ ᠤᠨ 470 ᠢᠳᠡᠰᠢᠨ ᠤ ᠦᠬᠡᠷ ᠤᠷᠤᠭᠤᠯᠵᠦ᠂ 3.82 ᠲᠦᠮᠡᠨ ᠦᠬᠡᠷ ᠤᠨ ᠡᠬᠦᠯᠳᠡᠷ ᠢ ᠰᠠᠶᠢᠵᠢᠷᠠᠭᠤᠯᠪᠡ᠃ ᠮᠠᠯ ᠠᠵᠦ ᠠᠬᠤᠢ ᠪᠠᠷ ᠭᠤᠤᠯ ᠪᠤᠯᠭᠠᠭᠰᠠᠨ᠂ ᠲᠠᠷᠢᠶᠠᠯᠠᠩ ᠤᠢ ᠰᠢᠭᠤᠢ ᠪᠠᠷ ᠲᠤᠰᠠᠯᠠᠬᠤ ᠠᠵᠦ ᠦᠢᠯᠡᠰ ᠪᠤᠯᠭᠠᠭᠰᠠᠨ ᠨᠢᠭᠡᠳᠦᠭᠡᠷ ᠠᠵᠤ ᠦᠢᠯᠡᠰ ᠲᠣᠭᠲᠠᠭᠤᠨ ᠪᠠᠶᠢᠵᠤ᠂ ᠪᠦᠬᠦ ᠵᠢᠯ ᠳᠤ 9.18 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ᠂ 6.3% ᠪᠠᠷ ᠨᠡᠮᠡᠭᠳᠡᠪᠡ᠃      ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠬᠦᠭᠵᠢᠬᠦᠯᠪᠡ᠃ ᠬᠢᠵᠢᠭ ᠤᠨ ᠪᠠᠶᠢᠳᠠᠯ᠂ ᠴᠠᠬᠢᠯᠭᠠᠨ ᠤ ᠬᠢᠵᠠᠭᠠᠷᠯᠠᠯ ᠤᠨ ᠨᠥᠯᠥᠭᠡ ᠶᠢ ᠢᠳᠡᠪᠬᠢᠲᠡᠢ  ᠠᠷᠭᠠᠴᠠᠭᠠᠵᠦ᠂ ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ᠂ ᠠᠵᠤ ᠦᠢᠯᠡᠳᠪᠦᠷᠢ ᠶᠢᠨ ᠠᠵᠤ ᠠᠬᠤᠢ ᠶᠢᠨ ᠪᠠᠭᠤᠷᠠᠬᠤ ᠬᠠᠨᠳᠤᠰᠢ ᠶᠢ ᠬᠤᠪᠢᠷᠠᠭᠤᠯᠵᠤ᠂ ᠲᠤᠭᠳᠠᠭᠤᠨ ᠢᠶᠠᠷ ᠲᠡᠰ ᠳᠡᠪᠰᠢᠭᠦᠯᠵᠦ ᠬᠦᠴᠦ ᠪᠠᠨ ᠨᠦᠭᠡᠴᠡᠯᠡᠪᠡ᠃ ᠣᠲᠣ ᠦᠶ᠎ᠡ ᠶᠢᠨ ᠡᠨᠧᠷᠭᠢ ᠶᠢᠨ ᠠᠵᠤ ᠦᠢᠯᠡᠰ ᠲᠦᠷᠭᠡᠨ ᠬᠥᠭᠵᠢᠵᠦ᠂ ᠰᠢᠩ ᠴᠢ ᠶᠤᠸᠠᠨ 1.2 ᠲᠦᠮᠡᠨ ᠺᠢᠯᠣᠸᠠᠲ ᠤᠨ ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠪᠥᠬᠦ ᠬᠤᠷᠳᠤᠴᠠ ᠪᠠᠷ ᠠᠬᠢᠵᠤ᠂ ᠵᠢᠩ ᠳ᠋ᠦᠩ ᠹᠠᠩ 20 ᠲᠦᠮᠡᠨ ᠺᠢᠯᠣᠸᠠᠲ ᠤᠨ ᠮᠠᠯᠵᠢᠬᠤ ᠤᠷᠤᠨ ᠤ ᠨᠡᠷᠡᠨ ᠤ ᠡᠨᠧᠷᠬᠢ ᠶᠢᠨ ᠨᠦᠬᠡᠴᠠ ᠶᠢᠨ ᠶᠡᠷᠦᠩᠭᠡᠶᠢᠯᠡᠭᠰᠡᠨ ᠵᠢᠱᠢᠶ᠎ᠠ ᠦᠵᠡᠬᠦᠯᠬᠦ ᠲᠦᠷᠦᠯ ᠵᠦᠢᠯ᠂ ᠵᠦᠩ ᠺᠧ ᠯᠢᠩ ᠱᠧᠩ 1 ᠲᠦᠮᠡᠨ ᠺᠢᠯᠣᠸᠠᠲ ᠤᠨ ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠲᠣᠭᠲᠠᠭᠰᠠᠨ ᠬᠤᠭᠤᠴᠠᠭᠠᠨ ᠳᠤ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠪᠥᠬᠦ ᠬᠤᠰᠢᠭᠤᠨ ᠤ ᠰᠢᠨ᠎ᠡ ᠡᠨᠧᠷᠭᠢ ᠶᠢᠨ ᠲᠣᠣᠷ ᠲᠤ ᠨᠡᠶᠢᠯᠡᠭᠦᠯᠬᠦ ᠬᠡᠪᠴᠢᠶ᠎ᠡ 115 ᠲᠦᠮᠡᠨ ᠺᠢᠯᠣᠸᠠᠲ ᠲᠤ ᠬᠥᠷᠪᠡ᠃ ᠰᠢᠨ᠎ᠡ ᠬᠠᠭᠤᠴᠢᠨ ᠬᠦᠳᠡᠯᠬᠡᠬᠦ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ ᠬᠤᠸᠠ ᠰᠢᠩ ᠠᠵᠤ ᠦᠢᠯᠡᠰ ᠤᠨ ᠵᠢᠯ ᠤᠨ ᠭᠠᠷᠤᠯᠳᠠ 10 ᠲᠦᠮᠡᠨ ᠲᠣᠨ ᠤ ᠴᠠᠬᠢᠭᠤᠷ ᠮᠠᠩᠭᠠᠨ ᠤ ᠬᠠᠶᠢᠯᠤᠰᠢ ᠶᠢᠨ ᠲᠠᠰ ᠳᠡᠪᠰᠢᠭᠦᠯᠬᠦ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠠᠮᠵᠢᠯᠳᠠᠳᠠᠢ ᠳᠠᠭᠤᠰᠬᠠᠵᠤ᠂ ᠰᠢᠨ ᠮᠧᠩ ᠰᠢᠨ ᠮᠠᠲ᠋ᠧᠷᠢᠶᠠᠯ ᠤᠨ 2 ᠰᠠᠤᠷᠢ 1.3 ᠲᠦᠮᠡᠨ ᠺᠢᠯᠣᠸᠣᠯᠲ ᠠᠮᠫᠧᠷ ᠤᠨ ᠠᠭᠤᠷᠬᠠᠢ ᠶᠢᠨ ᠢᠯᠴᠢ ᠶᠢᠨ ᠵᠤᠤᠬ᠎ᠠ ᠶᠢ ᠠᠰᠢᠭᠯᠠᠯᠳᠠ ᠠᠴᠠ ᠭᠠᠷᠭᠠᠵᠦ᠂ 2 ᠰᠠᠤᠷᠢ 3.03 ᠲᠦᠮᠡᠨ ᠺᠢᠯᠣᠸᠣᠯᠲ ᠠᠮᠫᠧᠷ ᠤᠨ ᠠᠭᠤᠷᠬᠠᠢ ᠶᠢᠨ ᠢᠯᠴᠢ ᠶᠢᠨ ᠵᠤᠤᠬ᠎ᠠ ᠶᠢ ᠰᠣᠯᠢᠬᠤ ᠠᠵᠢᠯ ᠢ ᠡᠬᠢᠯᠡᠭᠦᠯᠪᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠬᠦᠴᠦᠲᠡᠢ ᠬᠦᠭᠵᠢᠵᠦ᠂ ᠰᠢᠨ ᠮᠧᠩ ᠰᠢᠨ ᠮᠠᠲ᠋ᠧᠷᠢᠶᠠᠯ ᠤᠨ ᠵᠢᠯ ᠤᠨ ᠭᠠᠷᠤᠯᠳᠠ 10 ᠲᠦᠮᠡᠨ ᠲᠣᠨ ᠤ ᠯᠢᠲ᠋ᠢ ᠴᠡᠨᠡᠭ ᠤᠨ ᠪᠢᠯᠢᠭ ᠲᠤᠶᠢᠯ ᠤᠨ ᠮᠠᠲ᠋ᠧᠷᠢᠶᠠᠯ ᠦᠢᠯᠡᠳᠪᠦᠷᠢᠯᠡᠬᠦ ᠲᠥᠷᠥᠯ ᠵᠦᠢᠯ ᠢ ᠰᠠᠭᠤᠷᠢᠰᠢᠭᠤᠯᠤᠨ ᠠᠵᠢᠯ ᠡᠬᠢᠯᠡᠭᠦᠯᠵᠦ᠂ ᠪᠥᠬᠦ ᠬᠤᠰᠢᠭᠤ ᠴᠢᠨᠠᠭᠰᠢᠯᠠᠨ ᠪᠥᠬᠦ ᠠᠶᠢᠮᠠᠭ ᠤᠨ ᠡᠨᠧᠷᠭᠢ ᠬᠠᠳᠠᠭᠠᠯᠠᠬᠤ ᠴᠡᠨᠡᠭ ᠤᠨ ᠠᠵᠢᠯ ᠲᠥᠷᠥᠯ ᠤᠨ ᠬᠤᠭᠤᠰᠤᠨ ᠢ ᠨᠥᠬᠦᠪᠦᠷᠢᠯᠡᠪᠡ᠃ ᠷᠦᠢ ᡁᠢ ᠴᠠᠬᠢᠯᠭᠠᠨ ᠡᠬᠦᠰᠭᠡᠭᠴᠢ ᠴᠠᠬᠢᠯᠭᠠᠨ ᠲᠤᠤᠷ ᠲᠠᠭᠠᠭᠠᠴᠠ ᠨᠦᠬᠡᠴᠠ ᠶᠢ ᠨᠢᠭᠡ ᠴᠤᠭᠴᠠᠵᠢᠭᠤᠯᠬᠤ ᠵᠢᠴᠢ ᠵᠢᠯ ᠤᠨ ᠭᠠᠷᠤᠯᠳᠠ 20 ᠲᠦᠮᠡᠨ ᠲᠤᠨ ᠤ ᠯᠢᠲ᠋ᠢ ᠴᠡᠨᠡᠭ ᠤᠨ ᠪᠢᠯᠢᠭ ᠲᠦᠢᠯ ᠤᠨ ᠮᠡᠲ᠋ᠧᠷᠢᠶᠠᠯ ᠤᠨ ᠲᠦᠷᠦᠯ ᠵᠦᠢᠯ ᠢ ᠮᠡᠨ  ᠤ ᠬᠤᠰᠢᠭᠤᠨ ᠳᠤ ᠰᠠᠭᠤᠷᠢᠰᠢᠭᠤᠯᠵᠦ᠂ ᠪᠦᠬᠦ ᠠᠶᠢᠮᠠᠭ ᠲᠤ ᠬᠠᠮᠤᠭ ᠲᠦᠷᠦᠬᠦᠨ ᠳᠤ ᠵᠦᠪᠰᠢᠶᠡᠷᠡᠯ ᠤᠯᠤᠭᠰᠠᠨ ᠴᠠᠬᠢᠯᠭᠠᠨ ᠡᠬᠦᠰᠭᠡᠭᠴᠢ ᠴᠠᠭᠢᠯᠭᠠᠨ ᠲᠤᠤᠷ ᠲᠠᠭᠠᠭᠠᠴᠠ ᠨᠦᠭᠡᠴᠠ ᠶᠢ ᠨᠢᠬᠡ ᠴᠤᠭᠴᠠᠵᠢᠭᠤᠯᠤᠭᠰᠠᠨ ᠲᠦᠷᠦᠯ ᠵᠦᠢᠯ ᠪᠤᠯᠪᠠ᠃ ᠠᠵᠤ ᠦᠢᠯᠡᠰ ᠤᠨ ᠲᠠᠭᠠᠭᠠᠴᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢ ᠬᠤᠳᠠᠯᠳᠤᠨ ᠠᠪᠤᠭᠰᠠᠨ ᠤ ᠬᠠᠮᠲᠤ᠂ ᠲᠤᠷᠰᠢᠨ ᠠᠵᠢᠯᠯᠠᠭᠤᠯᠵᠦ᠂ ᠬᠠᠲᠠᠭᠤ ᠬᠠᠶᠠᠭᠳᠠᠮᠠᠯ ᠰᠢᠭᠠᠷᠤ ᠶᠢᠨ ᠲᠠᠯᠠᠪᠠᠢ ᠶᠢᠨ ᠰᠢᠭᠠᠷᠤ ᠶᠢ ᠬᠤᠷᠢᠶᠠᠬᠤ ᠨᠥᠬᠦᠴᠡᠯ ᠢ ᠪᠦᠷᠢᠯᠳᠤᠬᠦᠯᠵᠦ᠂ ᠴᠡᠪᠡᠷᠰᠢᠬᠦᠯᠦᠭᠰᠡᠨ ᠤᠰᠤ ᠶᠢ ᠠᠰᠢᠭᠯᠠᠬᠤ ᠢᠨᠵᠧᠨᠧᠷᠢᠩ ᠪᠠ ᠣᠶᠤᠨᠲᠤ ᠬᠦᠷᠢᠶᠡᠯᠡᠩ ᠲᠣᠭᠤᠷᠢᠭ ᠤᠨ ᠲᠥᠷᠥᠯ ᠵᠦᠢᠯ ᠢ ᠦᠨᠳᠦᠰᠦᠨ ᠳᠡᠭᠡᠨ ᠪᠡᠶᠡᠯᠡᠬᠦᠯᠵᠦ᠂ 7 ᠣᠷᠣᠨ ᠪᠦᠰᠡ ᠶᠢᠨ ᠦᠨᠡᠯᠡᠨ ᠵᠢᠱᠢᠭᠰᠡᠨ ᠤᠴᠢᠷ ᠶᠠᠪᠤᠳᠠᠯ ᠢ ᠬᠠᠮᠲᠤᠪᠠᠷ ᠡᠳ᠋ᠯᠡᠵᠦ ᠬᠡᠷᠡᠭᠯᠡᠬᠦ ᠶᠢ ᠪᠡᠶᠡᠯᠡᠭᠦᠯᠪᠡ᠃ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ ᠤᠨ ᠨᠡᠮᠡᠭᠳᠡᠯ ᠤᠨ ᠣᠷᠣᠨ ᠵᠠᠢ ᠶᠢ ᠠᠭᠤᠳᠠᠯᠠᠬᠤ ᠪᠠᠷ ᠲᠡᠮᠵᠢᠨ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠢ 18.2 ᠳ᠋ᠦᠩᠰᠢᠭᠤᠷ ᠲᠥᠭᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠤ  ᠬᠢ ᠠᠴᠠ ᠪᠠᠭ᠎ᠠ ᠰᠠᠭ᠎ᠠ ᠪᠠᠭᠤᠷᠠᠭᠰᠠᠨ ᠪᠣᠯᠪᠠᠴᠤ ᠶᠡᠷᠦᠩᠬᠡᠢ ᠳᠡᠭᠡᠨ ︽ᠳᠠᠷᠤᠯᠲᠠ ᠶᠢ ᠳᠠᠭᠠᠭᠠᠵᠤ᠂ ᠲᠣᠭᠲᠠᠭᠤᠨ ᠢᠶᠠᠷ ᠠᠵᠢᠯᠯᠠᠬᠤ᠂ ᠲᠦᠷᠭᠡᠨ ᠰᠡᠷᠭᠦᠭᠡᠬᠦ︾ ᠡᠷᠬᠢᠯᠳᠡ ᠶᠢᠨ ᠪᠠᠶᠢᠳᠠᠯ ᠢᠯᠡᠷᠡᠭᠰᠡᠨ ᠪᠠᠶᠢᠨ᠎ᠠ᠃      ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠮᠢᠵᠢᠷᠡᠯ ᠤᠨ ᠬᠦᠴᠦᠨ ᠨᠡᠮᠡᠭᠳᠡᠪᠡ᠃ ︽ᠰᠦᠨᠢᠳ ᠪᠠᠷᠠᠭᠤᠨ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ    ᠲᠠᠳᠬᠦᠨ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠨ ᠨᠡᠶᠢᠲᠡᠯᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠤᠨ᠂ ᠬᠡᠷᠡᠭᠯᠡᠭᠡᠨ ᠤ ᠢᠲᠡᠭᠡᠯ ᠢ ᠨᠡᠮᠡᠭᠳᠡᠭᠦᠯᠵᠦ᠂ ᠪᠥᠬᠦ ᠵᠢᠯ ᠳᠤ ᠨᠡᠶᠢᠲᠡ 10 ᠲᠦᠮᠡᠨ ᠵᠢᠭᠤᠯᠴᠢᠯᠠᠭᠰᠠᠳ ︵ᠤᠳᠠᠭ᠎ᠠ︶ ᠢ ᠭᠥᠯᠢᠶᠡᠨ ᠠᠪᠴᠤ᠂ 3000 ᠲᠦᠮᠡᠨ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠡᠬᠦᠳᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠩᠭᠠᠯᠭ᠎ᠠ ᠶᠢᠨ ᠬᠡᠯᠬᠢᠶᠠᠨ ᠤ ᠦᠢᠯᠡᠴᠢᠯᠠᠭᠡᠨ ᠤ ᠰᠠᠭᠤᠷᠢᠨ ᠭᠠᠵᠡᠷ ᠲᠤᠭᠳᠠᠭᠤᠨ ᠢᠶᠠᠷ ᠠᠵᠢᠯᠯᠠᠵᠦ᠂ ᠱᠤᠸᠠᠩ ᠶᠢᠩ᠂ ᠶᠤᠸᠠᠨ ᠲᠦᠩ ᠪᠠᠷᠠᠭᠠᠨ ᠤ ᠬᠦᠢᠯᠬᠡᠬᠡ ᠶᠢᠨ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠵᠤ᠂ ᠭᠠᠴᠠᠭ᠎ᠠ ᠲᠣᠰᠬᠤᠨ ᠳᠤ ᠪᠠᠷᠠᠭᠠᠨ ᠤ ᠬᠦᠢᠯᠬᠡᠬᠡ  ᠶᠢᠨ ᠲᠤᠭᠳᠠᠯᠴᠠᠭ᠎ᠠ ᠶᠢ ᠨᠡᠪᠳᠡᠷᠡᠬᠦᠯᠪᠡ᠃ ᠮᠠᠯᠵᠢᠬᠤ ᠲᠠᠷᠢᠶᠠᠯᠠᠬᠤ ᠣᠷᠣᠨ ᠳᠤ 11.2 ᠲᠦᠮᠡᠨ ᠬᠤᠪᠢ ᠲᠦᠷᠭᠡᠨ ᠭᠤᠪᠢᠭᠤᠯᠭ᠎ᠠ ᠶᠢ ᠲᠣᠬᠢᠷᠠᠭᠤᠯᠤᠨ ᠬᠦᠷᠭᠡᠵᠦ᠂ ᠮᠠᠯᠵᠢᠬᠤ ᠲᠠᠷᠢᠶᠠᠯᠠᠬᠤ ᠣᠷᠣᠨ ᠤ 17.9 ᠲᠦᠮᠡᠨ ᠬᠤᠪᠢ ᠣᠨᠴᠠᠯᠢᠭᠲᠤ ᠮᠠᠯ ᠤᠨ ᠠᠰᠢᠭ ᠰᠢᠮ᠎ᠡ ᠪᠡ ᠲᠠᠷᠢᠶᠠᠯᠠᠩ ᠤᠨ ᠪᠦᠲᠦᠭᠡᠭᠳᠡᠬᠦᠨ ᠢ ᠵᠠᠬ᠎ᠠ ᠳᠤ ᠭᠠᠷᠭᠠᠵᠦ᠂ ᠲᠤᠰᠪᠤᠷᠢ 8% ᠪᠠ 13% ᠪᠠᠷ ᠨᠡᠮᠡᠭᠳᠡᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠶᠢᠨ ᠮᠦᠩᠬᠦ 5.4 ᠳ᠋ᠦᠩᠰᠢᠭᠤᠷ ᠲᠥᠭᠦᠷᠢᠭ ᠲᠤ ᠬᠦᠷᠴᠦ᠂ 13.9% ᠪᠠᠷ ᠨᠡᠮᠡᠭᠳᠡᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠮᠦᠩᠬᠦ ᠲᠤᠰᠪᠤᠷᠢ 66.5 ᠳ᠋ᠦᠩᠰᠢᠭᠤᠷ ᠲᠥᠭᠦᠷᠢᠭ᠂ 34.5 ᠳ᠋ᠦᠩᠰᠢᠭᠤᠷ ᠲᠥᠭᠦᠷᠢᠭ ᠲᠤ ᠬᠦᠷᠴᠦ᠂ 25.1% ᠪᠠ 14.2% ᠢᠶᠠᠷ ᠨᠡᠮᠡᠭᠳᠡᠪᠡ᠃ ᠪᠥᠬᠦ ᠬᠤᠰᠢᠭᠤᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.6% ᠪᠠᠷ ᠨᠡᠮᠡᠭᠳᠡᠵᠦ᠂ ᠠᠵᠤ ᠠᠬᠤᠢ ᠶᠢᠨ ᠨᠡᠮᠡᠭᠳᠡᠯ 1.7 ᠵᠠᠭᠤᠨ ᠤ ᠬᠤᠪᠢ ᠶᠢᠨ ᠴᠡᠭ ᠢᠶᠠᠷ ᠨᠡᠮᠡᠭᠳᠡᠪᠡ᠃ ᠨᠢᠬᠡ ᠂ ᠬᠤᠶᠠᠷ᠂ ᠭᠤᠷᠪᠡᠳᠤᠭᠠᠷ ᠠᠵᠤ ᠦᠢᠯᠡᠰ ᠤᠨ ᠪᠦᠳᠤᠴᠠ ᠶᠢᠨ ᠬᠠᠷᠢᠴᠠᠯ ᠢ 2021 ᠣᠨ ᠤ 18.8᠄ 38.7᠄ 42.5 ᠪᠠᠶᠢᠭᠰᠠᠨ ᠠᠴᠠ 19.5᠄ 38.6᠄ 41.9 ᠪᠣᠯᠭᠠᠨ ᠲᠣᠬᠢᠷᠠᠭᠤᠯᠵᠤ᠂ ᠮᠦᠨ ᠯᠠ ᠨᠡᠯᠢᠶᠡᠳ ᠶᠡᠭᠡ ᠰᠢᠯᠢᠳᠡᠭᠵᠢᠭᠦᠯᠬᠦ ᠣᠷᠣᠨ ᠵᠠᠢ ᠲᠠᠢ ᠪᠠᠶᠢᠨ᠎ᠠ᠃      ᠨᠢᠭᠡ ᠵᠢᠯ ᠤᠨ ᠲᠤᠷᠰᠢ᠂ ᠪᠢᠳᠡ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠡᠷᠢᠮᠳᠠᠯᠠᠵᠦ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ   ᠰᠠᠶᠢᠵᠢᠷᠠᠭᠤᠯᠪᠡ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳ᠋ᠨ ᠮᠥᠩᠭᠦᠨ ᠠᠭᠤᠯᠠ ᠬᠠᠶᠢᠷᠬᠠᠨ ᠮᠥᠨ︾ ᠭᠡᠬᠦ ᠣᠶᠢᠯᠠᠭᠠᠭᠳᠠᠬᠤᠨ ᠢ ᠬᠢᠨᠠᠮᠠᠭᠠᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ︽ᠰᠦᠨᠢᠳ ᠪᠠᠷᠠᠭᠤᠨ ᠬᠤᠰᠢᠭᠤᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠲᠥᠯᠦᠪᠵᠢᠭᠦᠯᠭᠡ ︵2022 ︱ 2030 ᠣᠨ︶︾ ᠶᠢ ᠲᠤᠰᠬᠠᠢ ᠮᠡᠷᠭᠡᠵᠢᠯᠲᠡᠨ ᠢᠶᠠᠷ ᠬᠢᠨᠡᠨ ᠲᠤᠭᠳᠠᠭᠠᠯᠭᠠᠭᠰᠠᠨ ᠤ ᠬᠠᠮᠳᠤ ᠨᠡᠶᠢᠲᠡᠯᠡᠵᠦ᠂ ︽ᠭᠤᠷᠪᠠᠨ ᠣᠷᠣᠨ ᠲᠤᠭᠤᠷᠢᠭ᠂ ᠭᠤᠷᠪᠠᠨ ᠱᠤᠭᠤᠮ︾1 ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ ᠵᠢᠩᠬᠢᠨᠢ ᠪᠠᠷ ᠡᠬᠢᠯᠡᠨ ᠬᠡᠷᠡᠭᠯᠡᠵᠦ᠂ ᠬᠤᠰᠢᠭᠤᠨ ᠤ ᠬᠡᠪᠴᠢᠶᠡᠨ ᠤ 68.4% ᠶᠢᠨ ᠲᠠᠯᠠᠪᠠᠶ ᠶᠢ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠳᠤ ᠬᠤᠪᠢᠶᠠᠷᠢᠯᠠᠨ ᠣᠷᠣᠭᠤᠯᠵᠤ᠂ ᠦᠨᠳᠦᠰᠦᠨ ᠨᠤᠲᠤᠭ ᠪᠡᠯᠴᠢᠭᠡᠷ ᠢ ᠴᠢᠩᠭ᠎ᠠ ᠬᠠᠮᠠᠭᠠᠯᠠᠵᠦ ᠴᠢᠳᠠᠪᠡ᠃ ᠵᠢᠯ ᠤᠨ ᠳᠣᠲᠣᠷ᠎ᠠ 98.62 ᠲᠦᠮᠡᠨ ᠮᠦ ᠲᠠᠯᠠᠪᠠᠢ ᠳᠤ ᠡᠯ᠎ᠡ ᠲᠥᠷᠥᠯ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠰᠡᠯᠬᠦᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ 2.8 ᠲᠡᠭᠰᠢ ᠳᠥᠷᠪᠡᠯᠵᠢᠨ ᠺᠢᠯᠣᠮᠧᠲᠷ ᠤᠨ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠵᠦ᠂ ᠪᠥᠬᠦ ᠠᠶᠢᠮᠠᠭ ᠲᠤ ᠬᠠᠮᠤᠭ ᠤᠨ ᠲᠦᠷᠦᠬᠦᠨ ᠳᠤ ᠪᠥᠬᠦ ᠣᠷᠣᠨ ᠪᠦᠰᠡ ᠶᠢᠨ ᠬᠠᠶᠠᠭᠳᠠᠮᠠᠯ ᠠᠭᠤᠷᠬᠠᠢ ᠶᠢᠨ ᠨᠦᠬᠡ ᠶᠢ ᠪᠦᠬᠦᠨ ᠢ ᠴᠡᠪᠡᠷᠯᠡᠬᠦ ᠠᠵᠢᠯ ᠢ ᠪᠡᠶᠡᠯᠡᠬᠦᠯᠪᠡ᠃ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ᠠᠭᠠᠷ ᠤᠨ ᠴᠡᠪᠡᠷᠴᠠ ᠶᠢᠨ ᠪᠠᠷᠢᠮᠵᠢᠶ᠎ᠠ ᠳᠤ ᠬᠦᠷᠦᠭᠰᠡᠨ ᠨᠤᠷᠮ᠎ᠠ 98.74% ᠳᠤ ᠬᠦᠷᠴᠦ᠂ PM2.5 ᠶᠢᠨ ᠡᠳᠦᠷ ᠤᠨ ᠳᠤᠮᠳᠠᠴᠢ ᠬᠡᠮᠵᠢᠭᠳᠡᠯ ᠨᠢ 13.09 ᠮᠢᠺᠷᠥᠭᠷᠠᠮ / ᠪᠣᠰᠤᠭ᠎ᠠ ᠳᠥᠷᠪᠡᠯᠵᠢᠨ ᠮᠧᠲᠷ ᠪᠠᠶᠢᠵᠦ᠂ ᠥᠪᠡᠷᠲᠡᠭᠡᠨ ᠵᠠᠰᠠᠬᠤ ᠣᠷᠣᠨ ᠤ 35 ᠮᠢᠺᠷᠥᠭᠷᠠᠮ / ᠪᠣᠰᠤᠭ᠎ᠠ ᠳᠥᠷᠪᠡᠯᠵᠢᠨ ᠮᠧᠲᠷ ᠤᠨ ᠡᠵᠡᠮᠳᠡᠬᠦ ᠬᠠᠷᠠᠯᠲᠠ ᠠᠴᠠ ᠬᠤᠯᠠ ᠳᠣᠣᠷ᠎ᠠ ᠪᠠᠶᠢᠵᠤ᠂ ᠠᠭᠠᠷ ᠤᠨ ᠴᠡᠪᠡᠷᠴᠠ ᠶᠢᠨ ᠶᠡᠷᠦᠩᠬᠡᠢ ᠬᠦᠢᠴᠡᠳᠭᠡᠯ ᠲᠤᠭ᠎ᠠ ᠪᠦᠬᠦ ᠠᠶᠢᠮᠠᠭ ᠤᠨ ᠡᠮᠦᠨ᠎ᠡ ᠡᠩᠨᠡᠭᠡᠨ ᠳᠤ ᠯᠠᠪᠳᠠᠭᠤᠨ ᠢᠶᠠᠷ ᠤᠷᠤᠪᠡ᠃ 3 ᠲᠦᠪᠯᠡᠷᠡᠬᠦᠯᠦᠭᠰᠡᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠲᠦᠷᠢᠮᠵᠢᠭᠰᠡᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠤᠤᠭᠤᠬᠤ ᠤᠰᠤᠨ ᠤ ᠴᠢᠨᠠᠷ ᠢ ᠪᠥᠬᠦ ᠲᠠᠯ᠎ᠠ ᠪᠠᠷ ᠪᠡᠷᠢᠮᠵᠢᠶᠠᠨ ᠳᠤ ᠬᠦᠷᠭᠡᠵᠦ᠂ 255 ᠡᠷᠦᠬᠡ ᠶᠢᠨ ᠮᠠᠯᠴᠢᠨ ᠲᠠᠷᠢᠶᠠᠴᠢᠨ ᠤ ᠠᠮᠢᠳᠤᠷᠠᠯ ᠤᠨ ᠪᠣᠬᠢᠷ ᠤᠰᠤ ᠶᠢ ᠴᠡᠪᠡᠷᠰᠢᠬᠦᠯᠬᠦ ᠲᠦᠬᠦᠭᠡᠷᠤᠮᠵᠢ ᠶᠢ ᠪᠠᠶᠢᠭᠤᠯᠵᠦ ᠲᠠᠭᠤᠰᠬᠠᠨ ᠠᠰᠢᠭᠯᠠᠯᠲᠠ ᠳᠤ ᠣᠷᠣᠭᠤᠯᠪᠠ᠃ ᠠᠶᠤᠯᠲᠠᠢ ᠬᠠᠶᠠᠭᠳᠠᠮᠠᠯ ᠪᠣᠳᠠᠰ ᠢ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠢ ᠳᠡᠭᠡᠨ ᠰᠠᠶᠢᠨ ᠪᠡᠶᠢᠨ᠎ᠡ᠃ ᠲᠥᠪ ᠤᠨ ᠬᠤᠶᠠᠳᠤᠭᠠᠷ ᠡᠭᠡᠯᠵᠢ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠲᠤᠭᠤᠶᠢᠯᠠᠩ ᠤᠨ ᠬᠠᠷᠢᠭᠤ ᠲᠤᠰᠬᠠᠭᠰᠠᠨ 15 ᠵᠦᠢᠯ ᠤᠨ ᠠᠰᠠᠭᠤᠳᠠᠯ ᠢ ᠪᠦᠬᠦᠨ ᠢ ᠨᠢ ᠴᠡᠭᠴᠡᠯᠡᠨ ᠵᠠᠰᠠᠭᠰᠠᠨ ᠪᠤᠶᠤ ᠱᠠᠭᠠᠷᠳᠠᠯᠭ᠎ᠠ ᠶᠤᠰᠤᠭᠠᠷ ᠠᠬᠢᠭᠤᠯᠵᠤ᠂ ᠣᠯᠠᠨ ᠲᠦᠮᠡᠨ ᠤ ᠢᠯᠡᠴᠢᠯᠠᠨ ᠮᠡᠳᠡᠬᠦᠯᠦᠭᠰᠡᠨ 12 ᠬᠤᠪᠢ ᠵᠠᠬᠢᠳᠠᠯ ᠰᠣᠷᠪᠤᠯᠵᠢᠯᠠᠭ᠎ᠠ ᠶᠢ ᠪᠦᠬᠦᠨ ᠢ ᠨᠢ ᠬᠦᠢᠴᠡᠳᠭᠡᠵᠦ ᠳᠠᠭᠤᠰᠬᠠᠪᠠ᠃      ᠨᠢᠭᠡ ᠵᠢᠯ ᠤᠨ ᠲᠤᠷᠰᠢ᠂ ᠪᠢᠳᠠ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠬᠦᠴᠦᠨ ᠢᠶᠠᠨ ᠨᠢᠭᠲᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠪᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠡ᠃ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ︽ᠲᠡᠬᠢᠨ ᠪᠠᠶᠢᠴᠠᠭᠠᠯᠳᠠ︾ ᠶᠢᠨ ᠲᠤᠰᠬᠠᠢ ᠠᠵᠢᠯᠯᠠᠭ᠎ᠠ ᠶᠢ ᠪᠥᠬᠦ ᠲᠠᠯ᠎ᠠ ᠪᠠᠷ ᠪᠠᠷᠢᠮᠵᠢᠶ᠎ᠠ ᠳᠤ ᠵᠣᠬᠢᠴᠠᠭᠤᠯᠤᠨ ᠥᠷᠨᠢᠭᠦᠯᠵᠦ᠂ ᠶᠠᠳᠠᠭᠤᠷᠠᠬᠤ ᠪᠡ ᠲᠠᠬᠢᠨ ᠶᠠᠳᠠᠭᠤᠷᠠᠬᠤ ᠶᠢ ᠬᠦᠳᠡᠯᠤᠩᠭᠦᠢ ᠪᠠᠷ ᠬᠢᠨᠠᠨ ᠲᠦᠰᠦᠭᠡᠯᠡᠵᠦ ᠬᠠᠪᠰᠤᠷᠤᠨ ᠲᠡᠳᠬᠦᠬᠦ ᠠᠵᠢᠯ  ᠢ ᠤᠨᠤᠪᠴᠢᠳᠠᠢ ᠴᠢᠩᠭᠠᠳᠬᠠᠨ᠂ 63 ᠭᠠᠴᠠᠭ᠎ᠠ ᠲᠣᠰᠬᠤᠨ ᠤ ᠤᠨ ᠤ ᠬᠥᠮᠥᠨ ᠳᠤᠮᠳᠠᠴᠢ ᠶᠢᠨ ᠴᠡᠪᠡᠷ ᠣᠷᠣᠯᠭ᠎ᠠ  ᠶᠢᠨ ᠵᠢᠭᠰᠠᠭᠠᠯᠳᠠ ᠳᠤ ᠬᠤᠶᠢᠨ᠎ᠡ ᠲᠠᠪᠤ ᠳᠤ ᠤᠷᠤᠭᠰᠠᠨ ᠮᠠᠯᠵᠢᠬᠤ ᠲᠠᠷᠢᠶᠠᠯᠠᠬᠤ ᠡᠷᠦᠬᠡ ᠶᠢ ᠡᠳᠦᠷ ᠲᠤᠲᠤᠮ ᠤᠨ ᠬᠢᠨᠠᠨ ᠲᠦᠰᠦᠭᠡᠯᠡᠬᠦ ᠭᠡᠪᠴᠢᠶᠠᠨ ᠳᠤ ᠣᠷᠣᠭᠤᠯᠵᠤ᠂ ᠶᠠᠳᠠᠭᠤᠷᠠᠬᠤ ᠪᠡ ᠳᠠᠬᠢᠨ ᠶᠠᠳᠠᠭᠤᠷᠠᠬᠤ ᠠᠴᠠ ᠰᠡᠷᠭᠡᠶᠢᠯᠡᠪᠡ᠃ 2012 ᠣᠨ ᠠᠴᠠ ᠨᠠᠰᠢᠬᠢ 6.45 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ᠂ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠵᠤ᠂ ᠪᠥᠬᠦ ᠲᠠᠯ᠎ᠠ ᠪᠠᠷ ᠲᠦᠷᠢᠮᠵᠢᠬᠦᠯᠦᠨ ᠬᠠᠮᠢᠶᠠᠷᠤᠨ ᠡᠵᠡᠩᠨᠡᠵᠦ᠂ ᠬᠠᠮᠲᠤ  ᠶᠢᠨ ᠡᠳ᠋ ᠬᠥᠷᠥᠩᠭᠡ ᠶᠢᠨ ᠥᠷᠲᠡᠭ ᠢ ᠨᠡᠮᠡᠭᠳᠡᠭᠦᠯᠬᠦ ᠶᠢ ᠪᠠᠲᠤᠯᠠᠵᠤ᠂ ᠪᠥᠬᠦ ᠬᠤᠰᠢᠭᠤᠨ ᠤ 63 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠤᠷᠠᠮᠳᠤᠭᠤᠯᠤᠯ 6300 ᠲᠦᠮᠡᠨ ᠲᠥᠭᠦᠷᠢᠭ ᠲᠤ ᠬᠥᠷᠪᠡ᠃ ᠶᠠᠳᠠᠭᠤ ᠠᠴᠠ ᠠᠩᠬᠢᠵᠢᠷᠠᠭᠰᠠᠨ ᠡᠷᠦᠬᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠂ ᠵᠣᠬᠢᠶᠠᠨ ᠪᠠᠶᠢᠭᠤᠯᠤᠯᠲᠠ ᠲᠠᠢ ᠪᠠᠷ ᠭᠠᠷᠭᠠᠯᠳᠠ ᠬᠢᠯᠬᠡᠬᠦ ᠳᠤ ᠤᠷᠤᠯᠴᠠᠭᠤᠯᠵᠦ᠂ ᠤᠷᠤᠯᠴᠠᠭᠰᠠᠨ ᠬᠡᠮᠵᠢᠶ᠎ᠡ 75% ᠳᠤ ᠬᠦᠷᠴᠦ᠂ ᠡᠷᠦᠬᠡ ᠪᠦᠷᠢ ᠳᠤᠮᠳᠠᠴᠢ ᠪᠠᠷ 3.1︱4 ᠲᠦᠮᠡᠨ ᠲᠥᠭᠦᠷᠢᠭ ᠤᠨ ᠮᠠᠯ ᠲᠠᠵᠢᠭᠡᠬᠦ ᠥᠪᠡᠷ ᠤᠨ ᠥᠷᠲᠡᠭ ᠠᠷᠪᠢᠯᠠᠵᠤ᠂ 2022 ᠣᠨ ᠤ ᠰᠡᠬᠦᠯᠴᠢ ᠪᠣᠯᠲᠠᠯ᠎ᠠ᠂ ᠶᠠᠳᠠᠭᠤ ᠠᠴᠠ ᠠᠩᠬᠢᠵᠢᠷᠠᠭᠰᠠᠨ ᠡᠷᠦᠬᠡ ᠶᠢᠨ ᠵᠢᠯ ᠤᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ 26359 ᠲᠥᠭᠦᠷᠢᠭ ᠲᠤ ᠬᠦᠷᠴᠦ᠂ 10.7% ᠪᠠᠷ ᠨᠡᠮᠡᠭᠳᠡᠪᠡ᠃ ︽ᠬᠤᠶᠠᠷ ᠲᠤ ᠵᠣᠪᠠᠭ᠋ᠤ ᠦᠭᠡᠢ᠂ ᠭᠤᠷᠪᠡᠨ ᠪᠠᠳᠤᠯᠠᠭ᠎ᠠ  ᠲᠠᠢ ᠪᠡᠶᠢᠬᠤ︾2 ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠰᠣᠷᠣᠭᠴᠢ ᠶᠢ ᠲᠤᠰᠠᠯᠠᠬᠤ 296 ᠲᠦᠮᠡᠨ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠤᠨ᠂ 65 ᠬᠥᠮᠥᠨ ︵ᠤᠳᠠᠭ᠎ᠠ︶ ᠢ ᠬᠦᠨᠳᠦ ᠡᠪᠡᠳᠴᠢᠨ ᠤ ᠲᠤᠰᠬᠠᠢ ᠲᠥᠷᠥᠯ ᠢᠶᠠᠷ ᠠᠪᠤᠷᠠᠨ ᠲᠤᠰᠠᠯᠠᠵᠦ᠂ 16 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠦ᠂ 75 ᠤᠰᠤᠨ ᠰᠤᠷᠪᠤᠯᠵᠢ ᠶᠢᠨ ᠬᠤᠳᠳᠤᠭ᠂ 60 ᠤᠰᠤ ᠬᠠᠳᠠᠭᠠᠯᠠᠬᠤ ᠵᠣᠭᠤᠷᠢ᠂ 1 ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ 669 ᠬᠥᠮᠥᠨ ︵ᠤᠳᠠᠭ᠎ᠠ︶ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠬᠦᠷᠳᠡᠭᠡᠵᠦ᠂ 4000 ᠬᠦᠳᠡᠯᠮᠤᠷᠢ ᠬᠦᠴᠦ ᠶᠢ ᠰᠢᠯᠵᠢᠬᠦᠯᠵᠦ᠂ ᠬᠥᠳᠡᠯᠮᠦᠷᠢ ᠦᠢᠯᠡᠴᠢᠯᠡᠭᠡᠨ ᠤ ᠣᠷᠣᠯᠭ᠎ᠠ 5000 ᠲᠦᠮᠡᠨ ᠲᠥᠭᠦᠷᠢᠭ ᠢ ᠳᠠᠪᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠤᠯᠭᠠᠭᠤᠯᠪᠡ᠃ ᠠᠵᠤ ᠦᠢᠯᠡᠰ ᠢ ᠲᠡᠷᠢᠭᠦᠨ ᠳᠤ ᠲᠠᠯᠪᠢᠬᠤ ᠶᠢ ᠲᠣᠪᠤᠶᠢᠯᠭᠠᠨ᠂ ᠡᠯ᠎ᠡ ᠱᠠᠲᠤᠨ ᠤ ᠵᠣᠯᠭᠠᠭᠤᠯᠬᠤ ᠪᠡᠯᠡ ᠮᠥᠩᠭᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ 1.36 ᠳ᠋ᠦᠩᠰᠢᠭᠤᠷ ᠲᠥᠭᠦᠷᠢᠭ ᠣᠷᠣᠭᠤᠯᠵᠤ᠂ 69 ᠡᠯ᠎ᠡ ᠵᠦᠢᠯ ᠤᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠦᠢᠯᠡᠰ ᠢᠶᠠᠷ ᠲᠠᠶᠢᠴᠢᠯᠠᠬᠤ᠂ ᠲᠥᠷᠥ ᠶᠢᠨ ᠪᠣᠳᠣᠯᠭ᠎ᠠ ᠪᠠᠷ ᠠᠬᠢᠭᠤᠯᠬᠤ᠂ ᠠᠵᠢᠯ ᠣᠯᠭᠤᠯᠲᠠ ᠪᠠᠷ ᠳᠠᠶᠢᠴᠢᠯᠠᠬᠤ᠂ ᠬᠡᠷᠡᠭᠯᠡᠭᠡ ᠪᠠᠷ ᠲᠠᠶᠢᠴᠢᠯᠠᠨ ᠲᠠᠭᠠᠭᠤᠯᠬᠤ ᠪᠠᠷ ᠳᠠᠮᠵᠢᠭᠤᠯᠤᠨ᠂ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠨᠠᠩ ᠪᠠᠬᠢᠵᠢᠭᠦᠯᠵᠦ᠂ ᠠᠵᠤ ᠦᠢᠯᠡᠰ ᠤᠨ ᠲᠤᠭᠳᠠᠯᠴᠠᠭ᠎ᠠ ᠶᠢ ᠤᠯᠠᠮ ᠲᠡᠬᠦᠯᠳᠡᠷᠵᠢᠬᠦᠯᠪᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ 682 ᠺᠢᠯᠦᠮᠧᠲᠷ ᠤᠨ ᠬᠥᠳᠡᠭᠡ ᠲᠣᠰᠬᠤᠨ ᠤ ᠴᠠᠬᠢᠯᠭᠠᠨ ᠤᠳᠠᠰᠤ ᠲᠡᠳᠡᠵᠦ᠂ 4G ᠴᠢᠮᠡᠭᠡ ᠨᠡᠪᠲᠡᠷᠡᠯᠭᠡ ᠶᠢᠨ 10 ᠰᠠᠭᠤᠷᠢ ᠥᠷᠲᠡᠭᠡ᠂ 5G ᠴᠢᠮᠡᠭᠡ ᠨᠡᠪᠲᠡᠷᠡᠯᠭᠡ ᠶᠢᠨ 46 ᠰᠠᠭᠤᠷᠢ ᠥᠷᠲᠡᠭᠡ ᠶᠢ ᠰᠢᠨ᠎ᠡ ᠪᠠᠷ ᠪᠠᠶᠢᠭᠤᠯᠵᠦ᠂ 141 ᠵᠣᠷᠯᠣᠩ ᠤᠭᠰᠠᠷᠴᠦ᠂ 7 ᠰᠤᠮᠤ ᠪᠠᠯᠭᠠᠰᠤᠨ ᠳᠤ ᠴᠦᠮ ᠬᠤᠭ ᠨᠣᠪᠰᠢ ᠬᠤᠷᠢᠶᠠᠨ ᠵᠦᠬᠡᠬᠡᠪᠤᠷᠢᠯᠠᠵᠦ ᠰᠢᠢᠳᠪᠦᠷᠢᠯᠡᠬᠦ ᠴᠡᠭ ᠪᠠᠶᠢᠭᠤᠯᠬᠤ ᠶᠢ ᠪᠡᠶᠡᠯᠡᠬᠦᠯᠪᠡ᠃ ᠮᠠᠯᠵᠢᠬᠤ ᠲᠠᠷᠢᠶᠠᠯᠠᠬᠤ ᠣᠷᠣᠨ ᠤ 7 ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠦᠢᠯᠡᠳᠪᠦᠷᠢᠯᠡᠯ ᠠᠮᠢᠳᠤᠷᠠᠯ ᠤᠨ ᠴᠢᠨᠠᠷᠲᠠᠢ ᠦᠢᠯᠡᠴᠢᠯᠡᠭᠡ ᠶᠢ 2610 ᠤᠳᠠᠭ᠎ᠠ ᠥᠷᠨᠢᠭᠦᠯᠵᠦ᠂ 1.4 ᠲᠦᠮᠡᠨ ᠬᠥᠮᠥᠨ ︵ᠤᠳᠠᠭ᠎ᠠ ︶ ᠢ ᠬᠠᠮᠤᠷᠴᠤ᠂ ᠣᠯᠠᠨ ᠲᠦᠮᠡᠨ ᠳᠤ ᠬᠠᠨᠤᠮᠵᠢᠳᠠᠢ ᠦᠢᠯᠡᠴᠢᠯᠡᠭᠡ ᠬᠠᠩᠭᠠᠪᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠦᠢᠯᠡᠳᠦᠯ ᠢ ᠭᠦᠢᠴᠡᠳ ᠪᠠᠳᠠᠷᠠᠭᠤᠯᠵᠤ᠂ ︽ᠲᠠᠪᠤᠨ ᠶᠡᠭᠡ ᠬᠥᠭᠵᠢᠭᠦᠯᠦᠨ ᠮᠠᠨᠳᠤᠭᠤᠯᠬᠤ︾3 ᠳᠤ ᠨᠠᠷᠢᠯᠢᠭ ᠤᠨᠤᠪᠴᠢᠳᠠᠢ ᠪᠠᠷ ᠬᠦᠴᠦᠯᠠᠵᠦ᠂ ᠨᠢᠭᠡ ᠪᠦᠯᠦᠭ ᠴᠢᠬᠤᠯᠠ ᠶᠡᠭᠡ ᠠᠷᠠᠳ ᠤᠨ ᠠᠮᠢᠳᠤᠷᠠᠯ ᠤᠨ ᠲᠥᠷᠥᠯ ᠵᠦᠢᠯ᠂ ᠴᠢᠨᠠᠷ ᠰᠠᠶᠢᠲᠠᠢ ᠠᠵᠤ ᠦᠢᠯᠡᠰ ᠤᠨ ᠲᠥᠷᠥᠯ ᠵᠦᠢᠯ ᠢ ᠵᠠᠯᠭᠠᠪᠡᠷ ᠨᠡᠶᠢᠳᠡᠪᠤᠷᠢᠵᠢᠭᠤᠯᠵᠦ᠂ ᠣᠯᠠᠨ ᠬᠦᠷᠢᠶ᠎ᠠ ᠴᠡᠷ᠎ᠡ ᠳᠤ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃      ᠨᠢᠭᠡ ᠵᠢᠯ ᠤᠨ ᠲᠤᠷᠰᠢ᠂ ᠪᠢᠳᠡ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ᠂ ᠵᠦᠢ ᠵᠣᠬᠢᠰᠲᠠᠢ ᠪᠠᠶᠢᠷᠢᠰᠢᠭᠤᠯᠬᠤ ᠶᠢ ᠪᠡᠷᠢᠮᠳᠠᠯᠠᠵᠦ᠂ ᠬᠤᠲᠠ ᠪᠠᠯᠭᠠᠰᠤᠨ ᠤ ᠲᠦᠷᠢ ᠲᠦᠷᠬᠦ ᠶᠢ ᠲᠡᠭᠡᠭᠰᠢᠯᠡᠬᠦᠯᠪᠡ᠃ ᠣᠷᠣᠨ ᠵᠠᠢ ᠶᠢᠨ ᠪᠠᠶᠢᠷᠢᠰᠢᠭᠤᠯᠤᠯᠳᠠ ᠶᠢ ᠦᠷᠭᠦᠯᠵᠢᠯᠡᠨ ᠰᠢᠯᠢᠳᠡᠭᠵᠢᠭᠦᠯᠪᠡ᠃ ︽ᠤᠯᠠᠨ ᠲᠥᠯᠦᠪᠵᠢᠭᠦᠯᠭᠡ ᠶᠢ ᠨᠢᠭᠡᠳᠬᠡᠬᠦ︾4 ᠶᠢ ᠢᠳᠡᠪᠬᠢᠲᠡᠢ ᠬᠡᠷᠡᠭᠵᠢᠭᠦᠯᠵᠦ᠂ ᠤᠯᠤᠰ ᠤᠨ ᠭᠠᠵᠡᠷ ᠰᠢᠷᠦᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠴᠢᠨᠠᠷᠯᠢᠭ ᠨᠠᠶᠢᠷᠠᠭᠤᠯᠤᠨ ᠵᠣᠬᠢᠶᠠᠵᠤ᠂ ᠬᠤᠰᠢᠭᠤ ᠰᠢᠶᠠᠨ ᠤ ᠭᠡᠪᠴᠢᠶᠠᠨ ᠤ ᠣᠷᠣᠨ ᠵᠠᠢ ᠶᠢᠨ ᠭᠡᠪ ᠪᠠᠶᠢᠳᠠᠯ ᠢ ᠨᠠᠩ ᠵᠣᠬᠢᠰᠲᠠᠢ ᠪᠣᠯᠭᠠᠵᠤ᠂ ᠲᠥᠯᠦᠪᠵᠢᠭᠦᠯᠭᠡ ᠶᠢᠨ ᠲᠤᠭᠳᠠᠯᠴᠠᠭ᠎ᠠ ᠶᠢ ᠨᠠᠩ ᠲᠡᠬᠦᠯᠳᠡᠷᠵᠢᠬᠦᠯᠪᠡ᠃ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠤᠭᠳᠠᠯᠴᠠᠭ᠎ᠠ ᠨᠢ ᠬᠤᠲᠠ ᠪᠠᠯᠭᠠᠰᠤᠨ ᠤ ᠣᠷᠣᠨ ᠵᠠᠢ ᠶᠢᠨ ᠭᠡᠪ ᠪᠠᠶᠢᠳᠠᠯ ᠲᠠᠢ ᠨᠡᠩ ᠵᠣᠬᠢᠴᠠᠵᠤ᠂ ᠵᠢᠨᠢᠩ ᠠᠴᠠ ᠡᠷᠢᠶᠠᠨ ᠬᠤᠳᠠ ᠬᠦᠷᠬᠦ ᠲᠡᠮᠤᠷ ᠵᠡᠮ ᠤᠨ ᠪᠤᠩᠬᠤᠨ ᠠᠴᠠ ᠡᠷᠢᠶᠠᠨ ᠬᠤᠳᠠ ᠬᠦᠷᠬᠦ ᠭᠡᠰᠡᠭ ᠢ ᠦᠬᠡᠷᠡᠴᠢᠯᠠᠨ ᠦᠷᠭᠡᠳᠭᠡᠬᠦ ᠢᠨᠵᠧᠨᠧᠷᠢᠩ ᠢ ᠪᠦᠬᠦ ᠱᠤᠭᠤᠮ ᠢᠶᠠᠷ ᠨᠢ ᠨᠡᠪᠳᠡᠷᠡᠬᠦᠯᠵᠦ᠂ ᠬᠤᠰᠢᠭᠤᠨ ᠤ ᠭᠡᠪᠴᠢᠶᠠᠨ ᠤ ᠪᠠᠷᠠᠭ᠎ᠠ ᠲᠡᠭᠡᠭᠡᠪᠤᠷᠢᠯᠡᠬᠦ ᠴᠢᠳᠠᠪᠤᠷᠢ ᠮᠡᠳᠡᠭᠳᠡᠮ᠎ᠡ ᠲᠡᠭᠡᠭᠰᠢᠯᠡᠵᠦ᠂ ︽ᠲᠤᠮᠳᠠᠳᠤ ᠮᠤᠩᠭᠤᠯ ᠤᠷᠤᠰ ᠤᠨ ᠠᠵᠦ ᠠᠬᠤᠢ ᠶᠢᠨ ᠬᠤᠩᠬᠢᠯ︾ ᠳᠤ ᠤᠷᠤᠯᠴᠠᠬᠤ ᠳᠤ ᠠᠰᠢᠭᠳᠠᠢ ᠨᠦᠬᠦᠴᠠᠯ ᠬᠠᠩᠭᠠᠪᠠ᠃ ᠡᠷᠢᠶᠡᠨ ᠬᠤᠲᠠ ᠠᠴᠠ ᠰᠠᠶᠢᠬᠠᠨᠲᠠᠯ᠎ᠠ ᠬᠦᠷᠬᠦ ᠬᠡᠰᠡᠭ ᠤᠨ ᠨᠢᠬᠡᠳᠤᠭᠡᠷ ᠲᠠᠰ ᠤᠨ ᠵᠠᠰᠠᠮᠠᠯ ᠵᠡᠮ ᠢ ᠥᠨᠳᠥᠷ ᠬᠤᠷᠳᠤᠴᠠᠳᠤ ᠵᠠᠰᠠᠮᠠᠯ ᠵᠠᠮ ᠪᠤᠯᠭᠠᠬᠤ ᠲᠦᠷᠦᠯ ᠵᠦᠢᠯ ᠤᠨ ᠭᠤᠣᠯ ᠱᠤᠭᠤᠮ ᠪᠣᠯᠣᠨ G331 ᠵᠠᠮ ᠤᠨ ᠡᠷᠢᠶᠡᠨ ᠬᠤᠲᠠ ᠠᠴᠠ ᠠᠶᠢᠷᠠᠭ ᠤᠨ ᠰᠦᠮ᠎ᠡ ᠬᠦᠷᠬᠦ ᠵᠠᠰᠠᠮᠠᠯ ᠵᠠᠮ ᠤᠨ ᠲᠦᠷᠦᠯ ᠵᠦᠢᠯ ᠢ ᠰᠢᠯᠭᠠᠨ ᠪᠠᠶᠢᠴᠠᠭᠠᠵᠤ ᠲᠡᠷᠭᠡ ᠨᠠᠪᠲᠠᠷᠡᠭᠦᠯᠵᠦ᠂ ᠰᠠᠶᠢᠬᠠᠨᠳᠠᠯ᠎ᠠ ᠪᠠᠯᠭᠠᠰᠤ ᠠᠴᠠ ᠦᠷᠭᠡᠨᠳᠡᠯ᠎ᠡ ᠪᠠᠯᠭᠠᠰᠤ ᠬᠦᠷᠬᠦ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠤᠷᠤᠭᠰᠢᠲᠠᠢ ᠨᠠᠪᠲᠠᠷᠡᠭᠦᠯᠵᠦ᠂ ᠦᠨᠳᠤᠷ ᠬᠤᠷᠳᠤᠴᠠᠳᠤ ᠵᠠᠰᠠᠮᠠᠯ ᠵᠠᠮ ᠨᠡᠪᠳᠡᠷᠡᠭᠰᠡᠨ ᠵᠡᠮ ᠤᠨ ᠤᠷᠳᠤ ᠪᠠᠷ ᠢᠶᠠᠨ ᠪᠦᠬᠦ ᠠᠶᠢᠮᠠᠭ ᠤᠨ ᠨᠢᠭᠡᠳᠦᠭᠡᠷ ᠲᠤ ᠣᠷᠣᠪᠠ᠃ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠲᠡᠭᠡᠭᠰᠢᠯᠡᠬᠦᠯᠪᠡ᠃ ᠪᠦᠬᠦ ᠤᠯᠤᠰ ᠤᠨ ᠠᠷᠢᠭᠤᠨ ᠴᠡᠪᠡᠷ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠯᠪᠠᠰᠤᠨ ᠬᠤᠰᠢᠭᠤ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ 7744 ᠲᠦᠮᠡᠨ ᠲᠥᠭᠦᠷᠢᠭ ᠣᠷᠣᠭᠤᠯᠵᠤ᠂ ᠰᠠᠶᠢᠬᠠᠨᠳᠠᠯ᠎ᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠪᠠᠶᠢᠭᠤᠯᠬᠤ ᠪᠠ 8 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠵᠡᠷᠭᠡ ᠢᠨᠵᠧᠨᠧᠷᠢᠩ ᠢ ᠬᠡᠷᠡᠭᠵᠢᠭᠦᠯᠵᠦ᠂ 14.65 ᠺᠢᠯᠣᠮᠧᠲᠷ ᠤᠨ ᠲᠤᠯᠠᠭᠠᠯᠭ᠎ᠠ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠨ ᠵᠠᠰᠠᠵᠤ᠂ ᠠᠮᠢᠳᠤᠷᠠᠯ ᠤᠨ ᠬᠤᠭ ᠨᠣᠪᠰᠢ ᠵᠢᠴᠢ ᠬᠤᠭᠤᠯᠠᠨ ᠭᠡᠷ ᠤᠨ ᠬᠤᠭ ᠨᠣᠪᠰᠢ ᠶᠢ ᠪᠤᠬᠢᠷᠳᠤᠯ ᠦᠬᠡᠢ ᠰᠢᠢᠳᠪᠦᠷᠢᠯᠡᠬᠦ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠲᠥᠷᠥᠯ ᠵᠦᠢᠯ ᠢ ᠢᠳᠡᠪᠬᠢᠲᠡᠢ ᠲᠦᠯᠬᠢᠨ ᠠᠬᠢᠭᠤᠯᠵᠤ᠂ ᠬᠤᠲᠠ ᠪᠠᠯᠭᠠᠰᠤᠨ ᠤ ᠶᠡᠷᠦᠩᠬᠡᠶᠢᠯᠡᠭᠰᠡᠨ ᠲᠠᠭᠠᠭᠠᠴᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠬᠤᠲᠠ ᠶᠢᠨ ᠳᠦᠷᠰᠦ ᠪᠠᠶᠢᠳᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠶᠡᠬᠡᠪᠡᠷ ᠥᠷᠨᠢᠭᠦᠯᠵᠦ᠂ ᠳᠠᠯᠳᠠ ᠬᠡᠮ ᠰᠤᠭᠤᠭ ᠲᠠᠢ ᠦᠪᠡᠷᠳᠡᠭᠡᠨ ᠪᠠᠷᠢᠭᠰᠠᠨ 13 ᠰᠠᠭᠤᠷᠢ ᠭᠡᠷ ᠪᠠᠶᠢᠰᠢᠩ ᠢ ᠴᠡᠭᠴᠡᠯᠡᠵᠦ᠂ 160 ᠲᠦᠮᠡᠨ ᠪᠤᠰᠤᠭ᠎ᠠ ᠲᠦᠷᠪᠡᠯᠵᠢᠨ ᠮᠧᠲᠷ ᠤᠨ ᠪᠠᠷᠢᠯᠭ᠎ᠠ ᠶᠢᠨ ᠬᠤᠭ ᠨᠤᠪᠰᠢ ᠶᠢ ᠴᠡᠪᠡᠷᠯᠡᠪᠡ᠃ ᠲᠡᠦᠬᠡᠨ ᠠᠴᠠ ᠦᠯᠡᠳᠡᠭᠳᠡᠵᠦ ᠢᠷᠡᠭᠰᠡᠨ ᠦᠯᠦ ᠬᠥᠳᠡᠯᠬᠦ ᠬᠥᠷᠥᠩᠭᠡ ᠶᠢᠨ ᠲᠠᠩᠰᠠᠯᠠᠯᠳᠠ  ᠶᠢᠨ ︽ᠦᠨᠡᠮᠯᠡᠯ ᠠᠪᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠰᠢᠢᠳᠪᠦᠷᠢᠯᠡᠵᠦ᠂ 14 ᠰᠠᠭᠤᠭᠠᠯᠢ ᠠᠷᠠᠳ  ᠤᠨ ᠲᠣᠭᠤᠷᠢᠭ ᠤᠨ 1837 ᠢᠵᠢ ᠦᠯᠦ ᠬᠥᠳᠡᠯᠬᠦ ᠬᠥᠷᠥᠩᠭᠡ ᠶᠢ ᠡᠷᠦᠬᠡ ᠳᠤ ᠬᠤᠪᠢᠶᠠᠨ ᠳᠠᠩᠰᠠᠯᠠᠬᠤ ᠠᠵᠢᠯ ᠢ ᠪᠡᠶᠡᠯᠡᠭᠦᠯᠪᠡ᠃ ᠪᠤᠷᠤ ᠭᠡᠷ ᠤᠨ ᠲᠣᠭᠤᠷᠢᠭ ᠤᠨ ᠦᠬᠡᠷᠡᠴᠢᠯᠠᠯᠳᠠ ᠪᠠ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠲᠦᠮᠡᠨ ᠤ ᠠᠮᠤᠷ ᠲᠤᠭᠳᠠᠭᠤᠨ ᠤᠷᠤᠨ ᠰᠠᠭᠤᠴᠠ ᠲᠠᠢ ᠪᠤᠯᠬᠤ ᠬᠦᠰᠡᠯ ᠢ ᠨᠢ ᠲᠡᠷᠭᠡᠯᠰᠢᠬᠦᠯᠪᠡ᠃ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠯ ᠤᠨᠲᠠᠷᠠᠭᠠᠬᠤ ᠲᠤᠰᠬᠠᠢ ᠲᠦᠷᠦᠯ ᠤᠨ ᠴᠡᠭᠴᠡᠯᠡᠨ ᠵᠠᠰᠠᠬᠤ ᠠᠵᠢᠯ ᠲᠣᠪᠣᠶᠢᠮ᠎ᠠ ᠦᠷ᠎ᠡ ᠪᠦᠲᠦᠮᠵᠢ ᠣᠯᠵᠤ᠂ ᠬᠤᠲᠠ ᠪᠠᠯᠭᠠᠰᠤ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ᠨᠢᠭᠡ ᠵᠢᠯ ᠤᠨ ᠲᠤᠷᠰᠢ᠂ ᠪᠢᠳᠡ ᠲᠦᠬᠦᠮ ᠦᠵᠡᠬᠦᠯᠦᠨ ᠰᠢᠯᠢᠳᠡᠭ ᠦᠢᠯᠡᠴᠢᠯᠡᠭᠡ ᠬᠠᠩᠭᠠᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠳᠠᠯᠠᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠥᠪᠯᠡᠷᠡᠭᠦᠯᠦᠨ ᠪᠠᠳᠠᠷᠠᠭᠤᠯᠪᠡ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠠᠯ ᠢ ᠰᠢᠯᠢᠳᠡᠭᠵᠢᠭᠦᠯᠬᠦ 3.0 ᠬᠡᠪ ᠤᠨ ᠨᠠᠶᠢᠳᠠᠪᠤᠷᠢᠵᠢᠭᠤᠯᠤᠯᠳᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠢ ᠵᠤᠸᠠᠩ ᠵᠠᠭᠪᠤᠷ︾ ᠢᠶᠠᠷ ᠯᠠᠪᠯᠠᠯᠳᠠ ᠪᠤᠯᠭᠠᠵᠦ᠂ ᠬᠦᠨᠳᠡᠯᠡᠨ ᠤ ᠡᠲᠡᠭᠡᠳ ᠢ ᠤᠷᠢᠵᠤ ᠲᠤᠬᠠᠶᠢᠯᠠᠭᠰᠠᠨ ᠠᠵᠢᠯ ᠤᠨ ᠲᠤᠰᠠᠯᠠᠬᠤ ᠪᠦᠯᠬᠦᠮ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠦᠢᠯᠡᠴᠢᠯᠠᠭᠡᠨ ᠤ ᠲᠡᠰ ᠢ ᠲᠡᠭᠡᠭᠰᠢᠯᠡᠬᠦᠯᠪᠡ᠃ ︽ᠲᠠᠯᠪᠢᠬᠤ᠂ ᠬᠠᠮᠢᠶᠠᠷᠬᠤ᠂ ᠦᠢᠯᠡᠴᠢᠯᠠᠬᠦ︾5 ᠦᠭᠡᠷᠡᠴᠢᠯᠠᠯᠳᠠ ᠶᠢ ᠬᠦᠨᠵᠡᠬᠡᠶᠢᠷᠡᠬᠦᠯᠬᠦ ᠳᠤ ᠲᠦᠪᠯᠡᠷᠡᠬᠦᠯᠦᠨ᠂ ︽ᠲᠦᠷᠪᠡᠨ ᠬᠦᠢᠴᠡᠳᠭᠡᠬᠦ︾6 ᠠᠵᠢᠯ ᠤᠨ ᠲᠤᠭᠤᠷᠢᠨ ᠳᠤ ᠦᠢᠯᠡᠴᠢᠯᠡᠭᠡ ᠶᠢ ᠠᠳᠬᠤᠨ᠂ ᠦᠬᠡᠷᠡᠴᠢᠯᠠᠯᠳᠠ ᠶᠢ ᠠᠬᠢᠭᠤᠯᠤᠨ᠂ ᠶᠠᠰᠤ ᠴᠢᠨᠡᠷ ᠦᠷ᠎ᠡ ᠠᠰᠢᠭ ᠢ ᠲᠡᠭᠡᠭᠰᠢᠯᠡᠬᠦᠯᠵᠦ᠂ ︽ᠨᠢᠬᠡᠯᠡ ᠴᠤᠩᠬᠤᠪᠴᠢ  ᠳᠤ ᠬᠦᠯᠢᠶᠠᠨ ᠠᠪᠬᠤ᠂ ᠲᠦᠪᠯᠡᠷᠡᠬᠦᠯᠦᠨ ᠦᠢᠯᠡᠴᠢᠯᠠᠬᠦ︾ ᠶᠢ ᠪᠦᠬᠦ ᠲᠠᠯ᠎ᠠ ᠪᠠᠷ ᠭᠡᠷᠡᠭᠵᠢᠬᠦᠯᠵᠦ᠂ ︽ᠰᠦᠨᠢᠳ ᠰᠢᠭᠤᠳ ᠬᠦᠢᠴᠡᠳᠭᠡᠬᠦ︾ ︽ᠰᠦᠨᠢᠳ ᠤᠷᠤᠯᠠᠨ ᠬᠦᠢᠴᠡᠳᠭᠡᠬᠦ︾ ᠤᠨᠴᠠᠯᠢᠭᠳᠤ ᠲᠦᠷᠦᠯ ᠲᠡᠮᠳᠡᠭ ᠢ ᠡᠬᠦᠳᠴᠦ᠂ ᠪᠥᠬᠦ ᠠᠶᠢᠮᠠᠭ ᠲᠤ ︽ᠬᠤᠲᠠ ᠠᠯᠤᠰᠯᠠᠨ ᠨᠡᠶᠢᠳᠡᠮ ᠰᠢᠢᠳᠪᠦᠷᠢᠯᠡᠬᠦ︾ ᠲᠤᠬᠠᠶᠢᠯᠠᠭᠰᠠᠨ ᠠᠵᠢᠯ ᠢ ᠤᠷᠢᠳᠠᠪᠠᠷ ᠡᠬᠢᠯᠡᠭᠦᠯᠵᠦ᠂ ᠤᠯᠠᠭᠠᠨᠴᠠᠪ ᠬᠤᠲᠠ ᠶᠢᠨ 9 ᠬᠤᠰᠢᠭᠤ ᠰᠢᠶᠠᠨ ᠯᠤᠭ᠎ᠠ ︽ᠬᠤᠲᠠ ᠠᠯᠤᠰᠯᠠᠨ ᠨᠡᠶᠢᠳᠡᠮ ᠰᠢᠢᠳᠪᠦᠷᠢᠯᠡᠬᠦ︾ ᠵᠥᠪᠯᠡᠯᠴᠡᠭᠡᠷ ᠲᠣᠭᠲᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠤᠨ ᠤ ᠠᠵᠢᠯ ᠤᠨ ᠦᠷ᠎ᠡ ᠪᠦᠳᠤᠮᠵᠢ ᠶᠢᠨ ᠬᠢᠨᠠᠨ ᠦᠨᠡᠯᠡᠯᠳᠡ ᠳᠤ ᠪᠥᠬᠦ ᠠᠶᠢᠮᠠᠭ ᠤᠨ ᠭᠤᠷᠪᠠᠳᠤᠭᠠᠷ ᠲᠤ ᠣᠷᠣᠵᠤ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠪᠠ᠃ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠦᠬᠦᠴᠠᠯ ᠨᠢ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠳᠤ ᠠᠰᠢᠭᠳᠠᠢ ᠨᠦᠬᠦᠴᠠᠯ ᠪᠤᠯᠵᠦ᠂ 8 ᠲᠥᠷᠥᠯ ᠵᠦᠢᠯ ᠢ ᠠᠶᠢᠮᠠᠭ ᠤᠨ ᠲᠠᠰ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠬᠥᠮᠥᠷᠭᠡ ᠳᠤ ᠣᠷᠣᠭᠤᠯᠵᠤ᠂ ᠪᠢᠴᠢᠯ ᠴᠠᠬᠢᠯᠭᠠᠨ ᠲᠣᠣᠷ ᠤᠨ ᠰᠢᠨ᠎ᠡ ᠡᠨᠧᠷᠭᠢ + ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠠᠷᠠᠯᠵᠢᠶᠠᠴᠢᠨ ᠤᠷᠢᠵᠤ ᠲᠠᠨᠢᠯᠴᠠᠭᠤᠯᠬᠤ ᠴᠤᠭᠯᠠᠭᠠᠨ ᠢ ᠠᠮᠵᠢᠯᠳᠠᠳᠠᠢ ᠡᠷᠭᠢᠯᠡᠵᠦ᠂ ᠪᠥᠬᠦ ᠵᠢᠯ ᠳᠤ 68 ᠠᠵᠤ ᠠᠬᠤᠶᠢᠯᠠᠯ ᠲᠠᠢ ᠵᠣᠯᠭᠠᠭᠤᠯᠵᠤ ᠂ 12 ᠬᠤᠪᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠣᠷᠣᠨ ᠤ ᠭᠠᠳᠠᠨᠠᠬᠢ ᠪᠡᠯᠡ ᠮᠥᠩᠭᠦ ᠶᠢ 9.54 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠮᠦᠩᠬᠦ ᠶᠢ 328 ᠲᠦᠮᠡᠨ ᠳ᠋ᠣᠯᠯᠠᠷ ᠪᠡᠶᠡᠯᠡᠭᠦᠯᠪᠡ᠃ ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠠᠮᠵᠢᠯᠳᠠᠳᠠᠢ ᠳᠠᠭᠤᠰᠴᠤ᠂ ᠬᠤᠰᠢᠭᠤᠨ ᠳᠤ ᠬᠠᠷᠢᠶᠠᠯᠠᠭᠳᠠᠬᠤ ᠤᠯᠤᠰ ᠤᠨ ᠦᠮᠴᠢᠯᠠᠯᠳᠤ ᠠᠵᠤ ᠠᠬᠤᠶᠢᠯᠠᠯ ᠢ ᠲᠠᠬᠢᠨ ᠨᠡᠶᠢᠯᠡᠬᠦᠯᠦᠬᠡᠳ 4 ᠪᠤᠯᠭᠠᠵᠦ᠂ ᠤᠯᠤᠰ ᠤᠨ ᠦᠮᠴᠢᠯᠠᠯᠳᠤ ᠡᠳ᠋ ᠬᠥᠷᠥᠩᠭᠡ ᠶᠢᠨ ᠪᠠᠶᠢᠷᠢᠰᠢᠭᠤᠯᠤᠯᠲᠠ ᠶᠢᠨ ᠪᠦᠲᠦᠴᠡ ᠶᠢ ᠨᠠᠩ ᠵᠣᠬᠢᠰᠲᠠᠢ ᠪᠣᠯᠭᠠᠵᠤ ᠂ ᠡᠵᠡᠩᠨᠡᠯᠲᠡ ᠶᠢᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃      ᠨᠢᠭᠡ ᠵᠢᠯ ᠤᠨ ᠲᠤᠷᠰᠢ᠂ ᠪᠢᠳᠡ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠬᠦᠴᠦᠯᠠᠨ ᠴᠢᠷᠮᠠᠶᠢᠬᠤ ᠶᠢ ᠪᠠᠷᠢᠮᠳᠠᠯᠠᠵᠦ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢᠶᠠᠨ ᠪᠠᠳᠤᠯᠠᠪᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠬᠦᠴᠦᠳᠠᠢ ᠠᠳᠬᠤᠪᠡ᠃ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ 11.5 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 69% ᠶᠢ ᠡᠵᠡᠯᠡᠨ᠂ ᠠᠳᠠᠯᠢ ᠬᠤᠭᠤᠴᠠᠭᠠᠨ ᠤ ᠬᠢ ᠠᠴᠠ 10.6% ᠪᠠᠷ ᠨᠡᠮᠡᠭᠳᠡᠪᠡ᠃ ᠵᠢᠯ ᠤᠨ ᠡᠬᠢᠨ ᠳᠤ ᠠᠮᠠᠯᠳᠤᠭᠰᠠᠨ ᠠᠷᠠᠳ ᠤᠨ ᠠᠮᠢᠳᠤᠷᠠᠯ ᠤᠨ 6 ᠵᠦᠢᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠦᠬᠦᠨ ᠢ ᠭᠦᠢᠴᠡᠳᠬᠡᠨ ᠳᠠᠭᠤᠰᠬᠠᠵᠤ᠂ ᠠᠷᠠᠳ ᠤᠨ ᠬᠦᠷᠢᠶᠡᠯᠡᠯ ᠢ ᠤᠯᠪᠡ᠃  287 ᠲᠦᠮᠡᠨ ᠲᠥᠭᠦᠷᠢᠭ ᠤᠨ ᠭᠠᠮᠰᠢᠭ ᠢ ᠡᠰᠡᠷᠭᠦᠴᠡᠬᠦ ᠪᠡᠯᠡ ᠮᠥᠩᠭᠦ ᠣᠷᠣᠭᠤᠯᠵᠤ᠂ ᠭᠠᠮᠰᠢᠭ ᠢ ᠡᠰᠡᠷᠭᠦᠴᠡᠬᠦ ᠡᠪᠡᠰᠦ ᠪᠣᠷᠳᠤᠭ᠎ᠠ  ᠶᠢ 1643.3 ᠲᠣᠨ ᠨᠦᠬᠡᠴᠠᠯᠠᠨ᠂ ᠥᠷᠭᠡᠨ ᠣᠯᠠᠨ ᠮᠠᠯᠴᠢᠨ ᠲᠠᠷᠢᠶᠠᠴᠢᠨ ᠢ ᠬᠠᠪᠰᠤᠷᠤᠨ ᠭᠠᠩ ᠤᠨ ᠪᠠᠶᠢᠳᠠᠯ ᠤᠨ ᠨᠥᠯᠥᠭᠡ ᠶᠢ ᠪᠦᠲᠦᠮᠵᠢᠲᠡᠶ ᠠᠷᠭᠠᠴᠠᠭᠠᠪᠠ᠃ ᠡᠪᠡᠰᠤᠨ ᠤ ᠦᠢᠯᠡᠰ ᠤᠨ ᠵᠠᠬ᠎ᠠ ᠲᠡᠯᠬᠡᠬᠦᠷ ᠤᠨ ᠦᠢᠷ᠎ᠡ ᠬᠠᠪᠢ ᠶᠢᠨ ᠤᠷᠴᠢᠨ ᠲᠤᠭᠤᠷᠢᠨ ᠢ ᠴᠡᠭᠴᠡᠯᠡᠬᠦ ᠠᠵᠢᠯ ᠢ ᠦᠷᠨᠢᠬᠦᠯᠵᠦ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠪᠡᠰᠦ ᠪᠣᠷᠳᠤᠭ᠎ᠠ ᠨᠥᠭᠡᠴᠡᠯᠡᠬᠦ 1 ᠰᠠᠭᠤᠷᠢᠨ ᠭᠠᠵᠠᠷ ᠢ ᠲᠦᠷᠢᠮᠵᠢᠬᠦᠯᠦᠨ ᠪᠠᠶᠢᠭᠤᠯᠵᠤ᠂ ᠲᠤᠷᠡᠪᠡᠷ ᠪᠡᠷᠢᠯᠭ᠎ᠠ ᠪᠠᠷᠢᠬᠤ᠂ ᠦᠨᠡᠮᠯᠡᠯ ᠦᠬᠡᠢ ᠪᠠᠷ ᠡᠵᠡᠩᠨᠡᠬᠦ᠂ ᠲᠡᠭᠡᠭᠡᠪᠤᠷᠢ ᠶᠢᠨ ᠮᠠᠰᠢᠨ ᠢᠶᠠᠨ ᠲᠤᠷᠡᠪᠡᠷ ᠵᠤᠭᠰᠤᠭᠠᠬᠤ ᠵᠡᠷᠭᠡ ᠠᠰᠠᠭᠤᠳᠠᠯ ᠢ ᠲᠦᠢᠯᠪᠤᠷᠢᠳᠠᠢ ᠰᠢᠢᠳᠪᠤᠷᠢᠯᠡᠵᠦ᠂ ᠠᠮᠤᠷ ᠲᠦᠪᠰᠢᠨ ᠤ ᠲᠡᠯᠳᠡ ᠭᠡᠮ ᠢ ᠠᠷᠢᠯᠭᠠᠭᠰᠠᠨ ᠤ ᠬᠠᠮᠳᠤ᠂ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠠᠬᠢᠨ ᠢᠶᠠᠷ ᠨᠡᠮᠡᠭᠳᠡᠭᠦᠯᠪᠡ᠃ ᠪᠥᠬᠦ ᠬᠤᠰᠢᠭᠤᠨ ᠤ 4115 ᠡᠷᠦᠬᠡ ᠶᠢᠨ ᠮᠠᠯᠴᠢᠨ ᠲᠠᠷᠢᠶᠠᠴᠢᠨ ᠳᠤ 1.17 ᠲᠦᠮᠡᠨ ᠲᠣᠨ ᠣᠷᠳᠣᠰ ᠤᠨ ᠨᠠᠷᠢᠯᠢᠭ ᠨᠡᠭᠦᠷᠡᠰᠦ ᠶᠢ ᠲᠠᠷᠬᠠᠭᠠᠨ ᠦᠭᠴᠦ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠣᠨᠴᠠ ᠬᠦᠴᠢᠷᠳᠡᠯᠲᠡᠢ ᠡᠷᠦᠬᠡ ᠪᠠ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ ᠵᠡᠷᠭᠡ ᠨᠡᠶᠢᠲᠡ 1353 ᠡᠷᠦᠬᠡ ᠳᠤ ᠠᠰᠢᠭ ᠬᠦᠷᠲᠡᠭᠡᠵᠦ ᠂ ᠬᠦᠴᠢᠷᠳᠡᠯᠲᠡᠢ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠡᠳᠤᠯᠠᠪᠠ᠃ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠨᠡᠶᠢᠭᠡᠮ ᠤᠨ ᠳᠠᠭᠠᠳᠬᠠᠯ ᠳᠤ ᠤᠷᠤᠯᠴᠠᠬᠤ ᠬᠡᠪᠴᠢᠶ᠎ᠡ ᠶᠢ 2% ᠢᠶᠠᠷ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠨᠡᠶᠢᠲᠡ 4104 ᠲᠦᠮᠡᠨ ᠲᠥᠭᠦᠷᠢᠭ ᠲᠠᠷᠬᠠᠭᠠᠪᠠ᠃ ᠪᠥᠬᠦ ᠠᠶᠢᠮᠠᠭ ᠤᠨ ᠠᠩᠬᠠᠳᠠᠭᠴᠢ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ ᠪᠠ ᠪᠥᠬᠦ ᠠᠶᠢᠮᠠᠭ ᠤᠨ ᠠᠩᠬᠠᠳᠠᠭᠴᠢ ᠰᠤᠮᠤ ᠪᠠᠯᠭᠠᠰᠤᠨ ᠤ ᠲᠠᠰ ᠤᠨ ᠨᠠᠰᠤᠲᠠᠶᠢᠴᠤᠳ ᠢ ᠭᠡᠷ ᠲᠤᠨᠢ ᠠᠰᠠᠷᠠᠬᠤ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠵᠢᠷᠭᠠᠯᠠᠩ ᠨᠠᠰᠤᠲᠠᠶᠢᠴᠤᠳ ᠲᠤ ᠦᠢᠯᠡᠴᠢᠯᠡᠬᠦ ᠲᠥᠪ ᠨᠢ ︽ᠪᠥᠬᠦ ᠣᠷᠣᠨ ᠤ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠡᠷᠢᠭᠦᠨ ᠤ ᠨᠢᠭᠡᠴᠡ︾ ᠪᠠᠷ ᠦᠨᠡᠯᠡᠭᠳᠡᠪᠡ᠃ ᠵᠠᠰᠠᠭ ᠤᠨ ᠣᠷᠳᠣᠨ ᠤ ᠨᠥᠬᠦᠪᠦᠷᠢ ᠶᠢᠨ ᠪᠡᠯᠡ ᠮᠥᠩᠭᠦ ᠶᠢ ᠲᠤᠬᠢᠷᠠᠭᠤᠯᠤᠨ ᠵᠢᠷᠦᠬᠡ ᠪᠠᠯᠭᠠᠰᠤᠨ ᠤ ᠨᠠᠰᠤᠳᠠᠶᠢᠴᠤᠳ ᠢ ᠠᠰᠠᠷᠠᠬᠤ ᠬᠦᠷᠢᠶᠡᠯᠡᠩ ᠳᠤ ︽ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠬᠤ︾ ᠦᠢᠯᠡᠴᠢᠯᠡᠭᠡ ᠥᠷᠨᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠶᠢ ᠣᠷᠣᠭᠤᠯᠤᠨ᠂ ᠵᠡᠮᠳᠡᠭᠴᠦᠳ ᠤᠨ ᠡᠷᠡᠭᠦᠯᠵᠢᠯ ᠤᠨ ᠲᠥᠪ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠬᠦᠯᠵᠦ᠂ ᠤᠨᠴᠠᠭᠠᠢ ᠪᠠᠭᠤᠷᠠᠢ ᠬᠦᠮᠦᠰ ᠲᠤ ᠬᠠᠯᠠᠮᠵᠢᠯᠠᠯ ᠬᠦᠷᠳᠡᠭᠡᠪᠡ᠃ 800 ᠭᠠᠷᠤᠢ ᠲᠦᠮᠡᠨ ᠲᠥᠭᠦᠷᠢᠭ ᠤᠨ ᠡᠯ᠎ᠡ ᠲᠥᠷᠥᠯ ᠤᠨ ᠬᠠᠷᠠᠭᠠᠯᠵᠠᠯ ᠤᠨ ᠪᠡᠯᠡ ᠮᠥᠩᠭᠦ ᠶᠢ ᠲᠠᠷᠬᠠᠭᠠᠵᠤ᠂ ︽ᠬᠤᠲᠠ ᠶᠢᠨ ᠡᠷᠦᠬᠡ ᠠᠮᠠ ᠲᠠᠢ ᠬᠦᠮᠦᠰ ᠬᠦᠳᠡᠭᠡᠨ ᠤ ᠡᠷᠦᠬᠡ ᠠᠮᠠ ᠶᠢ ᠡᠵᠡᠯᠡᠬᠦ︾ ᠦᠯᠡᠳᠡᠭᠳᠡᠯ ᠠᠰᠠᠭᠤᠳᠠᠯ ᠢ ᠲᠤᠶᠢᠯᠪᠤᠷᠢᠲᠠᠢ ᠰᠢᠢᠳᠪᠤᠷᠢᠯᠡᠵᠦ᠂ ᠴᠡᠷᠢᠭ ᠠᠴᠠ ᠬᠠᠯᠠᠭᠳᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠪᠠ᠃ ᠠᠵᠢᠯ ᠤᠯᠭᠤᠯᠳᠠ ᠶᠢᠨ ᠪᠠᠶᠢᠳᠠᠯ ᠦᠷᠬᠦᠯᠵᠢᠯᠡᠨ ᠰᠠᠶᠢᠵᠢᠷᠠᠪᠡ᠃ ︽ᠠᠵᠢᠯ ᠤᠯᠭᠤᠯᠳᠠ ᠶᠢᠨ ᠲᠤᠰᠠᠯᠠᠮᠵᠢ ᠶᠢᠨ ᠰᠠᠷ᠎ᠡ︾ ︽ᠬᠠᠪᠤᠷ ᠤᠨ ᠤᠯᠠᠷᠢᠯ ᠤᠨ ᠠᠵᠢᠯᠳᠠᠨ ᠡᠯᠰᠡᠬᠦ ᠴᠤᠭᠯᠠᠭᠠᠨ︾ ᠵᠡᠷᠭᠡ ᠰᠢᠷᠢᠰ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠤᠨ ᠠᠩᠭᠢ ᠶᠢ 18 ᠬᠤᠭᠤᠴᠠᠭ᠎ᠠ ᠡᠷᠭᠢᠯᠡᠵᠦ᠂ ᠬᠤᠲᠠ ᠪᠠᠯᠭᠠᠰᠤ ᠶᠢᠨ 1187 ᠬᠥᠮᠥᠨ ᠳᠤ ᠰᠢᠨ᠎ᠡ ᠪᠠᠷ ᠠᠵᠢᠯ ᠣᠯᠭᠤᠵᠤ᠂ 3726 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ 914 ᠲᠦᠮᠡᠨ ᠲᠥᠭᠦᠷᠢᠭ ᠤᠨ ᠦᠢᠯᠡᠰ ᠪᠤᠰᠬᠠᠬᠤ ᠪᠠᠳᠤᠯᠠᠭ᠎ᠠ ᠶᠢᠨ ᠵᠢᠭᠡᠯᠡᠯᠭᠡ ᠲᠠᠯᠪᠢᠵᠤ᠂ ᠣᠨ ᠤ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 1.7% ᠳᠤ ᠬᠢᠵᠠᠭᠠᠷᠯᠠᠵᠤ᠂ ᠥᠪᠡᠷᠲᠡᠭᠡᠨ ᠵᠠᠰᠠᠬᠤ ᠣᠷᠣᠨ ᠤ ᠡᠵᠡᠮᠳᠡᠬᠦ ᠬᠠᠷᠠᠯᠲᠠ ᠠᠴᠠ 3.3 ᠵᠠᠭᠤᠨ ᠤ ᠬᠤᠪᠢ ᠶᠢᠨ ᠴᠡᠭ ᠳᠣᠣᠷ᠎ᠠ ᠪᠤᠯᠤᠨ᠎ᠠ᠃ ᠬᠤᠰᠢᠭᠤ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠲᠥᠪ ᠨᠢ ᠪᠥᠬᠦ ᠣᠷᠣᠨ ᠤ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠬᠦᠯᠦᠭᠰᠡᠨ ᠠᠯᠳᠠᠨ ᠮᠧᠲᠠᠯᠳᠤ ᠵᠣᠬᠢᠶᠠᠨ ᠪᠠᠶᠢᠭᠤᠯᠤᠯᠲᠠ ᠪᠠᠷ ᠦᠨᠡᠯᠡᠭᠳᠡᠪᠡ᠃ ᠰᠤᠷᠭᠠᠨ ᠬᠦᠮᠦᠵᠢᠯ ᠤᠨ ᠦᠢᠯᠡᠰ ᠢ ᠤᠷᠢᠳᠡᠪᠡᠷ ᠬᠦᠭᠵᠢᠬᠦᠯᠪᠡ᠃ ︽ᠬᠡᠤᠭᠡᠳ ᠪᠠᠭᠠᠴᠤᠳ ᠢ ᠬᠠᠮᠠᠭᠠᠯᠠᠭᠰᠠᠨ ᠠᠮᠤᠷ ᠲᠦᠪᠰᠢᠨ ᠰᠤᠷᠭᠠᠭᠤᠯᠢ︾ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠪᠡ᠃ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠤᠭᠤᠯᠠᠨ ᠲᠢᠩᠬᠢᠮ ᠪᠡ ᠨᠢᠭᠡᠳᠦᠭᠡᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠢ ᠵᠠᠯᠭᠠᠪᠡᠷ ᠠᠰᠢᠭᠯᠠᠯᠲᠠ ᠳᠤ ᠣᠷᠣᠵᠤ᠂ ᠳᠤᠮᠳᠠᠳᠤ ᠪᠠᠭ᠎ᠠ ᠰᠤᠷᠭᠠᠭᠤᠯᠢ ᠶᠢᠨ 17 ᠪᠠᠭᠰᠢ᠂ ᠬᠡᠦᠬᠡᠳ ᠤᠨ ᠴᠡᠴᠡᠷᠯᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ 32 ᠪᠠᠭᠰᠢ ᠶᠢ ᠢᠯᠡ ᠪᠠᠷ ᠤᠷᠢᠨ ᠬᠡᠷᠡᠭᠯᠡᠵᠦ᠂ ᠵᠢᠭᠠᠨ ᠰᠤᠷᠭᠠᠬᠤ ᠨᠥᠬᠦᠴᠡᠯ ᠲᠣᠭᠲᠠᠭᠤᠨ ᠢᠶᠠᠷ ᠲᠡᠭᠡᠭᠰᠢᠯᠡᠵᠦ᠂ ᠪᠠᠭᠰᠢ ᠶᠢᠨ ᠬᠦᠴᠦᠨ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ 2022 ᠣᠨ ᠤ ᠥᠨᠳᠥᠷ ᠳᠤᠮᠳᠠᠳᠤ ᠰᠤᠷᠭᠠᠭᠤᠯᠢ ᠳᠤ ᠲᠠᠪᠰᠢᠬᠤ ᠰᠢᠯᠭᠠᠯᠲᠠ ᠶᠢᠨ ᠶᠡᠷᠦᠩᠬᠡᠶᠢᠯᠡᠭᠰᠡᠨ ᠬᠢᠷᠢ ᠪᠦᠲᠦᠮᠵᠢ ᠪᠥᠬᠦ ᠠᠶᠢᠮᠠᠭ ᠲᠤ ᠲᠡᠷᠢᠬᠦᠯᠡᠵᠦ᠂ ᠡᠩ ᠤᠨ ᠶᠡᠭᠡ ᠲᠡᠭᠡᠳᠤ ᠰᠤᠷᠭᠠᠭᠤᠯᠢ ᠳᠤ ᠲᠠᠪᠰᠢᠬᠤ ᠰᠢᠯᠭᠠᠯᠳᠠ ᠶᠢᠨ ᠵᠢᠩᠬᠢᠨᠢ ᠠᠩᠬᠢ ᠶᠢᠨ ᠨᠢᠭᠡᠳᠦᠭᠡᠷ ᠲᠠᠰ ᠤᠨ ᠬᠤᠪᠢ ᠶᠢᠨ ᠪᠠᠷᠢᠮᠵᠢᠶᠠᠨ ᠳᠤ ᠬᠦᠷᠦᠭᠰᠡᠨ ᠨᠣᠷᠮ᠎ᠠ ᠨᠢ ᠠᠳᠠᠯᠢ ᠬᠤᠭᠤᠴᠠᠭᠠᠨ ᠤ ᠬᠢ ᠠᠴᠠ 7 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠤᠷᠤᠭᠰᠢᠲᠠᠢ ᠬᠡᠷᠡᠭᠵᠢᠭᠦᠯᠵᠦ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠴᠥᠮ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ ᠵᠢᠭᠰᠠᠭᠠᠭᠳᠠᠪᠠ᠃ ᠡᠷᠡᠭᠦᠯ ᠡᠩᠬᠡ ᠪᠠᠷᠠᠭᠤᠨ ᠰᠦᠨᠢᠳ ᠤᠨ ᠪᠠᠶᠢᠭᠤᠯᠤᠯᠳᠠ ᠶᠢ ᠯᠠᠪᠳᠠᠭᠤᠨ ᠢᠶᠠᠷ ᠠᠬᠢᠭᠤᠯᠪᠡ᠃ 3 ᠡᠭᠡᠯᠵᠢ ᠶᠢᠨ ᠬᠢᠵᠢᠭ ᠲᠠᠷᠬᠠᠵᠦ ᠮᠡᠳᠡᠬᠦ ᠲᠦᠭᠰᠢᠬᠦᠷᠢ ᠶᠢ ᠴᠠᠭ ᠲᠤᠬᠠᠢ ᠳᠤᠨᠢ ᠢᠯᠡᠷᠡᠭᠦᠯᠵᠦ᠂ ᠤᠨᠢᠨ ᠳᠡᠭᠡᠷ᠎ᠡ ᠨᠢ ᠬᠠᠮᠢᠶᠠᠷᠤᠨ ᠡᠵᠡᠮᠳᠡᠵᠦ᠂ ᠥᠷᠭᠡᠨ ᠤᠯᠠᠨ ᠡᠮᠴᠢ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠣᠨ ᠦᠨᠳᠦᠰᠦᠨ ᠱᠠᠲᠤᠨ ᠤ ᠠᠵᠢᠯᠲᠠᠳ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠡᠮᠦᠨ᠎ᠡ ᠹᠷᠤᠨᠲ ᠲᠤ ᠭᠠᠪᠰᠢᠭᠠᠶᠢᠯᠠᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠬᠢᠵᠢᠭ ᠤᠨ ᠪᠠᠶᠢᠳᠠᠯ ᠤᠨ ᠨᠥᠯᠥᠭᠡ ᠶᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠵᠤ᠂ ᠤᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠬᠠᠮᠤᠭ ᠶᠡᠭᠡ ᠬᠡᠮᠵᠢᠶ᠎ᠡ ᠪᠠᠷ ᠪᠠᠲᠤᠯᠠᠪᠠ᠃ ᠡᠮᠴᠢᠯᠡᠭᠡᠨ ᠤ ᠬᠤᠯᠪᠣᠭᠠᠲᠤ ᠴᠣᠭᠴᠠ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠪᠰᠤᠷᠤᠨ ᠲᠡᠳᠬᠦᠬᠦ ᠵᠥᠪᠯᠡᠯᠴᠡᠭᠡᠷ ᠲᠣᠭᠲᠠᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠶᠢ ᠨᠢᠭᠡ ᠴᠣᠭᠴᠠᠵᠢᠭᠤᠯᠤᠭᠰᠠᠨ ᠲᠠᠰ ᠬᠤᠪᠢᠶᠠᠨ ᠣᠨᠣᠰᠢᠯᠠᠨ ᠡᠮᠨᠡᠬᠦ ᠲᠤᠭᠳᠠᠯᠴᠠᠭ᠎ᠠ ᠶᠢ ᠢᠳᠡᠪᠬᠢᠲᠡᠢ ᠪᠠᠶᠢᠭᠤᠯᠵᠤ᠂ ᠡᠮ ᠡᠮᠨᠡᠯᠬᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠮᠡᠳᠡᠭᠳᠡᠮ᠎ᠡ ᠨᠡᠮᠡᠭᠳᠡᠬᠦᠯᠪᠡ᠃ ᠦᠨᠳᠦᠰᠦᠲᠡᠨ ᠤ ᠡᠮᠨᠡᠯᠭᠡ ᠶᠢᠨ ᠬᠤᠷᠢᠶ᠎ᠠ ᠶᠢᠨ ᠬᠤᠶᠠᠳᠤᠭᠠᠷ ᠵᠡᠷᠭᠡ ᠶᠢᠨ ᠬᠥᠬᠡ ᠲᠠᠰ ᠤᠨ ᠪᠠᠷᠢᠮᠵᠢᠶ᠎ᠠ ᠶᠤᠰᠤᠭᠠᠷ ᠰᠢᠨ᠎ᠡ ᠪᠠᠷ ᠪᠠᠶᠢᠭᠤᠯᠤᠭᠰᠠᠨ ᠮᠣᠩᠭᠤᠯ ᠡᠮᠨᠡᠯᠭᠡ ᠶᠢᠨ ᠬᠤᠷᠢᠶ᠎ᠠ ᠠᠰᠢᠭᠯᠠᠯᠳᠠ ᠳᠤ ᠤᠷᠤᠵᠦ᠂ 400 ᠲᠦᠮᠡᠨ ᠲᠥᠭᠦᠷᠢᠭ ᠤᠨ ᠪᠡᠯᠡ ᠣᠷᠣᠭᠤᠯᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠪᠡᠶ᠎ᠡ ᠰᠠᠳᠬᠢᠯ ᠬᠠᠷᠢᠯᠴᠠᠨ ᠦᠢᠯᠡᠳᠤᠯᠴᠠᠬᠦ ᠵᠠᠰᠠᠯ ᠤᠨ ᠡᠷᠡᠭᠦᠯ ᠮᠡᠨᠳᠦ ᠶᠢᠨ ᠬᠢᠴᠢᠶᠡᠯ ᠤᠨ ᠲᠢᠩᠬᠢᠮ ᠢ ᠪᠠᠶᠢᠭᠤᠯᠵᠤ᠂ ᠣᠷᠣᠨ ᠨᠤᠲᠤᠭ ᠤᠨ ᠡᠪᠡᠳᠴᠢᠨ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠤᠯᠤᠭᠠᠨ᠎ᠠ ᠶᠢᠨ ᠬᠢᠵᠢᠭ ᠢ ᠪᠠᠶᠢᠴᠠᠭᠠᠨ ᠬᠡᠮᠵᠢᠬᠦ ᠠᠵᠢᠯ ᠢ ᠪᠠᠶᠢᠩᠭᠤ ᠬᠡᠷᠡᠭᠵᠢᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠬᠦᠯᠪᠡ᠃ ᠰᠣᠶᠣᠯ ᠲᠠᠮᠢᠷ ᠤᠨ ᠦᠢᠯᠡᠰ ᠴᠡᠴᠡᠭᠯᠡᠨ ᠬᠥᠭᠵᠢᠪᠡ᠃ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ︽ᠤᠯᠠᠭᠠᠨ ᠪᠣᠭᠴᠣ︾ ᠶᠢᠨ ᠰᠠᠶᠢᠨ ᠳᠤᠷ᠎ᠠ ᠶᠢᠨ ᠦᠢᠯᠡᠴᠢᠯᠡᠭᠡ ᠶᠢ ᠤᠯᠠᠮᠵᠢᠯᠠᠨ ᠰᠢᠨ᠎ᠡ ᠶᠢ ᠡᠭᠦᠳᠴᠦ᠂ ᠨᠠᠮ ᠤᠨ ᠲᠠᠭᠤᠨ ᠬᠤᠭᠤᠯᠠᠢ ᠪᠠ ᠬᠠᠶᠢᠷ᠎ᠡ ᠬᠠᠯᠠᠮᠵᠢ ᠶᠢ ᠲᠦᠭ ᠲᠦᠮᠡᠨ ᠠᠶᠢᠯ ᠡᠷᠦᠬᠡ ᠳᠤ ᠬᠦᠷᠭᠡᠪᠡ᠃ ᠤᠯᠠᠭᠠᠨᠮᠥ᠋ᠴᠢᠷ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ︾ ᠤᠨ ᠣᠨᠴᠠ ᠢᠷᠠᠭᠤ ᠠᠯᠳᠠᠷ ᠢ ᠬᠦᠷᠲᠡᠵᠦ᠂ ︽ᠤᠯᠠᠭᠠᠨ ᠪᠣᠭᠴᠣ︾ ᠨᠢ ᠪᠥᠬᠦ ᠠᠶᠢᠮᠠᠭ ᠤᠨ ᠠᠩᠬᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠠᠯᠲᠠᠨ ᠮᠧᠳᠠᠯ ᠢ ᠭᠥᠷᠳᠡᠪᠡ᠃ ᠠᠩᠬᠠᠳᠤᠭᠠᠷ ᠬᠤᠭᠤᠴᠠᠭᠠᠨ ᠤ ︽ᠪᠠᠶᠠᠯᠢᠭ ᠰᠠᠶᠢᠬᠠᠨ ᠰᠥᠨᠢᠳ︾ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠵᠦ᠂ ᠰᠣᠶᠣᠯ ᠤᠨ ᠣᠷᠳᠣᠨ᠂ ᠨᠣᠮ ᠤᠨ ᠰᠠᠩ ᠤᠨ ᠦᠢᠯᠡᠳᠤᠯ ᠴᠢᠳᠠᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠣᠯᠠᠨ ᠲᠦᠮᠡᠨᠴᠢ ᠴᠢᠨᠠᠷᠲᠠᠢ ᠰᠣᠶᠣᠯ ᠲᠠᠮᠢᠷ ᠤᠨ ᠠᠵᠢᠯᠯᠠᠭ᠎ᠠ ᠶᠢ ᠪᠠᠶᠠᠯᠢᠭᠵᠢᠭᠤᠯᠤᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠬᠦᠢᠴᠡᠳ ᠬᠠᠩᠭᠠᠪᠠ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠠᠵᠢᠯ ᠢ ᠴᠢᠩᠭᠠᠳᠬᠠᠵᠤ᠂ ᠪᠢᠯᠡᠬᠦᠳᠤ ᠰᠦᠮ᠎ᠡ ᠶᠢᠨ ᠴᠤᠭᠴᠢᠨ ᠲᠤᠭᠠᠩ ᠢ ᠰᠠᠯᠪᠢᠨ ᠵᠠᠰᠠᠬᠤ ᠢᠨᠵᠧᠨᠧᠷᠢᠩ ᠢ ᠡᠬᠢᠯᠡᠭᠦᠯᠵᠦ᠂ ᠵᠢᠪᠬᠤᠯᠠᠩᠳᠣ ᠶᠢᠨ ᠡᠾᠦ᠋ᠩᠨᠣ ᠶᠢᠨ ᠦᠶ᠎ᠡ  ᠶᠢᠨ ᠪᠣᠯᠠᠰᠢ ᠨᠤᠭᠤᠳ ᠤᠨ ᠬᠠᠭᠤᠴᠢ ᠮᠠᠯᠳᠠᠮᠠᠯ ᠤᠨ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠱᠤᠸᠠᠩ ᠯᠢ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠶᠯᠡᠳᠬᠦ ᠬᠢᠵᠠᠭᠠᠷᠲᠤ ᠺᠣᠮᠫᠠᠨᠢ ᠨᠢ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠪᠦᠷᠢᠯᠡᠯ ᠤᠨ ᠴᠢᠨᠠᠷᠲᠠᠢ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠰᠣᠩᠭᠤᠭᠳᠠᠪᠠ᠃ ᠰᠠᠶᠢᠬᠠᠠᠠᠦ᠋ᠯᠵᠠᠢ ᠰᠤᠮᠤᠨ ᠤ ᠲᠤᠷᠤᠮ ᠭᠠᠴᠠᠭᠠᠨ ᠤ ᠮᠠᠯᠴᠢᠨ ᠭᠡᠷᠡᠯᠮ᠎ᠡ ᠰᠣᠶᠣᠯ ᠪᠠ ᠵᠢᠭᠤᠯᠴᠢᠯᠠᠯ ᠤᠨ ᠶᠠᠮᠤᠨ ᠤ 2022 ᠣᠨ ᠤ ᠬᠥᠳᠡᠭᠡ ᠲᠣᠰᠬᠤᠨ ᠤ ᠰᠣᠶᠣᠯ ᠪᠠ ᠵᠢᠭᠤᠯᠴᠢᠯᠠᠯ ᠤᠨ ᠳᠠᠭᠠᠭᠤᠯᠤᠭᠴᠢ ᠶᠢᠨ ᠲᠡᠮᠵᠢᠯᠬᠡ ᠶᠢᠨ ᠲᠥᠷᠥᠯ ᠵᠦᠢᠯ ᠤᠨ ᠵᠢᠱᠢᠭᠳᠡᠭᠴᠢ ᠪᠠᠷ ᠰᠣᠩᠭᠤᠭᠳᠠᠪᠠ᠃ ᠨᠡᠶᠢᠬᠡᠮ ᠤᠨ ᠶᠡᠭᠡ ᠪᠠᠶᠢᠳᠠᠯ ᠡᠶ᠎ᠡ ᠵᠤᠬᠢᠴᠠᠯ ᠲᠠᠢ ᠲᠤᠭᠳᠠᠭᠤᠨ ᠪᠡᠶᠢᠪᠡ᠃ ︽ᠪᠦᠬᠦ ᠤᠯᠤᠰ ᠤᠨ ᠦᠨᠳᠤᠰᠤᠳᠠᠨ ᠤ ᠪᠦᠯᠬᠦᠮᠳᠡᠯ ᠲᠡᠪᠰᠢᠯᠳᠠ ᠶᠢᠨ ᠵᠢᠱᠢᠶᠠᠴᠢ ᠬᠤᠰᠢᠭᠤ︾ ᠶᠢ ᠡᠬᠦᠳᠤᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠵᠦ᠂ ᠴᠡᠷᠢᠭ ᠠᠩᠬᠢ ᠪᠡ ᠤᠷᠤᠨ ᠨᠤᠳᠤᠭ ᠬᠠᠮᠳᠤᠪᠡᠷ ᠪᠠᠶᠢᠭᠤᠯᠬᠤ᠂ ᠭᠠᠴᠠᠭ᠎ᠠ ᠲᠤᠰᠬᠤᠨ ᠪᠡ ᠬᠤᠷᠰᠢᠶᠠᠵᠢᠯ ᠬᠠᠮᠳᠤᠪᠡᠷ ᠪᠠᠶᠢᠭᠤᠯᠬᠤ᠂ ᠠᠵᠦ ᠠᠬᠤᠶᠢᠯᠠᠯ ᠪᠡ ᠤᠷᠤᠨ ᠨᠤᠳᠤᠭ ᠬᠠᠮᠳᠤᠪᠡᠷ ᠪᠠᠶᠢᠭᠤᠯᠬᠤ ᠵᠡᠷᠭᠡ ᠡᠯ᠎ᠡ ᠲᠦᠷᠦᠯ ᠤᠨ ᠡᠬᠦᠳᠤᠨ ᠪᠠᠶᠢᠭᠤᠯᠬᠤ ᠠᠵᠢᠯᠯᠠᠭ᠎ᠠ ᠶᠢ ᠪᠦᠳᠤᠮᠵᠢᠳᠡᠢ ᠦᠷᠨᠢᠬᠦᠯᠵᠦ᠂ ᠮᠡᠨ ᠤ ᠬᠤᠰᠢᠭᠤᠨ ᠤ 63 ᠨᠡᠷ᠎ᠡ ︽ᠤᠯᠤᠰ ᠤᠨ ᠬᠡᠤᠭᠡᠳ︾ ᠤᠨ ᠲᠠᠩᠰᠠ ᠡᠪᠭᠡᠮᠡᠯ ᠢ ᠡᠮᠬᠢᠯᠠᠬᠦ ᠠᠵᠢᠯ ᠢ ᠠᠮᠵᠢᠯᠳᠠᠳᠠᠢ ᠪᠡᠶᠡᠯᠡᠬᠦᠯᠵᠦ᠂ ︽ᠤᠯᠤᠰ ᠤᠨ ᠬᠡᠤᠭᠡᠳ︾ ᠤᠨ ᠨᠠᠶᠢᠳᠠ ᠶᠢᠨ ᠠᠰᠠᠷᠠᠮᠵᠢ ᠶᠢᠨ ᠬᠢᠴᠢᠶᠠᠯ ᠤᠨ ᠲᠢᠩᠬᠢᠮ ᠢ ᠨᠡᠭᠡᠭᠡᠵᠦ᠂ ᠡᠯ᠎ᠡ ᠦᠨᠳᠤᠰᠤᠳᠠᠨ ᠤ ᠺᠡᠳ᠋ᠷ ᠤᠯᠠᠨ ᠲᠦᠮᠡᠨ ᠤ ᠬᠠᠷᠢᠯᠴᠠᠭ᠎ᠠ ᠰᠤᠯᠢᠯᠴᠠᠭ᠎ᠠ ᠲᠤᠮᠳᠠ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠲᠠᠰᠤᠷᠠᠯᠳᠠ ᠦᠬᠡᠢ ᠪᠡᠳᠤ ᠴᠤᠭᠴᠠᠯᠠᠪᠡ᠃ ᠤᠷᠢᠳ ᠬᠤᠵᠢᠳ 2 ᠬᠠᠮᠳᠤ ᠨᠡᠶᠢᠳᠡ ︽ᠦᠪᠡᠷᠳᠡᠭᠡᠨ ᠵᠠᠰᠠᠬᠤ ᠤᠷᠤᠨ ᠤ ᠦᠨᠳᠤᠰᠤᠳᠠᠨ ᠤ ᠪᠦᠯᠬᠦᠮᠳᠡᠯ ᠲᠡᠪᠰᠢᠯᠳᠠ ᠶᠢᠨ ᠵᠢᠱᠢᠶᠡᠴᠢ ᠬᠠᠮᠳᠤ ᠨᠡᠶᠢᠳᠡ︾᠂ 1 ᠭᠠᠵᠡᠷ ᠤᠷᠤᠨ ︽ᠦᠪᠡᠷᠳᠡᠭᠡᠨ ᠵᠠᠰᠠᠬᠤ ᠤᠷᠤᠨ ᠤ ᠦᠨᠳᠤᠰᠤᠳᠠᠨ ᠤ ᠪᠦᠯᠬᠦᠮᠳᠡᠯ ᠲᠡᠪᠰᠢᠯᠳᠠ  ᠶᠢᠨ ᠵᠢᠱᠢᠶᠠᠴᠢ ᠲᠤᠭᠤᠷᠢᠭ︾᠂ 2 ᠬᠠᠮᠳᠤ ᠨᠡᠶᠢᠳᠡ ︽ᠠᠶᠢᠮᠠᠭ ᠤᠨ ᠲᠠᠰ ᠤᠨ ᠦᠨᠳᠤᠰᠤᠳᠠᠨ ᠤ ᠪᠦᠯᠬᠦᠮᠳᠡᠯ ᠲᠡᠪᠰᠢᠯᠳᠠ ᠶᠢᠨ ᠵᠢᠱᠢᠶᠠᠴᠢ ᠬᠠᠮᠳᠤ ᠨᠡᠶᠢᠳᠡ︾᠂ 4 ᠬᠦᠮᠦᠨ ︽ᠠᠶᠢᠮᠠᠭ ᠤᠨ ᠲᠡᠰ ᠤᠨ ᠦᠨᠳᠤᠰᠤᠳᠠᠨ ᠤ ᠪᠦᠯᠬᠦᠮᠳᠡᠯ ᠲᠡᠪᠰᠢᠯᠳᠠ ᠶᠢᠨ ᠵᠢᠱᠢᠶᠠᠴᠢ ᠬᠤᠪᠢ ᠬᠦᠮᠦᠨ︾ ᠢᠶᠠᠷ ᠦᠨᠡᠯᠡᠭᠳᠡᠪᠡ᠃ ᠠᠶᠤᠯᠬᠦᠢ ᠦᠢᠯᠡᠳᠪᠤᠷᠢᠯᠡᠯ ᠤᠨ ᠲᠤᠰᠬᠠᠢ ᠲᠦᠷᠦᠯ ᠤᠨ ᠴᠡᠭᠴᠡᠯᠡᠨ ᠵᠠᠰᠠᠬᠤ ᠭᠤᠷᠪᠡᠨ ᠵᠢᠯ ᠤᠨ ᠠᠵᠢᠯᠯᠠᠭ᠎ᠠ ᠠᠮᠵᠢᠯᠳᠠᠳᠠᠢ ᠲᠠᠭᠤᠰᠴᠦ᠂ ᠪᠡᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ᠂ ᠦᠶᠡᠷ ᠢ ᠰᠡᠷᠭᠡᠶᠢᠯᠡᠨ ᠭᠠᠩ ᠢ ᠡᠰᠡᠷᠬᠦᠴᠡᠬᠦ᠂ ᠢᠳᠡᠭᠡᠨ ᠡᠮ ᠤᠨ ᠵᠦᠢᠯ  ᠤᠨ ᠠᠮᠤᠷ ᠲᠦᠪᠰᠢᠨ ᠵᠡᠷᠭᠡ ᠲᠠᠯ᠎ᠠ ᠶᠢᠨ ᠬᠠᠷᠢᠭᠤᠴᠠᠯᠭ᠎ᠠ ᠪᠠᠨ ᠪᠤᠳᠠᠳᠠᠢ ᠨᠠᠶᠢᠳᠠᠪᠤᠷᠢᠵᠢᠭᠤᠯᠪᠡ᠃ ︽ᠨᠡᠢᠮᠠᠳᠤᠭᠠᠷ ᠲᠡᠪᠤᠨ ᠵᠢᠯ︾ ᠤᠨ ᠬᠠᠤᠯᠢ ᠲᠦᠬᠡᠮᠡᠯᠵᠢᠬᠦᠯᠬᠦ ᠲᠦᠯᠦᠪᠵᠢᠬᠦᠯᠬᠡ7 ᠶᠢ ᠪᠦᠬᠦ ᠲᠠᠯ᠎ᠠ ᠪᠠᠷ ᠭᠡᠷᠡᠭᠵᠢᠬᠦᠯᠵᠦ᠂ ᠬᠦᠮᠦᠨ ᠪᠦᠬᠦᠨ ᠳᠤ ᠬᠠᠤᠯᠢ ᠪᠠᠷ ᠵᠠᠰᠠᠬᠤ ᠤᠶᠢᠯᠠᠭᠠᠭᠳᠠᠬᠤᠨ ᠢ ᠤᠶᠢᠯᠠᠭᠠᠭᠤᠯᠵᠦ᠂ ᠬᠤᠰᠢᠭᠤ ᠬᠠᠤᠯᠢ ᠴᠠᠭᠠᠵᠠ ᠶᠢᠨ ᠲᠤᠪᠴᠢᠶ᠎ᠠ ᠨᠢ ᠪᠦᠬᠦ ᠤᠷᠤᠨ ᠤ ᠬᠠᠤᠯᠢ ᠴᠠᠭᠠᠵᠠ ᠶᠢᠨ ᠰᠢᠰᠲ᠋ᠧᠮ ᠤᠨ ︽ᠬᠠᠮᠳᠤ ᠨᠡᠶᠢᠳᠡ ᠶᠢᠨ ᠬᠤᠶᠠᠳᠤᠭᠠᠷ ᠵᠡᠷᠭᠡ ᠶᠢᠨ ᠭᠠᠪᠢᠶ᠎ᠠ︾ ᠶᠢ ᠬᠦᠷᠳᠡᠪᠡ᠃ ᠬᠠᠷ᠎ᠡ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠦᠷᠦᠯ  ᠤᠨ ᠲᠠᠮᠠᠴᠠᠯ ᠢ ᠪᠠᠶᠢᠩᠭᠤ ᠦᠷᠨᠢᠬᠦᠯᠵᠦ᠂ ᠬᠠᠤᠯᠢ ᠵᠦᠷᠢᠴᠡᠭᠰᠡᠨ ᠡᠯ᠎ᠡ ᠲᠦᠷᠦᠯ ᠤᠨ ᠶᠠᠯᠠᠳᠤ ᠠᠵᠢᠯᠯᠠᠭ᠎ᠠ ᠶᠢ ᠪᠦᠳᠤᠮᠵᠢᠳᠡᠢ ᠤᠷᠢᠳᠴᠢᠯᠠᠨ ᠰᠡᠷᠭᠡᠶᠢᠯᠡᠬᠦ ᠶᠢᠨ ᠬᠠᠮᠳᠤ ᠴᠢᠩᠭ᠎ᠠ ᠴᠤᠬᠢᠯᠳᠠ ᠦᠭᠴᠦ᠂ ᠲᠤᠳᠤᠭᠠᠳᠤ ᠶᠢ ᠬᠠᠮᠠᠭᠠᠯᠠᠬᠤ ᠶᠠᠮᠤᠨ ᠤ ᠬᠦᠢᠴᠡᠳᠭᠡᠯᠭᠡᠬᠦ ᠪᠠᠷ ᠱᠠᠭᠠᠷᠳᠠᠭᠰᠠᠨ ︽7.06︾ ᠤᠯᠤᠰ ᠤᠨ ᠭᠤᠤᠯᠳᠠᠯᠭ᠎ᠠ ᠲᠠᠢ ᠬᠠᠮᠠᠭᠠᠯᠠᠯᠳᠠ ᠶᠢᠨ ᠤᠷᠭᠤᠮᠠᠯ ᠢ ᠬᠤᠬᠢᠷᠠᠭᠤᠯᠤᠭᠰᠠᠨ 1 ᠭᠡᠷᠡᠭ ᠢ ᠠᠮᠵᠢᠯᠳᠠᠳᠠᠢ ᠢᠯᠡᠷᠡᠬᠦᠯᠵᠦ᠂ ᠪᠦᠬᠦ ᠵᠢᠯ ᠳᠤ ᠠᠮᠢᠨ ᠭᠡᠷᠡᠭ ᠡᠬᠦᠰᠬᠡᠬᠦ ᠦᠬᠡᠢ ᠪᠠᠶᠢᠬᠤ ᠶᠢ ᠦᠷᠬᠦᠯᠵᠢᠯᠡᠨ ᠪᠠᠶᠠᠯᠠᠬᠦᠯᠪᠡ᠃ ᠵᠠᠬᠢᠳᠠᠯ ᠰᠤᠷᠪᠤᠯᠵᠢᠯᠠᠭ᠎ᠠ ᠶᠢᠨ ᠲᠠᠷᠤᠭᠳᠠᠮᠠᠯ ᠭᠡᠷᠡᠭ ᠪᠡ ᠵᠦᠷᠢᠴᠠᠯ ᠵᠢᠭᠤᠷᠠᠯᠳᠤᠭᠠᠨ ᠢ ᠬᠠᠤᠯᠢ ᠶᠤᠰᠤᠭᠠᠷ ᠡᠶᠡᠳᠡᠬᠦᠯᠦᠨ ᠰᠢᠢᠳᠪᠤᠷᠢᠯᠡᠵᠦ᠂ ᠲᠦᠪ  ᠤᠨ ᠠᠷᠠᠳ ᠤᠨ ᠵᠠᠰᠠᠭ ᠤᠨ ᠤᠷᠳᠤᠨ ᠤ ᠰᠢᠶᠠᠩᠭᠠᠩ ᠤᠨ ᠤᠨᠴᠠᠭᠠᠢ ᠵᠠᠰᠠᠭ ᠵᠠᠬᠢᠷᠭᠠᠨ ᠤ ᠤᠷᠤᠨ ᠳᠤ ᠰᠠᠭᠤᠭ᠎ᠠ ᠬᠠᠷᠢᠯᠴᠠᠬᠤ ᠠᠯᠪᠡᠨ ᠭᠡᠷ ᠠᠴᠠ ᠬᠦᠢᠴᠡᠳᠭᠡᠯᠭᠡᠬᠦ ᠪᠠᠷ ᠲᠤᠰᠢᠶᠠᠭᠰᠠᠨ 2 ᠤᠳᠠᠭᠠᠨ ᠤ ᠭᠡᠷᠡᠭ ᠶᠠᠪᠤᠳᠠᠯ᠂ ᠲᠦᠪ ᠤᠨ ᠨᠠᠢᠮᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠰᠢᠯᠵᠢᠬᠦᠯᠦᠨ ᠲᠤᠰᠢᠶᠠᠭᠰᠠᠨ ᠭᠡᠷᠡᠭ ᠶᠠᠪᠤᠳᠠᠯ᠂ ᠮᠤᠵᠢ  ᠶᠢᠨ ᠲᠡᠰ ᠤᠨ ᠤᠳᠤᠷᠢᠳᠤᠯᠭ᠎ᠠ ᠭᠡᠷᠡᠭ ᠢ ᠲᠠᠭᠠᠭᠠᠴᠢᠯᠠᠬᠤ ᠪᠡ ᠠᠶᠢᠮᠠᠭ ᠤᠨ ᠲᠠᠰ ᠤᠨ ᠤᠳᠤᠷᠢᠳᠤᠯᠭ᠎ᠠ ᠭᠡᠷᠡᠭ ᠢ ᠲᠠᠭᠠᠭᠠᠴᠢᠯᠠᠬᠤ ᠳᠤ ᠬᠤᠯᠪᠤᠭᠳᠠᠭᠰᠠᠨ ᠭᠡᠷᠡᠭ ᠶᠠᠪᠤᠳᠠᠯ᠂ ᠬᠦᠯᠦᠰᠦ ᠮᠦᠩᠬᠦ ᠶᠢ ᠦᠷᠢᠳᠤᠵᠦ ᠪᠠᠶᠢᠭ᠎ᠠ ᠭᠡᠷᠡᠭ ᠶᠠᠪᠤᠳᠠᠯ ᠢ ᠪᠦᠬᠦᠨ ᠢ ᠨᠢ ᠰᠢᠢᠳᠪᠤᠷᠢᠯᠡᠵᠦ᠂ ᠤᠷᠴᠢᠮ ᠤᠨ ᠭᠤᠷᠪᠡᠨ ᠵᠢᠯ ᠤᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ ᠪᠦᠬᠦᠨ ᠢ ᠬᠦᠢᠴᠡᠳᠭᠡᠨ ᠲᠠᠭᠤᠰᠬᠠᠪᠡ᠃ ᠨᠡᠮ ᠤᠨ ᠬᠤᠷᠢᠳᠤᠭᠠᠷ ᠶᠡᠭᠡ ᠬᠤᠷᠠᠯ ᠪᠡ ᠪᠡᠭᠡᠵᠢᠩ  ᠤᠨ ᠡᠪᠤᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠭᠯᠠᠭᠠᠨ᠂ ᠵᠡᠮᠳᠡᠭᠴᠤᠳ ᠤᠨ ᠡᠪᠤᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠭᠯᠠᠭᠠᠨ ᠵᠡᠷᠭᠡ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠢ ᠬᠠᠮᠠᠭᠠᠯᠠᠬᠤ ᠠᠵᠢᠯ ᠢ ᠠᠮᠵᠢᠯᠳᠠᠳᠠᠢ ᠪᠡᠶᠡᠯᠡᠬᠦᠯᠵᠦ᠂ ︽ᠲᠦᠷᠪᠡᠨ ᠡᠬᠦᠰᠬᠦ ᠦᠬᠡᠢ︾8 ᠪᠠᠶᠢᠬᠤ ᠬᠤᠷᠢᠭ᠎ᠠ ᠱᠤᠭᠤᠮ ᠢ ᠪᠡᠳᠤ ᠰᠠᠬᠢᠪᠡ᠃ ᠬᠢᠯᠢ ᠬᠢᠵᠠᠭᠠᠷ ᠢ ᠪᠠᠬᠢᠵᠢᠬᠦᠯᠬᠦ᠂ ᠬᠢᠯᠢ ᠶᠢ ᠬᠦᠭᠵᠢᠬᠦᠯᠦᠨ ᠠᠷᠠᠳ ᠢ ᠪᠡᠶᠡᠵᠢᠭᠤᠯᠬᠤ ᠠᠵᠢᠯ ᠢ ᠬᠦᠨᠵᠡᠬᠡᠶᠢᠷᠡᠬᠦᠯᠵᠦ᠂ ᠲᠡᠭᠡᠳᠤ ᠱᠠᠳᠤᠨ ᠤ 2160 ᠲᠦᠮᠡᠨ ᠲᠦᠬᠦᠷᠢᠭ ᠤᠨ ᠲᠤᠰᠬᠠᠢ ᠲᠦᠷᠦᠯ ᠤᠨ ᠪᠡᠯᠡ ᠮᠦᠩᠬᠦ ᠶᠢ ᠭᠤᠶᠤᠴᠢᠯᠠᠨ ᠤᠯᠵᠦ᠂ 36 ᠺᠢᠯᠦᠮᠧᠲᠷ ᠤᠨ ᠬᠢᠯᠢ ᠲᠠᠭᠠᠤ ᠵᠡᠮ ᠵᠠᠰᠠᠬᠤ ᠲᠦᠷᠦᠯ ᠵᠦᠢᠯ ᠢ ᠭᠡᠷᠡᠭᠵᠢᠬᠦᠯᠵᠦ᠂ ᠦᠨᠦ ᠵᠢᠯ ᠳᠤ ᠬᠢᠯᠢ ᠶᠢᠨ ᠬᠠᠮᠠᠭᠠᠯᠠᠯᠳᠠ ᠶᠢᠨ ᠴᠠᠭᠳᠠᠨ ᠪᠠᠶᠢᠴᠠᠭᠠᠬᠤ ᠵᠠᠰᠠᠮᠠᠯ ᠵᠡᠮ ᠢ ᠨᠠᠶᠢᠳᠠᠮ ᠪᠦᠷᠬᠦᠬᠦᠯᠬᠦ ᠶᠢ ᠪᠡᠶᠡᠯᠡᠬᠦᠯᠬᠦ ᠳᠤ ᠪᠠᠳᠤ ᠪᠠᠬᠢ ᠰᠠᠭᠤᠷᠢ ᠲᠠᠯᠪᠢᠪᠡ᠃ ᠴᠡᠷᠢᠭ ᠠᠷᠠᠳ ᠤᠨ ᠠᠭᠤᠰᠤᠯᠴᠠᠯ  ᠤᠨ ᠦᠵᠡᠬᠦᠯᠦᠯᠬᠡ ᠶᠢᠨ 1 ᠲᠢᠩᠬᠢᠮ ᠢ ᠪᠠᠶᠢᠭᠤᠯᠵᠦ᠂ ᠪᠦᠬᠦ ᠬᠤᠰᠢᠭᠤᠨ ᠤ ᠴᠢᠨᠡᠷ ᠰᠠᠶᠢᠳᠠᠢ ᠮᠠᠯ ᠤᠨ ᠠᠰᠢᠭ ᠰᠢᠮ᠎ᠡ ᠪᠡ ᠲᠠᠷᠢᠶᠠᠯᠠᠩ ᠤᠨ ᠪᠦᠳᠤᠭᠡᠭᠳᠡᠬᠦᠨ᠂ ᠪᠤᠳᠠᠰ ᠤᠨ ᠪᠤᠰᠤ ᠰᠤᠶᠤᠯ ᠤᠨ ᠦᠪ ᠤᠨ ᠪᠦᠳᠤᠭᠡᠭᠳᠡᠬᠦᠨ ᠢ ᠪᠤᠷᠤᠯᠠᠭᠤᠯᠵᠦ᠂ ᠪᠤᠯᠪᠠᠰᠤᠷᠠᠯ ᠤᠨ ᠰᠠᠭᠤᠷᠢᠨ ᠭᠠᠵᠡᠷ ᠤᠨ ᠲᠠᠷᠤᠭ᠎ᠠ ᠪᠠᠶᠢᠯᠳᠤᠭᠴᠢᠳ ᠲᠤ ᠦᠢᠯᠡᠴᠢᠯᠠᠬᠦ ᠶᠢᠨ ᠬᠠᠮᠳᠤ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠢ ᠨᠡᠮᠡᠭᠳᠡᠬᠦᠯᠬᠦ ᠶᠢ ᠪᠦᠳᠤᠮᠵᠢᠳᠡᠢ ᠠᠬᠢᠭᠤᠯᠪᠡ᠃      ᠨᠢᠭᠡ ᠵᠢᠯ ᠤᠨ ᠲᠤᠷᠰᠢ᠂ ᠪᠢᠳᠡ ᠲᠥᠪ ᠶᠣᠰᠣ ᠶᠢ ᠡᠷᠬᠢᠮᠯᠡᠨ ᠰᠠᠬᠢᠵᠦ ᠵᠤᠷᠢᠭᠳᠠᠢ ᠪᠠᠷ ᠰᠢᠨ᠎ᠡ ᠶᠢ ᠡᠭᠦᠳᠬᠦ  ᠶᠢ ᠪᠠᠷᠢᠮᠳᠠᠯᠠᠭᠰᠠᠨ ᠠᠴᠠ᠂ ᠵᠠᠰᠠᠭ ᠤᠨ ᠣᠷᠳᠣᠨ ᠤ ᠠᠵᠢᠯ ᠤᠨ ᠦᠷ᠎ᠡ ᠪᠦᠳᠤᠮᠵᠢ ᠪᠥᠬᠦ ᠲᠠᠯ᠎ᠠ ᠪᠠᠷ ᠳᠡᠭᠡᠭᠰᠢᠯᠡᠪᠡ᠃ ᠬᠤᠷᠢᠭ᠎ᠠ ᠱᠤᠭᠤᠮ ᠤᠨ ᠰᠡᠳᠬᠢᠬᠦᠢ ᠶᠢ ᠪᠦᠬᠦ ᠲᠠᠯ᠎ᠠ ᠪᠠᠷ ᠪᠤᠢ ᠪᠤᠯᠭᠠᠪᠡ᠃ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ︽ᠬᠤᠶᠠᠷ ᠢ ᠲᠤᠭᠳᠠᠭᠠᠭᠰᠠᠨ︾9 ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠤᠬᠠᠮᠰᠠᠷ︾10 ᠢᠶᠠᠨ ᠲᠠᠰᠤᠷᠠᠯᠳᠡ ᠦᠭᠡᠢ ᠴᠢᠩᠭᠠᠳᠬᠠᠵᠤ᠂ ︽ᠲᠦᠷᠪᠡᠨ ᠢᠲᠡᠭᠡᠯ︾11 ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾12 ᠶᠢ ᠪᠡᠶᠡᠯᠡᠬᠦᠯᠪᠡ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ︾ ᠶᠢ ᠡᠷᠡᠰ ᠭᠦᠢᠴᠡᠳᠬᠡᠵᠦ᠂ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠠᠵᠢᠯ ᠢ ᠤᠷᠳᠤ ᠬᠤᠭᠤᠴᠠᠭ᠎ᠠ ᠪᠠᠷ ᠲᠦᠯᠬᠢᠨ ᠠᠬᠢᠭᠤᠯᠵᠤ᠂ ᠭᠡᠪ ᠰᠤᠷᠳᠠᠯ ᠢᠶᠠᠨ ᠰᠠᠶᠢᠵᠢᠷᠠᠭᠤᠯᠵᠦ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠦᠢᠯᠡᠳᠤᠯᠬᠡᠵᠢᠬᠦᠯᠪᠡ᠃ ᠵᠠᠰᠠᠭ ᠵᠠᠬᠢᠷᠭᠠᠨ ᠤ ᠠᠵᠢᠯ ᠤᠨ ᠦᠷ᠎ᠡ ᠪᠦᠳᠤᠮᠵᠢ ᠮᠡᠳᠡᠭᠳᠡᠮ᠎ᠡ ᠲᠡᠭᠡᠭᠰᠢᠯᠡᠪᠡ᠃ ᠬᠠᠤᠯᠢᠳᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ︽ᠭᠤᠷᠪᠠᠨ ᠴᠢᠬᠤᠯᠠ ᠨᠢᠭᠡ ᠶᠡᠭᠡ︾13 ᠬᠡᠷᠡᠭ ᠵᠦᠪᠯᠨᠨ ᠪᠤᠳᠤᠯᠭ᠎ᠠ ᠲᠤᠭᠳᠠᠭᠠᠬᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾14 ᠢ ᠭᠦᠨᠵᠡᠭᠡᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠤᠯᠢ ᠴᠠᠭᠠᠵᠠ ᠶᠢᠨ ᠵᠥᠪᠯᠡᠭᠴᠢ ᠶᠢ ᠨᠡᠶᠢᠳᠡᠮ ᠪᠦᠷᠬᠦᠬᠦᠯᠬᠦ ᠶᠢ ᠪᠡᠶᠡᠯᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠪᠣᠳᠠᠲᠠᠢ ᠶᠢ ᠡᠷᠬᠢᠮᠯᠡᠨ ᠠᠷᠠᠳ ᠤᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ ᠶᠢ ᠦᠢᠯᠡᠳᠦᠯᠭᠡᠵᠢᠭᠦᠯᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠢᠯᠡ ᠬᠢᠨᠠᠯᠲᠠ ᠶᠢ ᠤᠬᠠᠮᠰᠠᠷ  ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ 72 ᠬᠤᠪᠢ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠬᠡᠰᠢᠬᠦᠳ ᠤᠨ 39 ᠬᠤᠪᠢ ᠰᠠᠨᠠᠯ ᠳᠤᠷᠠᠳᠤᠯᠭ᠎ᠠ ᠶᠢ ᠪᠦᠬᠦᠨ ᠢ ᠬᠦᠢᠴᠡᠳᠭᠡᠵᠦ᠂ ᠠᠷᠠᠳ ᠤᠨ ᠰᠦᠯᠵᠢᠶ᠎ᠡ᠂ ︽ᠢᠨᠲ᠋ᠧᠷᠨᠧᠲ ᠰᠦᠯᠵᠢᠶ᠎ᠡ +︾ ᠲᠡᠭᠡᠷ᠎ᠡ ᠢᠷᠡᠬᠦᠯᠦᠭᠰᠡᠨ 36 ᠤᠴᠢᠷ ᠶᠠᠪᠤᠳᠠᠯ ᠢ ᠬᠦᠢᠴᠡᠳᠭᠡᠵᠦ᠂ ︽12345︾ ᠠᠷᠠᠳ ᠲᠤ ᠲᠥᠬᠦᠮ ᠦᠵᠡᠭᠦᠯᠬᠦ ᠤᠲᠠᠰᠤ ᠪᠠᠷ ᠮᠡᠳᠡᠬᠦᠯᠦᠭᠰᠡᠨ 3139 ᠭᠡᠷᠡᠭ ᠢ ᠭᠥᠯᠢᠶᠡᠨ ᠠᠪᠴᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ 96.3% ᠳᠤ ᠬᠦᠷᠪᠡ᠃ ᠬᠦᠨᠳᠦ ᠶᠡᠭᠡ ᠲᠦᠭᠰᠢᠭᠦᠷᠢ ᠶᠢ ᠪᠦᠲᠦᠮᠵᠢᠲᠡᠶ ᠰᠠᠷᠭᠡᠶᠢᠯᠡᠪᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠦᠷᠢ ᠰᠢᠷᠢ ᠶᠢ ᠬᠢᠵᠠᠭᠠᠷᠯᠠᠬᠤ ᠲᠤᠭ᠎ᠠ ᠶᠢᠨ ᠬᠠᠮᠢᠶᠠᠷᠤᠯᠲᠠ ᠪᠠ ᠲᠥᠰᠥᠪ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠨᠢᠭᠤᠭᠳᠠᠮᠠᠯ ᠦᠷᠢ ᠰᠢᠷᠢ ᠶᠢ 2.3 ᠳ᠋ᠦᠩᠰᠢᠭᠤᠷ ᠲᠥᠭᠦᠷᠢᠭ ᠠᠷᠢᠯᠭᠠᠵᠤ᠂ ᠣᠨ ᠤ ᠡᠭᠦᠷᠭᠡ ᠶᠢᠨ 132% ᠢ ᠪᠡᠶᠡᠯᠡᠭᠦᠯᠪᠡ᠂ ᠲᠦᠰᠦᠭᠡᠯᠡᠯᠳᠡ ᠪᠠᠷ᠂ ᠦᠷᠢ ᠰᠢᠷᠢ ᠶᠢᠨ ᠲᠦᠭᠰᠢᠭᠦᠷᠢ ᠶᠢᠨ ᠳᠡᠰ15 ︽ᠤᠯᠠᠪᠤᠷ ᠦᠩᠭᠡ︾ ᠠᠴᠠ ᠪᠠᠭᠤᠷᠠᠨ ︽ᠰᠢᠷ᠎ᠠ ᠦᠩᠭᠡ︾ ᠲᠠᠢ ᠪᠤᠯᠬᠤ ᠪᠤᠯᠤᠯᠴᠠᠭ᠎ᠠ ᠲᠠᠢ ᠪᠡᠶᠢᠨ᠎ᠡ᠃ ᠠᠮᠤ ᠪᠤᠳᠠᠭᠠᠨ ᠤ ᠰᠢᠰᠲ᠋ᠧᠮ ᠪᠠ ᠨᠡᠭᠡᠭᠡᠯᠳᠡ ᠶᠢᠨ ᠲᠤᠭᠤᠷᠢᠭ ᠤᠨ ᠪᠤᠳᠠᠳᠤ ᠬᠡᠷᠡᠭ ᠤᠨ ᠵᠢᠱᠢᠶ᠎ᠠ ᠪᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠢ ᠲᠦᠷᠦᠯ ᠤᠨ ᠴᠡᠭᠴᠡᠯᠡᠨ ᠵᠠᠰᠠᠯᠲᠠ ᠶᠢ ᠲᠡᠭᠦᠰ ᠠᠮᠵᠢᠯᠳᠠᠳᠠᠢ ᠪᠠᠶᠠᠯᠠᠬᠦᠯᠵᠦ᠂ ᠬᠠᠤᠯᠢ ᠲᠣᠭᠲᠠᠭᠠᠯ ᠢ ᠵᠦᠷᠢᠴᠠᠨ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ 113 ᠠᠰᠠᠭᠤᠳᠠᠯ ᠢ ᠲᠤᠰᠬᠠᠢ ᠲᠦᠷᠦᠯ ᠤᠨ ᠴᠡᠭᠴᠡᠯᠡᠨ ᠵᠠᠰᠠᠯᠳᠠ ᠪᠠᠷ ᠪᠦᠬᠦᠨ ᠢ ᠨᠢ ᠴᠡᠭᠴᠡᠯᠡᠵᠦ ᠲᠠᠭᠤᠰᠬᠠᠪᠠ᠃ ︽ᠲᠠᠪᠤ ᠶᠢ ᠲᠦᠢᠯᠪᠤᠷᠢᠳᠠᠢ ᠪᠠᠶᠢᠴᠠᠭᠠᠬᠤ︾16 ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ 108.5 ᠾᠧᠺᠲ᠋ᠠᠷ ᠰᠤᠯᠠ ᠪᠠᠶᠢᠭ᠎ᠠ ᠭᠠᠵᠠᠷ ᠰᠢᠷᠣᠢ ᠶᠢ ᠰᠢᠢᠳᠪᠤᠷᠢᠯᠡᠵᠦ᠂ ︽ᠠᠷᠪᠡᠨ ᠲᠦᠷᠪᠡᠳᠤᠭᠡᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠤᠭᠤᠴᠠᠭᠠᠨ ᠳᠠᠬᠢ ᠠᠵᠢᠯ ᠤᠨ ᠡᠬᠦᠷᠭᠡ ᠶᠢ ᠤᠷᠢᠳᠴᠢᠯᠠᠨ ᠪᠡᠶᠡᠯᠡᠬᠦᠯᠵᠦ᠂ ᠵᠥᠪᠰᠢᠶᠡᠷᠡᠭᠦᠯᠬᠦ ᠪᠠᠷ ᠪᠠᠶᠢᠭ᠎ᠠ ᠪᠠ ᠨᠥᠬᠦᠪᠦᠷᠢᠯᠡᠨ ᠵᠥᠪᠰᠢᠶᠡᠷᠡᠭᠦᠯᠬᠦ 13 ᠲᠦᠷᠦᠯ ᠵᠦᠢᠯ ᠤᠨ ᠭᠠᠷ ᠭᠦᠢᠴᠡᠳᠬᠡᠯ ᠢ ᠪᠦᠬᠦᠨ ᠢ ᠨᠢ ᠭᠦᠢᠴᠡᠳᠬᠡᠨ ᠳᠠᠭᠤᠰᠬᠠᠵᠤ᠂ ᠦᠢᠯᠡᠳᠪᠦᠷᠢᠯᠡᠯ ᠵᠣᠭᠰᠣᠭᠰᠠᠨ ᠲᠦᠷᠦᠯ ᠵᠦᠢᠯ᠂ ︽ᠬᠠᠭᠠᠰ ᠳᠤᠲᠠᠭᠤ ᠤᠷᠬᠢᠭᠰᠠᠨ︾ 10 ᠢᠨᠵᠧᠨᠧᠷᠢᠩ ᠢ ᠠᠵᠢᠯᠯᠠᠭᠤᠯᠵᠦ᠂ 757 ᠲᠦᠮᠡᠨ ᠲᠥᠭᠦᠷᠢᠭ ᠤᠨ ᠠᠰᠢᠭᠯᠠᠭᠠᠳᠤᠢ ᠪᠡᠯᠡ ᠮᠥᠩᠭᠦ ᠶᠢ ᠠᠰᠢᠭᠯᠠᠯᠳᠠ ᠳᠤ ᠤᠷᠤᠭᠤᠯᠪᠡ᠃      ᠲᠥᠯᠥᠭᠡᠯᠡᠭᠴᠢᠳ ᠠ᠋᠂ ᠥᠩᠭᠡᠷᠡᠭᠰᠡᠨ ᠨᠢᠭᠡ ᠵᠢᠯ ᠳᠤ ᠲᠤᠯᠭᠠᠷᠠᠭᠰᠠᠨ ᠲᠦᠭᠰᠢᠭᠦᠷᠢ᠂ ᠳᠠᠷᠤᠯᠲᠠ ᠪᠣᠯᠣᠨ ᠥᠷᠢᠰᠦᠯᠳᠦᠭᠡᠨ ᠤᠷᠢᠳᠤ ᠡᠮᠦᠨ᠎ᠡ ᠪᠠᠶᠢᠭ᠎ᠠ ᠦᠭᠡᠢ ᠶᠤᠮ᠂ ᠪᠢᠳᠡ ᠢᠮᠠᠭᠲᠠ ᠤᠯᠤᠰ ᠲᠦᠷᠦ ᠶᠢᠨ ᠢᠳᠡᠭᠡᠯ ᠤᠨ ᠬᠦᠴᠦᠨ᠂ ᠬᠥᠭᠵᠢᠯᠲᠡ ᠶᠢᠨ ᠢᠳᠡᠭᠡᠯ ᠤᠨ ᠬᠦᠴᠦᠨ ᠢᠶᠠᠨ ᠪᠠᠷᠢᠮᠲᠠᠯᠠᠵᠤ᠂ ᠪᠦᠯᠬᠦᠮᠳᠡᠨ ᠨᠢᠭᠳᠠᠷᠡᠵᠦ᠂ ᠬᠦᠴᠢᠷ ᠢ ᠰᠦᠷᠦᠨ ᠤᠷᠤᠭᠰᠢᠯᠠᠵᠦ᠂ ᠬᠡᠯᠪᠡᠷᠢ ᠪᠠᠨ ᠬᠤᠪᠢᠷᠠᠭᠤᠯᠬᠤ ᠳᠤᠮᠳᠠ ᠬᠥᠭᠵᠢᠯᠲᠡ ᠶᠢ ᠡᠷᠢᠯᠬᠢᠯᠡᠵᠦ᠂ ᠴᠤᠴᠠᠯᠲᠠ ᠦᠭᠡᠢ ᠤᠷᠤᠭᠰᠢᠯᠠᠬᠤ ᠵᠤᠷᠢᠭ ᠰᠠᠨᠠᠭ᠎ᠠ ᠪᠠᠷ᠂ ᠠᠵᠢᠯ ᠤᠨ ᠠᠷᠭ᠎ᠠ ᠪᠡᠷᠢᠯ ᠢᠶᠠᠨ ᠰᠢᠨᠡᠴᠢᠯᠠᠨ ᠨᠢᠭᠡ ᠪᠦᠯᠦᠭ ᠬᠦᠴᠢᠷ ᠶᠠᠪᠤᠳᠠᠯ ᠢ ᠰᠢᠢᠳᠪᠦᠷᠢᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭᠠᠳ ᠨᠢᠭᠡ ᠪᠦᠯᠦᠭ ᠪᠣᠳᠠᠲᠠᠢ ᠶᠠᠪᠤᠳᠠᠯ ᠬᠢᠪᠡ᠃ ᠡᠲᠡᠭᠡᠷ ᠠᠮᠵᠢᠯᠲᠠ ᠶᠢ ᠣᠯᠣᠭᠰᠠᠨ ᠨᠢ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠴᠢᠭᠯᠡᠯ ᠲᠤᠭᠳᠠᠭᠠᠨ ᠵᠢᠭᠠᠨ ᠵᠢᠯᠤᠭᠤᠳᠤᠭᠰᠠᠨ ᠤ ᠦᠷ᠎ᠡ ᠳ᠋ᠦᠩ ᠮᠥᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠭᠰᠠᠨ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠰᠠᠶᠢᠳᠤᠷ ᠬᠢᠨᠠᠯᠲᠠ ᠲᠠᠯᠪᠢᠭᠰᠠᠨ ᠪᠡ ᠬᠦᠴᠦᠳᠠᠢ ᠲᠡᠮᠵᠢᠭᠰᠡᠨ ᠤ ᠦᠷ᠎ᠡ ᠳ᠋ᠦᠩ ᠮᠥᠨ᠂ ᠮᠦᠨᠴᠦ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠵᠦ᠂ ᠬᠦᠴᠢᠷ ᠪᠡᠷᠬᠡᠰᠢᠶᠡᠯ ᠢ ᠢᠯᠠᠨ ᠳᠠᠪᠠᠭᠰᠠᠨ ᠤ ᠦᠷ᠎ᠡ ᠳ᠋ᠦᠩ ᠮᠥᠨ᠃ ᠠᠳᠡ᠂ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ᠂ ᠰᠥᠨᠢᠳ ᠪᠠᠷᠠᠭᠤᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠭᠰᠡᠨ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ᠲᠥᠯᠥᠭᠡᠯᠡᠭᠴᠢᠳ ᠠ᠋᠂ ᠪᠢᠳᠠ ᠠᠮᠵᠢᠯᠲᠠ ᠪᠠᠨ ᠨᠤᠲᠠᠯᠠᠬᠤ ᠶᠢᠨ ᠳᠠᠭᠠᠤ ᠳᠤ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠨ᠎ᠠ ᠭᠡᠳᠡᠭ ᠢ ᠰᠡᠷᠭᠡᠭ ᠢᠶᠠᠷ ᠲᠠᠨᠢᠬᠤ ᠭᠡᠷᠡᠭᠳᠡᠢ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠲᠤᠤᠷ᠎ᠡ᠂ ᠠᠵᠦ ᠦᠢᠯᠡᠰ ᠤᠨ ᠪᠦᠲᠦᠴᠡ ᠠᠨᠠᠢ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠲᠤᠤᠷ᠎ᠡ᠂ ᠲᠦᠷᠦᠯ ᠵᠦᠢᠯ ᠤᠨ ᠨᠦᠬᠡᠴᠠ ᠪᠠᠭ᠎ᠠ᠂ ᠶᠠᠰᠤ ᠴᠢᠨᠡᠷ ᠲᠤᠤᠷ᠎ᠡ᠂ ᠬᠥᠭᠵᠢᠯᠲᠡ ᠶᠢᠨ ᠠᠷᠭ᠎ᠠ ᠮᠠᠶ᠋ᠢᠭ ᠪᠦᠳᠦᠭᠦᠯᠢᠭ᠂ ᠬᠦᠭᠵᠢᠯᠳᠡ ᠶᠢᠨ ᠨᠦᠬᠡᠴᠠ ᠬᠦᠴᠦᠨ ᠬᠦᠷᠦᠯᠴᠠᠬᠦ ᠦᠬᠡᠢ᠃ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠠᠭᠤᠯᠠᠭᠳᠠᠴᠠ ᠳᠣᠣᠷ᠎ᠠ᠂ ᠦᠢᠯᠡᠳᠪᠦᠷᠢᠯᠡᠯ ᠤᠨ ᠥᠪᠡᠷ ᠤᠨ ᠥᠷᠲᠡᠭ ᠥᠨᠳᠥᠷ᠂ ᠮᠠᠯ ᠠᠵᠤ ᠠᠬᠤᠢ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭ᠎ᠠ ᠨᠢᠭᠲᠠ ᠪᠤᠰᠤ︔ ᠤᠯᠠᠮᠵᠢᠯᠠᠯᠳᠤ ᠲᠤᠯᠭᠠᠭᠤᠷᠢᠯᠠᠬᠤ ᠠᠵᠦ ᠦᠢᠯᠡᠳᠪᠤᠷᠢ ᠶᠢᠨ ᠠᠵᠦ ᠠᠬᠤᠶᠢᠯᠠᠯ ᠤᠨ ᠭᠡᠯᠪᠡᠷᠢ ᠶᠢ ᠬᠤᠪᠢᠷᠠᠭᠤᠯᠬᠤ ᠪᠠᠷ ᠲᠤᠳᠠᠮᠠᠭ᠂ ᠰᠢᠨ᠎ᠡ ᠠᠵᠦ ᠦᠢᠯᠡᠰ ᠤᠨ ᠬᠦᠭᠵᠢᠯᠳᠡ ᠶᠢᠨ ᠬᠤᠷᠳᠤᠴᠠ ᠤᠳᠠᠭᠠᠨ ᠠᠴᠠ ᠤᠯᠠᠮᠵᠢᠯᠠᠯᠳᠤ ᠠᠵᠦ ᠦᠢᠯᠡᠰ ᠢ ᠲᠠᠶᠢᠴᠢᠯᠠᠵᠦ ᠲᠠᠶᠢᠯᠬᠦ ᠦᠬᠡᠢ︔ ᠦᠢᠯᠡᠴᠢᠯᠠᠭᠡᠨ ᠤ ᠬᠦᠷᠢᠶ᠎ᠠ ᠴᠡᠷ᠎ᠡ ᠢᠪᠴᠤᠤ᠂ ᠬᠦᠭᠵᠢᠯᠳᠡ ᠶᠢᠨ ᠲᠡᠰ ᠲᠠᠪᠬᠤᠷᠭ᠎ᠠ ᠲᠤᠳᠠᠮᠠᠭ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠯᠡ ᠲᠣᠪᠣᠶᠢᠮ᠎ᠠ ᠪᠠᠶᠢᠵᠤ᠂ ᠲᠦᠭᠰᠢᠭᠦᠷᠢ ᠲᠠᠯᠳᠠ ᠭᠡᠮ ᠮᠥᠨ ᠯᠡ ᠣᠷᠣᠰᠢᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠨᠢ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠵᠥᠷᠢᠶ᠎ᠡ ᠲᠠᠢ ᠪᠠᠶᠢᠭᠰᠠᠭᠠᠷ᠃ ᠵᠠᠰᠠᠭ ᠤᠨ ᠤᠷᠳᠤᠨ ᠤ ᠰᠢᠰᠲ᠋ᠧᠮ ᠤᠨ ᠵᠠᠷᠢᠮ ᠺᠠᠳ᠋ᠷ ᠤᠨ ᠰᠡᠳᠬᠢᠬᠦᠢ ᠭᠡᠪᠰᠢᠮᠡᠯ᠂ ᠰᠠᠨᠠᠭᠠᠴᠢᠯᠠᠭᠠᠳᠤ ᠤᠬᠠᠮᠰᠠᠷ ᠬᠦᠷᠦᠯᠴᠠᠬᠦ ᠦᠬᠡᠢ᠂ ᠠᠵᠢᠯ ᠤᠨ ᠠᠷᠭ᠎ᠠ ᠪᠡᠷᠢᠯ ᠲᠠᠩ ᠴᠤᠯᠭᠤᠢ᠂ ᠠᠰᠠᠭᠤᠳᠠᠯ ᠤᠨ ᠤᠳᠤᠷᠢᠳᠤᠮᠵᠢ᠂ ᠬᠠᠷᠠᠯᠳᠠ ᠶᠢᠨ ᠤᠳᠤᠷᠢᠳᠤᠮᠵᠢ᠂ ᠦᠷ᠎ᠡ ᠳ᠋ᠦᠩ ᠤᠨ ᠤᠳᠤᠷᠢᠳᠤᠮᠵᠢ  ᠶᠢ ᠰᠠᠶᠢᠳᠤᠷ ᠪᠦᠷᠢᠯᠳᠤᠬᠦᠯᠦᠬᠡᠳᠤᠢ᠂ ᠵᠠᠰᠠᠭ ᠵᠠᠬᠢᠷᠭᠠᠨ ᠤ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠢᠮᠠᠭᠳᠠ ᠠᠩᠬᠠᠷᠴᠦ᠂ ᠬᠦᠴᠦᠯᠠᠨ ᠰᠢᠢᠳᠪᠦᠷᠢᠯᠡᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠶᠤᠮ᠃      ᠬᠤᠶᠠᠷ᠂ 2023 ᠤᠨ ᠤ ᠭᠤᠤᠯ ᠬᠠᠷᠠᠯᠳᠠ ᠪᠡ ᠡᠬᠦᠷᠭᠡ      ᠦᠨᠦ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠮᠥᠨ᠃ ᠦᠨᠦ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠶᠡᠷᠦᠩᠬᠡᠢ ᠪᠠᠶᠢᠷᠢᠯᠠᠭᠤᠯᠤᠯᠳᠠ ᠶᠣᠰᠣᠭᠠᠷ᠂ ᠦᠨᠦ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾17 ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠲᠥᠪᠯᠡᠷᠡᠭᠦᠯᠵᠦ᠂ ᠲᠣᠭᠲᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠳᠤᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠭᠡᠪ ᠪᠠᠶᠢᠳᠠᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠭᠤᠯᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠯᠡᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠦᠨᠳᠦ ᠶᠡᠭᠡ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠨᠠᠮᠳᠠᠭᠠᠵᠦ᠂ ᠠᠵᠤ ᠠᠬᠤᠢ ᠶᠢᠨ ᠡᠷᠬᠢᠯᠳᠡ ᠶᠢᠨ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠤᠨ᠂ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠰᠥᠨᠢᠳ ᠪᠠᠷᠠᠭᠤᠨ ᠬᠤᠰᠢᠭᠤ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠨ᠎ᠠ᠃      ᠦᠨᠦ ᠵᠢᠯ ᠤᠨ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠪᠠᠷ ᠨᠡᠮᠡᠭᠳᠡᠭᠦᠯᠵᠦ᠂ ᠬᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠪᠠᠷ ᠨᠡᠮᠡᠭᠳᠡᠭᠦᠯᠦᠨ᠎ᠡ︔ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠪᠠᠷ ᠨᠡᠮᠡᠭᠳᠡᠬᠦᠯᠦᠨ᠎ᠡ︔ ᠨᠡᠶᠢᠭᠡᠮ ᠤᠨ ᠬᠡᠷᠡᠭᠯᠡᠭᠡᠨ ᠤ ᠲᠡᠸᠡᠷ ᠤᠨ ᠵᠢᠵᠢᠭᠯᠡᠨ ᠪᠤᠷᠤᠯᠠᠭᠤᠯᠭ᠎ᠠ ᠶᠢᠨ ᠶᠡᠷᠦᠩᠭᠡᠢ ᠦᠨ᠎ᠡ ᠶᠢ 8% ᠪᠠᠷ ᠨᠡᠮᠡᠭᠳᠡᠬᠦᠯᠦᠨ᠎ᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠲᠤᠬᠢᠷᠠᠭᠤᠯᠵᠦ ᠪᠤᠯᠬᠤᠶᠢᠴᠠ ᠣᠷᠣᠯᠭ᠎ᠠ ᠶᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢᠬᠠᠨ ᠪᠠᠶᠢᠯᠭᠠᠨ᠎ᠠ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 2 ᠳ᠋ᠦᠩᠰᠢᠭᠤᠷ ᠲᠥᠭᠦᠷᠢᠭ ᠪᠡᠶᠡᠯᠡᠬᠦᠯᠦᠨ᠎ᠡ︔ ᠳᠡᠭᠡᠳᠦ ᠱᠠᠲᠤᠨ ᠠᠴᠠ ᠱᠠᠭᠠᠷᠳᠠᠭᠰᠠᠨ ᠡᠨᠧᠷᠭᠢ ᠶᠢᠨ ᠬᠤᠷᠤᠭᠳᠠᠯ ᠤᠨ ᠬᠦᠴᠦᠯᠠᠴᠠ ᠪᠠ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠳᠠ ᠶᠢᠨ ᠬᠡᠮᠵᠢᠶ᠎ᠡ ᠶᠢ ᠪᠠᠭᠤᠷᠠᠭᠤᠯᠬᠤ ᠭᠦᠢᠴᠡᠳᠬᠡᠯ ᠲᠤᠭ᠎ᠠ ᠶᠢ ᠪᠡᠶᠡᠯᠡᠬᠦᠯᠦᠨ᠎ᠡ᠃ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠪᠢᠳᠡ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄      ︵ᠨᠢᠭᠡ︶ ᠨᠡᠮᠡᠭᠳᠡᠯ ᠢ ᠲᠣᠭᠲᠠᠪᠤᠷᠢᠵᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠬᠦᠭᠵᠢᠯᠳᠡ ᠶᠢ ᠪᠠᠲᠤᠯᠠᠨ᠎ᠠ᠃ ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠨ᠎ᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠪᠡᠯᠡ ᠣᠷᠣᠭᠤᠯᠤᠯᠲᠠ ᠶᠢ ᠠᠳᠬᠤᠬᠤ᠂ ᠨᠡᠮᠡᠭᠳᠡᠯ ᠢ ᠲᠣᠭᠲᠠᠪᠤᠷᠢᠵᠢᠭᠤᠯᠬᠤ ᠬᠦᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠭᠠᠷ ᠭᠦᠢᠴᠡᠳᠬᠡᠯ ᠢ ᠪᠦᠬᠦᠨ ᠢ ᠬᠦᠢᠴᠡᠳᠭᠡᠵᠦ ᠲᠠᠭᠤᠰᠬᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠰᠢᠭᠤ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠪᠠ ᠬᠤᠯᠪᠤᠭᠠᠯᠠᠨ ᠲᠦᠪᠯᠡᠷᠡᠬᠦᠯᠦᠨ ᠬᠢᠨᠠᠨ ᠵᠥᠪᠰᠢᠶᠡᠷᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠣᠷᠣᠨ ᠤ ︽ᠲᠠᠪᠤᠨ ᠰᠠᠶᠢᠳᠠᠢ︾ ᠬᠡᠪ ᠳᠠᠭᠤᠷᠢᠶᠠᠯ ᠪᠣᠯᠬᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠤ ᠠᠬᠤᠶᠢᠯᠠᠯ ᠳᠤ ᠦᠢᠯᠡᠴᠢᠯᠠᠬᠦ ᠳᠠᠪᠠᠭᠤᠯᠢᠭ ᠢ ᠦᠷᠭᠦᠯᠵᠢᠯᠡᠨ ᠥᠷᠭᠡᠳᠬᠡᠵᠦ᠂ ᠭᠠᠵᠠᠷ ᠰᠢᠷᠦᠢ ᠂ ᠴᠠᠬᠢᠯᠭᠠᠨ᠂ ᠤᠰᠤ᠂ ᠡᠨᠧᠷᠭᠢ ᠵᠢᠴᠢ ᠪᠡᠯᠡ ᠮᠥᠩᠭᠦ᠂ ᠮᠡᠷᠭᠡᠵᠢᠯ᠂ ᠴᠢᠳᠠᠪᠤᠷᠢᠲᠠᠨ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠦ᠂ ᠠᠶᠢᠮᠠᠭ ᠤᠨ ᠲᠠᠰ ᠤᠨ 8 ᠭᠤᠣᠯᠳᠠᠯᠭ᠎ᠠ ᠲᠠᠢ ᠲᠥᠷᠥᠯ ᠵᠦᠢᠯ ᠪᠠ ᠬᠤᠰᠢᠭᠤ ᠲᠠᠰ ᠤᠨ 46 ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠨᠠᠷᠢᠨ ᠲᠠᠩᠰᠠᠯᠠᠨ ᠬᠠᠮᠢᠶᠠᠷᠴᠦ᠂ ᠣᠨ ᠤ ᠲᠥᠯᠥᠪᠯᠡᠭᠡ ᠪᠠᠷ ᠬᠡᠷᠡᠭᠵᠢᠭᠦᠯᠬᠦ ᠲᠥᠷᠥᠯ ᠵᠦᠢᠯ ᠢ ᠳᠡᠭᠡᠳᠦ ᠱᠠᠲᠤᠨ ᠤ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠪᠦᠷᠢᠨ ᠭᠠᠷᠳᠠᠮ ᠢᠶᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨᠬᠦ ᠪᠠᠲᠤᠯᠠᠵᠤ᠂ ᠣᠨ ᠤ ᠪᠡᠯᠡ ᠣᠷᠣᠭᠤᠯᠤᠯᠲᠠ ᠶᠢ 25 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠲᠠᠮᠵᠢᠨ ᠤᠷᠢᠳᠴᠢᠯᠠᠨ ᠵᠢᠱᠢᠭᠰᠡᠨ ᠨᠡᠮᠡᠭᠳᠡᠯ ᠢ ᠪᠡᠶᠡᠯᠡᠭᠦᠯᠦᠨ᠎ᠡ᠃ ︽ᠲᠠᠪᠤᠨ ᠶᠡᠭᠡ ᠡᠭᠦᠷᠭᠡ︾ ᠳᠤ ᠰᠠᠭᠤᠷᠢᠯᠠᠨ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠡᠯᠡ ᠣᠷᠣᠭᠤᠯᠤᠯᠲᠠ ᠶᠢᠨ ᠴᠢᠭᠯᠡᠯ ᠢ ᠬᠢᠨᠠᠮᠠᠭᠠᠢ ᠰᠤᠳᠤᠯᠵᠤ᠂ ᠲᠥᠷᠥ ᠶᠢᠨ ᠪᠣᠳᠣᠯᠭ᠎ᠠ ᠶᠢ ᠭᠡᠷᠡᠭᠵᠢᠬᠦᠯᠬᠦ ᠬᠤᠭᠤᠴᠠᠭ᠎ᠠ ᠶᠢ ᠠᠳᠬᠤᠨ ᠨᠥᠭᠡᠴᠡᠯᠡᠬᠦ ᠲᠥᠷᠥᠯ ᠵᠦᠢᠯ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠭᠠᠷᠳᠠᠮ ᠭᠦᠢᠴᠡᠳᠬᠡᠬᠦ ᠠᠵᠢᠯ ᠢ ᠲᠦᠷᠭᠡᠳᠬᠡᠨ ᠠᠬᠢᠭᠤᠯᠵᠤ᠂ ᠨᠠᠩ ᠣᠯᠠᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠱᠠᠲᠤᠨ ᠤ ᠲᠦᠷᠦᠯ ᠵᠦᠢᠯ ᠤᠨ ︽ᠶᠡᠭᠡ ᠬᠡᠪᠴᠢᠶ᠎ᠡ︾ ᠳᠤ ᠣᠷᠣᠭᠤᠯᠬᠤ ᠪᠠᠷ ᠴᠢᠷᠮᠠᠶᠢᠵᠤ᠂ ᠵᠢᠯ ᠤᠨ ᠳᠣᠲᠣᠷ᠎ᠠ 10 ᠵᠦᠢᠯ ᠤᠨ ᠲᠤᠰᠬᠠᠢ ᠲᠦᠷᠦᠯ ᠤᠨ ᠵᠢᠭᠡᠯᠡᠯᠭᠡ ᠶᠢᠨ ᠲᠥᠷᠥᠯ ᠵᠦᠢᠯ ᠢ ᠭᠤᠶᠤᠴᠢᠯᠠᠵᠤ᠂ ᠨᠡᠶᠢᠲᠡ 6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠎ᠠ᠃ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠶᠢ ᠪᠦᠬᠦ ᠬᠦᠴᠦᠨ ᠢᠶᠠᠷ  ᠢᠶᠠᠨ ᠠᠬᠢᠭᠤᠯᠤᠨ᠎ᠠ᠃ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2023 — 2025︶︾ ᠢ ᠣᠨᠣᠪᠴᠢᠲᠠᠶ ᠡᠵᠡᠮᠰᠢᠵᠦ᠂ ︽ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ︾ ᠪᠠ ᠪᠡᠭᠡᠵᠢᠩ ᠤᠨ ᠠᠵᠤ ᠠᠬᠤᠢ ᠶᠢᠨ ᠨᠡᠭᠡᠭᠡᠯᠳᠡ  ᠶᠢᠨ ᠲᠤᠭᠤᠷᠢᠭ ᠤᠨ ᠡᠬᠢ ᠪᠠᠶᠠᠯᠢᠭ ᠤᠨ ᠳᠠᠪᠠᠭᠤᠯᠢᠭ ᠢ ᠰᠠᠶᠢᠲᠤᠷ ᠠᠰᠢᠭᠯᠠᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠳᠤᠭᠤᠶᠢᠯᠠᠩ ᠤᠨ ᠲᠠᠭᠠᠭᠤᠯᠤᠭᠴᠢ ᠦᠢᠯᠡᠳᠦᠯ ᠢ ᠭᠦᠢᠴᠡᠳ ᠪᠠᠳᠠᠷᠠᠭᠤᠯᠵᠤ᠂  ᠪᠦᠬᠦ ᠬᠤᠰᠢᠭᠤᠨ ᠤ ᠡᠯ᠎ᠡ ᠦᠨᠳᠤᠰᠤᠳᠠᠨ ᠤ ᠺᠡᠳ᠋ᠷ ᠤᠯᠠᠨ ᠲᠦᠮᠡᠨ ᠤ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠰᠢᠨ᠎ᠡ ᠡᠨᠧᠷᠭᠢ ᠶᠢᠨ ᠲᠣᠨᠣᠭᠯᠠᠯ ᠦᠶᠯᠡᠳᠬᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠪᠣᠬᠢᠷᠳᠤᠯ ᠦᠭᠡᠢ ᠴᠠᠬᠢᠯᠭᠠᠨ + ᠴᠢᠨᠠᠷ ᠰᠠᠶᠢᠲᠠᠢ ᠲᠡᠷᠢᠭᠦᠨ ᠤ ᠠᠴᠢᠶᠠᠯᠠᠬᠤ ᠴᠢᠳᠠᠪᠤᠷᠢ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠪᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠰᠣᠶᠣᠯ ᠵᠢᠭᠤᠯᠴᠢᠯᠠᠯ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠬᠦᠷᠢᠶ᠎ᠡ ᠴᠡᠷ᠎ᠡ ᠶᠢᠨ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠰᠢᠨ᠎ᠡ ᠥᠷᠨᠢᠯᠲᠡ ᠶᠢ ᠪᠥᠬᠦ ᠲᠠᠯ᠎ᠠ ᠪᠠᠷ ᠪᠣᠶ ᠪᠣᠯᠭᠠᠵᠤ᠂ ︽ᠪᠤᠬᠢᠷᠳᠤᠯ ᠦᠬᠡᠢ᠂ ᠰᠢᠨ᠎ᠡ ᠡᠨᠧᠷᠬᠢ ᠶᠢᠨ᠂ ᠦᠨ᠎ᠡ ᠦᠷᠳᠡᠭ ᠲᠠᠢ︾ ᠠᠵᠤ ᠦᠢᠯᠡᠰ ᠤᠨ ᠲᠥᠷᠥᠯ ᠵᠦᠢᠯ ᠢ ᠲᠠᠰᠤᠷᠠᠯᠲᠠ ᠦᠭᠡᠢ ᠨᠡᠮᠡᠭᠳᠡᠬᠦᠯᠵᠦ᠂ ︽ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠣᠨ︾ ᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ ᠵᠢᠯ ᠤᠨ ᠳᠣᠲᠣᠷ᠎ᠠ ᠱᠠᠨᠳᠦ᠋ᠩ᠂ ᠵᠧᠵᠢᠶᠠᠩ ᠳᠤ ︽ᠰᠢᠨ᠎ᠡ ᠡᠨᠧᠷᠭᠢ + ᠰᠢᠨ᠎ᠡ ᠮᠡᠲ᠋ᠧᠷᠢᠶᠠᠯ︾᠂ ︽ᠮᠠᠯ ᠠᠵᠤ ᠠᠬᠤᠢ + ᠵᠢᠭᠤᠯᠴᠢᠯᠠᠯ ᠤᠨ ᠦᠢᠯᠡᠰ︾ ᠤᠨ ᠲᠣᠭᠤᠷᠢᠨ ᠳᠤ ᠲᠤᠰᠬᠠᠢ ᠲᠦᠷᠦᠯ ᠤᠨ ᠠᠷᠠᠯᠵᠢᠶᠠᠴᠢᠨ ᠤᠷᠢᠬᠤ ᠠᠵᠢᠯᠯᠠᠭ᠎ᠠ ᠶᠢ 2 ᠲᠠᠯᠠᠪᠠᠢ ᠡᠷᠬᠢᠯᠡᠵᠦ᠂ 100 ᠠᠴᠠ ᠳᠡᠭᠡᠭᠰᠢᠬᠢ ᠠᠵᠤ ᠠᠬᠤᠶᠢᠯᠠᠯ ᠲᠠᠢ ᠵᠣᠯᠭᠠᠭᠤᠯᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ 5 ᠲᠦᠷᠦᠯ ᠵᠦᠢᠯ ᠢ ᠣᠷᠣᠭᠤᠯᠤᠨ ᠠᠪᠴᠢᠷᠠᠵᠤ᠂ 12 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠵᠦ᠂ ᠲᠦᠷᠦᠯ ᠵᠦᠢᠯ ᠢᠶᠠᠷ ᠠᠵᠤ ᠦᠢᠯᠡᠰ ᠤᠨ ᠬᠥᠭᠵᠢᠯᠲᠡ ᠶᠢ ᠲᠠᠶᠢᠴᠢᠯᠠᠨ᠂ ᠬᠥᠭᠵᠢᠯᠲᠡ ᠶᠢᠨ ᠦᠷ᠎ᠡ ᠪᠦᠲᠦᠭᠡᠯ ᠢ ᠤᠯᠠᠨ ᠲᠦᠮᠡᠨ ᠳᠤ ᠬᠦᠷᠲᠡᠭᠡᠨ᠎ᠡ ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠲᠤᠰ ᠭᠠᠵᠠᠷ ᠣᠷᠣᠨ ᠤ ᠪᠠᠨ ᠠᠵᠤ ᠠᠬᠤᠶᠢᠯᠠᠯ ᠤᠨ ᠬᠥᠭᠵᠢᠯᠲᠡ ᠶᠢ ᠬᠠᠤᠯᠢ ᠶᠣᠰᠣᠭᠠᠷ ᠬᠠᠮᠠᠭᠠᠯᠠᠵᠤ᠂ ᠨᠡᠩ ᠰᠠᠶᠢᠲᠤᠷ ᠳᠡᠮᠵᠢᠵᠦ᠂ ᠭᠠᠶᠢᠯᠢ ᠶᠢ ᠪᠤᠴᠠᠭᠠᠬᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠥᠭᠬᠦ ᠵᠡᠷᠭᠡ ᠠᠵᠤ ᠠᠬᠤᠢ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ᠂ ᠪᠠᠩᠬᠢ ᠪᠡ ᠠᠵᠤ ᠠᠬᠤᠶᠢᠯᠠᠯ ᠢ ᠨᠠᠷᠢᠯᠢᠭ ᠤᠨᠤᠪᠴᠢᠳᠠᠢ  ᠪᠠᠷ ᠵᠣᠯᠭᠠᠭᠤᠯᠬᠤ ᠠᠵᠢᠯ ᠢ ᠪᠠᠶᠢᠩᠭᠤ ᠥᠷᠨᠢᠭᠦᠯᠵᠦ᠂ ᠠᠵᠤ ᠠᠬᠤᠶᠢᠯᠠᠯ ᠤᠨ ᠥᠪᠡᠷ ᠤᠨ ᠦᠷᠳᠡᠭ ᠢ ᠪᠠᠭᠤᠷᠠᠭᠤᠯᠵᠤ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ ︽ ᠲᠠᠷᠠᠬᠠᠢ ᠪᠤᠳᠠᠷᠬᠠᠢ ᠬᠤᠳᠠᠯᠳᠤᠭᠠᠴᠢᠳ ᠢ ᠵᠠᠬ᠎ᠠ ᠳᠡᠯᠭᠡᠭᠦᠷ ᠲᠤ ᠤᠷᠤᠭᠤᠯᠤᠨ ᠲᠦᠪᠯᠡᠷᠡᠬᠦᠯᠦᠨ ᠡᠵᠡᠩᠨᠡᠯᠳᠡ ᠬᠢᠯᠬᠡᠬᠦ︾ ︽ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠭᠡᠯᠪᠡᠷᠢ ᠶᠢ ᠨᠢ ᠬᠤᠪᠢᠷᠠᠭᠤᠯᠤᠨ ᠠᠵᠦ ᠠᠬᠤᠶᠢᠯᠠᠯ ᠪᠤᠯᠭᠠᠬᠤ︾ ︽ᠲᠤᠮᠳᠠ ᠪᠠᠭ᠎ᠠ ᠵᠢᠵᠢᠭ ᠠᠵᠦ ᠠᠬᠤᠶᠢᠯᠠᠯ ᠤᠨ ᠭᠡᠯᠪᠡᠷᠢ ᠶᠢ ᠨᠢ ᠬᠤᠪᠢᠷᠠᠭᠤᠯᠤᠨ ᠭᠡᠪᠴᠢᠶᠠᠵᠢᠯ ᠠᠴᠠ ᠲᠡᠭᠡᠭᠰᠢᠬᠢ ᠠᠵᠦ ᠠᠬᠤᠶᠢᠯᠠᠯ ᠪᠤᠯᠭᠠᠬᠤ︾ ᠶᠢ ᠢᠳᠡᠪᠬᠢᠲᠡᠢ ᠲᠦᠯᠬᠢᠨ ᠠᠬᠢᠭᠤᠯᠵᠤ᠂ ᠵᠢᠯ ᠤᠨ ᠳᠣᠲᠣᠷ᠎ᠠ ᠵᠠᠬ᠎ᠠ ᠳᠡᠯᠭᠡᠭᠦᠷ ᠤᠨ ᠭᠤᠤᠯ ᠴᠤᠭᠴᠠ ᠶᠢ 1000 ᠡᠷᠦᠬᠡ᠂ ︽ᠲᠦᠷᠪᠡᠨ ᠭᠡᠪᠴᠢᠶᠠᠵᠢᠯ ᠠᠴᠠ ᠲᠡᠭᠡᠭᠰᠢᠬᠢ︾18 50 ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠵᠠᠬ᠎ᠠ ᠳᠡᠯᠭᠡᠭᠦᠷ ᠢ ᠥᠷᠭᠡᠳᠬᠡᠵᠦ᠂ ᠵᠠᠬᠢᠶᠠᠯᠠᠭ᠎ᠠ ᠶᠢ ᠨᠢ ᠨᠡᠮᠡᠭᠳᠡᠭᠦᠯᠦᠨ᠂ ᠪᠣᠷᠣᠯᠠᠭᠤᠯᠬᠤ ᠵᠠᠮ ᠢ ᠬᠠᠶᠢᠵᠦ᠂ ᠭᠡᠪᠴᠢᠶᠠᠵᠢᠯ  ᠠᠴᠠ ᠲᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠤᠷᠮ᠎ᠠ ᠶᠢ 100% ᠳᠤ ᠬᠦᠷᠭᠡᠬᠦ ᠶᠢ ᠪᠠᠲᠤᠯᠠᠨ᠎ᠠ᠃ ᠬᠠᠨᠳᠤᠯᠭᠠᠲᠤ ᠴᠢᠨᠠᠷ ᠢᠶᠠᠷ ᠨᠠᠩ ᠴᠢᠩᠭ᠎ᠠ᠂ ᠦᠨ᠎ᠡ ᠦᠷᠳᠡᠭ ᠥᠨᠳᠥᠷ ᠪᠦᠬᠦᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠥᠭᠡᠮ ᠢᠶᠠᠷ ᠪᠤᠶᠤ ᠵᠢᠵᠢᠭᠯᠡᠨ  ᠬᠤᠳᠠᠯᠳᠤᠬᠤ᠂ ᠪᠠᠭᠤᠳᠠᠯ ᠪᠡ ᠬᠤᠭᠤᠯᠠ ᠤᠮᠳᠠ᠂ ᠰᠣᠶᠣᠯ ᠵᠢᠭᠤᠯᠴᠢᠯᠠᠯ ᠵᠤᠭ᠎ᠠ ᠴᠡᠩᠭᠡᠬᠦᠨ ᠵᠡᠷᠭᠡ ᠬᠡᠷᠡᠭᠯᠡᠭᠡ ᠶᠢᠨ ᠬᠡᠪ ᠤᠨ ᠪᠠᠶᠢᠳᠠᠯ ᠢ ᠰᠡᠷᠭᠦᠭᠡᠬᠦ ᠳᠤ ᠲᠤᠰᠠᠯᠠᠨ᠎ᠠ᠃︵ᠬᠤᠶᠠᠷ︶ ᠣᠳᠣᠬᠢᠴᠢᠯᠠᠭᠰᠠᠨ ᠠᠵᠤ ᠦᠢᠯᠡᠰ ᠤᠨ ᠲᠤᠭᠳᠠᠯᠴᠠᠭ᠎ᠠ ᠶᠢ ᠬᠦᠴᠦᠯᠡᠨ ᠪᠠᠶᠢᠭᠤᠯᠵᠤ᠂ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠣᠲᠣ ᠦᠶ᠎ᠡ ᠶᠢᠨ ᠮᠠᠯ ᠠᠵᠤ ᠠᠬᠤᠢ ᠶᠢ ᠰᠢᠯᠢᠳᠡᠭᠵᠢᠭᠦᠯᠦᠨ᠎ᠡ᠃ ᠤᠯᠤᠰ ᠤᠨ ᠮᠠᠯ ᠤᠨ ᠠᠰᠢᠭ ᠰᠢᠮ᠎ᠡ ᠪᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠲᠥᠪᠯᠡᠷᠡᠭᠦᠯᠦᠨ᠂ ᠲᠤᠭ᠎ᠠ ᠬᠡᠮᠵᠢᠶ᠎ᠡ ᠶᠢ ᠨᠡᠮᠡᠭᠳᠡᠬᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠮᠠᠯ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠰᠢᠨᠵᠢᠯᠡᠭᠡ ᠮᠡᠷᠭᠡᠵᠢᠯ ᠢᠶᠠᠷ ᠬᠥᠲᠥᠯᠥᠨ ᠲᠠᠭᠠᠭᠤᠯᠬᠤ ᠶᠢ ᠴᠢᠩᠭᠠᠳᠬᠠᠵᠦ᠂ ︽ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠪᠠᠷᠢᠮᠲᠠᠯᠠᠨ᠂ ︽ᠬᠤᠶᠠᠷ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠠᠯ᠎ᠠ ᠨᠤᠲᠤᠭ ᠤᠨ ᠮᠠᠯ ᠤᠨ ᠭᠡᠭᠡᠯᠳᠤᠬᠦᠯᠬᠡ ᠬᠢᠭᠡᠳ ᠦᠷᠡᠵᠢᠭᠦᠯᠦᠨ ᠪᠣᠶᠢᠵᠢᠭᠤᠯᠬᠤ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢᠳᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠰᠤᠳᠤᠯᠭᠠᠨ ᠤ ᠪᠠᠶᠢᠭᠤᠯᠤᠮᠵᠢ  ᠯᠤᠭ᠎ᠠ ᠶᠢᠨ ᠨᠢᠭᠲᠠ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠨ ᠤᠳᠠᠭ᠎ᠠ ᠠᠷᠪᠢᠨ ᠲᠦᠯᠯᠡᠬᠦᠯᠬᠦ ᠪᠠ ᠬᠦᠪᠦᠷᠡᠯ ᠰᠢᠯᠵᠢᠬᠦᠯᠬᠦ ᠲᠥᠷᠥᠯ ᠵᠦᠢᠯ ᠤᠨ ᠵᠢᠱᠢᠶ᠎ᠡ ᠦᠵᠡᠭᠦᠯᠦᠨ ᠲᠦᠬᠡᠮᠡᠯᠵᠢᠬᠦᠯᠬᠦ ᠠᠵᠢᠯ ᠢ ᠴᠢᠩᠭᠠᠳᠬᠠᠨ᠎ᠠ᠃ ᠶᠠᠩ ᠶᠠᠩ ᠮᠠᠯᠵᠢᠯ ᠤᠨ ᠦᠢᠯᠡᠰ ᠤᠨ ᠬᠤᠨᠢᠨ ᠤ ᠦᠬᠡᠬᠦ ᠶᠢ ᠡᠳ᠋ᠰᠢᠭᠦᠯᠬᠦ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠤ᠂ ᠬᠤᠨᠢᠨ ᠤ ᠭᠡᠳᠡᠰᠦ ᠶᠢ ᠡᠳ᠋ᠰᠢᠬᠦᠯᠦᠨ ᠪᠤᠯᠪᠠᠰᠤᠷᠠᠭᠤᠯᠬᠤ ᠲᠥᠷᠥᠯ ᠵᠦᠢᠯ ᠢ ᠦᠷᠭᠦᠯᠵᠢᠯᠡᠨ ᠵᠣᠯᠭᠠᠭᠤᠯᠵᠤ᠂ ᠨᠠᠩ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠠᠯᠠᠩ ᠪᠡ ᠶᠡᠭᠡ ᠳᠡᠭᠡᠳᠦ ᠰᠤᠷᠭᠠᠭᠤᠯᠢ ᠶᠢ ᠤᠷᠢᠨ ᠤᠷᠤᠭᠤᠯᠵᠦ ᠮᠠᠯ ᠤᠨ ᠶᠠᠰᠤ ᠴᠢᠰᠤ ᠳᠣᠲᠣᠷ ᠡᠷᠬᠡᠲᠡᠨ ᠢ ᠶᠡᠷᠦᠩᠬᠡᠶᠢᠯᠡᠨ ᠠᠰᠢᠭᠯᠠᠬᠤ᠂ ᠢᠩᠭᠡᠨ ᠰᠦᠨ ᠤ ᠰᠢᠷ᠎ᠡ ᠤᠰᠤᠨ ᠤ ᠪᠦᠲᠦᠭᠡᠭᠳᠡᠬᠦᠨ ᠢ ᠰᠤᠳᠤᠯᠬᠤ ᠠᠵᠢᠯ ᠢ ᠦᠷᠨᠢᠬᠦᠯᠵᠦ᠂ ᠮᠠᠯ ᠤᠨ ᠠᠰᠢᠭ ᠰᠢᠮ᠎ᠡ ᠶᠢᠨ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠵᠢᠯ ᠤᠨ ᠳᠣᠲᠣᠷ᠎ᠠ ᠠᠳᠠᠭ ᠲᠠᠭᠠᠨ 2 ᠵᠦᠢᠯ ᠤᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠪᠤᠳᠠᠳᠠᠢ ᠳᠤ ᠤᠯᠠᠷᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠰᠢᠯᠢᠳᠡᠭ ᠡᠭᠦᠯᠳᠡᠷ ᠢ ᠦᠷᠡᠵᠢᠭᠦᠯᠦᠨ ᠦᠰᠭᠡᠬᠦ ᠠᠵᠢᠯ ᠢ ᠰᠠᠶᠢᠲᠤᠷ ᠠᠳᠬᠤᠵᠤ᠂ ᠰᠦᠨᠢᠳ ᠬᠤᠨᠢᠨ ᠤ ᠡᠬᠦᠯᠳᠡᠷ ᠢ ᠴᠡᠪᠡᠷᠰᠢᠬᠦᠯᠬᠦ ᠪᠠ ᠪᠡᠷᠢᠮᠵᠢᠶᠠᠳᠤ ᠮᠠᠯ ᠰᠦᠷᠦᠭ ᠢ ᠰᠣᠩᠭᠤᠨ ᠪᠣᠶᠢᠵᠢᠭᠤᠯᠬᠤ ᠠᠵᠢᠯ ᠢ ᠭᠦᠨᠵᠡᠭᠡᠢ ᠬᠡᠷᠡᠭᠵᠢᠭᠦᠯᠦᠨ᠂ ᠵᠢᠯ ᠤᠨ ᠳᠣᠲᠣᠷ᠎ᠠ ᠦᠷᠡᠵᠢᠬᠦᠯᠦᠨ ᠦᠰᠭᠡᠬᠦ ᠲᠠᠯᠠᠪᠠᠢ 5᠂ ᠭᠤᠣᠯᠯᠠᠬᠤ ᠰᠦᠷᠦᠭ 20  ᠶᠢ ᠰᠢᠨ᠎ᠡ ᠪᠠᠷ ᠪᠠᠶᠢᠭᠤᠯᠵᠦ᠂ ᠰᠦᠨᠢᠳ ᠬᠤᠨᠢ ᠮᠠᠯᠵᠢᠵᠦ ᠪᠠᠶᠢᠭ᠎ᠠ ᠡᠷᠦᠬᠡ ᠶᠢᠨ 3 ᠲᠦᠮᠡᠨ ᠲᠦᠯᠯᠠᠬᠦ ᠬᠤᠨᠢᠨ ᠳᠤ 500 ᠰᠦᠨᠢᠳ ᠬᠤᠴᠠ ᠬᠠᠩᠭᠠᠵᠤ᠂ ᠰᠠᠭᠤᠷᠢ ᠡᠭᠡ ᠮᠠᠯ ᠤᠨ ᠰᠢᠯᠢᠳᠡᠭ ᠡᠬᠦᠯᠳᠡᠷ ᠤᠨ ᠬᠠᠷᠢᠴᠠᠯ ᠢ 95%  ᠠᠴᠠ ᠲᠡᠭᠡᠭᠰᠢ ᠳᠤ ᠬᠦᠷᠭᠡᠵᠦ᠂ ᠰᠦᠨᠢᠳ ᠬᠤᠨᠢᠨ ᠤ ᠲᠦᠯᠯᠡᠬᠦ ᠨᠤᠷᠮ᠎ᠡ ᠶᠢ 15% ᠪᠠᠷ ᠲᠡᠭᠡᠭᠰᠢᠯᠡᠬᠦᠯᠦᠨ᠎ᠡ᠃ ᠲᠡᠮᠡᠭᠡ ᠮᠠᠯᠵᠢᠬᠤ ᠬᠤᠶᠠᠷ ᠵᠤᠷᠪᠤᠰ ᠠᠵᠤ ᠦᠢᠯᠡᠰ ᠤᠨ ᠪᠦᠰᠡ ᠳᠤ ᠲᠦᠰᠢᠭᠯᠡᠨ᠂ ᠲᠡᠮᠡᠭᠡ ᠮᠠᠯᠵᠢᠬᠤ ᠡᠷᠦᠬᠡ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠵᠢᠯ ᠤᠨ ᠳᠣᠲᠣᠷ᠎ᠠ ᠢᠩᠭᠡᠨ ᠰᠦ ᠬᠤᠳᠠᠯᠳᠤᠨ ᠠᠪᠬᠤ ᠪᠠᠷᠢᠮᠵᠢᠶᠠᠲᠤ ᠥᠷᠲᠡᠭᠡ 2᠂ ᠰᠥᠨᠢᠳ ᠬᠤᠣᠰ ᠪᠥᠬᠦᠲᠦ ᠲᠡᠮᠡᠭᠡᠨ ᠤ ᠡᠭᠦᠯᠳᠡᠷ ᠢ ᠬᠠᠮᠠᠭᠠᠯᠠᠨ ᠦᠰᠭᠡᠬᠦ ᠰᠠᠭᠤᠷᠢᠨ ᠭᠠᠵᠡᠷ 1 ᠶᠢ ᠰᠢᠨ᠎ᠡ ᠪᠠᠷ ᠪᠠᠶᠢᠭᠤᠯᠵᠤ᠂ ᠭᠥᠸᠧ ᠼᠠᠢ ᠪᠧᠢ ᠰᠾᠢ ᠲᠡᠮᠡᠭᠡ ᠮᠠᠯᠵᠢᠬᠤ ᠵᠢᠴᠢ ᠢᠩᠭᠡᠨ ᠰᠦ ᠶᠢ ᠨᠠᠷᠢᠯᠢᠭ ᠪᠤᠯᠪᠠᠰᠤᠷᠠᠭᠤᠯᠬᠤ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠲᠡᠮᠡᠭᠡ ᠮᠠᠯᠵᠢᠨ ᠦᠰᠭᠡᠬᠦ ᠡᠷᠦᠬᠡ ᠶᠢ 200  ᠠᠴᠠ ᠲᠡᠭᠡᠭᠰᠢ ᠪᠤᠯᠭᠠᠵᠦ᠂ 48% ᠪᠠᠷ ᠨᠡᠮᠡᠭᠳᠡᠭᠦᠯᠦᠨ᠎ᠡ︔ ᠢᠩᠭᠡ ᠰᠠᠭᠠᠬᠤ ᠡᠷᠤᠭᠡ ᠶᠢ 100 ᠪᠣᠯᠭᠠᠨ ᠨᠡᠮᠡᠭᠳᠡᠭᠦᠯᠵᠦ᠂ ᠢᠩᠭᠡᠨ ᠰᠦᠨ ᠤ ᠭᠠᠷᠤᠯᠲᠠ ᠶᠢ ᠲᠠᠬᠢᠨ ᠢᠶᠠᠷ ᠨᠡᠮᠡᠭᠳᠡᠭᠦᠯᠬᠦ ᠬᠠᠷᠠᠯᠲᠠ ᠶᠢ ᠪᠠᠶᠠᠯᠠᠬᠦᠯᠦᠨ᠎ᠡ᠃ ᠢᠳᠡᠰᠢᠨ ᠤ ᠦᠬᠡᠷ ᠤᠨ ᠡᠭᠦᠯᠳᠡᠷ ᠤᠨ ᠦᠢᠯᠡᠰ ᠢ ᠬᠦᠭᠵᠢᠬᠦᠯᠬᠦ ᠠᠵᠢᠯᠯᠠᠭ᠎ᠠ ᠶᠢ ᠥᠷᠨᠢᠭᠦᠯᠵᠦ᠂ ᠢᠳᠡᠰᠢᠨ ᠤ ᠦᠬᠡᠷ ᠤᠨ 4 ᠭᠤᠣᠯ ᠰᠦᠷᠦᠭ   ᠢ ᠰᠢᠨ᠎ᠡ ᠪᠠᠷ ᠪᠠᠶᠢᠭᠤᠯᠵᠤ᠂ ᠭᠤᠤᠯ ᠰᠦᠷᠦᠭ ᠤᠨ ᠰᠠᠭᠤᠷᠢ ᠦᠨᠢᠶ᠎ᠠ ᠶᠢ 300  ᠳᠤ ᠲᠣᠭᠲᠠᠪᠤᠷᠢᠵᠢᠭᠤᠯᠤᠨ᠂ ᠰᠢᠯᠢᠳᠡᠭ ᠡᠭᠦᠯᠳᠡᠷ ᠤᠨ 500 ᠢᠳᠠᠰᠢᠨ ᠤ ᠦᠬᠡᠷ ᠢ ᠣᠷᠣᠭᠤᠯᠤᠨ ᠠᠪᠴᠢᠷᠠᠵᠤ᠂ 4 ᠲᠦᠮᠡᠨ ᠨᠤᠳᠤᠭ ᠤᠨ ᠦᠬᠡᠷ ᠤᠨ ᠡᠬᠦᠯᠳᠡᠷ ᠢ ᠰᠠᠶᠢᠵᠢᠷᠠᠭᠤᠯᠵᠤ᠂ ᠪᠥᠬᠦ ᠬᠤᠰᠢᠭᠤᠨ ᠤ ᠢᠳᠡᠰᠢᠨ ᠤ ᠦᠬᠡᠷ ᠤᠨ ᠤᠨᠳᠤᠷᠤᠯᠳᠠ ᠶᠢᠨ ᠨᠣᠷᠮ᠎ᠠ ᠶᠢ 87% ᠠᠴᠠ ᠳᠡᠭᠡᠭᠰᠢ ᠳᠤ ᠬᠦᠷᠭᠡᠨ᠎ᠡ᠃ ᠮᠠᠯᠵᠢᠯ ᠤᠨ ᠠᠵᠣ ᠠᠬᠤᠶᠢᠯᠠᠯ ᠤᠨ ᠠᠵᠣ ᠦᠢᠯᠡᠰ ᠤᠨ ᠬᠡᠯᠬᠢᠶ᠎ᠡ ᠶᠢ ᠦᠷᠭᠦᠯᠵᠢᠯᠡᠭᠦᠯᠬᠦ ᠠᠵᠢᠯ ᠢ ᠰᠠᠶᠢᠳᠣᠷ ᠬᠢᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠲᠣᠬᠠᠢ ᠶᠢᠨ ᠭᠠᠵᠠᠷ ᠲᠠᠭᠠᠨ ᠪᠣᠯᠪᠠᠰᠣᠷᠠᠭᠤᠯᠬᠤ ᠶᠢ ᠬᠤᠪᠢᠷᠠᠭᠤᠯᠬᠤ ᠳᠤ ᠲᠦᠪᠯᠡᠷᠡᠭᠦᠯᠵᠦ᠂ ᠶᠠᠩ ᠶᠠᠩ ᠮᠠᠯᠵᠢᠯ ᠤᠨ ᠦᠢᠯᠡᠰ ᠤᠨ ᠪᠣᠯᠭᠤᠭᠰᠠᠨ ᠢᠳᠡᠭᠡᠨ ᠪᠣᠯᠪᠠᠰᠣᠷᠠᠭᠤᠯᠬᠤ ᠪᠠ ᠮᠧᠩ ᠭᠥᠸᠧ ᠯᠧ ᠮᠢᠬᠠᠨ ᠤ ᠦᠢᠯᠡᠰ ᠤᠨ ᠢᠳᠡᠰᠢᠨ ᠤ ᠦᠭᠡᠷ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠣᠷᠠᠭᠤᠯᠬᠤ ᠦᠢᠯᠡᠳᠪᠦᠷᠢᠯᠡᠯ ᠤᠨ ᠱᠣᠭᠤᠮ ᠢ ᠳᠡᠰ ᠳᠡᠪᠰᠢᠭᠦᠯᠬᠦ ᠲᠦᠷᠦᠯ ᠵᠦᠢᠯ ᠢ ᠰᠠᠶᠢᠳᠣᠷ ᠠᠳᠬᠤᠵᠣ᠂ ᠢᠳᠡᠰᠢᠨ ᠤ ᠬᠤᠨᠢ ᠂ ᠢᠳᠡᠰᠢᠨ ᠤ ᠦᠭᠡᠷ ᠡᠳ᠋ᠰᠢᠭᠦᠯᠦᠨ ᠪᠣᠯᠪᠠᠰᠣᠷᠠᠭᠤᠯᠵᠣ ᠪᠦᠲᠦᠭᠡᠭᠳᠡᠭᠦᠨ ᠪᠣᠯᠭᠠᠨ ᠬᠤᠪᠢᠷᠠᠭᠤᠯᠬᠤ ᠨᠣᠷᠮ᠎ᠠ ᠶᠢ ᠲᠣᠰ ᠪᠦᠷᠢ 70% ᠪᠠ 10% ᠠᠴᠠ ᠳᠡᠭᠡᠭᠰᠢ ᠳᠤ ᠬᠦᠷᠭᠡᠬᠦ ᠶᠢ ᠪᠠᠳᠣᠯᠠᠨ᠎ᠠ᠃ ᠲᠣᠯᠣᠭᠠᠶᠢᠯᠠᠭᠴᠢ ᠠᠵᠣ ᠠᠬᠤᠶᠢᠯᠠᠯ  ᠤᠨ ᠡᠷᠳᠡ ᠲᠣᠬᠢᠷᠠᠭᠤᠯᠣᠨ᠂ ᠡᠷᠳᠡ ᠲᠦᠯᠦᠪᠯᠡᠵᠦ᠂ ᠡᠷᠳᠡ ᠬᠦᠳᠡᠯᠦᠯᠴᠡᠬᠦ ᠶᠢ ᠨᠢ ᠱᠠᠯᠠᠪᠳᠠᠭᠤᠯᠵᠣ᠂ ᠰᠣᠮᠣ ᠪᠠᠯᠭᠠᠰᠣ᠂ ᠬᠤᠷᠰᠢᠶᠠᠵᠢᠯ ᠢᠶᠠᠷ ᠳᠠᠮᠵᠢᠨ᠂ ᠬᠤᠳᠠᠯᠳᠣᠨ ᠠᠪᠣᠭᠰᠠᠨ ᠮᠠᠯ ᠤᠨ ᠡᠭᠦᠯᠳᠡᠷ᠂ ᠦᠨ᠎ᠡ ᠬᠠᠩᠰᠢ᠂ ᠴᠠᠭ ᠬᠤᠭᠤᠴᠠᠭ᠎ᠠ ᠵᠡᠷᠭᠡ ᠶᠢ ᠣᠷᠢᠳᠴᠢᠯᠠᠨ ᠨᠡᠶᠢᠳᠡᠯᠡᠵᠦ᠂ ᠵᠢᠯ ᠤᠨ ᠲᠣᠳᠣᠷ᠎ᠠ 40 ᠲᠦᠮᠡ ᠢᠯᠡᠬᠦᠦ ᠬᠤᠨᠢ ᠳᠤ ᠭᠠᠷᠭᠠᠯᠳᠠ ᠬᠢᠵᠦ ᠡᠳ᠋ᠰᠢᠭᠦᠯᠦᠨ ᠪᠣᠯᠪᠠᠰᠣᠷᠠᠭᠤᠯᠣᠨ᠎ᠠ᠃ ᠪᠡᠯᠴᠢᠭᠡᠷ ᠤᠨ ᠲᠠᠯᠠᠪᠠᠢ ᠪᠠᠷ ᠮᠠᠯ ᠤᠨ ᠲᠤᠭ᠎ᠠ ᠶᠢ ᠲᠣᠭᠳᠠᠭᠠᠬᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠶᠢ ᠪᠠᠷᠢᠮᠳᠠᠯᠠᠵᠣ᠂ ᠮᠠᠯᠴᠢᠳ ᠤᠨ ᠡᠷᠳᠡ ᠭᠠᠷᠭᠠᠯᠳᠠ ᠬᠢᠵᠦ᠂ ᠲᠦᠷᠭᠡᠨ ᠭᠠᠷᠭᠠᠯᠳᠠ ᠬᠢᠬᠦ ᠶᠢ ᠵᠢᠯᠣᠭᠤᠳᠴᠣ᠂ ᠠᠮᠢ ᠠᠬᠤᠢ ᠪᠠ ᠠᠵᠣ ᠠᠬᠤᠢ ᠶᠢᠨ ︽ᠬᠤᠣᠰ ᠠᠮᠵᠢᠯᠳᠠ ᠣᠯᠬᠤ ᠬᠦᠭᠵᠢᠯᠳᠡ︾ ᠶᠢ ᠠᠬᠢᠭᠤᠯᠣᠨ᠎ᠠ᠃ ᠨᠡᠷᠡᠲᠦ ᠲᠡᠮᠳᠡᠭ ᠤᠨ ᠪᠠᠶᠢᠭᠤᠯᠣᠯᠳᠠ ᠶᠢ ᠴᠢᠩᠭᠠᠳᠬᠠᠵᠣ᠂ ᠲᠡᠷᠢᠭᠦᠨ  ᠤ ᠭᠠᠵᠠᠷ ᠣᠷᠣᠨ ᠤ ᠠᠮᠵᠢᠯᠳᠠ ᠣᠯᠣᠭᠰᠠᠨ ᠲᠣᠷᠰᠢᠯᠭ᠎ᠠ ᠶᠢ ᠭᠦᠢᠴᠡᠳ ᠰᠣᠷᠣᠯᠴᠠᠨ ᠠᠰᠢᠭᠯᠠᠵᠣ᠂ ᠵᠠᠰᠠᠭ ᠤᠨ ᠣᠷᠳᠣᠨ ᠭᠤᠣᠯᠯᠠᠨ ᠣᠳᠣᠷᠢᠳᠬᠤ᠂ ᠠᠵᠣ ᠠᠬᠤᠶᠢᠯᠠᠯ ᠣᠷᠣᠯᠴᠠᠬᠤ᠂ ᠨᠡᠷᠡᠲᠦ ᠲᠡᠮᠳᠡᠭ ᠤᠨ ᠣᠬᠠᠭᠤᠯᠭ᠎ᠠ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠪᠠᠷ ᠳᠠᠮᠵᠢᠨ᠂ ᠰᠦᠨᠢᠳ ᠬᠤᠨᠢᠨ ᠤ ᠨᠡᠷᠡᠲᠦ ᠲᠡᠮᠳᠡᠭ ᠤᠨ ᠪᠠᠶᠢᠯᠳᠣᠬᠤ ᠪᠣᠳᠣᠯᠭ᠎ᠠ  ᠶᠢ ᠶᠡᠬᠡᠪᠡᠷ ᠬᠡᠷᠡᠭᠵᠢᠭᠦᠯᠵᠦ᠂ ︽ᠰᠦᠨᠢᠳ ᠢᠩᠭᠡᠨ ᠤ ᠰᠦ︾ ᠶᠢᠨ ᠣᠯᠣᠰ ᠤᠨ ᠭᠠᠵᠠᠷ ᠵᠦᠢ ᠶᠢᠨ ᠪᠠᠶᠢᠷᠢᠰᠢᠯ  ᠤᠨ ᠲᠠᠸᠠᠷ ᠤᠨ ᠲᠡᠮᠳᠡᠭᠲᠦ ᠪᠠᠷ ᠢᠳᠡᠪᠬᠢᠳᠠᠢ ᠭᠤᠶᠣᠴᠢᠯᠠᠨ ᠮᠡᠳᠡᠭᠦᠯᠵᠦ᠂ ᠰᠢᠯᠢ ᠶᠢᠨ ᠭᠤᠣᠯ ᠤᠨ ᠣᠷᠣᠨ ᠪᠦᠰᠡ  ᠶᠢᠨ ᠨᠡᠶᠢᠳᠡ ᠶᠢᠨ ᠬᠡᠷᠡᠭᠯᠡᠭᠡᠨ ᠤ ᠨᠡᠷᠡᠲᠦ ᠲᠡᠮᠳᠡᠭ ᠲᠠᠢ ᠴᠢᠷᠮᠠᠶᠢᠨ ᠠᠭᠤᠰᠣᠯᠴᠠᠭᠤᠯᠵᠣ᠂ ᠨᠡᠷᠡᠲᠦ ᠲᠡᠮᠳᠡᠭ ᠤᠨ ᠦᠨ᠎ᠡ ᠴᠠᠨ᠎ᠠ ᠪᠣᠯᠣᠨ ᠪᠦᠲᠦᠭᠡᠭᠳᠡᠭᠦᠨ ᠤ ᠨᠡᠮᠡᠯᠳᠡ ᠦᠷᠳᠡᠭ ᠢ ᠲᠠᠰᠣᠷᠠᠯᠳᠠ ᠦᠭᠡᠢ ᠳᠡᠭᠡᠭᠰᠢᠯᠡᠭᠦᠯᠦᠨ᠎ᠡ᠃ ᠵᠢᠯ  ᠤᠨ ᠲᠣᠳᠣᠷ᠎ᠠ ᠲᠠᠯ᠎ᠠ ᠨᠣᠳᠤᠭ ᠤᠨ 8 ᠲᠦᠮᠡᠨ ᠬᠤᠨᠢᠨ ᠤ ᠢᠷᠡᠯᠳᠡ ᠶᠢ ᠮᠦᠷᠳᠡᠬᠦ ᠠᠵᠢᠯ ᠢ ᠬᠡᠷᠡᠭᠵᠢᠭᠦᠯᠵᠦ᠂ ᠪᠦᠲᠦᠭᠡᠭᠳᠡᠭᠦᠨ ᠤ ᠦᠨ᠎ᠡ ᠬᠠᠩᠰᠢ ᠶᠢ 5% ᠠᠴᠠ ᠳᠡᠭᠡᠭᠰᠢ ᠦᠰᠭᠡᠨ᠎ᠡ᠃ᠠᠵᠣ ᠦᠢᠯᠡᠳᠪᠦᠷᠢ ᠶᠢᠨ ᠠᠵᠣ ᠠᠬᠤᠢ ᠶᠢᠨ ᠬᠤᠷᠳᠣᠴᠠ ᠶᠢ ᠲᠦᠷᠭᠡᠳᠭᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠣᠨ᠎ᠠ᠃ ᠰᠢᠨ᠎ᠡ ᠡᠨᠧᠷᠬᠢ ᠶᠢᠨ ᠪᠦᠬᠦ ᠠᠵᠣ ᠦᠢᠯᠡᠰ ᠤᠨ  ᠬᠡᠯᠬᠢᠶᠡᠵᠢᠯ ᠤᠨ ᠰᠦᠷᠦᠭᠵᠢᠯ ᠮᠠᠶ᠋ᠢᠭ ᠤᠨ ᠬᠦᠭᠵᠢᠯᠳᠡ ᠶᠢ ᠪᠦᠬᠦ ᠬᠦᠴᠦ ᠪᠠᠷ ᠢᠶᠠᠨ ᠠᠬᠢᠭᠤᠯᠵᠣ᠂ ᠪᠦᠬᠦ ᠬᠤᠰᠢᠭᠤᠨ ᠤ ᠠᠵᠣ ᠦᠢᠯᠡᠳᠪᠦᠷᠢ ᠶᠢᠨ ᠠᠵᠣ ᠠᠬᠤᠢ ᠶᠢᠨ ᠲᠠᠬᠢᠨ ᠢᠶᠠᠷ ᠨᠡᠮᠡᠭᠳᠡᠬᠦ ᠳᠤ ᠵᠠᠮ ᠨᠡᠭᠡᠭᠡᠨ᠂ ᠣᠯᠣᠰ ᠤᠨ ᠡᠨᠧᠷᠬᠢ ᠪᠠ ᠪᠠᠶᠢᠯᠳᠣᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠳᠠ ᠳᠤ ᠪᠠᠷᠠᠭᠤᠨ ᠰᠦᠨᠢᠳ ᠤᠨ ᠬᠦᠴᠦᠨ ᠴᠢᠳᠠᠯ ᠢᠶᠠᠨ ᠡᠷᠭᠦᠨ᠎ᠡ᠃ ᠵᠢᠯ ᠤᠨ ᠲᠣᠳᠣᠷ᠎ᠠ ᠠᠵᠣ ᠦᠢᠯᠡᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ 9 ᠶᠢ ᠬᠡᠷᠡᠭᠵᠢᠭᠦᠯᠵᠦ᠂ ᠵᠢᠯ ᠤᠨ ᠪᠡᠯᠡ ᠣᠷᠣᠭᠤᠯᠣᠯᠳᠠ 10 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠶᠡᠷᠦᠩᠭᠡᠢ ᠦᠢᠯᠡᠳᠭᠦᠨ ᠤ ᠦᠷᠳᠡᠭ ᠢ 35.4 ᠳ᠋ᠦᠩᠰᠢᠭᠤᠷ ᠲᠦᠭᠦᠷᠢᠭ ᠲᠤ ᠬᠦᠷᠭᠡᠵᠦ᠂ 25.6% ᠪᠠᠷ ᠨᠡᠮᠡᠭᠳᠡᠭᠦᠯᠦᠨ᠎ᠡ᠃ ᠣᠳᠣ ᠪᠠᠶᠢᠭ᠎ᠠ ᠠᠵᠣ ᠠᠬᠤᠶᠢᠯᠠᠯ  ᠤᠨ ᠬᠦᠭᠵᠢᠯᠳᠡ ᠳᠤ ᠪᠦᠬᠦ ᠬᠦᠴᠦ ᠪᠠᠷ ᠢᠶᠠᠨ ᠦᠢᠯᠡᠴᠢᠯᠡᠵᠦ᠂ ᠣᠯᠠᠮᠵᠢᠯᠠᠯᠳᠣ ᠠᠵᠣ ᠠᠬᠤᠶᠢᠯᠠᠯ ᠤᠨ ᠣᠷ᠎ᠠ ᠮᠡᠷᠭᠡᠵᠢᠯ ᠢ ᠳᠡᠭᠡᠭᠰᠢᠯᠡᠭᠦᠯᠦᠨ ᠦᠭᠡᠷᠡᠴᠢᠯᠡᠬᠦ ᠬᠦᠴᠦᠨ ᠢᠶᠠᠨ ᠨᠡᠮᠡᠭᠳᠡᠭᠦᠯᠵᠦ᠂ ᠶᠢᠨ ᠰᠢ ᠰᠢᠵᠢᠷ ᠠᠯᠳᠠᠨ ᠤ ᠺᠣᠮᠫᠠᠨᠢ  ᠶᠢᠨ ᠬᠠᠶᠢᠨ ᠮᠠᠯᠳᠠᠬᠤ ᠲᠦᠷᠦᠯ ᠵᠦᠢᠯ ᠤᠨ ᠭᠠᠷ ᠭᠦᠢᠴᠡᠳᠭᠡᠯ ᠢ ᠲᠦᠷᠭᠡᠳᠭᠡᠵᠦ᠂ ᠵᠢᠷᠦᠭᠡ ᠵᠡᠰ ᠤᠨ ᠦᠢᠯᠡᠰ ᠤᠨ ᠠᠵᠣ ᠦᠢᠯᠡᠰ ᠤᠨ ᠬᠡᠯᠬᠢᠶᠡᠵᠢᠯ ᠢ ᠦᠷᠭᠦᠯᠵᠢᠯᠡᠭᠦᠯᠬᠦ ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢ ᠪᠦᠬᠦ ᠬᠦᠴᠦ ᠪᠠᠷ ᠢᠶᠠᠨ ᠠᠬᠢᠭᠤᠯᠵᠣ᠂ ᠣᠯᠠᠮᠵᠢᠯᠠᠯᠳᠣ ᠠᠵᠣ ᠦᠢᠯᠡᠰ ᠢ ︽ᠳᠡᠰ ᠳᠡᠪᠰᠢᠭᠦᠯᠬᠦ︾ ᠶᠢ ᠠᠬᠢᠭᠤᠯᠣᠨ᠎ᠠ᠃ ᠣᠳᠣ ᠦᠶ᠎ᠡ ᠶᠢᠨ ᠡᠨᠧᠷᠬᠢ ᠶᠢᠨ ᠠᠵᠣ ᠠᠬᠤᠢ ᠶᠢ ᠬᠦᠭᠵᠢᠭᠦᠯᠦᠨ ᠪᠣᠵᠠᠭᠠᠶᠢᠷᠠᠭᠤᠯᠵᠣ᠂ ᠡᠷᠢᠶᠡᠨ ᠤ ᠪᠢᠴᠢᠯ ᠴᠠᠬᠢᠯᠭᠠᠨ ᠲᠣᠣᠷ ᠤᠨ 2 ᠨᠣᠮᠧᠷᠳᠣ ᠰᠦᠷᠦᠭᠵᠢᠯ ᠤᠨ 23.8 ᠲᠦᠮᠡᠨ ᠺᠢᠯᠣᠸᠠᠲ ᠰᠠᠯᠬᠢᠨ ᠬᠦᠴᠦᠨ ᠤ ᠴᠠᠬᠢᠯᠭᠠᠨ᠂ ᠰᠢᠩ ᠴᠢ ᠶᠤᠸᠠᠨ 1.2 ᠲᠦᠮᠡᠨ ᠺᠢᠯᠣᠸᠠᠲ ᠤᠨ ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ᠂ ᠭᠥᠸᠧ ᠲᠢᠶᠠᠨ 1 ᠲᠦᠮᠡᠨ ᠺᠢᠯᠣᠸᠠᠲ ᠤᠨ ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ᠂ ᠵᠢᠶᠠ ᠰᠢᠩ 800 ᠺᠢᠯᠣᠸᠠᠲ ᠤᠨ ᠲᠠᠷᠬᠠᠯᠳᠠ ᠶᠢᠨ ᠬᠡᠯᠪᠡᠷᠢ ᠶᠢᠨ ᠨᠠᠷᠠᠨ ᠤ ᠡᠨᠧᠷᠬᠢ ᠶᠢᠨ ᠴᠠᠬᠢᠯᠭᠠᠨ᠂ ᠬᠤᠸᠠ ᠶᠧᠦ 0.8 ᠲᠦᠮᠡᠨ ᠺᠢᠯᠣᠸᠠᠲ ᠤᠨ ᠦᠪᠡᠷᠳᠡᠭᠡᠨ ᠴᠠᠬᠢᠯᠭᠠᠨ ᠭᠠᠷᠭᠠᠵᠣ ᠦᠪᠡᠷᠳᠡᠭᠡᠨ ᠬᠡᠷᠡᠭᠯᠡᠬᠦ ᠰᠠᠯᠬᠢᠨ ᠬᠦᠴᠦᠨ  ᠤ ᠴᠠᠬᠢᠯᠭᠠᠨ᠂ ᠷᠦᠢ ᡁᠢ 46 ᠲᠦᠮᠡᠨ ᠺᠢᠯᠣᠸᠠᠲ ᠤᠨ ᠴᠠᠬᠢᠯᠭᠠᠨ ᠡᠭᠦᠰᠭᠡᠭᠴᠢ ᠴᠠᠬᠢᠯᠭᠠᠨ ᠲᠣᠣᠷ ᠳᠠᠭᠠᠭᠠᠴᠠ ᠨᠦᠭᠡᠴᠡ ᠶᠢ ᠨᠢᠭᠡ ᠴᠣᠭᠴᠠᠵᠢᠭᠤᠯᠬᠤ ᠵᠡᠷᠭᠡ ᠰᠢᠨ᠎ᠡ ᠡᠨᠧᠷᠬᠢ ᠶᠢᠨ ᠲᠦᠷᠦᠯ ᠵᠦᠢᠯ ᠢ ᠵᠢᠯ ᠤᠨ ᠲᠣᠳᠣᠷ᠎ᠠ ᠲᠣᠣᠷ  ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠲᠦᠷᠭᠡᠳᠭᠡᠨ ᠠᠬᠢᠭᠤᠯᠵᠣ᠂ ᠮᠧᠩ ᠨᠧᠩ ᠰᠢᠨ᠎ᠡ ᠡᠨᠧᠷᠬᠢ ᠶᠢᠨ ᠲᠣᠮᠣ ᠰᠠᠭᠤᠷᠢᠨ ᠭᠠᠵᠠᠷ ᠤᠨ ᠲᠦᠷᠦᠯ ᠵᠦᠢᠯ ᠢ ᠮᠠᠨ ᠤ ᠬᠤᠰᠢᠭᠤᠨ ᠳᠤ ᠰᠠᠭᠤᠷᠢᠰᠢᠭᠤᠯᠬᠤ ᠪᠠᠷ ᠢᠳᠡᠪᠬᠢᠳᠠᠢ ᠴᠢᠷᠮᠠᠶᠢᠵᠣ ᠂ ᠶᠤᠸᠠᠨ ᠵᠢᠩ ᠡᠨᠧᠷᠬᠢ ᠬᠠᠳᠠᠭᠠᠯᠠᠬᠤ ᠲᠦᠷᠦᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠣ᠂ ᠭᠥᠸᠧ ᠳ᠋ᠢᠶᠠᠨ ᠢᠯᠴᠢ ᠶᠢᠨ ᠴᠠᠬᠢᠯᠭᠠᠨ ᠢ ᠠᠮᠢᠳᠣᠯᠢᠭ ᠢᠶᠠᠷ ᠦᠭᠡᠷᠡᠴᠢᠯᠡᠬᠦ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠪᠣᠯᠣᠨ ᠵᠢᠩ ᠳ᠋ᠦᠩ ᠹᠠᠩ ᠬᠤᠶᠠᠳᠠᠬᠢ ᠬᠤᠭᠤᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢᠨ ᠣᠷᠣᠨ ᠲᠤᠭ᠎ᠠ ᠶᠢ ᠣᠯᠵᠣ᠂ ᠰᠢᠨ᠎ᠡ ᠡᠨᠧᠷᠬᠢ ᠶᠢᠨ ᠶᠡᠷᠦᠩᠭᠡᠢ ᠮᠠᠰᠢᠨ ᠴᠣᠭᠴᠠᠯᠠᠪᠣᠷᠢ ᠶᠢᠨ ᠪᠠᠭᠳᠠᠭᠠᠮᠵᠢ ᠶᠢ 200 ᠲᠦᠮᠡᠨ ᠺᠢᠯᠣᠸᠠᠲ ᠠᠴᠠ ᠳᠡᠭᠡᠭᠰᠢ ᠳᠠᠪᠠᠭᠤᠯᠬᠤ ᠪᠠᠷ ᠴᠢᠷᠮᠠᠶᠢᠨ᠎ᠠ᠃ ᠰᠢᠯᠢ ᠶᠢᠨ ᠭᠤᠣᠯ ᠤᠨ ᠪᠠᠷᠠᠭᠤᠨ ᠭᠡᠰᠡᠭ ᠤᠨ 500 ᠺᠢᠯᠣᠸᠣᠯᠲ ᠤᠨ ᠴᠠᠬᠢᠯᠭᠠᠨ ᠦᠭᠡᠷᠡᠴᠢᠯᠡᠬᠦ ᠦᠷᠳᠡᠭᠡ ᠵᠢᠯ ᠤᠨ ᠲᠣᠳᠣᠷ᠎ᠠ ᠠᠵᠢᠯ ᠡᠬᠢᠯᠡᠭᠦᠯᠦᠨ ᠪᠠᠶᠢᠭᠤᠯᠬᠤ  ᠶᠢ ᠢᠳᠡᠪᠬᠢᠳᠠᠢ ᠠᠬᠢᠭᠤᠯᠵᠣ᠂ ᠰᠢᠯᠢ ᠶᠢᠨ ᠭᠤᠣᠯ ᠤᠨ ᠪᠠᠷᠠᠭᠤᠨ ᠭᠡᠰᠡᠭ — ᠵᠡᠭᠦᠨ ᠰᠦᠨᠢᠳ — ᠲᠠᠯ᠎ᠠ ᠬᠦᠷᠬᠦ 500 ᠺᠢᠯᠣᠸᠣᠯᠲ ᠤᠨ ᠬᠤᠶᠢᠳᠣ ᠱᠣᠭᠤᠮ ᠤᠨ ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢ ᠠᠬᠢᠭᠤᠯᠵᠣ᠂ ᠰᠢᠨ᠎ᠡ ᠡᠨᠧᠷᠬᠢ ᠶᠢ ᠶᠡᠭᠡ ᠬᠡᠪᠴᠢᠶ᠎ᠡ ᠲᠠᠢ᠂ ᠦᠨᠳᠦᠷ ᠬᠠᠷᠢᠴᠠᠯ ᠲᠠᠢ ᠪᠠᠷ ᠭᠠᠳᠠᠭᠰᠢ ᠭᠠᠷᠭᠠᠬᠤ ᠳᠤ ᠲᠣᠭᠳᠠᠪᠣᠷᠢᠳᠠᠢ ᠴᠠᠬᠢᠯᠭᠠᠨ ᠲᠣᠣᠷ ᠤᠨ ᠲᠣᠯᠭᠠᠭᠤᠷᠢ ᠬᠠᠩᠭᠠᠨ᠎ᠠ᠃ ᠰᠢᠨ᠎ᠡ ᠪᠠᠷ ᠬᠦᠭᠵᠢᠵᠦ ᠪᠠᠶᠢᠭ᠎ᠠ ᠠᠵᠣ ᠦᠢᠯᠡᠰ ᠤᠨ ᠰᠦᠷᠦᠭᠵᠢᠯ ᠤᠨ ᠬᠦᠭᠵᠢᠯᠳᠡ ᠶᠢ ᠠᠬᠢᠭᠤᠯᠵᠣ᠂ ᠠᠵᠣ ᠦᠢᠯᠡᠳᠪᠦᠷᠢ ᠶᠢᠨ ᠪᠣᠬᠢᠷᠳᠣᠯ ᠦᠭᠡᠢ ᠪᠢᠴᠢᠯ ᠴᠠᠬᠢᠯᠭᠠᠨ ᠲᠣᠣᠷ᠂ ᠴᠠᠬᠢᠯᠭᠠᠨ ᠡᠭᠦᠰᠭᠡᠭᠴᠢ ᠴᠠᠬᠢᠯᠭᠠᠨ ᠲᠣᠣᠷ ᠳᠠᠭᠠᠭᠠᠴᠠ ᠨᠦᠭᠡᠴᠡ ᠶᠢ ᠨᠢᠭᠡ ᠴᠣᠭᠴᠠᠵᠢᠭᠤᠯᠬᠤ᠂ ᠰᠢᠨ᠎ᠡ ᠡᠨᠧᠷᠬᠢ ᠶᠢᠨ ᠰᠢᠭᠤᠳ ᠬᠠᠩᠭᠠᠬᠤ ᠴᠠᠬᠢᠯᠭᠠᠨ ᠢᠶᠠᠷ ᠪᠦᠷᠢᠯᠳᠦᠭᠰᠡᠨ ᠪᠣᠬᠢᠷᠳᠣᠯ ᠦᠭᠡᠢ ︽ᠴᠠᠬᠢᠯᠭᠠᠨ ᠤ ᠬᠤᠳᠣᠭᠤᠷ ᠭᠠᠵᠠᠷ︾ ᠲᠤ ᠲᠦᠰᠢᠭᠯᠡᠨ᠂ ᠰᠢᠨ ᠮᠧᠩ ᠰᠢᠨ ᠵᠢᠯ ᠤᠨ ᠭᠠᠷᠣᠯᠳᠠ 10 ᠲᠦᠮᠡᠨ ᠲᠣᠨ ᠤ ᠯᠢᠲ᠋ᠢ ᠴᠠᠬᠢᠯᠭᠠᠨ ᠴᠡᠨᠡᠭ ᠤᠨ ᠪᠢᠯᠢᠭ ᠲᠣᠶᠢᠯ ᠤᠨ ᠮᠠᠲ᠋ᠧᠷᠢᠶᠠᠯ ᠦᠢᠯᠡᠳᠪᠦᠷᠢᠯᠡᠬᠦ᠂ ᠬᠤᠸᠠ ᠰᠢᠩ ᠠᠵᠣ ᠦᠢᠯᠡᠰ ᠤᠨ ᠮᠡᠷᠭᠡᠵᠢᠯ ᠤᠨ ᠦᠭᠡᠷᠡᠴᠢᠯᠡᠯᠳᠡ ᠶᠢᠨ ᠲᠦᠷᠦᠯ ᠵᠦᠢᠯ ᠬᠢᠭᠡᠳ ᠡᠷᠢᠶᠡᠨ ᠤ ᠪᠢᠴᠢᠯ ᠴᠠᠬᠢᠯᠭᠠᠨ ᠲᠣᠣᠷ ᠤᠨ 2 ᠨᠣᠮᠧᠷᠲᠣ ᠰᠦᠷᠦᠭᠵᠢᠯ ᠤᠨ ᠪᠦᠲᠦᠭᠡᠨ ᠪᠠᠶᠢᠭᠤᠯᠣᠯᠳᠠ ᠶᠢᠨ ᠲᠦᠷᠦᠯ ᠵᠦᠢᠯ ᠢ ᠬᠠᠪᠰᠣᠷᠣᠨ ᠪᠣᠬᠢᠷᠳᠣᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠪᠡᠶᠡᠯᠡᠭᠦᠯᠵᠦ᠂ ᠷᠦᠢ ᡁᠢ ᠴᠠᠬᠢᠯᠭᠠᠨ ᠡᠭᠦᠰᠭᠡᠭᠴᠢ ᠴᠠᠬᠢᠯᠭᠠᠨ ᠲᠣᠣᠷ ᠳᠠᠭᠠᠭᠠᠴᠠ ᠨᠦᠭᠡᠴᠡ ᠶᠢ ᠨᠢᠭᠡ ᠴᠣᠭᠴᠠᠵᠢᠭᠤᠯᠬᠤ ᠵᠢᠴᠢ ᠵᠢᠯ ᠤᠨ ᠭᠠᠷᠣᠯᠳᠠ 20 ᠲᠦᠮᠡᠨ ᠲᠣᠨ ᠤ ᠯᠢᠲ᠋ᠢ ᠴᠠᠬᠢᠯᠭᠠᠨ ᠴᠡᠨᠡᠭ ᠤᠨ ᠪᠢᠯᠢᠭ ᠲᠣᠶᠢᠯ ᠤᠨ ᠮᠠᠲ᠋ᠧᠷᠢᠶᠠᠯ ᠦᠢᠯᠡᠳᠪᠦᠷᠢᠯᠡᠬᠦ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠣ᠂ ︽ᠬᠤᠶᠠᠷ ᠰᠢᠨ᠎ᠡ ᠠᠵᠣ ᠦᠢᠯᠡᠰ︾19 ᠢ ᠠᠭᠤᠰᠣᠯᠴᠠᠭᠤᠯᠣᠨ ᠬᠦᠭᠵᠢᠭᠦᠯᠬᠦ ᠶᠢ ᠠᠬᠢᠭᠤᠯᠣᠨ᠎ᠠ᠃ ᠰᠢᠨ᠎ᠡ ᠡᠨᠧᠷᠬᠢ ᠶᠢᠨ ᠲᠣᠨᠤᠭ ᠲᠦᠬᠦᠭᠡᠷᠦᠮᠵᠢ ᠦᠢᠯᠡᠳᠬᠦ ᠠᠵᠣ ᠦᠢᠯᠡᠰ ᠤᠨ ᠬᠡᠯᠬᠢᠶᠡᠵᠢᠯ ᠢ ᠣᠷᠳᠣᠳᠬᠠᠨ᠂ ᠰᠢᠨ᠎ᠡ ᠡᠨᠧᠷᠬᠢ ᠶᠢᠨ ᠨᠡᠭᠡᠭᠡᠯᠳᠡ ᠯᠦᠭᠡ ᠬᠠᠷᠢᠯᠴᠠᠨ ᠵᠣᠬᠢᠴᠠᠭᠰᠠᠨ ᠲᠣᠨᠤᠭ ᠲᠦᠬᠦᠭᠡᠷᠦᠮᠵᠢ ᠦᠢᠯᠡᠳᠬᠦ ᠦᠢᠯᠡᠰ ᠢ ᠶᠡᠬᠡᠪᠡᠷ ᠬᠦᠭᠵᠢᠭᠦᠯᠵᠦ᠂ ᠰᠢᠨ᠎ᠡ ᠡᠨᠧᠷᠬᠢ ᠶᠢᠨ ᠪᠦᠬᠦ ᠠᠵᠣ ᠦᠢᠯᠡᠰ ᠤᠨ ᠬᠡᠯᠬᠢᠶᠡᠵᠢᠯ ᠤᠨ ᠬᠦᠭᠵᠢᠯᠳᠡ ᠶᠢ ᠠᠬᠢᠭᠤᠯᠵᠣ᠂ ᠵᠠᠮᠰᠣ ᠶᠢᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠤ ᠦᠢᠯᠡᠳᠪᠦᠷᠢᠯᠡᠯ ᠪᠠ ᠦᠢᠯᠡᠳᠬᠦ᠂ ᠵᠦᠩ ᠴᠠ ᠴᠠᠬᠢᠯᠭᠠᠨ ᠬᠦᠳᠡᠯᠭᠡᠭᠦᠷᠢᠲᠦ ᠣᠶᠣᠨᠴᠢ ᠢᠨᠵᠧᠨᠧᠷᠢᠩ ᠤᠨ ᠲᠣᠨᠣᠭᠯᠠᠯ ᠤᠨ ᠰᠢᠨ᠎ᠡ ᠡᠨᠧᠷᠬᠢ ᠶᠢᠨ ᠠᠴᠢᠶᠠᠯᠠᠬᠤ ᠮᠠᠰᠢᠨ ᠤ ᠦᠢᠯᠡᠳᠪᠦᠷᠢᠯᠡᠯ ᠤᠨ ᠱᠣᠭᠤᠮ ᠤᠨ ᠪᠦᠲᠦᠭᠡᠨ ᠪᠠᠶᠢᠭᠤᠯᠣᠯᠳᠠ ᠶᠢ ᠭᠤᠣᠯᠳᠠᠯᠭ᠎ᠠ ᠲᠠᠢ ᠰᠠᠶᠢᠳᠣᠷ ᠠᠳᠬᠤᠵᠣ᠂ ᠰᠢᠨ᠎ᠡ ᠡᠨᠧᠷᠬᠢ ᠶᠢᠨ ᠲᠣᠨᠤᠭ ᠲᠦᠬᠦᠭᠡᠷᠦᠮᠵᠢ ᠶᠢ ︽ᠰᠢᠯᠢ ᠶᠢᠨ ᠭᠤᠣᠯ ᠳᠤ ᠣᠭᠰᠠᠷᠠᠵᠣ︾ ᠪᠠᠶᠢᠭᠰᠠᠨ ᠢ ︽ᠰᠢᠯᠢ ᠶᠢᠨ ᠭᠤᠣᠯ ᠳᠤ ᠦᠢᠯᠡᠳᠬᠦ︾ ᠲᠡᠰᠢ ᠬᠤᠪᠢᠷᠠᠭᠤᠯᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃      ᠦᠢᠯᠡᠴᠢᠯᠡᠭᠡᠨ ᠤ ᠦᠢᠯᠡᠰ ᠤᠨ ᠰᠡᠷᠭᠦᠨ ᠬᠦᠭᠵᠢᠯᠳᠡ ᠶᠢ ᠴᠢᠷᠮᠠᠶᠢᠨ ᠠᠬᠢᠭᠤᠯᠣᠨ᠎ᠠ᠃ ᠰᠣᠶᠣᠯ ᠵᠢᠭᠤᠯᠴᠢᠯᠠᠯ ᠤᠨ ᠠᠵᠣ ᠦᠢᠯᠡᠰ ᠪᠠ ᠡᠯᠧᠺᠲᠷᠣᠨ ᠬᠤᠳᠠᠯᠳᠣᠭᠠᠨ ᠤ ᠪᠠᠷᠠᠭᠠᠨ ᠤ  ᠭᠦᠢᠯᠭᠡᠭᠡ ᠶᠢᠨ ᠦᠢᠯᠡᠰ ᠢᠶᠠᠷ ᠭᠤᠣᠯᠳᠠᠯᠭ᠎ᠠ ᠪᠣᠯᠭᠠᠵᠣ᠂ ᠦᠢᠯᠡᠳᠪᠦᠷᠢᠯᠡᠯ ᠠᠮᠢᠳᠣᠷᠠᠯ ᠤᠨ ᠴᠢᠨᠠᠷᠳᠠᠢ ᠦᠢᠯᠡᠴᠢᠯᠡᠭᠡᠨ ᠤ ᠦᠢᠯᠡᠰ ᠤᠨ ᠲᠣᠭᠤᠷᠢᠨ  ᠳᠤ ᠳᠠᠯᠳᠠ ᠬᠦᠴᠦᠨ ᠢ ᠣᠯᠠᠮ ᠨᠢᠭᠡ ᠠᠯᠬᠤᠮ ᠠᠭᠤᠳᠠᠯᠠᠨ ᠦᠷᠭᠡᠳᠭᠡᠵᠦ᠂ ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠭᠡᠨ᠎ᠡ᠃ ︽ᠰᠣᠶᠣᠯ ᠵᠢᠭᠤᠯᠴᠢᠯᠠᠯ +︾ ᠬᠦᠭᠵᠢᠯᠳᠡ ᠶᠢᠨ ᠪᠠᠶᠢᠯᠳᠣᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠪᠦᠬᠦ ᠣᠯᠣᠰ ᠤᠨ ᠣᠣᠭᠠᠨ ᠣᠯᠠᠭᠠᠠᠮᠦ᠋ᠴᠢᠷ︾ ᠭᠡᠬᠦ ᠬᠤᠪᠢᠰᠬᠠᠯ ᠤᠨ ᠡᠬᠢ ᠪᠠᠶᠠᠯᠢᠭ ᠪᠠ ᠨᠡᠷᠡᠲᠦ ᠲᠡᠮᠳᠡᠭ ᠤᠨ ᠦᠢᠯᠡᠳᠦᠯ ᠢ ᠠᠰᠢᠭᠯᠠᠨ᠂ ᠬᠢᠯᠢ ᠠᠯᠣᠰᠯᠠᠭᠰᠠᠨ ᠵᠢᠭᠤᠯᠴᠢᠯᠠᠯ ᠢ ᠲᠠᠨᠢᠯᠴᠠᠭᠤᠯᠬᠤ ᠠᠵᠢᠯᠯᠠᠭ᠎ᠠ ᠶᠢ ᠢᠳᠡᠪᠬᠢᠳᠠᠢ ᠦᠷᠨᠢᠭᠦᠯᠦᠨ᠎ᠡ᠃ ᠲᠣᠰᠬᠠᠢ ᠮᠡᠷᠭᠡᠵᠢᠯ ᠤᠨ ᠪᠦᠯᠬᠦᠮ  ᠢ ᠳᠠᠳᠠᠨ ᠣᠷᠣᠭᠤᠯᠵᠣ᠂ ᠵᠢᠯ ᠤᠨ ᠲᠣᠳᠣᠷ᠎ᠠ ᠬᠦᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠭᠤᠪᠢ ᠶᠢᠨ ᠲᠠᠯ᠎ᠠ ᠨᠣᠳᠤᠭ ᠤᠨ ᠭᠡᠭᠡᠷᠡᠯᠡᠬᠦ ᠣᠷᠣᠯᠳᠣᠭᠠᠨ᠂ ᠭᠡᠭᠡᠷ᠎ᠡ ᠪᠠᠭᠤᠳᠠᠯᠯᠠᠬᠤ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠬᠠᠮᠳᠣᠷᠠᠨ ᠡᠷᠬᠢᠯᠡᠵᠦ᠂ ᠬᠦᠮᠦᠰ ᠲᠤ ᠲᠠᠭᠠᠰᠢᠶᠠᠭᠳᠠᠭᠰᠠᠨ ᠪᠡᠶᠡᠴᠢᠯᠡᠨ ᠣᠶᠢᠯᠠᠭᠠᠬᠤ ᠮᠠᠶ᠋ᠢᠭ ᠤᠨ ᠨᠢᠭᠡ ᠪᠦᠯᠦᠭ ᠲᠦᠷᠦᠯ ᠵᠦᠢᠯ ᠢ ᠡᠭᠦᠳᠴᠦ᠂ ᠴᠢᠨᠠᠷ ᠰᠠᠶᠢᠳᠠᠢ ᠵᠢᠭᠤᠯᠴᠢᠯᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠲᠠᠰᠣᠷᠠᠯᠳᠠ ᠦᠭᠡᠢ ᠨᠡᠮᠡᠭᠳᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠣᠯᠠᠮ ᠨᠢᠭᠡ ᠠᠯᠬᠤᠮ  ᠠᠭᠤᠳᠠᠯᠠᠵᠣ᠂ ︽ᠳᠣᠮᠳᠠᠳᠣ ᠣᠯᠣᠰ ᠤᠨ ᠲᠡᠮᠡᠭᠡᠨ ᠰᠣᠶᠣᠯ ᠤᠨ ᠨᠣᠳᠤᠭ︾ ︽ᠳᠣᠮᠳᠠᠳᠣ ᠣᠯᠣᠰ ᠤᠨ ᠲᠠᠯ᠎ᠠ ᠨᠣᠳᠤᠭ ᠤᠨ ᠬᠤᠷᠳᠣᠨ ᠬᠦᠯᠦᠭ ᠤᠨ ᠦᠯᠦᠭᠡᠢ︾ ᠵᠡᠷᠭᠡ ᠲᠦᠷᠦᠯ ᠲᠡᠮᠳᠡᠭ ᠢ ᠠᠰᠢᠭᠯᠠᠨ᠂ ᠢᠯᠡ ᠲᠣᠳᠣ ᠣᠨᠴᠠᠯᠢᠭᠳᠣ ᠨᠠᠶᠢᠷ ᠨᠠᠭᠠᠳᠣᠮ ᠢ ᠵᠣᠬᠢᠶᠠᠨ ᠪᠠᠶᠢᠭᠤᠯᠣᠨ ᠲᠦᠰᠦᠪᠯᠡᠵᠦ᠂ ᠢᠷᠠᠭᠤ ᠰᠠᠶᠢᠬᠠᠨ ᠳᠠᠭᠤᠣ ᠪᠦᠵᠢᠭ᠂ ᠠᠮᠳᠠᠳᠣ ᠢᠳᠡᠭᠡᠨ ᠣᠮᠳᠠᠭᠠᠨ᠂ ᠰᠦᠷᠯᠢᠭ ᠰᠠᠶᠢᠬᠠᠨ ᠦᠵᠡᠮᠵᠢ ᠪᠠᠷ ᠢᠶᠠᠨ ᠵᠣᠭᠠᠴᠠᠭᠰᠠᠳ ᠤᠨ ᠰᠣᠨᠢᠷᠬᠠᠯ ᠢ ᠲᠠᠳᠠᠵᠣ᠂ ᠮᠠᠨ ᠤ ᠬᠤᠰᠢᠭᠤ ᠪᠠᠨ ᠬᠤᠪᠢ ᠶᠢᠨ ᠲᠡᠷᠭᠡ ᠪᠠᠷ ᠵᠣᠭᠠᠴᠠᠬᠤ᠂ ᠭᠡᠭᠡᠷ᠎ᠡ ᠪᠠᠭᠤᠳᠠᠯᠯᠬᠤ᠂ ᠠᠮᠠᠷᠠᠵᠣ ᠰᠡᠯᠡᠭᠦᠴᠡᠬᠦ᠂ ᠪᠡᠶ᠎ᠡ ᠪᠠᠨ ᠰᠣᠪᠢᠯᠠᠬᠤ ᠶᠢ ᠨᠢᠭᠡ ᠴᠣᠭᠴᠠᠵᠢᠭᠤᠯᠣᠭᠰᠠᠨ ᠴᠢᠨᠠᠷ ᠰᠠᠶᠢᠳᠠᠢ ᠵᠢᠭᠤᠯᠴᠢᠯᠠᠯ ᠤᠨ ᠭᠠᠵᠠᠷ ᠪᠣᠯᠭᠠᠬᠤ ᠪᠠᠷ ᠴᠢᠷᠮᠠᠶᠢᠨ᠎ᠠ᠃ ᠣᠳᠣ ᠦᠶ᠎ᠡ ᠶᠢᠨ ᠪᠠᠷᠠᠭᠠᠨ ᠤ ᠭᠦᠢᠯᠭᠡᠭᠡ ᠪᠠ ᠡᠯᠧᠺᠲᠷᠣᠨ ᠬᠤᠳᠠᠯᠳᠣᠭᠠᠨ  ᠤ ᠶᠠᠪᠣᠳᠠᠯ ᠤᠨ ᠨᠢᠭᠡ ᠴᠣᠭᠴᠠᠵᠢᠭᠰᠠᠨ ᠬᠦᠭᠵᠢᠯᠳᠡ ᠶᠢ ᠨᠢᠭᠡᠳᠦᠯᠳᠠᠢ ᠲᠦᠯᠦᠪᠵᠢᠭᠦᠯᠵᠦ᠂ ᠣᠯᠣᠰ ᠤᠨ ᠡᠯᠧᠺᠲᠷᠣᠨ ᠬᠤᠳᠠᠯᠳᠣᠭᠠᠨ ᠤ ᠶᠠᠪᠣᠳᠠᠯ ᠢ ᠬᠦᠳᠡᠭᠡ ᠲᠣᠰᠬᠤᠨ ᠳᠤ ᠣᠷᠣᠭᠤᠯᠬᠤ ᠶᠡᠷᠦᠩᠭᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠲᠦᠷᠦᠯ ᠵᠦᠢᠯ ᠤᠨ ᠭᠤᠷᠪᠠᠳᠣᠭᠠᠷ ᠳᠡᠰ ᠤᠨ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠣᠨ ᠬᠦᠷᠭᠡᠬᠦ ᠰᠢᠰᠲ᠋ᠧᠮ ᠢ ᠰᠢᠯᠢᠳᠡᠭᠵᠢᠭᠦᠯᠦᠨ ᠳᠡᠰ ᠳᠡᠪᠰᠢᠭᠦᠯᠵᠦ᠂ ᠵᠠᠮ ᠬᠠᠷᠢᠯᠴᠠᠭ᠎ᠠ ᠰᠢᠣᠳᠠᠨ ᠢ ᠠᠭᠤᠰᠣᠯᠴᠠᠭᠤᠯᠣᠨ ᠬᠦᠭᠵᠢᠭᠦᠯᠬᠦ ᠶᠢ ᠠᠬᠢᠭᠤᠯᠵᠣ᠂ ᠵᠢᠯ ᠤᠨ ᠲᠣᠳᠣᠷ᠎ᠠ᠂ ᠵᠢᠷᠦᠭᠡ ᠪᠠᠯᠭᠠᠰᠣ᠂ ᠡᠷᠢᠶᠡᠨᠨᠠᠭᠤᠷ ᠰᠣᠮᠣ᠂ ᠰᠠᠩᠪᠣᠯᠠᠭ ᠰᠣᠮᠣ ᠵᠡᠷᠭᠡ 3 ᠠᠶᠠᠨᠴᠢᠳ ᠤᠨ ᠲᠡᠭᠡᠭᠡᠪᠦᠷᠢ ᠶᠢᠨ ᠦᠷᠳᠡᠭᠡ ᠶᠢ ᠰᠢᠨ᠎ᠡ ᠪᠠᠷ ᠨᠡᠮᠡᠵᠦ ᠵᠠᠮ ᠬᠠᠷᠢᠯᠴᠠᠭ᠎ᠠ ᠰᠢᠣᠳᠠᠨ ᠢ ᠠᠭᠤᠰᠣᠯᠴᠠᠭᠤᠯᠬᠤ ᠵᠢᠱᠢᠶ᠎ᠡ ᠦᠵᠡᠭᠦᠯᠬᠦ ᠴᠡᠭ ᠪᠣᠯᠭᠠᠵᠣ᠂ ︽ᠬᠡᠷᠡᠭᠯᠡᠭᠡᠨ ᠤ ᠪᠦᠲᠦᠭᠡᠭᠳᠡᠭᠦᠨ ᠢ ᠦᠨᠳᠦᠰᠦᠨ ᠱᠠᠳᠣᠨ ᠳᠤ ᠬᠦᠷᠭᠡᠬᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠵᠠᠬ᠎ᠠ ᠳᠤ ᠭᠠᠷᠭᠠᠬᠤ︾ ᠬᠤᠣᠰ ᠴᠢᠭᠯᠡᠯᠲᠦ ᠭᠦᠢᠯᠭᠡᠭᠡ ᠶᠢᠨ ᠠᠷᠭ᠎ᠠ ᠵᠠᠮ ᠢ ᠰᠢᠯᠣᠭᠤᠳᠬᠠᠵᠣ᠂ ᠠᠳᠠᠯᠢ ᠬᠤᠭᠤᠴᠠᠭᠠᠨ ᠤ ᠬᠢ ᠠᠴᠠ ᠲᠣᠰᠪᠦᠷᠢ 10% ᠪᠠ 15% ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠬᠤᠰᠢᠭᠤᠨ ᠤ ᠲᠣᠳᠣᠷᠠᠬᠢ ᠣᠯᠠᠮᠵᠢᠯᠠᠯᠳᠣ ᠠᠷᠠᠯᠵᠢᠶ᠎ᠠ ᠬᠤᠳᠠᠯᠳᠣᠭᠠᠨ ᠤ ᠠᠵᠣ ᠠᠬᠤᠶᠢᠯᠠᠯ ᠤᠨ ᠰᠢᠨ᠎ᠡ ᠶᠢ ᠡᠭᠦᠳᠦᠨ ᠳᠡᠰ ᠳᠡᠪᠰᠢᠭᠦᠯᠬᠦ ᠶᠢ ᠬᠦᠳᠦᠯᠦᠨ ᠵᠢᠯᠣᠭᠤᠳᠴᠣ᠂ ᠪᠣᠳᠠᠳᠣ ᠴᠣᠭᠴᠠ ᠶᠢᠨ ᠳᠡᠯᠭᠡᠭᠦᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠣᠭᠰᠠᠨ ᠰᠠᠭᠤᠷᠢᠨ ᠳᠡᠭᠡᠷ᠎ᠡ ᠰᠦᠨᠢᠳ ᠤᠨ ᠰᠢᠯᠢᠳᠡᠭ ᠪᠦᠲᠦᠭᠡᠭᠳᠡᠭᠦᠨ᠂ ᠵᠢᠩ ᠳ᠋ᠦᠩ ᠵᠡᠷᠭᠡ ᠡᠯ᠎ᠡ ᠲᠦᠷᠦᠯ ᠤᠨ ᠡᠯᠧᠺᠲᠷᠣᠨ ᠬᠤᠳᠠᠯᠳᠣᠭᠠᠨ ᠤ ᠲᠠᠪᠴᠠᠩ ᠢ ᠠᠰᠢᠭᠯᠠᠨ᠂ ︽ᠬᠡᠷᠡᠭᠯᠡᠭᠡᠨ ᠤ ᠣᠯᠠᠷᠢᠯ︾ ︽ᠪᠠᠷᠠᠭ᠎ᠠ ᠬᠤᠳᠠᠯᠳᠣᠨ ᠠᠪᠬᠤ ᠣᠯᠠᠷᠢᠯ ︾ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠦᠷᠨᠢᠭᠦᠯᠵᠦ᠂ ᠰᠦᠯᠵᠢᠶᠡᠨ ᠳᠡᠭᠡᠷᠡᠬᠢ ᠬᠡᠷᠡᠭᠯᠡᠭᠡᠨ ᠤ ᠬᠡᠪ ᠵᠠᠭᠪᠣᠷ ᠢ ᠢᠳᠡᠪᠬᠢᠳᠠᠢ ᠬᠦᠭᠵᠢᠭᠦᠯᠦᠨ᠎ᠡ᠃ ᠡᠷᠡᠭᠦᠯ ᠮᠡᠨᠲᠦ᠂ ᠨᠠᠰᠣᠵᠢᠯ ᠤᠨ ᠠᠰᠠᠷᠠᠮᠵᠢ᠂ ᠨᠢᠯᠬᠠᠰ ᠢ ᠠᠰᠠᠷᠠᠬᠤ᠂ ᠭᠡᠷ ᠠᠬᠤᠢ ᠶᠢᠨ ᠬᠠᠮᠢᠶᠠᠷᠣᠯᠳᠠ ᠵᠡᠷᠭᠡ ᠦᠢᠯᠡᠴᠢᠯᠡᠭᠡᠨ ᠤ ᠦᠢᠯᠡᠰ ᠢ ᠲᠦᠷᠭᠡᠨ ᠬᠦᠭᠵᠢᠭᠦᠯᠵᠦ᠂ ᠨᠡᠶᠢᠳᠡ ᠶᠢᠨ ᠠᠰᠠᠷᠠᠮᠵᠢ ᠶᠢᠨ ᠴᠢᠨᠠᠷᠳᠠᠢ᠂ ᠰᠠᠭᠤᠷᠢᠯᠠᠬᠤ ᠴᠢᠨᠠᠷᠳᠠᠢ ᠦᠢᠯᠡᠴᠢᠯᠡᠭᠡᠨ ᠤ ᠦᠢᠯᠡᠰ ᠤᠨ ᠬᠠᠩᠭᠠᠯᠭ᠎ᠠ ᠶᠢ ᠴᠢᠩᠭᠠᠳᠬᠠᠵᠣ᠂ ᠠᠮᠢᠳᠣᠷᠠᠯ ᠤᠨ ᠴᠢᠨᠠᠷᠳᠠᠢ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠳᠠᠢ᠂ ᠣᠯᠠᠨ ᠶᠠᠩᠵᠣ ᠳᠡᠰᠢ ᠳᠡᠰ ᠳᠡᠪᠰᠢᠭᠦᠯᠬᠦ ᠶᠢ ᠠᠬᠢᠭᠤᠯᠣᠨ᠎ᠠ᠃       ︵ᠭᠤᠷᠪᠠ︶ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢᠨ ᠪᠠᠶᠢᠯᠳᠣᠬᠤ ᠪᠣᠳᠣᠯᠭ᠎ᠠ ᠶᠢᠨ ᠵᠣᠭᠰᠣᠴᠠ ᠶᠢ ᠢᠮᠠᠭᠳᠠ ᠪᠠᠷᠢᠮᠳᠠᠯᠠᠵᠣ᠂ ᠠᠮᠢ ᠠᠬᠤᠢ ᠶᠢᠨ ᠠᠮᠣᠷ ᠲᠦᠪᠰᠢᠨ ᠤ ᠬᠠᠯᠬᠠᠪᠴᠢ ᠶᠢ ᠪᠠᠳᠣ ᠴᠣᠭᠴᠠᠯᠠᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠣᠨ ᠤ ᠦᠵᠡᠯ ᠰᠠᠨᠠᠭ᠎ᠠ ᠶᠢ ᠡᠷᠡᠰ ᠭᠤᠶᠢᠪᠢᠰᠢ ᠦᠭᠡᠢ ᠲᠣᠣᠱᠯᠠᠭᠤᠯᠵᠣ᠂ ᠮᠠᠨ ᠤ ᠣᠯᠣᠰ ᠤᠨ ᠣᠮᠠᠷᠠᠳᠣ ᠶᠢᠨ ᠴᠢᠬᠤᠯᠠ ᠠᠮᠢ ᠠᠬᠤᠢ ᠶᠢᠨ ᠠᠮᠣᠷ ᠲᠦᠪᠰᠢᠨ ᠤ ᠬᠠᠯᠬᠠᠪᠴᠢ ᠶᠢ ᠪᠠᠳᠣ ᠴᠣᠭᠴᠠᠯᠠᠬᠤ ᠴᠢᠬᠤᠯᠠ ᠶᠡᠭᠡ ᠣᠯᠣᠰ ᠲᠦᠷᠦ ᠶᠢᠨ ᠬᠠᠷᠢᠭᠤᠴᠠᠯᠭ᠎ᠠ ᠶᠢ ᠪᠠᠳᠣ ᠴᠡᠭᠡᠵᠢᠯᠡᠵᠦ᠂ ᠣᠯᠣᠰ ᠤᠨ ᠠᠮᠢ ᠠᠬᠤᠢ ᠶᠢᠨ ᠪᠣᠯᠪᠠᠰᠣᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠳᠠᠢ ᠠᠬᠢᠭᠤᠯᠵᠣ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢᠨ ᠰᠢᠨ᠎ᠡ ᠲᠦᠪᠰᠢᠨ ᠳᠤ ᠬᠦᠷᠭᠡᠬᠦ  ᠶᠢ ᠠᠬᠢᠭᠤᠯᠣᠨ᠎ᠠ᠃ ᠪᠣᠬᠢᠷᠳᠣᠯ ᠦᠭᠡᠢ ᠲᠣᠣᠷ᠎ᠠ ᠨᠡᠭᠦᠷᠡᠰᠦᠳᠦ᠋ᠷᠦᠭᠴᠢᠳᠣ ᠬᠦᠭᠵᠢᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠦᠨ᠎ᠡ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠠᠷᠪᠢᠯᠠᠨ ᠭᠠᠮᠨᠠᠬᠤ᠂ ᠪᠣᠬᠢᠷᠳᠣᠯ ᠦᠭᠡᠢ ᠲᠣᠣᠷ᠎ᠠ ᠨᠡᠭᠦᠷᠡᠰᠦᠳᠦ᠋ᠷᠦᠭᠴᠢᠳᠦ ᠬᠦᠭᠵᠢᠯᠳᠡ ᠶᠢ ᠪᠠᠷᠢᠮᠳᠠᠯᠠᠵᠣ᠂ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠣᠯᠳᠠ  ᠶᠢᠨ ᠣᠷᠬᠢᠯ ᠬᠡᠮᠵᠢᠭᠳᠡᠯ ᠠᠴᠠ ᠪᠠᠭᠤᠷᠠᠭᠤᠯᠬᠤ᠂ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠶᠢ ᠠᠮᠢ ᠠᠬᠤᠢ ᠶᠢᠨ ᠪᠠᠶᠢᠭᠤᠯᠣᠯᠳᠠ ᠶᠢᠨ ᠪᠦᠬᠦᠯᠢ ᠴᠣᠭᠴᠠ ᠶᠢᠨ ᠪᠠᠶᠢᠷᠢᠰᠢᠯᠡᠭᠤᠯᠣᠯᠳᠠ ᠳᠤ ᠣᠷᠣᠭᠤᠯᠵᠣ᠂ ᠡᠬᠢ ᠪᠠᠶᠠᠯᠢᠭ ᠢ ᠦᠨᠳᠦᠷ ᠦᠷ᠎ᠡ ᠪᠦᠲᠦᠮᠵᠢᠳᠠᠢ ᠠᠰᠢᠭᠯᠠᠬᠤ ᠰᠢᠨ᠎ᠡ ᠬᠡᠪ ᠪᠠᠶᠢᠳᠠᠯ ᠢ ᠡᠭᠦᠳᠦᠨ᠎ᠡ᠃ ᠡᠨᠧᠷᠬᠢ ᠶᠢᠨ ᠬᠤᠷᠣᠭᠳᠠᠯ ᠤᠨ ᠲᠦᠰᠦᠪ  ᠤᠨ ᠬᠠᠮᠢᠶᠠᠷᠣᠯᠳᠠ ᠶᠢ ᠴᠢᠩᠭᠠᠳᠬᠠᠵᠣ᠂ ︽ᠬᠤᠣᠰ ᠨᠡᠭᠦᠷᠡᠰᠦᠳᠦ᠋ᠷᠦᠭᠴᠢ︾20 ︽ᠬᠤᠣᠰ ᠡᠵᠡᠮᠳᠡᠯ︾21 ᠢ ᠰᠠᠶᠢᠳᠣᠷ ᠬᠢᠬᠦ ᠪᠠ ︽ᠬᠤᠶᠠᠷ ᠦᠨᠳᠦᠷ︾22 ᠲᠦᠷᠦᠯ ᠵᠦᠢᠯ ᠢ ᠰᠣᠬᠤᠷ ᠪᠠᠯᠠᠢ ᠪᠠᠷ ᠬᠦᠭᠵᠢᠭᠦᠯᠬᠦ ᠶᠢ ᠬᠤᠷᠢᠭᠯᠠᠵᠣ᠂ ᠣᠢ ᠰᠢᠭᠤᠢ ᠡᠪᠡᠰᠦ ᠪᠡᠯᠴᠢᠭᠡᠷ ᠤᠨ ᠨᠡᠭᠦᠷᠡᠰᠦᠳᠦ᠋ᠷᠦᠭᠴᠢ ᠶᠢ ᠰᠢᠩᠭᠡᠭᠡᠬᠦ ᠲᠦᠷᠦᠯ ᠵᠦᠢᠯ ᠢ ᠨᠡᠭᠡᠭᠡᠨ ᠬᠦᠭᠵᠢᠭᠦᠯᠬᠦ ᠶᠢ ᠢᠳᠡᠪᠬᠢᠳᠠᠢ ᠰᠦᠪᠡᠭᠴᠢᠯᠡᠨ ᠦᠷᠨᠢᠭᠦᠯᠵᠦ᠂ ᠪᠣᠬᠢᠷᠳᠣᠯ ᠦᠭᠡᠢ ᠲᠣᠣᠷ᠎ᠠ ᠨᠡᠭᠦᠷᠡᠰᠦᠳᠦ᠋ᠷᠦᠭᠴᠢᠳᠦ ᠬᠦᠭᠵᠢᠯᠳᠡ ᠶᠢᠨ ᠬᠡᠯᠪᠡᠷᠢ ᠶᠢ ᠬᠦᠴᠦᠯᠡᠨ ᠪᠠᠶᠢᠭᠤᠯᠣᠨ᠎ᠠ᠃ ︽ᠲᠠᠪᠤ ᠶᠢ ᠲᠣᠶᠢᠯᠪᠣᠷᠢᠳᠠᠢ ᠪᠠᠶᠢᠴᠠᠭᠠᠬᠤ ᠠᠵᠢᠯᠯᠠᠭ᠎ᠠ︾ ᠶᠢᠨ ᠴᠡᠭᠴᠡᠯᠡᠨ ᠵᠠᠰᠠᠭᠰᠠᠨ ᠦᠷ᠎ᠡ ᠪᠦᠳᠦᠭᠡᠯ ᠢ ᠦᠷᠭᠦᠯᠵᠢᠯᠡᠨ ᠪᠠᠳᠣᠳᠬᠠᠵᠣ᠂ ᠵᠢᠯ  ᠤᠨ ᠲᠣᠳᠣᠷ᠎ᠠ ᠵᠦᠪᠰᠢᠶᠡᠷᠡᠭᠰᠡᠨ ᠪᠣᠯᠪᠠᠴᠣ ᠬᠠᠩᠭᠠᠭᠠᠳᠣᠢ 6 ᠡᠾᠧᠺᠲ᠋ᠠᠷ ᠭᠠᠵᠠᠷ ᠰᠢᠷᠣᠢ ᠶᠢ ᠴᠡᠭᠴᠡᠯᠡᠨ ᠰᠢᠢᠳᠪᠦᠷᠢᠯᠡᠵᠦ᠂ ᠬᠠᠭᠠᠰ ᠲᠣᠳᠠᠭᠤ ᠬᠠᠶᠠᠭᠳᠠᠭᠰᠠᠨ ᠢᠨᠵᠧᠨᠧᠷᠢᠩ ᠢ ᠲᠠᠬᠢᠨ ᠰᠡᠷᠭᠦᠭᠡᠬᠦ ᠠᠵᠢᠯ ᠢ ᠢᠳᠡᠪᠬᠢᠳᠠᠢ ᠠᠬᠢᠭᠤᠯᠵᠣ᠂ ᠡᠬᠢ ᠪᠠᠶᠠᠯᠢᠭ ᠢ ᠠᠷᠪᠢᠯᠠᠨ ᠠᠰᠢᠭᠯᠠᠬᠤ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ︽ᠡᠬᠢ ᠪᠠᠶᠠᠯᠢᠭ ᠤᠨ ᠨᠦᠭᠡᠴᠡ︾ ᠶᠢ ︽ᠬᠦᠭᠵᠢᠯᠳᠡ ᠶᠢᠨ ᠨᠡᠮᠡᠭᠳᠡᠯ︾ ᠪᠣᠯᠭᠠᠨ ᠬᠤᠪᠢᠷᠠᠭᠤᠯᠬᠤ ᠶᠢ ᠠᠬᠢᠭᠤᠯᠣᠨ᠎ᠠ᠃ ᠪᠦᠬᠦ ᠬᠤᠰᠢᠭᠤ ᠪᠣᠯᠣᠨ ᠰᠣᠮᠣ ᠪᠠᠯᠭᠠᠰᠣᠨ ᠤ ᠣᠯᠣᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠦᠯᠦᠪᠵᠢᠭᠦᠯᠭᠡ ᠶᠢᠨ ᠦᠷ᠎ᠡ ᠪᠦᠲᠦᠭᠡᠯ ᠤᠨ ᠭᠡᠷᠡᠭᠯᠡᠯᠳᠡ ᠶᠢ ᠬᠦᠨᠵᠡᠭᠡᠶᠢᠷᠡᠭᠦᠯᠵᠦ᠂ ︽ᠭᠤᠷᠪᠠᠨ ᠣᠷᠣᠨ ᠭᠤᠷᠪᠠᠨ ᠱᠣᠭᠤᠮ︾ ᠢ ᠴᠢᠩᠭ᠎ᠠ ᠰᠠᠬᠢᠵᠣ᠂ ︽ᠭᠤᠷᠪᠠᠨ ᠬᠤᠷᠢᠭ᠎ᠠ ᠱᠣᠭᠤᠮ ᠨᠢᠭᠡ ᠨᠠᠷᠢᠨ ᠳᠠᠩᠰᠠ︾23 ᠶᠢᠨ ᠠᠮᠢ ᠠᠬᠤᠢ ᠶᠢᠨ ᠣᠷᠴᠢᠨ ᠲᠣᠭᠤᠷᠢᠨ ᠢ ᠲᠣᠭᠤᠷᠢᠭ ᠬᠤᠪᠢᠶᠠᠨ ᠬᠠᠮᠢᠶᠠᠷᠣᠨ ᠡᠵᠡᠮᠳᠡᠬᠦ ᠶᠢ ᠴᠢᠩᠭᠠᠳᠬᠠᠵᠣ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠣᠭᠰᠠᠨ ᠠᠵᠢᠯᠯᠠᠭ᠎ᠠ ᠠᠴᠠ ᠲᠦᠯᠦᠪᠦᠷᠢ ᠠᠪᠬᠤ ᠲᠦᠷᠢᠮ  ᠢ ᠰᠠᠶᠢᠳᠣᠷ ᠨᠠᠶᠢᠳᠠᠪᠣᠷᠢᠵᠢᠭᠤᠯᠣᠨ᠎ᠠ᠃ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠠᠬᠢᠭᠤᠯᠣᠨ᠎ᠠ᠃ ᠨᠣᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠳᠠᠯᠠᠵᠣ ᠂ ᠣᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂  ᠪᠡᠯᠴᠢᠭᠡᠷᠯᠡᠭᠦᠯᠬᠦ ᠶᠢ ᠵᠣᠭᠰᠣᠭᠠᠬᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠨᠣᠳᠤᠭ ᠪᠡᠯᠴᠢᠭᠡᠷ ᠢ ᠬᠠᠮᠠᠭᠠᠯᠠᠬᠤ ᠦᠨᠳᠦᠰᠦᠨ ᠲᠦᠷᠢᠮ ᠢ ᠴᠢᠩᠭ᠎ᠠ ᠬᠡᠷᠡᠭᠵᠢᠭᠦᠯᠵᠦ᠂ ᠣᠢ ᠰᠢᠭᠤᠢ ᠨᠣᠳᠤᠭ ᠪᠡᠯᠴᠢᠭᠡᠷ ᠤᠨ ᠡᠭᠢ ᠪᠠᠶᠠᠯᠢᠭ ᠢ ᠡᠪᠳᠡᠭᠰᠡᠨ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠬᠠᠣᠯᠢ ᠶᠣᠰᠣᠭᠠᠷ ᠴᠣᠬᠢᠯᠳᠠ ᠦᠭᠴᠦ᠂ ᠨᠣᠳᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠶᠢ ᠰᠠᠶᠢᠳᠣᠷ ᠨᠠᠶᠢᠳᠠᠪᠣᠷᠢᠵᠢᠭᠤᠯᠵᠣ᠂ ᠣᠢ ᠰᠢᠭᠤᠢ ᠨᠣᠳᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠤᠨ ᠠᠮᠣᠷ ᠲᠦᠪᠰᠢᠨ ᠢ ᠰᠠᠶᠢᠳᠣᠷ ᠬᠠᠮᠠᠭᠠᠯᠠᠨ᠎ᠠ᠃ ᠨᠣᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠣ ᠰᠡᠷᠭᠦᠭᠡᠨ ᠵᠠᠰᠠᠬᠤ ᠢᠨᠵᠧᠨᠧᠷᠢᠩ ᠢ ᠲᠦᠷᠭᠡᠨ ᠠᠬᠢᠭᠤᠯᠵᠣ᠂ 1 ᠲᠦᠮᠡᠨ ᠮᠣ᠋ ᠡᠯᠡᠰᠦ ᠶᠢ ᠪᠢᠳᠡᠭᠦᠮᠵᠢᠯᠡᠨ ᠣᠶᠢᠵᠢᠭᠤᠯᠵᠣ᠂ 0.1 ᠲᠦᠮᠡᠨ ᠮᠣ᠋ ᠭᠠᠵᠠᠷ ᠢ ᠬᠦᠮᠦᠨ ᠤ ᠬᠦᠴᠦ ᠪᠠᠷ ᠣᠶᠢᠵᠢᠭᠤᠯᠵᠣ᠂ 11.42 ᠲᠦᠮᠡᠨ ᠮᠣ᠋ ᠨᠣᠳᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠵᠦ᠂ 30 ᠲᠦᠮᠡᠨ ᠮᠣ᠋ ᠣᠢ ᠰᠢᠭᠤᠢ ᠡᠪᠡᠰᠦ ᠪᠡᠯᠴᠢᠭᠡᠷ ᠤᠨ ᠬᠦᠨᠦᠭᠡᠯᠳᠦ ᠠᠮᠢᠳᠣ ᠪᠣᠳᠠᠰ  ᠢ ᠰᠡᠷᠭᠡᠶᠢᠯᠡᠨ ᠵᠠᠰᠠᠵᠣ᠂ 15 ᠲᠦᠮᠡᠨ ᠣᠷᠳᠣᠳᠬᠠᠭᠰᠠᠨ ᠮᠧᠲᠷ ᠲᠠᠯᠠᠪᠠᠢ ᠶᠢ ᠬᠦᠷᠢᠶᠡᠯᠡᠨ ᠪᠢᠳᠡᠭᠦᠮᠵᠢᠯᠡᠨ᠎ᠡ᠃ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠳᠠ ᠶᠢ ᠯᠠᠪᠳᠠᠭᠤᠨ ᠪᠠᠳᠣᠳᠠᠢ ᠰᠠᠶᠢᠳᠣᠷ ᠬᠢᠵᠦ᠂ ᠲᠣᠭᠳᠠᠭᠰᠠᠨ ᠬᠤᠭᠤᠴᠠᠭᠠᠨ ᠳᠤ ᠪᠣᠬᠢᠷᠳᠣᠯ ᠦᠭᠡᠢ ᠠᠭᠤᠷᠬᠠᠢ ᠶᠢᠨ ᠪᠠᠷᠢᠮᠵᠢᠶᠠᠨ ᠳᠤ ᠬᠦᠷᠭᠡᠵᠦ ᠳᠠᠶᠢᠯᠦᠭᠰᠡᠨ ᠦᠭᠡᠢ ᠠᠵᠣ ᠠᠬᠤᠶᠢᠯᠠᠯ ᠢ ᠬᠠᠣᠯᠢ ᠶᠣᠰᠣᠭᠠᠷ ᠡᠭᠦᠳᠡ ᠶᠢ ᠨᠢ ᠬᠠᠭᠠᠯᠭᠠᠨ᠎ᠠ᠃ ᠠᠭᠤᠷᠬᠠᠢ ᠶᠢᠨ ᠭᠠᠵᠠᠷ ᠰᠢᠷᠣᠢ  ᠶᠢᠨ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ  ᠵᠠᠰᠠᠨ ᠴᠡᠭᠴᠡᠯᠡᠬᠦ ᠠᠵᠢᠯ ᠢ ᠦᠷᠭᠦᠯᠵᠢᠯᠡᠨ ᠬᠦᠨᠵᠡᠭᠡᠶᠢᠷᠡᠭᠦᠯᠵᠦ᠂ ᠬᠠᠣᠯᠢ ᠪᠣᠰᠣ ᠪᠠᠷ ᠮᠠᠯᠳᠠᠬᠤ᠂ ᠲᠣᠭᠳᠠᠭᠠᠯ ᠠᠴᠠ ᠵᠦᠷᠢᠴᠡᠨ ᠭᠠᠵᠠᠷ ᠬᠡᠷᠡᠭᠯᠡᠬᠦ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ ᠵᠠᠰᠠᠯᠳᠠ ᠶᠢᠨ ᠦᠷ᠎ᠡ ᠪᠦᠲᠦᠮᠵᠢ ᠶᠢ ᠣᠯᠠᠮ ᠨᠢᠭᠡ ᠠᠯᠬᠤᠮ ᠪᠠᠬᠢᠵᠢᠭᠦᠯᠦᠨ᠎ᠡ᠃ ᠡᠭᠦᠨ ᠤ ᠬᠠᠮᠳᠣ᠂ ᠠᠭᠤᠷᠬᠠᠢ ᠶᠢᠨ ᠦᠢᠯᠡᠰ ᠤᠨ ᠡᠷᠭᠡ ᠶᠢ ᠨᠡᠶᠢᠯᠡᠭᠦᠯᠬᠦ ᠬᠦᠴᠦᠨ ᠢᠶᠠᠨ ᠨᠡᠮᠡᠭᠳᠡᠭᠦᠯᠵᠦ᠂ ᠭᠠᠵᠠᠷ ᠬᠡᠷᠡᠭᠯᠡᠬᠦ ᠭᠠᠷ ᠭᠦᠢᠴᠡᠳᠭᠡᠯ ᠢ ᠲᠦᠷᠭᠡᠳᠭᠡᠵᠦ᠂ ᠭᠠᠵᠠᠷ ᠰᠢᠷᠣᠢ ᠠᠭᠤᠷᠬᠠᠢ ᠶᠢᠨ ᠭᠠᠷᠣᠯᠳᠠ ᠶᠢᠨ ᠡᠬᠢ ᠪᠠᠶᠠᠯᠢᠭ ᠢ ᠦᠨᠳᠦᠷ ᠦᠷ᠎ᠡ ᠪᠦᠲᠦᠮᠵᠢᠳᠠᠢ ᠪᠠᠷ ᠠᠰᠢᠭᠯᠠᠬᠤ ᠶᠢ ᠠᠬᠢᠭᠤᠯᠣᠨ᠎ᠠ᠃ ᠪᠣᠬᠢᠷᠳᠣᠯ  ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢᠨ ᠠᠵᠢᠯ ᠢ ᠰᠠᠶᠢᠳᠣᠷ ᠬᠢᠨ᠎ᠡ᠃ ᠠᠭᠠᠷ ᠮᠠᠨᠳᠠᠯ ᠤᠨ ᠪᠣᠬᠢᠷᠳᠣᠯ ᠢ ᠶᠡᠷᠦᠩᠭᠡᠶᠢᠯᠡᠨ ᠵᠠᠰᠠᠬᠤ ᠪᠠ ᠬᠤᠯᠪᠣᠭᠠᠯᠠᠨ ᠰᠡᠷᠬᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠵᠣ᠂ ᠭᠤᠣᠯ ᠪᠣᠯᠬᠤ ᠪᠣᠬᠢᠷᠳᠣᠯ ᠪᠣᠳᠠᠰ ᠤᠨ ᠭᠠᠳᠠᠭᠰᠢᠯᠠᠭᠤᠯᠣᠯᠳᠠ ᠶᠢ ᠪᠠᠷᠢᠮᠵᠢᠶᠠᠨ ᠳᠤ ᠬᠦᠷᠭᠡᠬᠦ᠂ ᠠᠭᠠᠷ ᠤᠨ ᠶᠠᠰᠣ ᠴᠢᠨᠠᠷ ᠢ ᠰᠢᠯᠢᠳᠡᠭ ᠰᠠᠶᠢᠨ ᠪᠣᠯᠭᠠᠬᠤ ᠶᠢ ᠪᠠᠳᠣᠯᠠᠨ᠎ᠠ᠃ ᠭᠤᠣᠯ ᠮᠦᠷᠡᠨ ᠨᠠᠭᠤᠷ ᠴᠦᠭᠦᠷᠦᠮ ᠤᠨ ᠳᠠᠷᠤᠭ᠎ᠠ ᠶᠢᠨ ᠲᠦᠷᠢᠮ ᠢ ᠦᠷᠭᠦᠯᠵᠢᠯᠡᠨ ᠬᠦᠨᠵᠡᠭᠡᠶᠢᠷᠡᠭᠦᠯᠵᠦ᠂ ᠣᠰᠣᠨ ᠤ ᠡᠭᠢ ᠪᠠᠶᠠᠯᠢᠭ᠂ ᠣᠰᠣᠨ ᠤ ᠣᠷᠴᠢᠨ ᠲᠣᠭᠤᠷᠢᠨ᠂ ᠣᠰᠣᠨ ᠤ ᠠᠮᠢ ᠠᠬᠤᠢ ᠶᠢᠨ ᠵᠠᠰᠠᠯᠳᠠ ᠶᠢ ᠨᠢᠭᠡᠳᠦᠯᠳᠠᠢ ᠲᠦᠯᠦᠪᠯᠡᠨ᠎ᠡ᠃ ᠪᠣᠬᠢᠷᠳᠣᠯ ᠭᠠᠳᠠᠭᠰᠢᠯᠠᠭᠤᠯᠬᠤ ᠭᠤᠣᠯᠳᠠᠯᠭ᠎ᠠ ᠲᠠᠢ ᠨᠢᠭᠡᠴᠡ ᠶᠢᠨ ᠰᠦᠯᠵᠢᠶᠡᠨ ᠳᠡᠭᠡᠷᠡᠬᠢ ᠬᠢᠨᠠᠨ ᠬᠡᠮᠵᠢᠵᠦ ᠬᠢᠨᠠᠨ ᠡᠵᠡᠮᠳᠡᠬᠦ ᠰᠢᠰᠲ᠋ᠧᠮ ᠤᠨ ᠪᠠᠶᠢᠭᠤᠯᠣᠯᠳᠠ ᠶᠢᠨ ᠠᠵᠢᠯ  ᠢ ᠣᠯᠠᠮ ᠨᠢᠭᠡ ᠠᠯᠬᠤᠮ ᠪᠠᠳᠣᠳᠬᠠᠵᠣ᠂ ᠣᠷᠣᠭᠤᠯᠬᠤ ᠵᠣᠬᠢᠰᠳᠠᠢ ᠶᠢ ᠨᠢ ᠪᠦᠬᠦᠨ ᠢ ᠣᠷᠣᠭᠤᠯᠵᠣ᠂ ᠬᠠᠷᠢᠶᠠᠳᠣ ᠣᠷᠣᠨ ᠤ ᠪᠣᠬᠢᠷᠳᠣᠯ ᠭᠠᠳᠠᠭᠰᠢᠯᠠᠭᠤᠯᠬᠤ ᠭᠤᠣᠯᠳᠠᠯᠭ᠎ᠠ ᠲᠠᠢ ᠨᠢᠭᠡᠴᠡ ᠶᠢᠨ ᠵᠢᠯ ᠤᠨ ᠲᠣᠳᠣᠷ᠎ᠠ ᠰᠦᠯᠵᠢᠶᠡᠨ ᠳᠡᠭᠡᠷᠡᠬᠢ ᠬᠢᠨᠠᠨ ᠬᠡᠮᠵᠢᠵᠦ ᠬᠢᠨᠠᠨ ᠡᠵᠡᠮᠳᠡᠬᠦ ᠰᠢᠰᠲ᠋ᠧᠮ ᠢ ᠴᠦᠮ ᠣᠭᠰᠠᠷᠠᠬᠤ ᠶᠢ ᠪᠡᠶᠡᠯᠡᠭᠦᠯᠦᠨ᠎ᠡ᠃ 2023 — 2024 ᠣᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠣᠷᠠᠯ ᠤᠨ ᠪᠣᠬᠢᠷ ᠣᠰᠣ ᠶᠢ ᠵᠠᠰᠠᠬᠤ ᠲᠦᠷᠦᠯ ᠵᠦᠢᠯ ᠢ ᠢᠳᠡᠪᠬᠢᠳᠠᠢ ᠭᠤᠶᠣᠴᠢᠯᠠᠨ ᠮᠡᠳᠡᠭᠦᠯᠵᠦ᠂ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠵᠣ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠳᠤ ᠬᠦᠴᠦᠨ ᠨᠡᠮᠡᠷᠢᠯᠡᠨ᠎ᠡ᠃ ᠬᠠᠳᠠᠭᠤ ᠪᠡᠶᠡᠳᠦ ᠬᠠᠶᠠᠭᠳᠠᠮᠠᠯ ᠪᠣᠳᠠᠰ  ᠤᠨ ᠪᠣᠬᠢᠷᠳᠣᠯ ᠢ ᠰᠡᠷᠬᠡᠶᠢᠯᠡᠨ ᠵᠠᠰᠠᠬᠤ ᠠᠵᠢᠯ ᠢ ᠣᠯᠠᠮ ᠨᠢᠭᠡ ᠠᠯᠬᠤᠮ ᠴᠢᠩᠭᠠᠳᠬᠠᠵᠣ᠂ ᠳᠠᠭᠠᠭᠠᠮᠠᠭᠠᠢ ᠴᠢᠨᠠᠷᠳᠠᠢ ᠣᠷᠭᠠᠨᠢᠭ ᠪᠣᠬᠢᠷᠳᠣᠯ ᠪᠣᠳᠠᠰ᠂ ᠠᠶᠣᠯᠳᠠᠢ ᠬᠠᠶᠠᠭᠳᠠᠮᠠᠯ ᠪᠣᠳᠠᠰ ᠵᠡᠷᠭᠡ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠬᠦ ᠠᠵᠢᠯ ᠪᠣᠯᠣᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠣᠯᠳᠠ ᠶᠢᠨ ᠠᠵᠢᠯ ᠤᠨ ᠲᠣᠭᠳᠠᠴᠠ ᠶᠢ ᠲᠡᠭᠦᠯᠳᠡᠷᠵᠢᠭᠦᠯᠵᠦ᠂ ᠠᠶᠣᠯᠳᠠᠢ ᠬᠠᠶᠠᠭᠳᠠᠮᠠᠯ  ᠪᠣᠳᠠᠰ ᠢ ᠬᠠᠳᠠᠭᠠᠯᠠᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠠᠮᠣᠷ ᠲᠦᠪᠰᠢᠨ ᠢ ᠪᠠᠳᠣᠯᠠᠨ᠎ᠠ᠃ ᠲᠦᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠬᠤᠶᠠᠳᠣᠭᠠᠷ ᠡᠭᠡᠯᠵᠢ ᠶᠢᠨ ᠱᠠᠭᠠᠷᠳᠠᠨ ᠪᠠᠶᠢᠴᠠᠭᠠᠯᠳᠠ ᠶᠢᠨ ᠬᠠᠷᠢᠭᠤ ᠲᠣᠰᠬᠠᠭᠰᠠᠨ ᠠᠰᠠᠭᠤᠳᠠᠯ ᠢ ᠵᠠᠰᠠᠨ ᠰᠠᠶᠢᠵᠢᠷᠠᠭᠤᠯᠬᠤ ᠶᠢ ᠲᠦᠷᠭᠡᠨ ᠠᠬᠢᠭᠤᠯᠵᠣ᠂ ︽ᠣᠷᠴᠢᠨ ᠲᠣᠭᠤᠷᠢᠨ ᠤ ᠬᠠᠮᠠᠭᠠᠯᠠᠯᠳᠠ ᠶᠢᠨ ᠬᠠᠮᠢᠶᠠᠷᠣᠭᠴᠢ︾ ᠶᠢᠨ ᠲᠣᠷᠰᠢᠯᠳᠠ ᠶᠢᠨ ᠴᠡᠭ ᠤᠨ ᠦᠢᠯᠡᠴᠢᠯᠡᠭᠡ ᠶᠢ ᠦᠷᠭᠦᠯᠵᠢᠯᠡᠨ ᠠᠬᠢᠭᠤᠯᠵᠣ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠢᠶᠠᠷᠣᠯᠳᠠ  ᠶᠢᠨ ᠨᠠᠷᠢᠯᠢᠭᠵᠢᠭᠰᠠᠨ᠂ ᠰᠢᠨᠵᠢᠯᠡᠬᠦ ᠣᠬᠠᠭᠠᠨᠴᠢᠯᠠᠭᠰᠠᠨ᠂ ᠰᠢᠰᠲ᠋ᠧᠮᠴᠢᠯᠡᠭᠰᠡᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃      ︵ᠳᠦᠷᠪᠡ︶ ᠬᠤᠳᠠ ᠬᠦᠳᠡᠭᠡ ᠶᠢᠨ ᠣᠷᠣᠨ ᠲᠣᠭᠤᠷᠢᠭ ᠢ ᠵᠣᠬᠢᠴᠠᠭᠤᠯᠣᠨ ᠬᠦᠭᠵᠢᠭᠦᠯᠬᠦ ᠶᠢ ᠨᠢᠭᠡᠳᠦᠯᠳᠠᠢ ᠲᠦᠯᠦᠪᠯᠡᠵᠦ᠂ ᠬᠤᠳᠠ ᠬᠦᠳᠡᠭᠡ ᠶᠢᠨ ᠬᠦᠭᠵᠢᠯᠳᠡ ᠶᠢᠨ ᠣᠳᠣᠬᠢᠴᠢᠯᠠᠭᠰᠠᠨ ᠰᠢᠨ᠎ᠡ ᠪᠠᠶᠢᠳᠠᠯ ᠢ ᠡᠭᠦᠳᠦᠨ᠎ᠡ᠃ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠣᠨ᠎ᠠ᠃ ᠬᠢᠨᠠᠨ ᠲᠦᠰᠦᠭᠡᠯᠡᠵᠦ ᠬᠠᠪᠰᠣᠷᠣᠨ ᠳᠡᠳᠭᠦᠬᠦ ᠲᠦᠷᠢᠮ ᠢ ᠲᠡᠭᠦᠯᠳᠡᠷᠵᠢᠭᠦᠯᠬᠦ ᠳᠡᠭᠡᠷ᠎ᠡ ᠬᠦᠴᠦ ᠲᠠᠯᠪᠢᠵᠣ᠂ ᠲᠠᠬᠢᠨ ᠶᠠᠳᠠᠭᠤᠷᠠᠬᠤ ᠶᠢ ᠬᠢᠨᠠᠨ ᠲᠦᠰᠦᠭᠡᠯᠡᠬᠦ ᠠᠵᠢᠯ ᠪᠠ ᠬᠠᠪᠰᠣᠷᠣᠨ ᠳᠡᠳᠭᠦᠬᠦ ᠶᠢ ᠲᠦᠪᠯᠡᠷᠡᠭᠦᠯᠦᠨ ᠪᠠᠶᠢᠴᠠᠭᠠᠬᠤ ᠠᠵᠢᠯ  ᠢ ᠪᠠᠶᠢᠩᠭᠤ ᠦᠷᠨᠢᠭᠦᠯᠵᠦ᠂ ᠲᠠᠬᠢᠨ ᠶᠠᠳᠠᠭᠤᠷᠠᠵᠣ ᠮᠡᠳᠡᠬᠦ ᠪᠠ ᠬᠡᠨᠡᠳᠳᠡ ᠡᠭᠦᠰᠦᠭᠰᠡᠨ ᠬᠦᠨᠳᠦ ᠭᠡᠴᠡᠭᠦᠦ ᠬᠦᠴᠢᠷᠳᠡᠯ  ᠳᠤ ᠲᠣᠯᠭᠠᠷᠠᠭᠰᠠᠨ ᠮᠠᠯᠵᠢᠬᠤ ᠲᠠᠷᠢᠶᠠᠯᠠᠬᠤ ᠡᠷᠦᠭᠡ ᠳᠤ᠂ ᠴᠠᠭ ᠲᠣᠬᠠᠢ ᠳᠤᠨᠢ ᠬᠠᠨᠳᠣᠯᠭᠠᠳᠣ ᠴᠢᠨᠠᠷ ᠢᠶᠠᠷ ᠴᠢᠩᠭ᠎ᠠ᠂ ᠦᠢᠯᠡᠳᠦᠯ ᠨᠢ ᠲᠦᠷᠭᠡᠨ᠂ ᠣᠷᠳᠣ ᠣᠳᠠᠭᠠᠨ ᠪᠠᠶᠢᠵᠣ ᠲᠡᠶᠢᠯᠬᠦ ᠬᠠᠪᠰᠣᠷᠣᠨ ᠳᠡᠳᠭᠦᠬᠦ ᠲᠦᠯᠦᠪᠯᠡᠭᠡ ᠶᠢ ᠲᠣᠭᠳᠠᠭᠠᠵᠣ᠂ ᠣᠷᠣᠭᠤᠯᠬᠤ ᠵᠣᠬᠢᠰᠳᠠᠢ ᠶᠢ ᠨᠢ ᠪᠦᠬᠦᠨ ᠢ ᠣᠷᠣᠭᠤᠯᠵᠣ᠂ ᠬᠠᠪᠰᠣᠷᠬᠤ ᠵᠣᠬᠢᠰᠳᠠᠢ ᠶᠢ ᠨᠢ ᠪᠦᠬᠦᠨ  ᠢ ᠬᠠᠪᠰᠣᠷᠴᠣ᠂ ᠶᠡᠭᠡ ᠬᠡᠪᠴᠢᠶ᠎ᠡ ᠪᠠᠷ ᠲᠠᠬᠢᠨ ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠬᠤᠷᠢᠭ᠎ᠠ ᠱᠣᠭᠤᠮ  ᠢ ᠪᠠᠳᠣ ᠰᠠᠬᠢᠨ᠎ᠠ᠃ ᠶᠠᠳᠠᠭᠤ ᠠᠴᠠ ᠠᠩᠭᠢᠵᠢᠷᠠᠭᠰᠠᠨ ᠬᠦᠮᠦᠨ ᠠᠮᠠ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ ᠳᠡᠭᠡᠷ᠎ᠡ ᠬᠦᠴᠦ ᠲᠠᠯᠪᠢᠵᠣ᠂ ᠬᠠᠪᠰᠣᠷᠣᠨ ᠳᠡᠳᠭᠦᠬᠦ ᠲᠦᠷᠦ ᠶᠢᠨ ᠪᠣᠳᠣᠯᠭ᠎ᠠ ᠶᠡᠷᠦᠩᠭᠡᠢ ᠳᠡᠭᠡᠨ ᠲᠣᠭᠳᠠᠭᠤᠨ ᠪᠠᠶᠢᠬᠤ ᠶᠢ ᠪᠠᠳᠣᠯᠠᠵᠣ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭ᠎ᠠ ᠦᠷᠭᠦᠯᠵᠢᠯᠡᠨ ᠳᠡᠳᠭᠦᠬᠦ ᠠᠵᠢᠯ ᠢ ᠰᠠᠶᠢᠳᠣᠷ ᠬᠢᠵᠦ᠂ ᠶᠠᠳᠠᠭᠤ ᠠᠴᠠ ᠠᠩᠭᠢᠵᠢᠷᠠᠭᠰᠠᠨ ᠬᠦᠮᠦᠨ ᠠᠮᠠ ᠶᠢᠨ ᠠᠵᠢᠯ  ᠤᠨ ᠪᠠᠶᠢᠷᠢ ᠶᠢ ᠲᠣᠭᠳᠠᠪᠣᠷᠢᠵᠢᠭᠤᠯᠣᠨ ᠠᠵᠢᠯ ᠣᠯᠭᠤᠬᠤ ᠶᠢ ᠢᠳᠡᠪᠬᠢᠳᠠᠢ ᠠᠬᠢᠭᠤᠯᠵᠣ᠂ ᠪᠡᠭᠡᠵᠢᠩ ᠦᠪᠦᠷ ᠮᠣᠩᠭᠤᠯ ᠤᠨ ᠬᠠᠪᠰᠣᠷᠣᠨ ᠳᠡᠳᠭᠦᠬᠦ ᠬᠠᠮᠵᠢᠯᠴᠠᠭ᠎ᠠ ᠪᠠ ᠳᠣᠮᠳᠠᠳᠣ ᠣᠯᠣᠰ ᠤᠨ ᠠᠭᠠᠷ ᠠᠶᠠᠯᠠᠯ ᠤᠨ ᠴᠡᠭ ᠲᠣᠭᠳᠠᠭᠠᠨ ᠬᠠᠪᠰᠣᠷᠣᠨ ᠳᠡᠳᠭᠦᠬᠦ ᠠᠵᠢᠯ ᠢ ᠬᠦᠨᠵᠡᠭᠡᠶᠢᠷᠡᠭᠦᠯᠵᠦ᠂ ᠬᠤᠶᠠᠷ ᠭᠠᠵᠠᠷ ᠤᠨ ᠬᠠᠮᠵᠢᠯᠴᠠᠨ ᠬᠠᠪᠰᠣᠷᠣᠨ ᠳᠡᠳᠭᠦᠬᠦ ᠲᠣᠭᠳᠠᠴᠠ ᠶᠢ ᠲᠠᠰᠣᠷᠠᠯᠳᠠ ᠦᠭᠡᠢ ᠰᠢᠯᠢᠳᠡᠭᠵᠢᠭᠦᠯᠵᠦ᠂ ᠬᠠᠮᠵᠢᠯᠴᠠᠨ ᠬᠠᠪᠰᠣᠷᠣᠨ ᠳᠡᠳᠭᠦᠬᠦ ᠬᠦᠷᠢᠶ᠎ᠡ ᠴᠠᠷ᠎ᠠ ᠶᠢ ᠦᠷᠭᠡᠳᠭᠡᠨ᠂ ᠬᠠᠮᠵᠢᠯᠴᠠᠭ᠎ᠠ ᠶᠢ ᠲᠠᠰᠣᠷᠠᠯᠳᠠ ᠦᠭᠡᠢ ᠨᠡᠩ ᠬᠦᠨ ᠳᠡᠰ ᠳᠠᠪᠬᠤᠷᠭ᠎ᠠ᠂ ᠨᠡᠩ ᠦᠷᠭᠡᠨ ᠬᠦᠷᠢᠶ᠎ᠡ ᠬᠡᠪᠴᠢᠶ᠎ᠡ ᠳᠡᠰᠢ ᠬᠦᠭᠵᠢᠭᠦᠯᠬᠦ ᠶᠢ ᠠᠬᠢᠭᠤᠯᠣᠨ᠎ᠠ᠃ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ  ᠲᠠᠢ ᠵᠣᠯᠭᠠᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢ ᠨᠢᠭᠡᠳᠦᠯᠳᠠᠢ ᠲᠦᠯᠦᠪᠯᠡᠨ ᠠᠬᠢᠭᠤᠯᠵᠣ᠂ ᠵᠢᠯ ᠤᠨ ᠲᠣᠳᠣᠷ᠎ᠠ ᠡᠯ᠎ᠡ ᠱᠠᠳᠣᠨ ᠤ ᠡᠯ᠎ᠡ ᠲᠦᠷᠦᠯ ᠤᠨ ᠵᠣᠯᠭᠠᠭᠤᠯᠣᠨ ᠬᠠᠪᠰᠣᠷᠣᠨ ᠳᠡᠳᠭᠦᠬᠦ ᠪᠡᠯᠡ ᠮᠦᠩᠭᠦ ᠶᠢ 1.4 ᠳ᠋ᠦᠩᠰᠢᠭᠤᠷ ᠲᠦᠭᠦᠷᠢᠭ ᠣᠷᠣᠭᠤᠯᠬᠤ ᠪᠠᠷ ᠲᠦᠯᠦᠪᠯᠡᠵᠦ᠂ ᠠᠵᠣ ᠦᠢᠯᠡᠰ ᠤᠨ ᠬᠦᠭᠵᠢᠯᠳᠡ᠂ ᠰᠠᠭᠤᠷᠢ ᠲᠦᠬᠦᠭᠡᠷᠦᠮᠵᠢ ᠵᠡᠷᠭᠡ ᠬᠦᠷᠢᠶ᠎ᠡ ᠴᠠᠷ᠎ᠠ ᠶᠢᠨ 42 ᠲᠦᠷᠦᠯ ᠵᠦᠢᠯ ᠢ ᠬᠡᠷᠡᠭᠵᠢᠭᠦᠯᠦᠨ᠎ᠡ᠃ ᠶᠠᠳᠠᠭᠤ ᠶᠢ ᠳᠡᠳᠬᠦᠬᠦ ᠲᠦᠷᠦᠯ ᠵᠦᠢᠯ᠂ ᠪᠡᠯᠡ ᠮᠦᠩᠭᠦ᠂ ᠡᠳ᠋ ᠬᠦᠷᠦᠩᠭᠡ ᠶᠢᠨ ︽ᠭᠤᠷᠪᠠᠨ ᠳᠡᠪᠳᠡᠷ ᠳᠠᠩᠰᠠ︾ ᠶᠢ ᠪᠠᠶᠢᠭᠤᠯᠣᠨ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ 3 ᠳ᠋ᠣᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠦᠨᠳᠡᠯᠡᠨ ᠤ ᠡᠳᠡᠭᠡᠳ ᠢ ᠣᠷᠢᠵᠣ ᠶᠠᠳᠠᠭᠤ ᠶᠢ ᠳᠡᠳᠭᠦᠬᠦ ᠪᠡᠯᠡ ᠮᠦᠩᠭᠦ᠂ ᠡᠳ᠋ ᠬᠦᠷᠦᠩᠭᠡ ᠪᠠ ᠲᠦᠷᠦᠯ ᠵᠦᠢᠯ ᠤᠨ ᠡᠷᠬᠢᠯᠳᠡ  ᠶᠢᠨ ᠪᠠᠶᠢᠳᠠᠯ ᠤᠨ ︽ᠲᠠᠬᠢᠨ ᠪᠠᠶᠢᠴᠠᠭᠠᠯᠳᠠ︾ ᠶᠢᠨ ᠲᠣᠰᠬᠠᠢ ᠲᠦᠷᠦᠯ ᠤᠨ ᠦᠷ᠎ᠡ ᠪᠦᠲᠦᠮᠵᠢ ᠶᠢᠨ ᠦᠨᠡᠯᠡᠯᠳᠡ ᠪᠠ ᠡᠳ᠋ ᠬᠦᠷᠦᠩᠭᠡ ᠶᠢ ᠪᠠᠶᠢᠴᠠᠭᠠᠨ ᠬᠠᠷᠭᠤᠭᠤᠯᠬᠤ ᠠᠵᠢᠯ ᠢ ᠲᠦᠪᠯᠡᠷᠡᠭᠦᠯᠦᠨ ᠦᠷᠨᠢᠭᠦᠯᠵᠦ᠂ ᠶᠠᠳᠠᠭᠤ ᠶᠢ ᠳᠡᠳᠭᠦᠬᠦ ᠡᠳ᠋ ᠬᠦᠷᠦᠩᠭᠡ ᠶᠢᠨ ᠲᠦᠷᠦᠯ ᠵᠦᠢᠯ ᠤᠨ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠬᠤ᠂ ᠶᠠᠳᠠᠭᠤ ᠶᠢ ᠳᠡᠳᠭᠦᠬᠦ ᠪᠡᠯᠡ ᠮᠦᠩᠭᠦ ᠶᠢ ᠠᠮᠣᠷ ᠲᠦᠪᠰᠢᠨ ᠦᠨᠳᠦᠷ ᠪᠦᠲᠦᠮᠵᠢᠳᠠᠢ ᠠᠰᠢᠭᠯᠠᠬᠤ ᠶᠢ ᠪᠠᠳᠣᠯᠠᠨ᠎ᠠ᠃ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠣᠯ ᠴᠣᠭᠴᠠ ᠬᠢᠬᠡᠳ ᠮᠠᠯᠵᠢᠬᠤ ᠲᠠᠷᠢᠶᠠᠯᠠᠬᠤ ᠡᠷᠦᠭᠡ ᠶᠢᠨ ᠠᠰᠢᠭ ᠲᠣᠰᠠ ᠶᠢᠨ ᠬᠤᠯᠪᠣᠭᠠᠳᠣ ᠲᠣᠭᠳᠠᠴᠠ ᠶᠢ ᠪᠠᠶᠢᠭᠤᠯᠣᠨ ᠲᠡᠭᠦᠯᠳᠡᠷᠵᠢᠭᠦᠯᠵᠦ᠂ ︽ᠨᠢᠭᠡ ᠪᠦᠯᠦᠭ ᠢ ᠬᠦᠭᠵᠢᠭᠦᠯᠵᠦ᠂ ᠨᠢᠭᠡ ᠪᠦᠯᠦᠭ ᠢ ᠵᠢᠷᠣᠮᠵᠢᠭᠤᠯᠵᠣ᠂ ᠨᠢᠭᠡ ᠪᠦᠯᠦᠭ ᠢ ᠴᠡᠭᠴᠡᠯᠡᠬᠦ︾ ᠵᠠᠷᠴᠢᠮ ᠶᠣᠰᠣᠭᠠᠷ᠂ ︽ᠬᠤᠭᠤᠰᠣᠨ ᠬᠤᠷᠰᠢᠶᠠᠵᠢᠯ︾ ᠢ ᠬᠦᠴᠦ ᠲᠠᠯᠪᠢᠨ ᠲᠦᠷᠢᠮᠵᠢᠭᠦᠯᠦᠨ ᠵᠠᠰᠠᠨ ᠴᠡᠭᠴᠡᠯᠡᠵᠦ᠂ ᠵᠢᠯ ᠤᠨ ᠲᠣᠳᠣᠷ᠎ᠠ ᠶᠠᠳᠠᠭᠤ ᠠᠴᠠ ᠠᠩᠭᠢᠵᠢᠷᠠᠭᠰᠠᠨ ᠡᠷᠦᠭᠡ ᠪᠦᠬᠦᠨ ᠢ ᠬᠤᠷᠰᠢᠶᠠᠵᠢᠯ ᠳᠤ ᠣᠷᠣᠭᠤᠯᠵᠣ ᠬᠤᠷᠰᠢᠨ ᠡᠵᠡᠩᠨᠡᠬᠦ ᠳᠤ ᠣᠷᠣᠯᠴᠠᠭᠤᠯᠵᠣ᠂ ᠬᠠᠮᠳᠣ ᠶᠢᠨ ᠡᠵᠡᠩᠨᠡᠯᠳᠡ ᠶᠢᠨ ᠬᠤᠷᠰᠢᠭᠰᠠᠨ ᠵᠣᠬᠢᠶᠠᠨ ᠪᠠᠶᠢᠭᠤᠯᠣᠯᠳᠠ ᠶᠢᠨ ᠣᠶᠢᠯᠡᠴᠢᠯᠠᠵᠣ ᠳᠠᠶᠢᠴᠢᠯᠠᠬᠤ ᠴᠢᠳᠠᠪᠣᠷᠢ ᠶᠢ ᠦᠨᠡᠨᠬᠦ ᠳᠡᠭᠡᠭᠰᠢᠯᠡᠭᠦᠯᠦᠨ᠎ᠡ᠃ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠣᠯ ᠴᠣᠭᠴᠠ ᠶᠢ ᠢᠳᠡᠪᠬᠢᠳᠠᠢ ᠪᠣᠶᠢᠵᠢᠭᠤᠯᠣᠨ ᠪᠣᠵᠠᠭᠠᠶᠢᠷᠠᠭᠤᠯᠵᠣ᠂ ᠵᠢᠯ ᠤᠨ ᠲᠣᠳᠣᠷ᠎ᠠ ᠠᠶᠢᠮᠠᠭ ᠤᠨ ᠳᠡᠰ ᠤᠨ ᠵᠢᠱᠢᠶ᠎ᠡ ᠦᠵᠡᠭᠦᠯᠬᠦ ᠬᠤᠷᠰᠢᠶᠠᠵᠢᠯ 2᠂ ᠠᠶᠢᠮᠠᠭ  ᠤᠨ ᠳᠡᠰ ᠤᠨ ᠲᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰᠵᠢᠭᠰᠡᠨ ᠵᠢᠱᠢᠶ᠎ᠡ ᠦᠵᠡᠭᠦᠯᠬᠦ ᠬᠤᠯᠪᠣᠭᠠᠳᠣ ᠴᠣᠭᠴᠠ 1 ᠶᠢ ᠪᠣᠶᠢᠵᠢᠭᠤᠯᠵᠣ᠂ ᠵᠢᠱᠢᠶ᠎ᠡ ᠦᠵᠡᠭᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠢ 40 ᠶᠢ ᠰᠢᠨ᠎ᠡ ᠪᠠᠷ ᠨᠡᠮᠡᠭᠳᠡᠭᠦᠯᠦᠨ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠢᠶᠠᠨ ᠨᠡᠮᠡᠭᠳᠡᠭᠦᠯᠦᠨ ᠣᠷᠣᠯᠭ᠎ᠠ ᠪᠠᠨ ᠨᠡᠮᠡᠭᠳᠡᠭᠦᠯᠬᠦ ᠶᠢ ᠦᠷᠭᠦᠯᠵᠢᠯᠡᠨ ᠬᠦᠳᠦᠯᠦᠨ ᠳᠠᠭᠠᠭᠤᠯᠣᠨ᠎ᠠ᠃ ᠵᠢᠱᠢᠶ᠎ᠡ ᠦᠵᠡᠭᠦᠯᠦᠨ ᠬᠦᠳᠦᠯᠦᠨ ᠳᠠᠭᠠᠭᠤᠯᠬᠤ ᠳᠡᠭᠡᠷ᠎ᠡ ᠬᠦᠴᠦ ᠲᠠᠯᠪᠢᠵᠣ᠂ ᠣᠯᠣᠰ ᠤᠨ ᠳᠡᠰ ᠤᠨ 2᠂ ᠠᠶᠢᠮᠠᠭ ᠤᠨ ᠳᠡᠰ ᠤᠨ 3 ᠵᠢᠱᠢᠶ᠎ᠡ ᠦᠵᠡᠭᠦᠯᠬᠦ ᠭᠠᠴᠠᠭ᠎ᠠ ᠪᠠᠷ ᠣᠳᠣᠷᠢᠳᠣᠮᠵᠢ ᠪᠣᠯᠭᠠᠵᠣ᠂ ᠬᠦᠴᠦᠨ ᠢᠶᠠᠨ ᠲᠦᠪᠯᠡᠷᠡᠭᠦᠯᠦᠨ ᠲᠣᠳᠠᠭᠤᠳᠠᠯ ᠢᠶᠠᠨ ᠨᠦᠬᠦᠪᠦᠷᠢᠯᠡᠨ ᠬᠦᠭᠵᠢᠯᠳᠡ ᠶᠢ ᠠᠬᠢᠭᠤᠯᠬᠤ ᠨᠢᠭᠡ ᠪᠦᠯᠦᠭ ᠲᠦᠷᠦᠯ ᠵᠦᠢᠯ ᠢ ᠬᠡᠷᠡᠭᠵᠢᠭᠦᠯᠵᠦ᠂ ︽ᠴᠡᠭ ᠢᠶᠠᠷ ᠵᠢᠱᠢᠶ᠎ᠡ ᠦᠵᠡᠭᠦᠯᠬᠦ︾ ᠠᠴᠠ ︽ᠪᠦᠬᠦ ᠲᠠᠯ᠎ᠠ ᠪᠠᠷ ᠲᠦᠭᠡᠮᠡᠯᠵᠢᠭᠦᠯᠬᠦ︾ ᠳᠡᠰᠢ ᠠᠯᠬᠤᠮ ᠠᠯᠬᠤᠮ ᠢᠶᠠᠷ ᠠᠬᠢᠭᠤᠯᠵᠣ᠂ ᠭᠠᠴᠠᠭ᠎ᠠ ᠲᠣᠰᠬᠤᠨ ᠤ ᠦᠪᠡᠷ  ᠢ ᠪᠠᠨ ᠬᠦᠭᠵᠢᠭᠦᠯᠬᠦ ᠴᠢᠳᠠᠪᠣᠷᠢ ᠶᠢ ᠨᠢ ᠦᠨᠡᠨᠬᠦ ᠨᠡᠮᠡᠭᠳᠡᠭᠦᠯᠦᠨ᠎ᠡ᠃ ᠬᠦᠳᠡᠭᠡ ᠲᠣᠰᠬᠤᠨ ᠢ ᠵᠠᠰᠠᠨ ᠴᠡᠭᠴᠡᠯᠡᠬᠦ ᠳᠡᠭᠡᠷ᠎ᠡ ᠬᠦᠴᠦ ᠲᠠᠯᠪᠢᠵᠣ᠂ ︽ᠬᠦᠳᠡᠭᠡ ᠲᠣᠰᠬᠤᠨ ᠤ ᠣᠷᠣᠰᠢᠨ ᠲᠣᠭᠳᠠᠨᠢᠬᠤ ᠣᠷᠴᠢᠨ ᠨᠦᠬᠦᠴᠡᠯ ᠢ ᠵᠠᠰᠠᠨ ᠴᠡᠭᠴᠡᠯᠡᠵᠦ ᠳᠡᠭᠡᠭᠰᠢᠯᠡᠭᠦᠯᠬᠦ ᠲᠠᠪᠣᠨ ᠵᠢᠯ ᠤᠨ ᠠᠵᠢᠯᠯᠠᠭ᠎ᠠ ᠶᠢᠨ ᠲᠦᠰᠦᠯ ︵2021—2025 ᠣᠨ︶︾  ᠢᠶᠠᠷ ᠵᠢᠯᠣᠭᠤᠳᠣᠯᠭ᠎ᠠ ᠪᠣᠯᠭᠠᠵᠣ᠂ ᠪᠠᠶᠢᠭᠤᠯᠬᠤ᠂ ᠬᠠᠮᠢᠶᠠᠷᠬᠤ᠂ ᠬᠡᠷᠡᠭᠯᠡᠬᠦ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠵᠣ᠂ ᠠᠮᠢᠳᠣᠷᠠᠯ ᠤᠨ ᠬᠤᠭ ᠨᠣᠪᠰᠢ ᠶᠢ ᠰᠢᠢᠳᠪᠦᠷᠢᠯᠡᠬᠦ ᠣᠷᠳᠣ ᠬᠤᠭᠤᠴᠠᠭᠠᠨ ᠤ ᠪᠦᠲᠦᠮᠵᠢᠳᠠᠢ ᠲᠣᠭᠳᠠᠴᠠ ᠶᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠲᠣᠭᠳᠠᠨᠢᠬᠤ ᠣᠷᠴᠢᠨ ᠨᠦᠬᠦᠴᠡᠯ ᠢ ᠦᠨᠡᠨᠬᠦ ᠰᠠᠶᠢᠵᠢᠷᠠᠭᠤᠯᠣᠨ ᠳᠡᠭᠡᠭᠰᠢᠯᠡᠭᠦᠯᠦᠨ᠎ᠡ᠃ ︽ᠣᠯᠠᠨ ᠲᠦᠮᠡᠨ ᠬᠠᠨᠣᠮᠵᠢᠳᠠᠢ ᠪᠠᠶᠢᠬᠤ︾ ᠶᠢ ᠴᠢᠩᠭ᠎ᠠ ᠪᠠᠷᠢᠮᠳᠠᠯᠠᠵᠣ᠂ ᠵᠢᠯ ᠤᠨ ᠲᠣᠳᠣᠷ᠎ᠠ ᠮᠠᠯᠵᠢᠬᠤ ᠲᠠᠷᠢᠶᠠᠯᠠᠬᠤ ᠡᠷᠦᠭᠡ ᠳᠤ 156 ᠵᠣᠷᠯᠣᠩ ᠰᠢᠨ᠎ᠡ ᠪᠠᠷ ᠪᠠᠶᠢᠭᠤᠯᠣᠨ᠎ᠠ᠃ ᠮᠠᠯᠴᠢᠨ ᠲᠠᠷᠢᠶᠠᠴᠢᠨ ᠤ ᠬᠡᠷᠡᠭᠴᠡᠭᠡ ᠱᠠᠭᠠᠷᠳᠠᠯᠭ᠎ᠠ ᠳᠤ ᠲᠦᠪᠯᠡᠷᠡᠭᠦᠯᠵᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠶᠢ ᠦᠷᠭᠡᠳᠭᠡᠨ ᠦᠢᠯᠡᠴᠢᠯᠡᠭᠡᠨ ᠤ ᠶᠠᠰᠣ ᠴᠢᠨᠠᠷ ᠢᠶᠠᠨ ᠳᠡᠭᠡᠭᠰᠢᠯᠡᠭᠦᠯᠬᠦ ᠶᠢ ᠨᠢ ᠠᠬᠢᠭᠤᠯᠵᠣ᠂ ᠡᠯ᠎ᠡ ᠲᠦᠷᠦᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠣᠯᠳᠠ ᠶᠢᠨ ᠮᠠᠯ ᠤᠨ ᠡᠭᠦᠯᠳᠡᠷ ᠰᠠᠶᠢᠵᠢᠷᠠᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠵᠠᠬᠢᠶᠠᠯᠠᠭ᠎ᠠ ᠶᠢᠨ ᠮᠠᠯ ᠠᠵᠣ ᠠᠬᠤᠢ᠂ ᠡᠳ᠋ᠰᠢᠭᠦᠯᠦᠨ ᠪᠣᠯᠪᠠᠰᠣᠷᠠᠭᠤᠯᠣᠭᠰᠠᠨ ᠪᠠᠷᠠᠭᠠᠨ ᠤ ᠭᠦᠢᠯᠭᠡᠭᠡ᠂ ᠪᠦᠲᠦᠭᠡᠭᠳᠡᠭᠦᠨ ᠢ ᠡᠵᠡᠩᠨᠡᠨ ᠪᠣᠷᠣᠯᠠᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠦᠷᠨᠢᠭᠦᠯᠬᠦ ᠶᠢ ᠳᠡᠮᠵᠢᠵᠦ᠂ ᠮᠠᠯᠴᠢᠨ ᠲᠠᠷᠢᠶᠠᠴᠢᠳ ᠲᠤ ᠠᠵᠣ ᠦᠢᠯᠡᠰ ᠤᠨ ᠨᠡᠮᠡᠭᠳᠡᠯ ᠦᠷᠳᠡᠭ ᠤᠨ ᠠᠰᠢᠭ ᠣᠷᠣᠯᠭ᠎ᠠ ᠶᠢ ᠨᠡᠩ ᠣᠯᠠᠨ ᠡᠳ᠋ᠯᠡᠭᠦᠯᠦᠨ᠎ᠡ᠃ ᠬᠤᠳᠠ ᠪᠠᠯᠭᠠᠰᠣᠨ ᠤ ᠪᠦᠲᠦᠭᠡᠨ ᠪᠠᠶᠢᠭᠤᠯᠣᠯᠳᠠ ᠶᠢᠨ ᠬᠠᠮᠢᠶᠠᠷᠣᠯᠳᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭ ᠤᠨ ᠪᠡᠯᠡ ᠮᠦᠩᠭᠦ ᠪᠠ ᠦᠪᠡᠷᠳᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠳᠠ ᠶᠢᠨ ᠲᠦᠷᠦᠯ ᠵᠦᠢᠯ ᠢ ᠲᠦᠯᠬᠢᠨ ᠠᠬᠢᠭᠤᠯᠬᠤ ᠪᠡᠯᠡ ᠮᠦᠩᠭᠦ ᠶᠢ 3.3 ᠳ᠋ᠦᠩᠰᠢᠭᠤᠷ ᠲᠦᠭᠦᠷᠢᠭ  ᠢ ᠲᠡᠮᠡᠴᠡᠨ ᠣᠯᠬᠤ ᠪᠠᠷ ᠴᠢᠷᠮᠠᠶᠢᠵᠣ᠂ ᠵᠢᠯ ᠤᠨ ᠲᠣᠳᠣᠷ᠎ᠠ 9 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠦᠭᠡᠷᠡᠴᠢᠯᠡᠨ ᠵᠠᠰᠠᠬᠤ᠂ 300 ᠢᠵᠢ ᠪᠣᠷᠣ ᠭᠡᠷ ᠤᠨ ᠲᠣᠭᠤᠷᠢᠭ ᠢ ᠵᠠᠰᠠᠨ ᠦᠭᠡᠷᠡᠴᠢᠯᠡᠬᠦ᠂ 57.4 ᠺᠢᠯᠣᠮᠧᠲᠷ  ᠤᠨ ᠳᠣᠯᠠᠭᠠᠯᠭ᠎ᠠ ᠬᠠᠩᠭᠠᠬᠤ ᠬᠤᠭᠤᠯᠠᠢ ᠲᠣᠣᠷ᠂ 22 ᠺᠢᠯᠣᠮᠧᠲᠷ ᠤᠨ ᠣᠰᠣ ᠬᠠᠩᠭᠠᠬᠤ ᠬᠤᠭᠤᠯᠠᠢ ᠲᠣᠣᠷ᠂ 26 ᠺᠢᠯᠣᠮᠧᠲᠷ ᠤᠨ ᠪᠣᠬᠢᠷ ᠣᠰᠣᠨ ᠤ ᠬᠤᠭᠤᠯᠠᠢ ᠲᠣᠣᠷ ᠢ ᠦᠭᠡᠷᠡᠴᠢᠯᠡᠨ ᠵᠠᠰᠠᠬᠤ ᠠᠵᠢᠯ ᠢ ᠬᠡᠷᠡᠭᠵᠢᠭᠦᠯᠵᠦ᠂ ᠰᠠᠶᠢᠬᠠᠨ ᠶᠡᠭᠡ ᠵᠠᠭᠡᠯᠢ ᠨᠣᠮᠣᠭᠠᠨ ᠵᠡᠭᠡᠯᠢ ᠶᠢ ᠣᠷᠳᠣᠳᠬᠠᠨ ᠨᠡᠶᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠭᠤᠷᠪᠠᠳᠣᠭᠠᠷ ᠳᠣᠮᠳᠠᠳᠣ ᠰᠣᠷᠭᠠᠭᠤᠯᠢ ᠠᠴᠠ ᠳᠣᠮᠳᠠᠳᠣ ᠣᠯᠣᠰ ᠤᠨ ᠶᠧᠦ ᠯᠢᠶᠠᠨ ᠲᠣᠰᠣ ᠨᠡᠮᠡᠬᠦ ᠦᠷᠳᠡᠭᠡ ᠬᠦᠷᠬᠦ ᠵᠠᠮ ᠢ ᠦᠷᠭᠡᠳᠭᠡᠬᠦ ᠲᠦᠷᠦᠯ ᠵᠦᠢᠯ ᠢ ᠬᠡᠷᠡᠭᠵᠢᠭᠦᠯᠵᠦ᠂ ᠰᠠᠶᠢᠬᠠᠨᠳᠠᠯ᠎ᠠ ᠪᠠᠯᠭᠠᠰᠣᠨ ᠤ ᠪᠠᠷᠢᠯᠭ᠎ᠠ ᠶᠢᠨ ᠬᠤᠭ ᠨᠣᠪᠰᠢ ᠪᠣᠯᠠᠬᠤ ᠲᠠᠯᠠᠪᠣᠷ ᠤᠨ ᠲᠦᠷᠦᠯ ᠵᠦᠢᠯ ᠪᠠ ᠵᠢᠷᠦᠭᠡ ᠪᠣᠬᠢᠷ ᠣᠰᠣ ᠰᠢᠢᠳᠪᠦᠷᠢᠯᠡᠬᠦ ᠦᠢᠯᠡᠳᠪᠦᠷᠢ ᠵᠢᠴᠢ ᠢᠵᠢ ᠪᠦᠷᠢᠳᠦᠭᠦᠯᠦᠭᠰᠡᠨ ᠬᠤᠭᠤᠯᠠᠢ ᠲᠣᠣᠷ ᠤᠨ ᠲᠦᠷᠦᠯ ᠵᠦᠢᠯ ᠢ ᠬᠡᠷᠡᠭᠵᠢᠭᠦᠯᠵᠦ᠂ ᠰᠠᠶᠢᠬᠠᠨᠳᠠᠯ᠎ᠠ ᠪᠠᠯᠭᠠᠰᠣᠨ ᠤ ᠪᠣᠬᠢᠷ ᠣᠰᠣ ᠶᠢ ᠰᠢᠢᠳᠪᠦᠷᠢᠯᠡᠬᠦ ᠦᠢᠯᠡᠳᠪᠦᠷᠢ ᠶᠢ ᠦᠷᠭᠡᠳᠭᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠦᠨ᠎ᠡ᠃ ᠬᠤᠳᠠ ᠪᠠᠯᠭᠠᠰᠣᠨ ᠤ ᠨᠠᠷᠢᠯᠢᠭᠵᠢᠭᠰᠠᠨ ᠬᠠᠮᠢᠶᠠᠷᠣᠯᠳᠠ ᠶᠢ ᠴᠢᠩᠭᠠᠳᠬᠠᠵᠣ᠂ ᠰᠢᠳᠠᠮᠠᠬᠠᠢ ᠭᠡᠢ᠂ ᠴᠠᠬᠢᠯᠭᠠᠨ ᠬᠠᠩᠭᠠᠬᠤ᠂ ᠣᠰᠣ ᠬᠠᠩᠭᠠᠬᠤ᠂ ᠳᠣᠯᠠᠭᠠᠯᠭ᠎ᠠ ᠬᠠᠩᠭᠠᠬᠤ ᠵᠡᠷᠭᠡ ᠲᠠᠯ᠎ᠠ ᠶᠢᠨ ᠳᠠᠯᠳᠠ ᠭᠡᠮ ᠢ ᠪᠠᠶᠢᠴᠠᠭᠠᠨ ᠭᠠᠷᠭᠠᠵᠣ ᠵᠠᠰᠠᠨ ᠴᠡᠭᠴᠡᠯᠡᠬᠦ ᠠᠵᠢᠯ ᠢ ᠦᠷᠭᠦᠯᠵᠢᠯᠡᠨ ᠠᠬᠢᠭᠤᠯᠵᠣ᠂ ᠰᠢᠳᠠᠮᠠᠬᠠᠢ ᠭᠡᠢ ᠶᠢᠨ ᠬᠤᠭᠤᠯᠠᠢ ᠲᠣᠣᠷ ᠤᠨ ᠪᠦᠲᠦᠭᠡᠨ ᠪᠠᠶᠢᠭᠤᠯᠣᠯᠳᠠ ᠶᠢ 2023 ᠣᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠦᠭᠡᠷᠡᠴᠢᠯᠡᠨ ᠵᠠᠰᠠᠬᠤ ᠲᠦᠷᠦᠯ ᠵᠦᠢᠯ ᠳᠤ ᠣᠷᠣᠭᠤᠯᠵᠣ᠂  ᠰᠢᠳᠠᠮᠠᠬᠠᠢ ᠭᠡᠢ ᠶᠢ ᠡᠷᠦᠭᠡ ᠳᠤ ᠣᠷᠣᠭᠤᠯᠬᠤ ᠶᠢ ᠠᠯᠬᠤᠮ ᠠᠯᠬᠤᠮ ᠢᠶᠠᠷ ᠲᠦᠭᠡᠮᠡᠯᠵᠢᠭᠦᠯᠦᠨ᠎ᠡ᠃ ᠣᠳᠣᠬᠠᠨ ᠤ ᠣᠯᠠᠨ ᠨᠡᠶᠢᠳᠡ ᠶᠢᠨ ᠣᠰᠣ ᠬᠠᠩᠭᠠᠬᠤ ᠬᠤᠭᠤᠯᠠᠢ ᠲᠣᠣᠷ ᠤᠨ ᠭᠤᠭᠤᠵᠢᠵᠣ ᠡᠪᠳᠡᠷᠡᠭᠰᠡᠨ ᠨᠣᠷᠮ᠎ᠠ 7.69% ᠳᠤ ᠬᠦᠷᠦᠭᠰᠡᠨ ᠰᠠᠭᠤᠷᠢᠨ ᠳᠡᠭᠡᠷ᠎ᠡ᠂ ᠬᠤᠭᠤᠴᠠᠭ᠎ᠠ ᠨᠢ ᠭᠡᠳᠦᠷᠡᠭᠰᠡᠨ᠂ ᠴᠢᠨᠠᠷ ᠮᠠᠭᠤ ᠪᠣᠶᠣ ᠵᠠᠰᠠᠬᠤ ᠦᠭᠡᠢ ᠣᠳᠠᠭᠰᠠᠨ ᠠᠴᠠ ᠪᠣᠯᠵᠣ ᠡᠪᠳᠡᠷᠡᠭᠰᠡᠨ ᠣᠰᠣ ᠬᠠᠩᠭᠠᠬᠤ ᠬᠤᠭᠤᠯᠠᠢ ᠲᠣᠣᠷ ᠢ ᠲᠦᠯᠦᠪᠯᠡᠭᠡ ᠲᠠᠢ ᠪᠠᠷ ᠦᠭᠡᠷᠡᠴᠢᠯᠡᠨ ᠵᠠᠰᠠᠵᠣ᠂ ᠣᠰᠣ ᠭᠤᠭᠤᠵᠢᠬᠤ ᠬᠤᠬᠢᠷᠠᠯ ᠤᠨ ᠬᠡᠮᠵᠢᠶ᠎ᠡ ᠶᠢ ᠪᠠᠭᠠᠰᠬᠠᠵᠣ᠂ ᠣᠰᠣ ᠠᠷᠪᠢᠯᠠᠬᠤ ᠬᠡᠯᠪᠡᠷᠢ ᠶᠢᠨ ᠨᠡᠶᠢᠭᠡᠮ ᠤᠨ 9% ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠡᠷᠡᠰ ᠪᠡᠶᠡᠯᠡᠭᠦᠯᠦᠨ᠎ᠡ᠃ ᠠᠷᠪᠢᠯᠠᠨ ᠭᠠᠮᠨᠠᠬᠤ ᠵᠠᠷᠴᠢᠮ ᠶᠣᠰᠣᠭᠠᠷ᠂ ᠵᠢᠯ ᠤᠨ ᠲᠣᠳᠣᠷ᠎ᠠ ᠲᠣᠬᠠᠢ ᠶᠢᠨ ᠭᠠᠵᠠᠷ ᠤᠨ ᠣᠳᠣ ᠪᠠᠶᠢᠭ᠎ᠠ ᠲᠠᠷᠢᠮᠠᠯ ᠢ ᠠᠰᠢᠭᠯᠠᠨ ᠴᠡᠴᠡᠷᠯᠢᠭ ᠤᠨ ᠨᠣᠭᠤᠭᠠᠷᠠᠭᠤᠯᠣᠯᠳᠠ ᠶᠢ ᠬᠡᠷᠡᠭᠵᠢᠭᠦᠯᠵᠦ᠂ ᠣᠨ ᠤ ᠠᠷᠠᠴᠢᠯᠠᠨ ᠬᠠᠮᠠᠭᠠᠯᠠᠬᠤ ᠦᠪᠡᠷ ᠤᠨ ᠦᠷᠳᠡᠭ ᠢ 20% ᠪᠠᠷ ᠠᠷᠪᠢᠯᠠᠨ᠎ᠠ᠃ ᠨᠡᠶᠢᠳᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠶᠢᠳᠠᠯ ᠢ ᠪᠠᠶᠢᠴᠠᠭᠠᠨ ᠣᠶᠢᠯᠠᠭᠠᠬᠤ ᠪᠠ ᠲᠦᠷᠢᠮ ᠠᠴᠠ ᠵᠦᠷᠢᠴᠡᠨ ᠰᠠᠭᠤᠵᠣ ᠪᠠᠶᠢᠭ᠎ᠠ ᠭᠡᠷ ᠢ ᠨᠢ ᠪᠣᠴᠠᠭᠠᠯᠭᠠᠬᠤ ᠵᠠᠰᠠᠨ ᠴᠡᠭᠴᠡᠯᠡᠯᠳᠡ ᠶᠢᠨ ᠠᠵᠢᠯ ᠢ ᠦᠷᠭᠦᠯᠵᠢᠯᠡᠨ ᠦᠷᠨᠢᠭᠦᠯᠵᠦ᠂ ᠪᠣᠰᠣᠳ ᠲᠦᠷᠦᠯ ᠤᠨ ᠦᠪᠡᠷᠳᠡᠭᠡᠨ ᠪᠠᠶᠢᠭᠤᠯᠣᠭᠰᠠᠨ ᠭᠡᠷ ᠪᠠᠶᠢᠰᠢᠩ ᠤᠨ ᠠᠮᠣᠷ ᠲᠦᠪᠰᠢᠨ ᠤ ᠳᠠᠯᠳᠠ ᠭᠡᠮ ᠢ ᠪᠠᠶᠢᠴᠠᠭᠠᠨ ᠲᠣᠭᠳᠠᠭᠠᠬᠤ ᠪᠠ ᠨᠣᠷᠠᠬᠤ ᠠᠶᠣᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠰᠠᠶᠢᠳᠣᠷ ᠬᠢᠨ᠎ᠡ᠃ ᠬᠦᠨᠳᠡᠯᠡᠨ ᠤ ᠡᠳᠡᠭᠡᠳ ᠢ ᠣᠷᠢᠵᠣ ᠬᠤᠳᠠ ᠶᠢᠨ ᠪᠠᠶᠢᠴᠠᠭᠠᠯᠳᠠ ᠶᠢᠨ ᠠᠵᠢᠯ ᠢ ᠬᠡᠷᠡᠭᠵᠢᠭᠦᠯᠵᠦ᠂ ᠰᠠᠶᠢᠳᠣᠷ ᠪᠠᠶᠢᠴᠠᠭᠠᠨ ᠰᠣᠳᠣᠯᠵᠣ᠂ ᠣᠷᠣᠰᠢᠵᠣ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠬᠠᠮᠳᠣ ᠠᠰᠠᠭᠤᠳᠠᠯ ᠭᠠᠷᠬᠤ ᠠᠴᠠ ᠰᠡᠷᠭᠡᠶᠢᠯᠡᠨ᠎ᠡ᠃ ᠭᠡᠷ ᠠᠬᠤᠢ ᠶᠢᠨ ᠬᠠᠮᠢᠶᠠᠷᠣᠯᠳᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠬᠦᠨᠵᠡᠭᠡᠶᠢᠷᠡᠭᠦᠯᠵᠦ᠂ ᠭᠡᠷ ᠠᠬᠤᠢ  ᠶᠢᠨ ᠬᠠᠮᠢᠶᠠᠷᠣᠯᠳᠠ ᠶᠢᠨ ᠢᠳᠡᠭᠡᠮᠵᠢ ᠶᠢ ᠰᠢᠯᠭᠠᠨ ᠦᠨᠡᠯᠡᠬᠦ ᠰᠢᠰᠲ᠋ᠧᠮ ᠪᠣᠯᠣᠨ ᠱᠠᠩᠨᠠᠵᠣ ᠲᠣᠷᠭᠤᠬᠤ ᠲᠦᠷᠢᠮ ᠢ ᠲᠡᠭᠦᠯᠳᠡᠷᠵᠢᠭᠦᠯᠵᠦ᠂ ᠭᠡᠷ ᠠᠬᠤᠢ ᠶᠢᠨ ᠬᠠᠮᠢᠶᠠᠷᠣᠯᠳᠠ ᠶᠢᠨ ᠦᠢᠯᠡᠴᠢᠯᠡᠭᠡᠨ ᠤ ᠶᠠᠰᠣ ᠴᠢᠨᠠᠷ ᠢ ᠳᠡᠭᠡᠭᠰᠢᠯᠡᠭᠦᠯᠦᠨ᠎ᠡ᠃ ᠬᠤᠳᠠ ᠶᠢᠨ ᠶᠡᠷᠦᠩᠭᠡᠶᠢᠯᠡᠭᠰᠡᠨ ᠬᠠᠣᠯᠢ ᠬᠡᠷᠡᠭᠵᠢᠭᠦᠯᠬᠦ ᠬᠦᠴᠦᠨ ᠢ ᠨᠡᠮᠡᠭᠳᠡᠭᠦᠯᠵᠦ᠂ ᠲᠣᠷᠠᠪᠡᠷ ᠢᠶᠠᠨ ᠪᠠᠷᠢᠵᠣ ᠪᠠᠶᠢᠭᠤᠯᠬᠤ ᠠᠰᠠᠭᠤᠳᠠᠯ ᠢ ᠪᠦᠬᠦ ᠲᠠᠯ᠎ᠠ ᠪᠠᠷ ᠴᠡᠪᠡᠷᠯᠡᠨ ᠴᠡᠭᠴᠡᠯᠡᠵᠦ᠂ ᠬᠤᠳᠠ ᠪᠠᠯᠭᠠᠰᠣᠨ ᠤ ᠨᠠᠷᠢᠯᠢᠭᠵᠢᠭᠰᠠᠨ ᠬᠠᠮᠢᠶᠠᠷᠣᠯᠳᠠ ᠶᠢᠨ ᠲᠦᠪᠰᠢᠨ ᠢ ᠲᠠᠰᠣᠷᠠᠯᠳᠠ ᠦᠭᠡᠢ ᠳᠡᠭᠡᠭᠰᠢᠯᠡᠭᠦᠯᠦᠨ᠎ᠡ᠃ ᠬᠤᠳᠠ ᠬᠦᠳᠡᠭᠡ ᠶᠢᠨ ᠰᠠᠭᠤᠷᠢ ᠲᠦᠭᠦᠭᠡᠷᠦᠮᠵᠢ ᠶᠢ ᠢᠵᠢ ᠪᠦᠷᠢᠳᠦᠭᠦᠯᠦᠨ᠎ᠡ᠃ ᠰᠠᠶᠢᠬᠠᠨᠳᠠᠯ᠎ᠠ ᠠᠴᠠ ᠣᠯᠠᠭᠠᠠᠴᠠᠪ ᠤᠨ ᠵᠢᠨᠢᠩ ᠲᠣᠭᠤᠷᠢᠭ ᠬᠦᠷᠬᠦ᠂ ᠰᠠᠶᠢᠬᠠᠨᠳᠠᠯ᠎ᠠ ᠠᠴᠠ ᠡᠷᠢᠶᠡᠨ ᠬᠤᠳᠠ ᠬᠦᠷᠬᠦ ᠬᠤᠳᠠ ᠶᠢᠨ ᠬᠤᠭᠤᠷᠣᠨᠳᠣᠬᠢ ᠨᠡᠶᠢᠳᠡ ᠶᠢᠨ ᠮᠠᠰᠢᠨ ᠤ ᠡᠵᠡᠩᠨᠡᠯᠳᠡ ᠬᠢᠵᠦ ᠲᠡᠷᠭᠡ ᠨᠡᠪᠳᠡᠷᠡᠬᠦ ᠶᠢ ᠢᠳᠡᠪᠬᠢᠳᠠᠢ ᠠᠬᠢᠭᠤᠯᠵᠣ᠂ ᠬᠤᠳᠠ ᠬᠦᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠠᠭᠤᠷᠢ ᠲᠦᠬᠦᠭᠡᠷᠦᠮᠵᠢ ᠶᠢᠨ ᠲᠣᠳᠠᠭᠤᠳᠠᠯ ᠢ ᠲᠦᠷᠭᠡᠨ ᠨᠦᠬᠦᠪᠦᠷᠢᠯᠡᠵᠦ᠂ ᠡᠷᠢᠶᠡᠨ ᠬᠤᠳᠠ ᠠᠴᠠ ᠰᠠᠶᠢᠬᠠᠨᠳᠠᠯ᠎ᠠ ᠬᠦᠷᠬᠦ ᠭᠡᠰᠡᠭ ᠵᠠᠮ ᠤᠨ ᠨᠢᠭᠡᠳᠦᠭᠡᠷ ᠳᠡᠰ ᠤᠨ ᠵᠠᠰᠠᠮᠠᠯ ᠵᠠᠮ ᠢ ᠦᠨᠳᠦᠷ ᠬᠤᠷᠳᠣᠴᠠᠳᠣ ᠵᠠᠰᠠᠮᠠᠯ ᠵᠠᠮ ᠪᠣᠯᠭᠠᠨ ᠦᠭᠡᠷᠡᠴᠢᠯᠡᠬᠦ ᠪᠦᠲᠦᠭᠡᠨ ᠪᠠᠶᠢᠭᠤᠯᠣᠯᠳᠠ ᠶᠢᠨ ᠲᠦᠷᠦᠯ ᠵᠦᠢᠯ ᠢ 7 ᠳ᠋ᠣᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠢᠶᠠᠨ ᠲᠣᠰᠢᠶᠠᠨ ᠲᠡᠷᠭᠡ ᠨᠡᠪᠳᠡᠷᠡᠭᠦᠯᠬᠦ ᠶᠢ ᠪᠠᠳᠣᠯᠠᠨ᠎ᠠ᠃ 209 ᠣᠯᠣᠰ ᠤᠨ ᠵᠠᠮ ᠤᠨ ᠮᠠᠨ ᠤ ᠬᠤᠰᠢᠭᠤᠨ ᠤ ᠬᠢᠯᠢ ᠲᠣᠳᠣᠷᠠᠬᠢ ᠭᠡᠰᠡᠭ ᠵᠠᠮ ᠢ ᠰᠡᠯᠪᠢᠨ ᠵᠠᠰᠠᠬᠤ ᠢᠨᠵᠧᠨᠧᠷᠢᠩ ᠢ ᠲᠦᠷᠭᠡᠨ ᠠᠬᠢᠭᠤᠯᠵᠣ᠂ ᠵᠠᠮ ᠨᠡᠪᠳᠡᠷᠡᠯᠭᠡ ᠶᠢᠨ ᠴᠢᠳᠠᠪᠬᠢ ᠶᠢ ᠳᠡᠭᠡᠭᠰᠢᠯᠡᠭᠦᠯᠦᠨ᠎ᠡ᠃ ︽ᠳᠦᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠣᠯᠳᠠ ᠶᠢ ᠠᠬᠢᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 100 ᠺᠢᠯᠣᠮᠧᠲᠷ ᠵᠠᠰᠠᠬᠤ ᠪᠠᠷ ᠲᠦᠯᠦᠪᠯᠡᠵᠦ᠂ ᠮᠠᠯᠵᠢᠬᠤ ᠲᠠᠷᠢᠶᠠᠯᠠᠬᠤ ᠣᠷᠣᠨ ᠤ ᠵᠠᠮ ᠨᠡᠪᠳᠡᠷᠡᠯᠭᠡ ᠶᠢᠨ ᠨᠦᠬᠦᠴᠡᠯ ᠢ ᠣᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠲᠣᠣᠷ ᠢ ᠪᠠᠬᠢᠵᠢᠭᠦᠯᠦᠨ ᠳᠡᠭᠡᠭᠰᠢᠯᠡᠭᠦᠯᠬᠦ ᠪᠠ ᠰᠢᠨ᠎ᠡ ᠡᠨᠧᠷᠬᠢ ᠶᠢ ᠴᠠᠬᠢᠯᠭᠠᠨ ᠪᠣᠯᠭᠠᠨ ᠬᠤᠪᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ 197.6 ᠺᠢᠯᠣᠮᠧᠲᠷ ᠤᠨ ᠰᠢᠨ᠎ᠡ ᠡᠨᠧᠷᠬᠢ  ᠶᠢᠨ ᠴᠠᠬᠢᠯᠭᠠᠨ ᠨᠡᠪᠳᠡᠷᠡᠭᠦᠯᠬᠦ ᠶᠢ ᠪᠡᠶᠡᠯᠡᠭᠦᠯᠵᠦ᠂ 26.2 ᠺᠢᠯᠣᠮᠧᠲᠷ ᠤᠨ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠲᠣᠣᠷ ᠢ ᠦᠭᠡᠷᠡᠴᠢᠯᠡᠨ ᠳᠡᠰ ᠳᠡᠪᠰᠢᠭᠦᠯᠵᠦ᠂ ᠮᠠᠯᠵᠢᠬᠤ ᠣᠷᠣᠨ ᠳᠤ ᠪᠠᠶᠢᠩᠭᠤ ᠰᠠᠭᠤᠭ᠎ᠠ ᠡᠷᠦᠭᠡ ᠶᠢᠨ ᠴᠠᠬᠢᠯᠭᠠᠨ ᠲᠣᠣᠷ ᠤᠨ ᠪᠦᠷᠬᠦᠴᠡ ᠶᠢᠨ ᠨᠣᠷᠮ᠎ᠠ ᠶᠢ 76.6% ᠳᠤ ᠬᠦᠷᠭᠡᠨ᠎ᠡ᠃ ᠮᠠᠯᠵᠢᠬᠤ ᠲᠠᠷᠢᠶᠠᠯᠠᠬᠤ ᠣᠷᠣᠨ  ᠤ ᠣᠣᠭᠤᠬᠤ ᠣᠰᠣᠨ ᠤ ᠠᠮᠣᠷ ᠲᠦᠪᠰᠢᠨ ᠢ ᠪᠠᠳᠣᠯᠠᠬᠤ ᠢᠨᠵᠧᠨᠧᠷᠢᠩ ᠪᠠ ᠬᠢᠯᠢ ᠶᠢᠨ ᠭᠠᠴᠠᠭᠠᠨ ᠤ ᠣᠰᠣᠨ ᠠᠰᠢᠭᠯᠠᠯᠳᠠ ᠶᠢᠨ ᠪᠦᠲᠦᠭᠡᠨ ᠪᠠᠶᠢᠭᠤᠯᠣᠯᠳᠠ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ 99 ᠬᠤᠳᠳᠤᠭ ᠮᠠᠯᠳᠠᠵᠣ᠂ 43 ᠣᠰᠣ ᠬᠠᠳᠠᠭᠠᠯᠠᠬᠤ ᠵᠣᠭᠤᠷᠢ ᠶᠢ ᠰᠢᠨ᠎ᠡ ᠪᠠᠷ ᠪᠠᠶᠢᠭᠤᠯᠣᠨ᠎ᠠ᠃ 4G ᠴᠢᠮᠡᠭᠡᠨ ᠬᠤᠯᠪᠣᠭᠠᠨ ᠤ 4 ᠰᠠᠭᠤᠷᠢ ᠦᠷᠳᠡᠭᠡ᠂ 5G ᠴᠢᠮᠡᠭᠡ ᠬᠤᠯᠪᠣᠭᠠᠨ ᠤ 30 ᠰᠠᠭᠤᠷᠢ ᠦᠷᠳᠡᠭᠡ ᠶᠢ ᠰᠢᠨ᠎ᠡ ᠪᠠᠷ ᠪᠠᠶᠢᠭᠤᠯᠵᠣ᠂ ᠪᠣᠶᠢᠳᠠ ᠪᠦᠭᠯᠡᠬᠦᠦ ᠮᠠᠯᠵᠢᠬᠤ ᠣᠷᠣᠨ ᠤ ᠴᠢᠮᠡᠭᠡ ᠬᠤᠯᠪᠣᠭᠠᠨ ᠤ ᠲᠣᠬᠢᠶ᠎ᠠ ᠶᠢᠨ ᠪᠦᠷᠬᠦᠴᠡ ᠶᠢᠨ ᠨᠣᠷᠮ᠎ᠠ ᠶᠢ ᠲᠠᠰᠣᠷᠠᠯᠳᠠ ᠦᠭᠡᠢ ᠳᠡᠭᠡᠭᠰᠢᠯᠡᠭᠦᠯᠦᠨ᠎ᠡ᠃       ︵ᠲᠠᠪᠤ︶ ᠦᠭᠡᠷᠡᠴᠢᠯᠡᠯᠳᠡ ᠬᠢᠵᠦ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠳᠤ ᠲᠦᠪᠯᠡᠷᠡᠭᠦᠯᠵᠦ᠂ ᠬᠦᠭᠵᠢᠯᠳᠡ ᠶᠢᠨ ᠬᠦᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠣᠷᠠᠯᠳᠠ ᠦᠭᠡᠢ ᠴᠢᠩᠭᠠᠳᠬᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠵᠠᠰᠠᠭ ᠢ ᠴᠣᠮᠬᠠᠳᠬᠠᠨ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠣᠶᠠᠯᠳᠣᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠵᠦ ᠦᠭᠡᠷᠡᠴᠢᠯᠡᠯᠳᠡ ᠶᠢ ᠬᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠠᠶᠢᠩᠭᠤ ᠶᠢᠨ ᠲᠣᠭᠳᠠᠴᠠ ᠶᠢ ᠳᠠᠰᠣᠷᠠᠯᠳᠠ ᠦᠭᠡᠢ ᠲᠡᠭᠦᠯᠳᠡᠷᠵᠢᠭᠦᠯᠵᠦ᠂ ᠠᠵᠣ ᠠᠬᠤᠶᠢᠯᠠᠯ ᠳᠤ ᠬᠠᠮᠤᠭ ᠰᠠᠶᠢᠨ ᠦᠢᠯᠡᠴᠢᠯᠡᠭᠡ ᠬᠠᠩᠭᠠᠵᠣ᠂ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠣᠢ ᠪᠣᠯᠭᠠᠨ᠎ᠠ᠃ ᠵᠠᠰᠠᠭ  ᠤᠨ ᠶᠠᠪᠣᠳᠠᠯ ᠤᠨ ᠦᠢᠯᠡᠴᠢᠯᠡᠭᠡᠨ ᠤ ᠶᠠᠪᠣᠴᠠ ᠶᠢ ᠲᠠᠬᠢᠨ ᠵᠣᠬᠢᠶᠠᠬᠤ᠂ ᠲᠤᠭ᠎ᠠ ᠪᠠᠷᠢᠮᠳᠠ ᠶᠢ ᠬᠠᠮᠳᠣᠪᠡᠷ ᠡᠳ᠋ᠯᠡᠬᠦ ᠶᠢ ᠬᠦᠨᠵᠡᠭᠡᠶᠢᠷᠡᠭᠦᠯᠵᠦ᠂ ᠶᠠᠪᠣᠴᠠ ᠶᠢ ᠣᠯᠠᠮ ᠨᠢᠭᠡ ᠠᠯᠬᠤᠮ ᠪᠠᠭᠠᠰᠬᠠᠨ᠂ ᠪᠢᠴᠢᠭ ᠮᠠᠲ᠋ᠧᠷᠢᠶᠠᠯ ᠢ ᠴᠦᠭᠡᠳᠭᠡᠵᠦ᠂ ᠴᠠᠭ ᠤᠨ ᠬᠢᠵᠠᠭᠠᠷ ᠢ ᠪᠣᠭᠤᠨᠢᠰᠬᠠᠵᠣ᠂ ︽ᠲᠦᠷᠪᠡᠨ ᠭᠦᠢᠴᠡᠳᠭᠡᠬᠦ︾ ᠠᠵᠢᠯ ᠢ ᠲᠡᠷᠢᠭᠦᠨ ᠳᠤ ᠲᠠᠯᠪᠢᠵᠣ᠂ ᠵᠢᠱᠢᠶ᠎ᠡ ᠦᠵᠡᠭᠦᠯᠬᠦ ᠶᠢ ᠠᠬᠢᠭᠤᠯᠣᠨ᠎ᠠ᠃ ︽ᠬᠤᠶᠠᠷ ᠰᠣᠭᠤᠴᠢᠯᠳᠠ᠂ ᠨᠢᠭᠡ ᠢᠯᠠ ᠪᠣᠯᠭᠠᠬᠤ︾ ᠬᠢᠨᠠᠯᠳᠠ ᠬᠠᠮᠢᠶᠠᠷᠣᠯᠳᠠ ᠪᠣᠯᠣᠨ ︽ᠢᠨᠲ᠋ᠧᠷᠨᠧᠲ ᠰᠦᠯᠵᠢᠶ᠎ᠡ + ᠬᠢᠨᠠᠯᠳᠠ ᠬᠠᠮᠢᠶᠠᠷᠣᠯᠳᠠ︾ ᠪᠠᠷ ᠰᠠᠭᠤᠷᠢ ᠪᠣᠯᠭᠠᠵᠣ᠂ ᠠᠭᠤᠴᠢᠯᠠᠨ ᠪᠠᠭᠳᠠᠭᠠᠬᠤ ᠬᠢᠨᠠᠯᠳᠠ ᠬᠠᠮᠢᠶᠠᠷᠣᠯᠳᠠ ᠶᠢᠨ ᠬᠡᠯᠪᠡᠷᠢ ᠶᠢ ᠲᠡᠭᠦᠯᠳᠡᠷᠵᠢᠭᠦᠯᠵᠦ᠂ ᠣᠴᠢᠷ ᠶᠠᠪᠣᠳᠠᠯ ᠤᠨ ᠳᠣᠮᠳᠠᠬᠢ᠂ ᠣᠴᠢᠷ ᠶᠠᠪᠣᠳᠠᠯ ᠤᠨ ᠳᠠᠷᠠᠭᠠᠬᠢ ᠬᠢᠨᠠᠯᠳᠠ ᠬᠠᠮᠢᠶᠠᠷᠣᠯᠳᠠ ᠶᠢ ᠴᠢᠩᠭᠠᠳᠬᠠᠨ᠎ᠠ᠃ ᠢᠳᠡᠭᠡᠮᠵᠢ ᠶᠢᠨ ᠲᠠᠪᠴᠠᠩ ᠤᠨ ᠪᠠᠶᠢᠭᠤᠯᠣᠯᠳᠠ ᠶᠢ ᠦᠷᠭᠦᠯᠵᠢᠯᠡᠨ ᠴᠢᠩᠭᠠᠳᠬᠠᠵᠣ᠂ ᠢᠳᠡᠭᠡᠮᠵᠢ ᠶᠢᠨ ᠬᠠᠮᠳᠣᠷᠠᠭᠰᠠᠨ ᠱᠠᠩᠨᠠᠵᠣ ᠲᠣᠷᠭᠠᠬᠤ ᠲᠦᠷᠢᠮ  ᠢ ᠲᠡᠭᠦᠯᠳᠡᠷᠵᠢᠭᠦᠯᠵᠦ᠂ ᠠᠵᠣ ᠠᠬᠤᠶᠢᠯᠠᠯ ᠤᠨ ᠢᠳᠡᠭᠡᠮᠵᠢ ᠶᠢᠨ ᠡᠷᠭᠡ ᠠᠰᠢᠭ ᠢ ᠬᠠᠮᠠᠭᠠᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽12345︾ ᠦᠢᠯᠡᠴᠢᠯᠡᠭᠡᠨ ᠤ ᠠᠵᠢᠯ ᠤᠨ ᠰᠢᠨ᠎ᠡ ᠬᠡᠯᠪᠡᠷᠢ ᠶᠢ ᠢᠳᠡᠪᠬᠢᠳᠠᠢ ᠰᠦᠪᠡᠭᠴᠢᠯᠡᠵᠦ᠂ ︽ᠬᠦᠯᠢᠶᠡᠨ ᠠᠪᠴᠣ ᠰᠣᠨᠣᠰᠬᠤ᠂ ᠰᠢᠯᠵᠢᠭᠦᠯᠦᠨ ᠦᠭᠴᠦ ᠭᠦᠢᠴᠡᠳᠭᠡᠯᠭᠡᠬᠦ᠂ ᠳᠠᠭᠠᠭᠠᠴᠢᠯᠠᠨ ᠭᠦᠢᠴᠡᠳᠭᠡᠬᠦ᠂ ᠱᠠᠭᠠᠷᠳᠠᠨ ᠭᠦᠢᠴᠡᠳᠭᠡᠯᠭᠡᠬᠦ᠂ ᠬᠠᠷᠢᠭᠤ ᠦᠭᠬᠦ᠂ ᠬᠠᠷᠢᠭᠤ ᠰᠣᠷᠪᠣᠯᠵᠢᠯᠠᠬᠤ︾ ᠪᠦᠬᠦ ᠶᠠᠪᠣᠴᠠ ᠶᠢᠨ ᠬᠠᠮᠢᠶᠠᠷᠣᠯᠳᠠ ᠶᠢ ᠰᠢᠯᠢᠳᠡᠭᠵᠢᠭᠦᠯᠵᠦ᠂ ᠲᠣᠭᠳᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠰᠣᠳᠣᠯᠣᠨ ᠮᠠᠭᠠᠳᠯᠠᠵᠣ ᠵᠦᠪᠳᠡᠯᠴᠡᠬᠦ᠂ ᠴᠠᠭ ᠲᠣᠬᠠᠢ ᠳᠤᠨᠢ ᠰᠡᠷᠡᠮᠵᠢᠯᠡᠭᠦᠯᠬᠦ᠂ ᠬᠠᠮᠳᠣᠷᠠᠨ ᠬᠦᠳᠡᠯᠦᠯᠴᠡᠵᠦ ᠵᠣᠬᠢᠴᠠᠭᠤᠯᠬᠤ ᠵᠡᠷᠭᠡ ᠲᠣᠭᠳᠠᠴᠠ ᠶᠢ ᠲᠡᠭᠦᠯᠳᠡᠷᠵᠢᠭᠦᠯᠦᠨ᠂ ᠦᠨᠡᠨᠴᠢ ᠰᠡᠳᠬᠢᠯ ᠢᠶᠠᠷ ᠠᠰᠠᠭᠤᠳᠠᠯ ᠢ ᠰᠢᠢᠳᠪᠦᠷᠢᠯᠡᠵᠦ᠂ ᠬᠠᠯᠠᠭᠤᠮᠰᠤᠭ ᠢᠶᠠᠷ ᠦᠢᠯᠡᠴᠢᠯᠡᠵᠦ᠂ ᠬᠠᠨᠣᠮᠵᠢ ᠶᠢᠨ ᠬᠡᠮᠵᠢᠶ᠎ᠡ ᠶᠢ 100% ᠳᠤ ᠬᠦᠷᠭᠡᠵᠦ᠂ ᠰᠢᠢᠳᠪᠦᠷᠢᠯᠡᠬᠦ ᠨᠣᠷᠮ᠎ᠠ ᠪᠠ ᠬᠠᠨᠣᠮᠵᠢ ᠶᠢᠨ ᠨᠣᠷᠮ᠎ᠠ ᠶᠢ ᠦᠷᠭᠦᠯᠵᠢᠯᠡᠨ ᠲᠣᠭᠳᠠᠭᠤᠨ ᠢᠶᠠᠷ ᠳᠡᠭᠡᠭᠰᠢᠯᠡᠭᠦᠯᠦᠨ᠎ᠡ᠃ ᠲᠠᠪᠣᠳᠣᠭᠠᠷ ᠣᠳᠠᠭᠠᠨ ᠤ ᠪᠦᠬᠦ ᠣᠯᠣᠰ ᠤᠨ ᠠᠵᠣ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠨᠠᠷᠢᠯᠢᠭ ᠵᠣᠬᠢᠶᠠᠨ ᠪᠠᠶᠢᠭᠤᠯᠣᠨ ᠦᠷᠨᠢᠭᠦᠯᠵᠦ᠂ ᠲᠣᠳᠣᠷᠬᠠᠢ ᠪᠠᠶᠢᠴᠠᠭᠠᠨ ᠮᠦᠷᠳᠡᠵᠦ᠂ ᠠᠵᠣ ᠠᠬᠤᠢ ᠶᠢ ᠡᠵᠡᠮᠳᠡᠵᠦ᠂ ᠰᠢᠨᠵᠢᠯᠡᠬᠦ ᠣᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠳᠠᠭᠠᠬᠤ ᠳᠤ ᠨᠠᠶᠢᠳᠠᠪᠣᠷᠢᠳᠠᠢ ᠲᠣᠯᠭᠠᠭᠤᠷᠢᠯᠠᠯ ᠬᠠᠩᠭᠠᠨ᠎ᠠ᠃ ᠣᠷᠣᠨ ᠪᠦᠰᠡ ᠶᠢᠨ ᠨᠡᠭᠡᠭᠡᠯᠳᠡ ᠶᠢᠨ ᠪᠠᠶᠢᠷᠢᠯᠠᠭᠤᠯᠣᠯᠳᠠ ᠶᠢ ᠰᠢᠯᠢᠳᠡᠭᠵᠢᠭᠦᠯᠦᠨ᠎ᠡ᠃ ᠣᠮᠠᠷᠠᠰᠢ ᠨᠡᠭᠡᠭᠡᠯᠳᠡ ᠬᠢᠬᠦ ᠪᠠᠬᠢᠯᠡᠯᠳᠡ ᠶᠢᠨ ᠭᠤᠣᠯ ᠳᠣᠯᠭᠠᠭᠤᠷᠢᠯᠠᠬᠤ ᠴᠡᠭ ᠢ ᠪᠦᠲᠦᠭᠡᠨ ᠪᠠᠶᠢᠭᠤᠯᠬᠤ ᠶᠢ ᠪᠣᠳᠣᠯᠬᠢᠯᠠᠵᠣ᠂ ᠡᠷᠢᠶᠡᠨ ᠬᠤᠳᠠ  ᠶᠢᠨ ᠣᠯᠣᠰ ᠤᠨ ᠭᠤᠣᠯᠳᠠᠯᠭ᠎ᠠ ᠲᠠᠢ ᠨᠡᠭᠡᠭᠡᠨ ᠬᠦᠭᠵᠢᠭᠦᠯᠵᠦ ᠨᠡᠭᠡᠭᠡᠯᠳᠡ ᠬᠢᠬᠦ ᠲᠣᠷᠰᠢᠯᠳᠠ ᠶᠢᠨ ᠣᠷᠣᠨ ᠲᠠᠢ ᠣᠬᠠᠮᠰᠠᠷ ᠠᠴᠠ ᠪᠠᠨ ᠠᠭᠤᠰᠣᠯᠴᠠᠵᠣ᠂ ᠭᠠᠳᠠᠭᠠᠳᠣ ᠲᠠᠢ ᠨᠡᠭᠡᠭᠡᠯᠳᠡ ᠲᠠᠢ ᠪᠠᠶᠢᠬᠤ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠷᠢᠶᠡᠨ ᠬᠤᠳᠠ ᠲᠠᠢ ᠬᠠᠷᠢᠯᠴᠠᠭ᠎ᠠ ᠪᠠᠨ ᠴᠢᠩᠭᠠᠳᠬᠠᠵᠣ᠂ ᠣᠯᠣᠰ ᠠᠴᠠ ᠡᠷᠢᠶᠡᠨ ᠬᠤᠳᠠ ᠳᠤ ᠣᠯᠭᠤᠭᠰᠠᠨ ᠠᠷᠠᠯᠵᠢᠶᠠᠨ ᠤ ᠲᠦᠭᠦᠮ ᠦᠵᠡᠭᠦᠯᠬᠦ ᠲᠦᠷᠦ ᠶᠢᠨ ᠪᠣᠳᠣᠯᠭ᠎ᠠ ᠶᠢ ᠮᠠᠨ ᠤ ᠬᠤᠰᠢᠭᠤᠨ  ᠳᠠᠭᠠᠨ ᠬᠡᠷᠡᠭᠵᠢᠭᠦᠯᠬᠦ ᠪᠠᠷ ᠢᠳᠡᠪᠬᠢᠯᠡᠨ ᠴᠢᠷᠮᠠᠶᠢᠵᠣ᠂ ᠠᠭᠤᠷᠬᠠᠢ ᠶᠢᠨ ᠪᠦᠲᠦᠭᠡᠭᠳᠡᠭᠦᠨ᠂ ᠨᠣᠣᠰᠣ ᠨᠣᠯᠣᠣᠷ᠂ ᠣᠯᠠᠭᠠᠨ ᠢᠳᠡᠭᠡᠨ ᠢ ᠨᠠᠷᠢᠯᠢᠭ ᠪᠣᠯᠪᠠᠰᠣᠷᠠᠭᠤᠯᠬᠤ ᠵᠡᠷᠭᠡ ᠲᠠᠯ᠎ᠠ ᠪᠠᠷ᠂ ᠣᠷᠣᠨ ᠨᠣᠳᠤᠭ ᠤᠨ ᠠᠵᠣ ᠠᠬᠤᠶᠢᠯᠠᠯ ᠳᠤ ᠣᠯᠠᠨ ᠣᠯᠣᠰ ᠤᠨ ᠠᠷᠠᠯᠵᠢᠶᠠᠨ ᠤ ᠪᠠᠷᠠᠭᠠᠨ ᠤ ᠭᠦᠢᠯᠭᠡᠭᠡ᠂ ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠬᠤ ᠵᠡᠷᠭᠡ ᠨᠡᠩ ᠣᠯᠠᠨ ᠬᠠᠮᠳᠣᠷᠠᠯᠴᠠᠭᠠᠨ ᠤ ᠲᠦᠷᠦᠯ ᠵᠦᠢᠯ ᠢ ᠰᠦᠪᠡᠭᠴᠢᠯᠡᠵᠦ᠂ ᠨᠡᠩ ᠣᠯᠠᠨ ᠭᠠᠳᠠᠭᠠᠳᠣ ᠠᠷᠠᠯᠵᠢᠶᠠᠨ ᠤ ᠠᠵᠣ ᠠᠬᠤᠶᠢᠯᠠᠯ ᠢ ᠮᠠᠨ ᠤ ᠬᠤᠰᠢᠭᠤᠨ ᠳᠤ ᠰᠠᠭᠤᠷᠢᠰᠢᠭᠤᠯᠬᠤ ᠪᠠᠷ ᠴᠢᠷᠮᠠᠶᠢᠨ᠎ᠠ᠃ ︽ᠰᠦᠨᠢᠳ ᠨᠣᠣᠰᠣ ᠨᠣᠯᠣᠣᠷ ᠤᠨ ᠨᠠᠶᠢᠷ︾ ᠢ ᠪᠡᠯᠡᠳᠭᠡᠬᠦ ᠪᠠᠷ ᠳᠠᠮᠵᠢᠨ᠂ ᠳᠣᠮᠳᠠᠳᠣ ᠮᠣᠩᠭᠤᠯ ᠣᠷᠣᠰ ᠤᠨ ᠠᠵᠣ ᠠᠬᠤᠢ ᠶᠢᠨ ᠠᠷᠠᠯᠵᠢᠶᠠᠨ ᠤ ᠵᠦᠪᠳᠡᠯᠴᠡᠭᠡᠷ ᠤᠨ ᠬᠤᠷᠠᠯ ᠵᠡᠷᠭᠡ ᠳᠣᠮᠣ ᠬᠡᠯᠪᠡᠷᠢ ᠶᠢᠨ ᠠᠵᠢᠯᠯᠠᠭ᠎ᠠ ᠳᠤ ᠣᠷᠣᠯᠴᠠᠵᠣ᠂ ᠠᠵᠣ ᠠᠬᠤᠶᠢᠯᠠᠯ ᠢ ᠰᠠᠭᠤᠷᠢᠰᠢᠭᠤᠯᠬᠤ ᠶᠢ ᠬᠠᠷᠢᠯᠴᠠᠨ ᠠᠬᠢᠭᠤᠯᠵᠣ᠂ ᠵᠢᠯ ᠤᠨ ᠲᠣᠳᠣᠷ᠎ᠠ ᠭᠠᠳᠠᠭᠠᠳᠣ ᠠᠷᠠᠯᠵᠢᠶᠠᠨ ᠤ ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠬᠤ ᠶᠡᠷᠦᠩᠭᠡᠢ ᠬᠡᠮᠵᠢᠶ᠎ᠡ ᠪᠠ ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 2021 ᠣᠨ ᠤ ᠲᠦᠪᠰᠢᠨ ᠳᠤ ᠬᠦᠷᠭᠡᠨ᠎ᠡ᠃ ᠪᠡᠭᠡᠵᠢᠩ ᠤᠨ ᠠᠵᠣ ᠠᠬᠤᠢ ᠶᠢᠨ ᠨᠡᠭᠡᠭᠡᠯᠳᠡ ᠶᠢᠨ ᠲᠣᠭᠤᠷᠢᠭ ᠤᠨ ᠳᠡᠭᠡᠲᠦ ᠳᠡᠰ ᠤᠨ ᠠᠵᠣ ᠠᠬᠤᠢ ᠶᠢᠨ ᠴᠢᠳᠠᠪᠬᠢᠳᠦ ᠣᠷᠣᠨ ᠤ ᠳᠠᠪᠠᠭᠤᠯᠢᠭ ᠲᠤ ᠲᠦᠰᠢᠭᠯᠡᠨ᠂ ᠲᠡᠷᠢᠭᠦᠨ ᠤ ᠭᠠᠵᠠᠷ ᠣᠷᠣᠨ ᠤ ᠠᠵᠣ ᠦᠢᠯᠡᠰ ᠤᠨ ᠰᠢᠯᠵᠢᠯᠳᠡ ᠶᠢ ᠢᠳᠡᠪᠬᠢᠳᠠᠢ ᠪᠠᠷ ᠬᠦᠯᠢᠶᠡᠨ ᠠᠪᠴᠣ᠂ ︽ᠣᠷᠣᠨ ᠠᠯᠣᠰᠯᠠᠭᠰᠠᠨ ᠠᠵᠣ ᠠᠬᠤᠢ︾ ᠶᠢᠨ ᠬᠦᠭᠵᠢᠯᠳᠡ ᠶᠢᠨ ᠬᠡᠯᠪᠡᠷᠢ ᠶᠢ ᠢᠳᠡᠪᠬᠢᠳᠠᠢ ᠰᠦᠪᠡᠭᠴᠢᠯᠡᠵᠦ᠂ ᠠᠵᠣ ᠦᠢᠯᠡᠰ ᠢᠶᠠᠷ ᠬᠠᠷᠢᠯᠴᠠᠨ ᠨᠦᠬᠦᠪᠦᠷᠢᠯᠡᠬᠦ᠂ ᠰᠠᠭᠤᠷᠢ ᠶᠢ ᠬᠠᠮᠳᠣᠪᠡᠷ ᠪᠠᠶᠢᠭᠤᠯᠬᠤ᠂ ᠬᠦᠮᠦᠨ ᠨᠡᠶᠢᠭᠡᠮ ᠤᠨ ᠬᠠᠷᠢᠯᠴᠠᠭ᠎ᠠ ᠵᠡᠷᠭᠡ ᠬᠦᠷᠢᠶ᠎ᠡ ᠴᠠᠷ᠎ᠠ ᠳᠤ ᠰᠢᠨ᠎ᠡ ᠠᠮᠵᠢᠯᠳᠠ ᠪᠦᠲᠦᠮᠵᠢ ᠣᠯᠬᠤ ᠪᠠᠷ ᠴᠢᠷᠮᠠᠶᠢᠨ᠎ᠠ᠃ ᠪᠡᠭᠡᠵᠢᠩ ᠲᠢᠶᠠᠨᠵᠢᠨ ᠡᠾᠧᠪᠸᠢ ᠶᠢᠨ ᠲᠣᠮᠣ ᠵᠠᠬ᠎ᠠ ᠳᠡᠯᠭᠡᠭᠦᠷ  ᠲᠠᠢ ᠪᠦᠬᠦ ᠲᠠᠯ᠎ᠠ ᠪᠠᠷ ᠵᠣᠯᠭᠠᠭᠤᠯᠵᠣ᠂ ᠬᠦᠨᠵᠡᠭᠡᠢ ᠠᠭᠤᠰᠣᠯᠴᠠᠵᠣ᠂ ᠬᠠᠨᠳᠣᠰᠢ ᠪᠠᠶᠢᠳᠠᠯ ᠢ ᠨᠢ ᠠᠵᠢᠭᠯᠠᠵᠣ᠂ ᠳᠠᠪᠠᠭᠤᠯᠢᠭ ᠢ ᠨᠢ ᠠᠰᠢᠭᠯᠠᠨ ᠰᠠᠶᠢᠳᠣᠷ ᠬᠦᠭᠵᠢᠭᠦᠯᠦᠨ᠎ᠡ᠃       ︵ᠵᠢᠷᠭᠤᠭ᠎ᠠ︶ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠳᠣ ᠪᠠᠬᠢ ᠪᠣᠢ ᠪᠣᠯᠭᠠᠵᠣ᠂ ᠣᠯᠠᠨ ᠲᠦᠮᠡᠨ ᠳᠤ ᠦᠷᠭᠦᠯᠵᠢᠯᠡᠨ ᠠᠰᠢᠭ ᠬᠦᠷᠳᠡᠭᠡᠨ᠎ᠡ᠃ ᠠᠷᠠᠳ ᠲᠦᠮᠡᠨ ᠤ ᠬᠠᠨᠣᠮᠵᠢᠳᠠᠢ ᠰᠣᠷᠭᠠᠨ ᠬᠦᠮᠦᠵᠢᠯ ᠢ ᠰᠠᠶᠢᠳᠣᠷ ᠡᠷᠬᠢᠯᠡᠨ᠎ᠡ᠃ ᠶᠣᠰᠣ ᠰᠣᠷᠳᠠᠬᠤᠨ ᠢᠶᠠᠷ ᠬᠦᠮᠦᠨ ᠢ ᠬᠦᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠳᠣᠮᠳᠠᠳᠣ ᠪᠠᠭ᠎ᠠ ᠰᠣᠷᠭᠠᠭᠤᠯᠢ ᠶᠢᠨ ᠦᠵᠡᠯ ᠰᠠᠨᠠᠭ᠎ᠠ ᠣᠯᠣᠰ ᠲᠦᠷᠦ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠣᠯᠳᠠ ᠶᠢ ᠨᠢᠭᠡᠳᠦᠯᠳᠠᠢ ᠲᠦᠯᠦᠪᠯᠡᠨ ᠠᠬᠢᠭᠤᠯᠵᠣ᠂ ᠰᠣᠷᠣᠭᠴᠢᠳ ᠤᠨ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠣᠨ᠎ᠠ᠃ ᠰᠣᠷᠭᠠᠭᠤᠯᠢ ᠶᠢᠨ ᠵᠠᠬᠢᠷᠣᠯ᠂ ᠪᠠᠭᠰᠢ᠂ ᠵᠢᠭᠠᠨ ᠰᠣᠳᠣᠯᠣᠭᠴᠢ ᠶᠢᠨ ᠡᠩᠨᠡᠭᠡᠨ ᠤ ᠪᠠᠶᠢᠭᠤᠯᠣᠯᠳᠠ ᠶᠢ ᠴᠢᠩᠭᠠᠳᠬᠠᠵᠣ᠂ ᠪᠡᠭᠡᠵᠢᠩ ᠦᠪᠦᠷ ᠮᠣᠩᠭᠤᠯ ᠤᠨ ᠬᠠᠮᠵᠢᠯᠴᠠᠨ ᠠᠵᠢᠯ ᠲᠦᠷᠦᠯ ᠢᠶᠠᠷ ᠨᠢ ᠬᠠᠪᠰᠣᠷᠣᠨ ᠳᠡᠳᠭᠦᠬᠦ ᠲᠣᠬᠢᠶᠠᠯ ᠢ ᠠᠳᠬᠤᠵᠣ᠂ ᠵᠢᠯ ᠤᠨ ᠲᠣᠳᠣᠷ᠎ᠠ 100 ᠨᠡᠷᠡᠰ ᠰᠣᠷᠭᠠᠭᠤᠯᠢ ᠶᠢᠨ ᠵᠠᠬᠢᠷᠣᠯ᠂ ᠪᠠᠭᠰᠢ᠂ ᠵᠢᠭᠠᠨ ᠰᠣᠳᠣᠯᠣᠭᠴᠢ ᠶᠢ ᠪᠡᠭᠡᠵᠢᠩ ᠤᠨ ᠠᠵᠣ ᠠᠬᠤᠢ ᠶᠢᠨ ᠨᠡᠭᠡᠭᠡᠯᠳᠡ ᠶᠢᠨ ᠣᠷᠣᠨ ᠢ ᠪᠠᠭᠳᠠᠭᠠᠭᠰᠠᠨ ᠰᠣᠷᠭᠠᠨ ᠬᠦᠮᠦᠵᠢᠯ ᠬᠦᠭᠵᠢᠭᠰᠡᠨ ᠭᠠᠵᠠᠷ ᠣᠷᠣᠨ ᠳᠤ ᠰᠣᠩᠭᠤᠨ ᠲᠣᠮᠢᠯᠠᠵᠣ ᠲᠦᠪᠯᠡᠷᠡᠭᠦᠯᠦᠨ ᠪᠣᠯᠪᠠᠰᠣᠷᠠᠭᠤᠯᠬᠤ ᠳᠤ ᠣᠷᠣᠯᠴᠠᠭᠤᠯᠵᠣ᠂ 20 ᠨᠡᠷᠡᠰ ᠪᠠᠭᠰᠢ ᠶᠢ ᠠᠵᠢᠯ  ᠤᠨ ᠪᠠᠶᠢᠷᠢ ᠶᠢ ᠳᠠᠭᠠᠵᠣ ᠰᠣᠷᠣᠯᠴᠠᠬᠤ ᠳᠤ ᠣᠷᠣᠯᠴᠠᠭᠤᠯᠵᠣ᠂ ᠪᠠᠭᠰᠢ ᠪᠣᠯᠭᠠᠨ ᠳᠤ ᠪᠣᠯᠪᠠᠰᠣᠷᠠᠯ ᠬᠦᠷᠳᠡᠭᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠰᠣᠷᠭᠠᠨ ᠬᠦᠮᠦᠵᠢᠯ ᠵᠢᠭᠠᠨ ᠰᠣᠷᠭᠠᠯᠳᠠ ᠶᠢᠨ ᠴᠢᠳᠠᠪᠣᠷᠢ ᠶᠢ ᠦᠨᠡᠨᠬᠦ ᠳᠡᠭᠡᠭᠰᠢᠯᠡᠭᠦᠯᠦᠨ᠎ᠡ᠃ ᠳᠡᠭᠡᠲᠦ ᠱᠠᠳᠣᠨ ᠤ ᠲᠣᠰᠬᠠᠢ ᠲᠦᠷᠦᠯ ᠤᠨ ᠪᠡᠯᠡ ᠮᠦᠩᠭᠦ ᠶᠢ ᠢᠳᠡᠪᠬᠢᠳᠠᠢ ᠲᠡᠮᠡᠴᠡᠨ ᠣᠯᠵᠣ ᠂ ᠶᠡᠷᠦᠩᠭᠡᠶᠢᠯᠡᠭᠰᠡᠨ ᠳᠡᠭᠡᠲᠦ ᠵᠡᠷᠭᠡ ᠶᠢᠨ ᠳᠣᠮᠳᠠᠳᠣ ᠰᠣᠷᠭᠠᠭᠤᠯᠢ ᠶᠢᠨ ᠵᠢᠭᠠᠨ ᠰᠣᠷᠭᠠᠯᠳᠠ ᠶᠢᠨ ᠶᠡᠷᠦᠩᠭᠡᠶᠢᠯᠡᠭᠰᠡᠨ ᠠᠰᠠᠷ᠂ ᠬᠤᠶᠠᠳᠣᠭᠠᠷ ᠪᠠᠭ᠎ᠠ ᠰᠣᠷᠭᠠᠭᠤᠯᠢ ᠶᠢᠨ ᠪᠡᠶ᠎ᠡ ᠲᠠᠮᠢᠷ ᠤᠨ ᠣᠷᠳᠣᠨ ᠵᠢᠴᠢ ᠲᠠᠮᠢᠷ ᠤᠨ ᠲᠠᠯᠠᠪᠣᠷ᠂ ᠲᠠᠪᠣᠳᠣᠭᠠᠷ ᠪᠠᠭ᠎ᠠ ᠰᠣᠷᠭᠠᠭᠤᠯᠢ ᠶᠢᠨ ᠶᠡᠷᠦᠩᠭᠡᠶᠢᠯᠡᠭᠰᠡᠨ ᠵᠢᠭᠠᠨ ᠰᠣᠷᠭᠠᠯᠳᠠ ᠶᠢᠨ ᠠᠰᠠᠷ ᠵᠡᠷᠭᠡ ᠲᠦᠷᠦᠯ ᠵᠦᠢᠯ  ᠤᠨ ᠪᠦᠲᠦᠭᠡᠨ ᠪᠠᠶᠢᠭᠤᠯᠣᠯᠳᠠ ᠶᠢ ᠪᠦᠬᠦ ᠬᠦᠴᠦᠨ ᠢᠶᠠᠷ ᠢᠶᠠᠨ ᠠᠬᠢᠭᠤᠯᠵᠣ᠂ ᠰᠣᠷᠭᠠᠭᠤᠯᠢ ᠡᠷᠬᠢᠯᠡᠬᠦ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠣᠨ᠎ᠠ᠃ ᠰᠣᠮᠣ ᠪᠠᠯᠭᠠᠰᠣᠨ ᠤ ᠭᠡᠣᠭᠡᠳ ᠤᠨ ᠴᠡᠴᠡᠷᠯᠢᠭ ᠤᠨ ︽ᠬᠠᠷᠢᠶ᠎ᠠ ᠴᠡᠴᠡᠷᠯᠢᠭ︾  ᠤᠨ ᠬᠠᠮᠢᠶᠠᠷᠣᠯᠳᠠ ᠶᠢ ᠬᠦᠨᠵᠡᠭᠡᠢ ᠬᠡᠷᠡᠭᠵᠢᠭᠦᠯᠵᠦ᠂ ᠠᠯᠪᠠᠨ ᠠᠴᠠ ᠡᠷᠬᠢᠯᠡᠭᠰᠡᠨ ᠦᠨᠳᠦᠰᠦᠳᠡᠨ ᠤ ᠭᠡᠣᠭᠡᠳ ᠤᠨ ᠴᠡᠴᠡᠷᠯᠢᠭ ᠪᠠ ᠬᠢᠳᠠᠳ ᠦᠨᠳᠦᠰᠦᠳᠡᠨ ᠤ ᠭᠡᠣᠭᠡᠳ ᠤᠨ ᠴᠡᠴᠡᠷᠯᠢᠭ ᠢ ᠨᠡᠶᠢᠯᠡᠭᠦᠯᠬᠦ ᠶᠢ ᠠᠬᠢᠭᠤᠯᠵᠣ᠂ ᠠᠷᠠᠳ ᠠᠴᠠ ᠡᠷᠬᠢᠯᠡᠭᠰᠡᠨ ᠭᠡᠣᠭᠡᠳ ᠤᠨ ᠴᠡᠴᠡᠷᠯᠢᠭ ᠤᠨ ᠴᠡᠴᠡᠷᠯᠢᠭ ᠡᠷᠬᠢᠯᠡᠬᠦ ᠠᠵᠢᠯᠯᠠᠭ᠎ᠠ ᠶᠢ ᠲᠦᠷᠢᠮᠵᠢᠭᠦᠯᠵᠦ᠂ ᠭᠡᠣᠭᠡᠳ ᠤᠨ ᠴᠡᠴᠡᠷᠯᠢᠭ ᠤᠨ ᠠᠰᠠᠷᠠᠨ ᠬᠦᠮᠦᠵᠢᠭᠦᠯᠬᠦ ᠶᠠᠰᠣ ᠴᠢᠨᠠᠷ ᠢ ᠳᠡᠭᠡᠭᠰᠢᠯᠡᠭᠦᠯᠦᠨ᠎ᠡ᠃ ᠨᠣᠮ ᠰᠣᠶᠣᠯ ᠤᠨ ᠪᠠᠶᠢᠭᠤᠯᠣᠯᠳᠠ ᠪᠠ ᠰᠣᠷᠭᠠᠨ ᠬᠦᠮᠦᠵᠢᠯ ᠤᠨ ᠮᠡᠳᠡᠭᠡ ᠵᠠᠩᠭᠢᠴᠢᠯᠠᠯᠳᠠ ᠶᠢᠨ ᠪᠠᠶᠢᠭᠤᠯᠣᠯᠳᠠ ᠶᠢ ᠬᠦᠨᠵᠡᠭᠡᠶᠢᠷᠡᠭᠦᠯᠵᠦ᠂ ᠦᠨᠳᠦᠷ ᠵᠡᠷᠭᠡ ᠶᠢᠨ ᠳᠣᠮᠳᠠᠳᠣ ᠰᠣᠷᠭᠠᠭᠤᠯᠢ ᠳᠤ ᠳᠠᠪᠰᠢᠬᠤ ᠪᠠ ᠶᠡᠭᠡ ᠳᠡᠭᠡᠲᠦ ᠰᠣᠷᠭᠠᠭᠤᠯᠢ ᠳᠤ ᠳᠠᠪᠰᠢᠬᠤ ᠰᠢᠯᠭᠠᠯᠳᠠ  ᠶᠢᠨ ᠦᠭᠡᠷᠡᠴᠢᠯᠡᠯᠳᠡ ᠶᠢ ᠯᠠᠪᠳᠠᠭᠤᠨ ᠢᠶᠠᠷ ᠠᠬᠢᠭᠤᠯᠵᠣ᠂ ᠦᠨᠳᠦᠷ ᠵᠡᠷᠭᠡ ᠶᠢᠨ ᠳᠣᠮᠳᠠᠳᠣ ᠰᠣᠷᠭᠠᠭᠤᠯᠢ ᠪᠠ ᠶᠡᠭᠡ ᠳᠡᠭᠡᠲᠦ ᠰᠣᠷᠭᠠᠭᠤᠯᠢ ᠳᠤ ᠳᠠᠪᠰᠢᠬᠤ ᠰᠢᠯᠭᠠᠯᠳᠠ ᠶᠢᠨ ᠬᠢᠷᠢ ᠪᠦᠲᠦᠮᠵᠢ ᠶᠢ ᠣᠣᠯ ᠤᠨ ᠰᠠᠭᠤᠷᠢᠨ ᠳᠡᠭᠡᠷ᠎ᠡ ᠪᠠᠨ ᠰᠢᠨ᠎ᠡ ᠰᠢᠪᠳᠣᠯᠣᠯᠳᠠ ᠲᠠᠢ ᠪᠣᠯᠭᠠᠬᠤ ᠪᠠᠷ ᠴᠢᠷᠮᠠᠶᠢᠨ᠎ᠠ᠃ ᠣᠯᠣᠰ ᠤᠨ ᠨᠡᠶᠢᠳᠡᠮ ᠭᠡᠷᠡᠭᠯᠡᠬᠦ ᠦᠭᠡ ᠭᠡᠯᠡ ᠦᠰᠦᠭ ᠪᠢᠴᠢᠭ ᠢ ᠲᠦᠭᠡᠮᠡᠯᠵᠢᠭᠦᠯᠬᠦ ᠬᠦᠴᠦᠨ ᠢᠶᠠᠨ ᠨᠡᠮᠡᠭᠳᠡᠭᠦᠯᠵᠦ᠂ ᠣᠯᠣᠰ ᠤᠨ ᠨᠢᠭᠡᠳᠦᠯᠳᠠᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠦᠷ᠎ᠡ ᠪᠦᠲᠦᠭᠡᠯ ᠢ ᠲᠠᠰᠣᠷᠠᠯᠳᠠ ᠦᠭᠡᠢ ᠪᠠᠬᠢᠵᠢᠭᠦᠯᠦᠨ ᠦᠷᠭᠡᠳᠭᠡᠵᠦ᠂ ᠭᠤᠷᠪᠠᠨ ᠲᠦᠷᠦᠯ ᠤᠨ ᠨᠢᠭᠡᠳᠣᠯᠳᠠᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠤᠨ ᠰᠣᠷᠭᠠᠨ ᠬᠦᠮᠦᠵᠢᠯ ᠵᠢᠭᠠᠨ ᠰᠣᠷᠭᠠᠯᠳᠠ  ᠶᠢᠨ ᠶᠠᠰᠣ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃ ᠦᠪᠡᠷᠳᠡᠭᠡᠨ ᠵᠠᠰᠠᠬᠤ ᠣᠷᠣᠨ ᠤ ︽ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠴᠢᠨᠠᠷᠯᠢᠭ ᠬᠦᠭᠵᠢᠯᠳᠡ ᠶᠢ ᠠᠬᠢᠭᠤᠯᠬᠤ ᠲᠣᠬᠠᠢ ᠬᠡᠷᠡᠭᠵᠢᠭᠦᠯᠬᠦ ᠰᠠᠨᠠᠯ︾ ᠢ ᠪᠦᠬᠦ ᠲᠠᠯ᠎ᠠ  ᠪᠠᠷ ᠨᠠᠶᠢᠳᠠᠪᠣᠷᠢᠵᠢᠭᠤᠯᠵᠣ᠂ ᠮᠣ᠋ ᠢ ᠨᠢᠶᠠᠨ ᠬᠤᠸᠠ ᠬᠢᠵᠠᠭᠠᠷᠳᠣ ᠺᠣᠮᠫᠠᠨᠢ ᠲᠠᠢ ᠬᠤᠯᠪᠣᠭᠠᠯᠠᠨ᠂ ᠰᠣᠷᠭᠠᠭᠤᠯᠢ ᠠᠵᠣ ᠠᠬᠤᠶᠢᠯᠠᠯ ᠤᠨ ᠬᠠᠮᠳᠣᠷᠠᠯᠴᠠᠭ᠎ᠠ ᠶᠢ ᠬᠦᠨᠵᠡᠭᠡᠶᠢᠷᠡᠭᠦᠯᠵᠦ᠂ ᠰᠢᠯᠢ ᠶᠢᠨ ᠭᠤᠣᠯ ᠠᠶᠢᠮᠠᠭ ᠤᠨ ᠠᠵᠢᠯ ᠮᠡᠷᠭᠡᠵᠢᠯ ᠤᠨ ᠳᠡᠭᠡᠲᠦ ᠰᠣᠷᠭᠠᠭᠤᠯᠢ ᠲᠠᠢ ᠵᠣᠯᠭᠠᠭᠤᠯᠣᠨ᠂ ︽3 + 2︾ ᠤᠨ ᠠᠩᠬ᠎ᠠ ᠳᠣᠮᠳᠠᠳᠣ᠂ ᠦᠨᠳᠦᠷ ᠳᠣᠮᠳᠠᠳᠣ᠂ ᠠᠵᠢᠯ ᠮᠡᠷᠭᠡᠵᠢᠯ ᠤᠨ ᠦᠨᠳᠦᠷ ᠳᠣᠮᠳᠠᠳᠣ ᠶᠢ ᠵᠣᠯᠭᠠᠭᠤᠯᠬᠤ ᠠᠵᠢᠯ ᠢ ᠠᠬᠢᠭᠤᠯᠵᠣ᠂ ᠠᠵᠢᠯ ᠮᠡᠷᠭᠡᠵᠢᠯ ᠰᠣᠷᠣᠭᠰᠠᠨ ᠰᠣᠷᠣᠭᠴᠢᠳ ᠤᠨ ᠰᠣᠷᠭᠠᠭᠤᠯᠢ ᠳᠤ ᠳᠠᠪᠰᠢᠬᠤ ᠨᠣᠷᠮ᠎ᠠ ᠶᠢ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠲᠠᠳᠠᠬᠤ ᠬᠦᠴᠦᠨ ᠪᠠ ᠨᠡᠶᠢᠭᠡᠮ ᠤᠨ ᠬᠦᠯᠢᠶᠡᠨ ᠮᠡᠳᠡᠷᠡᠬᠦ ᠬᠡᠮᠵᠢᠶ᠎ᠡ ᠶᠢ ᠨᠡᠮᠡᠭᠳᠡᠭᠦᠯᠦᠨ᠎ᠡ᠃ ᠣᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠣᠷᠢ ᠶᠢ ᠨᠡᠮᠡᠭᠳᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠣᠯ ᠤᠨ ᠦᠭᠡᠷᠡᠴᠢᠯᠡᠯᠳᠡ ᠶᠢ ᠦᠷᠭᠦᠯᠵᠢᠯᠡᠨ ᠠᠬᠢᠭᠤᠯᠵᠣ᠂ ᠡᠮᠴᠢᠯᠡᠭᠡᠨ ᠤ ᠬᠤᠯᠪᠣᠭᠠᠳᠣ ᠴᠣᠭᠴᠠ᠂ ᠡᠮᠴᠢᠯᠡᠭᠡᠨ ᠤ ᠬᠠᠮᠳᠣ ᠶᠢᠨ ᠴᠣᠭᠴᠠ ᠶᠢᠨ ᠪᠠᠶᠢᠭᠤᠯᠣᠯᠳᠠ ᠶᠢ ᠣᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠢᠳᠠᠪᠣᠷᠢᠳᠠᠨ ᠢ ᠬᠦᠮᠦᠵᠢᠬᠦᠯᠬᠦ᠂ ᠰᠠᠯᠠᠭ᠎ᠠ ᠲᠠᠰᠤᠭ ᠪᠠᠶᠢᠭᠤᠯᠬᠤ᠂ ᠮᠡᠷᠭᠡᠵᠢᠯ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃ ᠪᠡᠶ᠎ᠡ ᠰᠡᠳᠬᠢᠯ ᠬᠠᠷᠢᠯᠴᠠᠨ ᠣᠶᠢᠯᠠᠳᠦᠯᠴᠡᠬᠦ ᠵᠠᠰᠠᠯ ᠤᠨ ᠡᠷᠡᠭᠦᠯ ᠮᠡᠨᠲᠦ ᠶᠢᠨ ᠬᠢᠴᠢᠶᠡᠯ ᠢ 5 ᠳ᠋ᠣᠭᠠᠷ ᠰᠠᠷ᠎ᠠ ᠶᠢᠨ ᠡᠬᠢ ᠪᠠᠷ ᠮᠣᠩᠭᠤᠯ ᠡᠮᠨᠡᠯᠭᠡ  ᠶᠢᠨ ᠬᠤᠷᠢᠶᠠᠨ ᠳᠤ ᠵᠢᠩᠭᠢᠨᠢ ᠪᠠᠷ ᠬᠢᠴᠢᠶᠡᠯ ᠡᠬᠢᠯᠡᠭᠦᠯᠬᠦ ᠶᠢ ᠠᠬᠢᠭᠤᠯᠵᠣ᠂ ᠣᠯᠠᠨ ᠲᠦᠮᠡᠨ ᠤ ᠬᠦᠷᠢᠶᠡᠯᠡᠯ ᠢ ᠣᠯᠣᠭᠰᠠᠨ ︽ᠡᠷᠡᠭᠦᠯ ᠮᠡᠨᠳᠦ ᠶᠢᠨ ᠢᠨᠵᠧᠨᠧᠷᠢᠩ︾ ᠢ ᠮᠠᠨ ᠤ ᠬᠤᠰᠢᠭᠤᠨ ᠳᠠᠭᠠᠨ ᠡᠷᠬᠢᠯᠡᠨ᠎ᠡ᠃ ᠬᠤᠯᠣᠭᠠᠨ᠎ᠠ  ᠶᠢᠨ ᠬᠢᠵᠢᠭ᠂ ᠰᠦᠷᠢᠶ᠎ᠡ ᠡᠪᠡᠳᠴᠢᠨ᠂ ᠪᠷᠦ᠋ᠽᠧᠯ ᠡᠪᠡᠳᠴᠢᠨ ᠵᠡᠷᠭᠡ ᠬᠠᠯᠳᠠᠪᠣᠷᠢᠳᠣ ᠡᠪᠡᠳᠴᠢᠨ ᠪᠡ ᠣᠷᠣᠨ ᠨᠣᠳᠤᠭ ᠤᠨ ᠡᠪᠡᠳᠴᠢᠨ ᠢ ᠬᠢᠨᠠᠨ ᠬᠡᠮᠵᠢᠬᠦ ᠠᠵᠢᠯ ᠢ ᠨᠠᠷᠢᠯᠢᠭ ᠣᠨᠣᠪᠴᠢᠳᠠᠢ ᠪᠠᠷ ᠰᠠᠶᠢᠳᠣᠷ ᠠᠳᠬᠤᠵᠣ᠂ ᠣᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠭᠡᠨᠡᠳᠳᠡ ᠶᠢᠨ ᠭᠡᠷᠡᠭ ᠢ ᠬᠢᠨᠠᠨ ᠬᠡᠮᠵᠢᠵᠦ ᠣᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠣᠷᠢ ᠶᠢ ᠳᠡᠭᠡᠭᠰᠢᠯᠡᠭᠦᠯᠦᠨ᠎ᠡ᠃ ︽120︾ ᠲᠦᠷᠭᠡᠨ ᠠᠪᠣᠷᠠᠯᠳᠠ ᠶᠢᠨ ᠴᠢᠳᠠᠪᠣᠷᠢ ᠶᠢᠨ ᠪᠠᠶᠢᠭᠤᠯᠣᠯᠳᠠ ᠶᠢ ᠴᠢᠩᠭᠠᠳᠬᠠᠵᠣ᠂ ᠡᠳᠦᠷ ᠲᠣᠳᠣᠮ ᠤᠨ ᠲᠦᠷᠭᠡᠨ ᠠᠪᠣᠷᠠᠯᠳᠠ  ᠶᠢᠨ ᠡᠭᠦᠷᠭᠡ ᠶᠢ ᠰᠠᠶᠢᠳᠣᠷ ᠪᠡᠶᠡᠯᠡᠭᠦᠯᠵᠦ᠂ ᠣᠯᠠᠨ ᠲᠦᠮᠡᠨ ᠤ ᠪᠡᠶ᠎ᠡ ᠶᠢᠨ ᠡᠷᠡᠭᠦᠯ ᠮᠡᠨᠲᠦ ᠪᠣᠯᠣᠨ ᠠᠮᠢ ᠨᠠᠰᠣᠨ ᠤ ᠠᠮᠣᠷ ᠲᠦᠪᠰᠢᠨ ᠢ ᠪᠠᠳᠣᠯᠠᠨ᠎ᠠ᠃ ᠰᠢᠨ᠎ᠡ ᠱᠠᠳᠣ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠷᠭ᠎ᠠ ᠠᠪᠴᠠᠯ ᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠣᠯᠠᠨ ᠲᠦᠮᠡᠨ ᠤ ᠭᠡᠪ ᠤᠨ ᠪᠠᠶᠢᠳᠠᠯ  ᠢᠶᠠᠷ ᠡᠮᠴᠢᠯᠡᠭᠦᠯᠦᠨ ᠡᠮ ᠬᠡᠷᠡᠭᠯᠡᠬᠦ ᠶᠢ ᠪᠠᠳᠣᠯᠠᠵᠣ᠂ ᠨᠠᠰᠣᠳᠠᠶᠢᠴᠣᠳ᠂ ᠡᠮᠡᠭᠳᠠᠶᠢᠴᠣᠳ ᠭᠡᠣᠭᠡᠳ ᠵᠢᠴᠢ ᠠᠷᠬᠠᠭ ᠡᠪᠡᠳᠴᠢᠨ ᠲᠠᠢ ᠬᠦᠮᠦᠰ ᠢ ᠰᠡᠷᠭᠡᠶᠢᠯᠡᠨ ᠬᠠᠮᠠᠭᠠᠯᠠᠬᠤ ᠶᠢ ᠭᠤᠣᠯᠳᠠᠯᠭ᠎ᠠ ᠪᠣᠯᠭᠠᠨ ᠠᠳᠬᠤᠵᠣ᠂ ᠡᠷᠡᠭᠦᠯ ᠮᠠᠨᠳᠣ ᠶᠢ ᠪᠠᠳᠣᠯᠠᠨ᠂ ᠬᠦᠨᠳᠦ ᠡᠪᠡᠳᠴᠢᠨ ᠢ ᠰᠡᠷᠭᠡᠶᠢᠯᠡᠬᠦ ᠪᠠᠷ ᠴᠢᠷᠮᠠᠶᠢᠨ᠎ᠠ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ  ᠤᠨ ᠦᠢᠯᠡᠴᠢᠯᠡᠭᠡᠨ ᠤ ᠲᠦᠪ + ᠨᠠᠰᠣᠳᠠᠶᠢᠴᠣᠳ ᠢ ᠠᠰᠠᠷᠠᠬᠤ ᠰᠢᠨ᠎ᠡ ᠭᠡᠯᠪᠡᠷᠢ ᠶᠢ ᠢᠳᠡᠪᠬᠢᠳᠠᠢ ᠡᠭᠦᠳᠦᠨ ᠪᠠᠶᠢᠭᠤᠯᠵᠣ᠂ ᠦᠨᠳᠦᠰᠦᠨ ᠱᠠᠳᠣᠨ ᠤ ᠡᠮᠴᠢᠯᠡᠭᠡᠨ ᠤ ᠦᠢᠯᠡᠴᠢᠯᠡᠭᠡ ᠶᠢᠨ ᠪᠠᠶᠢᠭᠤᠯᠣᠮᠵᠢ ᠶᠢᠨ ᠶᠡᠷᠦᠩᠭᠡᠶᠢᠯᠡᠭᠰᠡᠨ ᠦᠢᠯᠡᠴᠢᠯᠡᠭᠡᠨ ᠤ ᠴᠢᠳᠠᠪᠣᠷᠢ ᠶᠢ ᠲᠠᠰᠣᠷᠠᠯᠳᠠ ᠦᠭᠡᠢ ᠳᠡᠭᠡᠭᠰᠢᠯᠡᠭᠦᠯᠦᠨ᠎ᠡ᠃ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠨᠣᠮ ᠤᠨ ᠰᠠᠩ᠂ ᠰᠣᠶᠣᠯ ᠤᠨ ᠣᠷᠳᠣᠨ ᠤ ᠲᠣᠭᠠᠴᠢᠯᠠᠭᠰᠠᠨ ᠪᠠᠶᠢᠭᠤᠯᠣᠯᠳᠠ  ᠶᠢ ᠠᠬᠢᠭᠤᠯᠵᠣ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠠᠪᠣᠨ ᠵᠢᠯ ᠤᠨ ᠲᠦᠯᠦᠪᠯᠡᠭᠡ ᠶᠢ ᠬᠦᠨᠵᠡᠭᠡᠢ ᠬᠡᠷᠡᠭᠵᠢᠭᠦᠯᠵᠦ᠂ ᠣᠯᠠᠨ ᠬᠡᠯᠪᠡᠷᠢ ᠮᠠᠶ᠋ᠢᠭ ᠤᠨ ᠣᠯᠠᠨ ᠲᠦᠮᠡᠨᠴᠢ ᠴᠢᠨᠠᠷᠳᠠᠢ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠣᠨ ᠦᠷᠨᠢᠭᠦᠯᠵᠦ᠂ ᠰᠣᠶᠣᠯ ᠲᠠᠮᠢᠷ ᠤᠨ ᠦᠢᠯᠡᠰ ᠤᠨ ᠴᠡᠴᠡᠭᠯᠡᠨ ᠬᠦᠭᠵᠢᠭᠦ ᠶᠢ ᠠᠬᠢᠭᠤᠯᠣᠨ᠎ᠠ᠃ ᠣᠯᠠᠭᠠᠠᠮᠦ᠋ᠴᠢᠷ ᠤᠨ ᠦᠢᠯᠡᠰ ᠢ ᠶᠡᠬᠡᠪᠡᠷ ᠳᠡᠮᠵᠢᠵᠦ᠂ ᠲᠣᠭᠯᠠᠯᠳᠠ ᠶᠢᠨ ᠦᠢᠯᠡᠴᠢᠯᠡᠭᠡ᠂ ᠣᠬᠠᠭᠤᠯᠭ᠎ᠠ ᠬᠦᠮᠦᠵᠢᠯ᠂ ᠭᠠᠳᠠᠭᠠᠳᠣ ᠰᠣᠯᠢᠯᠴᠠᠭᠠᠨ ᠤ ᠠᠵᠢᠯᠯᠠᠭ᠎ᠠ ᠶᠢ ᠦᠷᠭᠦᠯᠵᠢᠯᠡᠨ ᠬᠦᠨᠵᠡᠭᠡᠢ ᠦᠷᠨᠢᠭᠦᠯᠵᠦ᠂ ᠪᠦᠬᠦ ᠵᠢᠯ ᠤᠨ ᠠᠷᠠᠳ ᠲᠤ ᠠᠰᠢᠭ ᠬᠦᠷᠳᠡᠭᠡᠬᠦ ᠲᠣᠭᠯᠠᠯᠳᠠ ᠶᠢᠨ ᠦᠢᠯᠡᠴᠢᠯᠡᠭᠡ ᠶᠢ 100 ᠲᠠᠯᠠᠪᠠᠢ ᠠᠴᠠ ᠳᠡᠭᠡᠭᠰᠢ ᠳᠤ ᠬᠦᠷᠭᠡᠨ᠎ᠡ᠃ ᠪᠣᠳᠠᠰ  ᠤᠨ ᠪᠣᠰᠣ ᠰᠣᠶᠣᠯ ᠤᠨ ᠦᠪ ᠢ ᠣᠯᠠᠮᠵᠢᠯᠠᠨ ᠵᠠᠯᠭᠠᠮᠵᠢᠯᠠᠬᠤ ᠪᠠ ᠰᠣᠶᠣᠯ ᠤᠨ ᠦᠪ ᠤᠨ ᠬᠠᠮᠠᠭᠠᠯᠠᠯᠳᠠ ᠬᠠᠮᠢᠶᠠᠷᠣᠯᠳᠠ ᠶᠢ ᠴᠢᠩᠭᠠᠳᠬᠠᠵᠣ᠂ ᠠᠯᠳᠠᠨ ᠣᠯᠣᠰ ᠤᠨ ᠦᠶ᠎ᠡ ᠶᠢᠨ ᠣᠷᠳᠣ ᠴᠠᠭᠠᠨ ᠭᠡᠷᠡᠮ᠂ ᠬᠠᠳᠠᠨ ᠵᠢᠷᠤᠭ  ᠤᠨ ᠰᠦᠷᠦᠭᠵᠢᠯ᠂ ᠡᠾᠦ᠋ᠩᠨᠣ ᠶᠢᠨ ᠦᠶ᠎ᠡ ᠶᠢᠨ ᠪᠣᠯᠠᠰᠢ ᠨᠤᠭᠤᠳ ᠵᠡᠷᠭᠡ ᠭᠤᠣᠯᠳᠠᠯᠭ᠎ᠠ ᠲᠠᠢ ᠲᠡᠣᠭᠡ ᠶᠢᠨ ᠳᠣᠷᠠᠰᠬᠠᠯᠳᠣ ᠵᠦᠢᠯᠡᠰ ᠤᠨ ᠬᠠᠮᠠᠭᠠᠯᠠᠯᠳᠠ ᠶᠢᠨ ᠨᠢᠭᠡᠴᠡ ᠶᠢᠨ ᠬᠠᠮᠠᠭᠠᠯᠠᠯᠳᠠ ᠶᠢᠨ ᠲᠦᠷᠦᠯ ᠵᠦᠢᠯ ᠢ ᠦᠪᠡᠷᠳᠡᠭᠡᠨ ᠵᠠᠰᠠᠬᠤ ᠣᠷᠣᠨ ᠤ ᠲᠡᠣᠭᠡ ᠶᠢᠨ ᠳᠣᠷᠠᠰᠬᠠᠯᠳᠣ ᠵᠦᠢᠯᠡᠰ ᠤᠨ ᠬᠠᠮᠠᠭᠠᠯᠠᠯᠳᠠ ᠶᠢᠨ ᠲᠦᠷᠦᠯ ᠵᠦᠢᠯ ᠤᠨ ᠨᠡᠷᠡᠰ ᠤᠨ ᠵᠢᠭᠰᠠᠭᠠᠯᠳᠠ ᠪᠠ ᠨᠦᠭᠡᠴᠡ ᠳᠤ ᠣᠷᠣᠭᠤᠯᠬᠤ ᠪᠠᠷ ᠴᠢᠷᠮᠠᠶᠢᠨ᠎ᠠ᠃ ᠠᠵᠢᠯ ᠣᠯᠭᠤᠯᠳᠠ ᠦᠢᠯᠡᠰ ᠪᠣᠰᠬᠠᠬᠤ ᠶᠢ ᠴᠢᠷᠮᠠᠶᠢᠨ ᠠᠬᠢᠭᠤᠯᠣᠨ᠎ᠠ᠃ ᠠᠵᠢᠯ ᠣᠯᠭᠤᠯᠳᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠴᠢᠩᠭᠠᠳᠬᠠᠵᠣ᠂ ᠬᠦᠴᠢᠷᠳᠡᠯᠳᠠᠢ ᠣᠯᠠᠨ ᠲᠦᠮᠡᠨ ᠳᠤ ᠠᠵᠢᠯ ᠣᠯᠭᠤᠵᠣ ᠬᠠᠪᠰᠣᠷᠣᠨ ᠳᠡᠳᠭᠦᠬᠦ ᠠᠵᠢᠯ ᠢ ᠴᠢᠩᠭᠠᠳᠬᠠᠵᠣ᠂ ᠦᠢᠯᠡᠰ ᠪᠣᠰᠬᠠᠬᠤ ᠪᠠᠷ ᠠᠵᠢᠯ ᠣᠯᠭᠤᠯᠳᠠ ᠶᠢ ᠳᠠᠶᠢᠴᠢᠯᠠᠬᠤ ᠶᠢ ᠠᠬᠢᠭᠤᠯᠵᠣ᠂ ᠦᠢᠯᠡᠰ ᠪᠣᠰᠬᠠᠬᠤ ᠪᠠᠳᠣᠯᠠᠭ᠎ᠠ ᠶᠢᠨ ᠵᠢᠭᠡᠯᠡᠯᠭᠡ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠬᠤ ᠬᠦᠴᠦᠨ ᠢ ᠨᠡᠮᠡᠭᠳᠡᠭᠦᠯᠵᠦ᠂ ᠦᠢᠯᠡᠰ ᠪᠣᠰᠬᠠᠬᠤ ᠲᠣᠭᠤᠷᠢᠭ ᠢᠶᠠᠷ ᠭᠠᠷᠳᠠᠴᠠ ᠪᠣᠯᠭᠠᠵᠣ᠂ ᠨᠡᠩ ᠣᠯᠠᠨ ᠬᠦᠮᠦᠰ ᠤᠨ ᠲᠣᠭᠤᠷᠢᠭ  ᠲᠤ ᠣᠷᠣᠵᠣ ᠦᠢᠯᠡᠰ ᠪᠣᠰᠬᠠᠬᠤ ᠶᠢ ᠨᠢ ᠳᠠᠶᠢᠴᠢᠯᠠᠨ᠎ᠠ᠃ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠶᠢᠨ ᠨᠦᠬᠦᠪᠦᠷᠢ᠂ ᠨᠡᠶᠢᠭᠡᠮ ᠤᠨ ᠳᠠᠭᠠᠳᠬᠠᠯ ᠤᠨ ᠨᠦᠬᠦᠪᠦᠷᠢ᠂ ᠠᠵᠢᠯ ᠮᠡᠷᠭᠡᠵᠢᠯ ᠤᠨ ᠪᠣᠯᠪᠠᠰᠣᠷᠠᠯ ᠪᠣᠯᠣᠨ ᠦᠢᠯᠡᠰ ᠪᠣᠰᠬᠠᠬᠤ ᠪᠣᠯᠪᠠᠰᠣᠷᠠᠯ ᠵᠡᠷᠭᠡ ᠳᠣᠰᠠᠯᠠᠮᠵᠢ ᠶᠢᠨ ᠠᠷᠭ᠎ᠠ ᠠᠪᠴᠠᠯ ᠢ ᠰᠠᠶᠢᠳᠣᠷ ᠨᠠᠶᠢᠳᠠᠪᠣᠷᠢᠵᠢᠭᠤᠯᠵᠣ᠂ 6000 ᠠᠵᠢᠯ ᠣᠯᠭᠤᠬᠤ ᠠᠵᠢᠯ ᠤᠨ ᠪᠠᠶᠢᠷᠢ ᠶᠢ ᠴᠣᠭᠯᠠᠭᠤᠯᠵᠣ᠂ ᠬᠤᠳᠠ ᠪᠠᠯᠭᠠᠰᠣᠨ ᠤ 700 ᠬᠦᠮᠦᠨ ᠳᠤ ᠰᠢᠨ᠎ᠡ ᠪᠠᠷ ᠠᠵᠢᠯ ᠣᠯᠭᠤᠵᠣ᠂ ᠬᠤᠳᠠ ᠪᠠᠯᠭᠠᠰᠣᠨ ᠤ ᠳᠠᠩᠰᠠᠯᠠᠭᠳᠠᠭᠰᠠᠨ ᠠᠵᠢᠯ ᠠᠯᠳᠠᠯᠳᠠ ᠶᠢᠨ ᠨᠣᠷᠮ᠎ᠠ ᠶᠢ 5% ᠶᠢᠨ ᠲᠣᠳᠣᠷ᠎ᠠ ᠪᠠᠶᠢᠯᠭᠠᠬᠤ ᠬᠠᠷᠠᠯᠳᠠ ᠡᠭᠦᠷᠭᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠲᠡᠷᠢᠭᠦᠨ ᠤ ᠬᠢ ᠪᠣᠯᠬᠤ ᠪᠠᠷ ᠴᠢᠷᠮᠠᠶᠢᠵᠣ ᠰᠢᠯᠢᠳᠡᠭ ᠢ ᠡᠭᠦᠳᠴᠦ᠂ ᠠᠷᠠᠳ ᠲᠦᠮᠡᠨ ᠳᠤ ᠬᠠᠨᠣᠮᠵᠢᠳᠠᠢ ᠬᠠᠷᠢᠭᠤᠯᠳᠠ ᠦᠭᠭᠦᠨ᠎ᠡ᠃ ᠠᠵᠢᠯ ᠠᠯᠳᠠᠯᠳᠠ ᠶᠢᠨ ᠳᠠᠭᠠᠳᠬᠠᠯ ᠤᠨ ᠲᠦᠷᠦ ᠶᠢᠨ ᠪᠣᠳᠣᠯᠭ᠎ᠠ ᠶᠢᠨ ︽ᠠᠮᠢᠳᠣᠷᠠᠯ ᠢ ᠪᠠᠳᠣᠯᠠᠬᠤ︾ ᠦᠢᠯᠡᠳᠦᠯ ᠢ ᠭᠦᠢᠴᠡᠳ ᠪᠠᠳᠠᠷᠠᠭᠤᠯᠵᠣ᠂ ᠠᠵᠢᠯ ᠠᠯᠳᠠᠯᠳᠠ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠦᠷᠭᠡᠳᠭᠡᠨ᠂ ᠠᠵᠣ ᠠᠬᠤᠶᠢᠯᠠᠯ ᠢ ᠳᠣᠰᠠᠯᠠᠨ ᠠᠵᠢᠯ ᠤᠨ ᠪᠠᠶᠢᠷᠢ ᠶᠢ ᠲᠣᠭᠳᠠᠭᠤᠨ ᠪᠠᠶᠢᠯᠭᠠᠵᠣ ᠬᠠᠪᠰᠣᠷᠣᠨ ᠳᠡᠳᠭᠦᠬᠦ ᠡᠯ᠎ᠡ ᠵᠦᠢᠯ  ᠤᠨ ᠲᠦᠷᠦ ᠶᠢᠨ ᠪᠣᠳᠣᠯᠭ᠎ᠠ ᠶᠢ ᠰᠠᠶᠢᠳᠣᠷ ᠨᠠᠶᠢᠳᠠᠪᠣᠷᠢᠵᠢᠭᠤᠯᠣᠨ᠎ᠠ᠃ ᠴᠡᠯᠢᠩ ᠬᠦᠯᠦᠰᠦ ᠶᠢ ᠦᠷᠢᠳᠦᠬᠦ ᠶᠢ ᠦᠨᠳᠦᠰᠦᠨ ᠠᠴᠠ ᠨᠢ ᠵᠠᠰᠠᠬᠤ ᠲᠣᠰᠬᠠᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠣ᠂ ︽ᠬᠤᠶᠠᠷ ᠮᠦᠩᠭᠦ ᠭᠤᠷᠪᠠᠨ ᠲᠦᠷᠢᠮ︾24 ᠤᠨ ᠲᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠬᠦᠳᠡᠯᠮᠦᠷᠢᠴᠢᠳ ᠤᠨ ᠬᠠᠣᠯᠢ ᠶᠣᠰᠣᠨ ᠤ ᠡᠷᠭᠡ ᠠᠰᠢᠭ ᠢ ᠦᠨᠡᠨᠬᠦ ᠪᠠᠳᠣᠯᠠᠨ᠎ᠠ᠃ ᠠᠷᠠᠳ ᠤᠨ ᠠᠮᠢᠳᠣᠷᠠᠯ ᠢ ᠪᠠᠳᠣᠯᠠᠨ ᠰᠠᠶᠢᠵᠢᠷᠠᠭᠤᠯᠣᠨ᠎ᠠ᠃ ᠨᠡᠶᠢᠭᠡᠮ ᠤᠨ ᠳᠠᠭᠠᠳᠬᠠᠯ ᠤᠨ ᠬᠠᠮᠣᠷᠬᠤ ᠬᠡᠪᠴᠢᠶ᠎ᠡ ᠶᠢ ᠣᠯᠠᠮ ᠨᠢᠭᠡ ᠠᠯᠬᠤᠮ ᠦᠷᠭᠡᠳᠭᠡᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95% ᠠᠴᠠ ᠳᠡᠭᠡᠭᠰᠢ ᠳᠤ ᠲᠣᠭᠳᠠᠪᠣᠷᠢᠵᠢᠭᠤᠯᠵᠣ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠣᠵᠢᠯ ᠤᠨ ᠠᠰᠠᠷᠠᠮᠵᠢ ᠶᠢᠨ ᠳᠠᠭᠠᠳᠬᠠᠯ ᠤᠨ ᠪᠠᠳᠣᠯᠠᠬᠤ ᠶᠣᠰᠣᠳᠠᠢ ᠶᠢ ᠨᠢ ᠪᠦᠬᠦᠨ ᠢ ᠪᠠᠳᠣᠯᠠᠬᠤ ᠶᠢ ᠪᠡᠶᠡᠯᠡᠭᠦᠯᠦᠨ᠎ᠡ᠃ ᠨᠡᠶᠢᠭᠡᠮ ᠤᠨ ᠠᠪᠣᠷᠠᠨ ᠲᠣᠰᠠᠯᠠᠵᠣ ᠬᠠᠪᠰᠣᠷᠣᠨ ᠳᠡᠳᠭᠦᠬᠦ ᠠᠵᠢᠯ ᠢ ᠴᠢᠩᠭᠠᠳᠬᠠᠵᠣ᠂ ᠬᠤᠳᠠ ᠪᠠᠯᠭᠠᠰᠣᠨ ᠤ ︽ᠭᠤᠷᠪᠠ ᠦᠭᠡᠢ︾ ᠬᠦᠮᠦᠰ25᠂ ᠲᠠᠪᠣᠨ ᠪᠠᠳᠣᠯᠠᠭᠠᠳᠣ ᠡᠷᠦᠭᠡ᠂ ᠦᠨᠦᠴᠢᠨ ᠵᠡᠮᠳᠡᠭ ᠬᠦᠮᠦᠰ ᠢ ᠨᠡᠶᠢᠭᠡᠮ ᠠᠴᠠ ᠠᠪᠣᠷᠠᠨ ᠲᠣᠰᠠᠯᠠᠬᠤ ᠠᠵᠢᠯ ᠢ ᠰᠠᠶᠢᠳᠣᠷ ᠬᠢᠵᠦ᠂ ᠡᠮᠡᠭᠳᠠᠶᠢᠴᠣᠳ ᠭᠡᠣᠭᠡᠳ ᠤᠨ ᠬᠠᠣᠯᠢ ᠶᠣᠰᠣᠨ ᠤ ᠡᠷᠭᠡ ᠠᠰᠢᠭ ᠢ ᠪᠠᠳᠣᠯᠠᠨ᠎ᠠ᠃ ᠨᠠᠰᠣᠳᠠᠶᠢᠴᠣᠳ ᠢ ᠠᠰᠠᠷᠠᠬᠤ ᠦᠢᠯᠡᠴᠢᠯᠡᠭᠡᠨ ᠤ ᠬᠠᠩᠭᠠᠯᠭ᠎ᠠ ᠶᠢ ᠲᠡᠭᠦᠯᠳᠡᠷᠵᠢᠭᠦᠯᠵᠦ᠂ ᠠᠯᠪᠠᠨ ᠠᠴᠠ ᠡᠷᠬᠢᠯᠡᠭᠰᠡᠨ ᠨᠠᠰᠣᠳᠠᠶᠢᠴᠣᠳ ᠢ ᠠᠰᠠᠷᠠᠬᠤ ᠦᠢᠯᠡᠴᠢᠯᠡᠭᠡᠨ ᠤ ᠪᠠᠶᠢᠭᠤᠯᠣᠮᠵᠢ ᠶᠢᠨ ᠪᠦᠲᠦᠭᠡᠨ ᠪᠠᠶᠢᠭᠤᠯᠣᠯᠳᠠ ᠶᠢᠨ ᠲᠦᠷᠦᠯ ᠵᠦᠢᠯ ᠢ ᠰᠠᠶᠢᠳᠣᠷ ᠬᠡᠷᠡᠭᠵᠢᠭᠦᠯᠵᠦ᠂ ᠭᠡᠷ ᠲᠤᠨᠢ ᠠᠰᠠᠷᠠᠬᠤ ᠪᠠ ᠨᠡᠶᠢᠭᠡᠮ ᠲᠣᠭᠤᠷᠢᠭ ᠲᠤ ᠠᠰᠠᠷᠠᠬᠤ ᠦᠢᠯᠡᠴᠢᠯᠡᠭᠡᠨ  ᠤ ᠪᠦᠷᠬᠦᠴᠡ ᠶᠢᠨ ᠨᠣᠷᠮ᠎ᠠ ᠶᠢ ᠪᠠᠳᠣᠳᠬᠠᠨ ᠳᠡᠭᠡᠭᠰᠢᠯᠡᠭᠦᠯᠦᠨ᠎ᠡ᠃ ᠣᠷᠣᠰᠢᠭᠤᠯᠭ᠎ᠠ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠠᠶᠢᠭᠤᠯᠣᠯᠳᠠ ᠶᠢ ᠯᠠᠪᠳᠠᠭᠤᠨ ᠠᠬᠢᠭᠤᠯᠵᠣ᠂ ᠬᠤᠰᠢᠭᠤᠨ ᠤ ᠣᠷᠣᠰᠢᠭᠤᠯᠭ᠎ᠠ ᠶᠢᠨ ᠭᠠᠵᠠᠷ  ᠤᠨ ᠲᠦᠷᠦᠯ ᠵᠦᠢᠯ ᠢ ᠡᠮᠬᠢ ᠳᠠᠷᠠᠭᠠᠯᠠᠯ ᠲᠠᠢ ᠠᠬᠢᠭᠤᠯᠬᠤ ᠶᠢ ᠪᠠᠳᠣᠯᠠᠨ᠎ᠠ᠃ ᠰᠠᠶᠢᠬᠠᠨᠳᠠᠯ᠎ᠠ ᠪᠠᠯᠭᠠᠰᠣᠨ ᠤ ᠢᠳᠡᠰᠢᠨ ᠨᠣᠭᠤᠭ᠎ᠠ ᠲᠠᠷᠢᠬᠤ ᠠᠵᠣ ᠦᠢᠯᠡᠰ ᠤᠨ ᠰᠠᠭᠤᠷᠢᠨ ᠭᠠᠵᠠᠷ ᠤᠨ ᠬᠤᠶᠠᠳᠣᠭᠠᠷ ᠬᠤᠭᠤᠴᠠᠭᠠᠨ ᠤ ᠲᠦᠷᠦᠯ ᠵᠦᠢᠯ ᠢ ᠰᠠᠶᠢᠳᠣᠷ ᠠᠳᠬᠤᠵᠣ᠂ ᠣᠯᠠᠨ ᠲᠦᠮᠡᠨ ᠤ ᠢᠳᠡᠰᠢᠨ ᠨᠣᠭᠤᠭᠠᠨ ᠤ ᠬᠠᠩᠭᠠᠯᠭ᠎ᠠ ᠶᠢ ᠪᠠᠳᠣᠯᠠᠵᠣ᠂ ᠣᠯᠠᠨ ᠲᠦᠮᠡᠨ ᠳᠤ ᠬᠢᠮᠳᠠ ᠦᠨ᠎ᠡ ᠲᠠᠢ᠂ ᠪᠣᠬᠢᠷᠳᠣᠯ ᠦᠭᠡᠢ ᠢᠳᠡᠰᠢᠨ ᠨᠣᠭᠤᠭ᠎ᠠ ᠬᠠᠩᠭᠠᠬᠤ ᠶᠢ ᠪᠠᠳᠣᠯᠠᠨ᠎ᠠ᠃ ᠨᠡᠶᠢᠭᠡᠮ  ᠤᠨ ᠪᠦᠬᠦ ᠲᠠᠯ᠎ᠠ ᠶᠢᠨ ᠲᠣᠭᠳᠠᠭᠤᠨ ᠪᠠᠶᠢᠳᠠᠯ ᠢ ᠬᠠᠮᠠᠭᠠᠯᠠᠨ᠎ᠠ᠃ ᠨᠡᠶᠢᠭᠡᠮ ᠤᠨ ᠠᠮᠣᠷ ᠲᠦᠪᠰᠢᠨ ᠤ ᠰᠢᠰᠲ᠋ᠧᠮ ᠪᠣᠯᠣᠨ ᠴᠢᠳᠠᠪᠣᠷᠢ ᠶᠢᠨ ᠣᠳᠣᠬᠢᠴᠢᠯᠠᠭᠰᠠᠨ ᠪᠠᠶᠢᠭᠤᠯᠣᠯᠳᠠ ᠶᠢ ᠲᠦᠷᠭᠡᠳᠭᠡᠵᠦ᠂ ᠬᠠᠮᠳᠣᠪᠡᠷ ᠪᠠᠶᠢᠭᠤᠯᠵᠣ ᠬᠠᠮᠳᠣᠪᠡᠷ ᠵᠠᠰᠠᠵᠣ ᠬᠠᠮᠳᠣᠪᠡᠷ ᠡᠳ᠋ᠯᠡᠬᠦ ᠨᠡᠶᠢᠭᠡᠮ ᠤᠨ ᠵᠠᠰᠠᠯᠳᠠ ᠶᠢᠨ ᠲᠦᠷᠢᠮ ᠢ ᠲᠡᠭᠦᠯᠳᠡᠷᠵᠢᠭᠦᠯᠵᠦ᠂ ᠡᠬᠡ ᠣᠯᠣᠰ  ᠤᠨ ᠣᠮᠠᠷᠠᠳᠣ ᠬᠢᠯᠢ ᠶᠢᠨ ᠠᠮᠣᠷ ᠲᠣᠭᠳᠠᠭᠤᠨ ᠬᠠᠯᠬᠠᠪᠴᠢ ᠶᠢ ᠪᠠᠳᠣ ᠴᠣᠭᠴᠠᠯᠠᠨ᠎ᠠ᠃ ᠳᠣᠮᠳᠠᠳᠣ ᠶᠢᠨ ᠦᠨᠳᠦᠰᠦᠳᠡᠨ ᠤ ᠬᠠᠮᠳᠣ ᠶᠢᠨ ᠴᠣᠭᠴᠠ ᠶᠢᠨ ᠣᠬᠠᠮᠠᠰᠠᠷ ᠢ ᠪᠠᠳᠣ ᠴᠣᠭᠴᠠᠯᠠᠬᠤ ᠪᠠᠷ ᠭᠤᠣᠯ ᠰᠢᠵᠢᠮ ᠪᠣᠯᠭᠠᠵᠣ᠂ ︽ᠵᠢᠱᠢᠶᠡᠴᠢ ᠦᠪᠡᠷᠳᠡᠭᠡᠨ ᠵᠠᠰᠠᠬᠤ ᠣᠷᠣᠨ︾ ᠤ ᠠᠭᠤᠯᠣᠭᠳᠠᠬᠤᠨ ᠢ ᠪᠠᠶᠠᠯᠢᠭᠵᠢᠭᠤᠯᠣᠨ ᠦᠷᠭᠡᠳᠭᠡᠵᠦ᠂ ︽ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠬᠤᠰᠢᠭᠤ︾ ᠶᠢ ᠴᠢᠷᠮᠠᠶᠢᠨ ᠡᠭᠦᠳᠦᠨ ᠪᠠᠶᠢᠭᠤᠯᠵᠣ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠶᠢ ︽ᠨᠠᠢᠮᠠ ᠳᠤ ᠣᠷᠣᠭᠤᠯᠬᠤ ︾26 ᠠᠵᠢᠯᠯᠠᠭ᠎ᠠ ᠶᠢ ᠵᠣᠬᠢᠶᠠᠨ ᠪᠠᠶᠢᠭᠤᠯᠣᠨ ᠦᠷᠨᠢᠭᠦᠯᠵᠦ᠂ ᠪᠦᠬᠦ ᠠᠶᠢᠮᠠᠭ ᠤᠨ ᠬᠢᠯᠢ ᠬᠢᠵᠠᠭᠠᠷ ᠤᠨ 5 ᠬᠤᠰᠢᠭᠤ ᠬᠤᠳᠠ ᠲᠠᠢ ᠬᠠᠮᠳᠣᠪᠡᠷ ︽ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠬᠠᠮᠳᠣᠪᠡᠷ ᠡᠭᠦᠳᠦᠨ ᠪᠠᠶᠢᠭᠤᠯᠬᠤ ᠵᠢᠱᠢᠶᠡᠴᠢ ᠣᠷᠳᠣ ᠬᠤᠩᠭᠢᠯ︾ ᠢ ᠴᠣᠭᠴᠠᠯᠠᠨ ᠪᠠᠶᠢᠭᠤᠯᠣᠨ᠎ᠠ᠃ ᠦᠪᠡᠷᠳᠡᠭᠡᠨ ᠵᠠᠰᠠᠬᠤ ᠣᠷᠣᠨ ᠤ ︽ᠠᠷᠪᠠᠨ ᠳᠦᠷᠪᠡᠳᠦᠭᠡᠷ ᠲᠠᠪᠣᠨ ᠵᠢᠯ︾ ᠤᠨ ᠲᠦᠯᠦᠪᠵᠢᠭᠦᠯᠭᠡ ᠶᠢᠨ ᠬᠢᠯᠢ ᠬᠢᠵᠠᠭᠠᠷ ᠣᠷᠣᠨ ᠢ ᠬᠦᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠦᠰᠦᠯ ᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠪᠡᠯᠡ ᠮᠦᠩᠭᠦ ᠲᠦᠷᠦᠯ ᠵᠦᠢᠯ ᠢ ᠢᠳᠡᠪᠬᠢᠳᠠᠢ ᠲᠡᠮᠡᠴᠡᠨ ᠣᠯᠵᠣ᠂ ᠨᠢᠭᠳᠠᠷᠠᠨ ᠪᠦᠯᠬᠦᠮᠳᠡᠵᠦ ᠬᠢᠯᠢ ᠬᠢᠵᠠᠭᠠᠷ ᠣᠷᠣᠨ ᠢ ᠬᠦᠭᠵᠢᠭᠦᠯᠬᠦ᠂ ᠠᠵᠣ ᠦᠢᠯᠡᠰ ᠢᠶᠠᠷ ᠠᠷᠠᠳ ᠢ ᠪᠠᠶᠠᠵᠢᠭᠤᠯᠬᠤ ᠶᠢ ᠠᠬᠢᠭᠤᠯᠣᠨ᠎ᠠ᠃ ᠣᠷᠣᠨ ᠨᠣᠳᠤᠭ ᠤᠨ ᠵᠠᠰᠠᠭ ᠤᠨ ᠣᠷᠳᠣᠨ ᠤ ᠦᠷᠢ ᠰᠢᠷᠢ ᠶᠢᠨ ᠲᠦᠭᠰᠢᠭᠦᠷᠢ ᠶᠢ ᠰᠡᠷᠭᠡᠶᠢᠯᠡᠨ  ᠰᠢᠢᠳᠪᠦᠷᠢᠯᠡᠵᠦ᠂ ᠠᠷᠠᠳ ᠠᠴᠠ ᠡᠵᠡᠩᠨᠡᠭᠰᠡᠨ ᠠᠵᠣ ᠠᠬᠤᠶᠢᠯᠠᠯ᠂ ᠳᠣᠮᠳᠠ ᠵᠢᠵᠢᠭ ᠠᠵᠣ ᠠᠬᠤᠶᠢᠯᠠᠯ ᠳᠤ ᠦᠷᠢᠳᠦᠵᠦ ᠪᠠᠶᠢᠭ᠎ᠠ ᠵᠣᠭᠤᠰ ᠢ ᠡᠮᠬᠢ ᠳᠠᠷᠠᠭᠠᠯᠠᠯ ᠲᠠᠢ ᠪᠠᠷ ᠲᠦᠯᠦᠵᠦ᠂ 1.8 ᠳ᠋ᠦᠩᠰᠢᠭᠤᠷ ᠲᠦᠭᠦᠷᠢᠭ ᠤᠨ ᠣᠨ ᠤ ᠨᠢᠭᠤᠭᠳᠠᠮᠠᠯ ᠦᠷᠢ ᠰᠢᠷᠢ ᠶᠢ ᠲᠦᠯᠦᠬᠦ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ᠃ ︽ᠠᠷᠠᠳ ᠲᠦᠮᠡᠨ ᠢ ᠲᠡᠭᠡᠳᠦᠯᠡᠬᠦ᠂ ᠠᠮᠢ ᠨᠠᠰᠣ ᠶᠢ ᠳᠡᠭᠡᠳᠦᠯᠡᠬᠦ︾ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠪᠡᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠳᠠ ᠶᠢᠨ ᠮᠡᠳᠡᠭᠡ ᠵᠠᠩᠭᠢᠴᠢᠯᠠᠯᠳᠠ ᠶᠢᠨ ᠪᠠᠶᠢᠭᠤᠯᠣᠯᠳᠠ ᠶᠢ ᠦᠷᠭᠦᠯᠵᠢᠯᠡᠨ ᠠᠬᠢᠭᠤᠯᠵᠣ᠂ ᠢᠳᠡᠭᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠣᠯᠳᠠ ᠶᠢ ᠲᠠᠰᠣᠷᠠᠯᠳᠠ ᠦᠭᠡᠢ ᠴᠢᠩᠭᠠᠳᠬᠠᠵᠣ᠂ ᠠᠶᠣᠯᠭᠦᠢ ᠦᠢᠯᠡᠳᠪᠦᠷᠢᠯᠡᠯ ᠤᠨ ᠬᠤᠷᠢᠭ᠎ᠠ ᠱᠣᠭᠤᠮ ᠪᠠ ᠠᠷᠠᠳ ᠲᠦᠮᠡᠨ ᠤ ᠠᠮᠢ ᠨᠠᠰᠣ ᠡᠷᠡᠭᠦᠯ ᠮᠡᠨᠲᠦ ᠶᠢᠨ ᠬᠤᠷᠢᠭ᠎ᠠ ᠱᠣᠭᠤᠮ ᠢ ᠪᠠᠳᠣ ᠰᠠᠬᠢᠨ᠎ᠠ᠃ ᠲᠠᠬᠢᠨ ᠲᠠᠪᠳᠠᠨ ᠵᠠᠬᠢᠳᠠᠯ ᠢᠶᠠᠷ ᠰᠣᠷᠪᠣᠯᠵᠢᠯᠠᠬᠤ ᠶᠢ ᠲᠦᠪᠯᠡᠷᠡᠭᠦᠯᠦᠨ ᠵᠠᠰᠠᠨ ᠴᠡᠭᠴᠡᠯᠡᠬᠦ᠂ ᠵᠠᠬᠢᠳᠠᠯ ᠰᠣᠷᠪᠣᠯᠵᠢᠯᠠᠭ᠎ᠠ ᠶᠢᠨ ᠲᠠᠷᠣᠭᠳᠠᠮᠠᠯ ᠭᠡᠷᠡᠭ ᠢ ᠰᠢᠢᠳᠪᠦᠷᠢᠯᠡᠬᠦ ᠲᠣᠰᠬᠠᠢ ᠠᠵᠢᠯ ᠤᠨ ᠦᠷ᠎ᠡ ᠪᠦᠲᠦᠭᠡᠯ ᠢ ᠪᠠᠳᠣᠳᠬᠠᠨ ᠦᠷᠭᠡᠳᠭᠡᠵᠦ᠂ ︽ᠭᠤᠷᠪᠠ ᠶᠢ ᠪᠡᠶᠡᠯᠡᠭᠦᠯᠵᠦ ᠨᠢᠭᠡ ᠶᠢ ᠰᠢᠢᠳᠪᠦᠷᠢᠯᠡᠬᠦ︾27 ᠱᠠᠭᠠᠷᠳᠠᠯᠭ᠎ᠠ ᠶᠢ ᠨᠠᠶᠢᠳᠠᠪᠣᠷᠢᠵᠢᠭᠤᠯᠣᠨ᠂ ᠣᠯᠠᠨ ᠲᠦᠮᠡᠨ ᠤ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠢ ᠬᠠᠣᠯᠢ ᠲᠣᠭᠳᠠᠭᠠᠯ ᠶᠣᠰᠣᠭᠠᠷ ᠰᠢᠢᠳᠪᠦᠷᠢᠯᠡᠨ᠎ᠡ᠃ ᠣᠯᠣᠰ ᠤᠨ ᠪᠠᠳᠣᠯᠠᠨ ᠬᠠᠮᠠᠭᠠᠯᠠᠯᠳᠠ ᠶᠢᠨ ᠳᠠᠶᠢᠴᠢᠯᠠᠯᠳᠠ᠂ ᠡᠷᠦᠭᠡ ᠶᠢᠨ ᠴᠡᠷᠢᠭ ᠤᠨ ᠪᠡᠯᠡᠳᠭᠡᠯ ᠠᠯᠪᠠᠨ ᠤ ᠪᠦᠲᠦᠭᠡᠨ ᠪᠠᠶᠢᠭᠤᠯᠣᠯᠳᠠ ᠪᠠ ᠴᠡᠷᠢᠭ ᠠᠴᠠ ᠬᠠᠯᠠᠭᠳᠠᠭᠰᠠᠳ ᠤᠨ ᠭᠡᠷᠡᠭ ᠶᠠᠪᠣᠳᠠᠯ ᠤᠨ ᠬᠠᠮᠢᠶᠠᠷᠣᠯᠳᠠ ᠶᠢ ᠴᠢᠩᠭᠠᠳᠬᠠᠵᠣ᠂ ᠬᠢᠯᠢ ᠶᠢ ᠬᠦᠴᠦᠷᠭᠡᠭᠵᠢᠭᠦᠯᠵᠦ ᠰᠡᠷᠭᠡᠶᠢᠯᠡᠯᠳᠡ ᠶᠢ ᠪᠠᠬᠢᠵᠢᠭᠦᠯᠬᠦ ᠬᠢᠭᠡᠳ ᠣᠷᠣᠨ ᠨᠣᠳᠤᠭ ᠤᠨ ᠠᠵᠣ ᠠᠬᠤᠢ ᠶᠢᠨ ᠪᠦᠲᠦᠭᠡᠨ ᠪᠠᠶᠢᠭᠤᠯᠣᠯᠳᠠ ᠶᠢᠨ ᠵᠣᠬᠢᠴᠠᠩᠭᠤᠢ ᠬᠦᠭᠵᠢᠯᠳᠡ ᠶᠢ ᠠᠬᠢᠭᠤᠯᠣᠨ᠎ᠠ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠣᠰᠬᠠᠢ ᠲᠡᠮᠡᠴᠡᠯ ᠤᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠵᠦ᠂ ᠵᠦᠷᠢᠴᠡᠯ ᠵᠢᠭᠤᠷᠠᠯᠳᠣᠭᠠᠨ ᠢ ᠪᠠᠶᠢᠴᠠᠭᠠᠨ ᠰᠢᠢᠳᠪᠦᠷᠢᠯᠡᠬᠦ ᠲᠣᠭᠳᠠᠴᠠ ᠪᠠ ᠨᠡᠶᠢᠭᠡᠮ ᠤᠨ ᠠᠮᠣᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠣᠯᠳᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠳᠠᠭᠤᠨ ᠢ ᠲᠠᠰᠣᠷᠠᠯᠳᠠ ᠦᠭᠡᠢ ᠬᠠᠮᠠᠭᠠᠯᠠᠨ᠎ᠠ᠃       ᠭᠤᠷᠪᠠ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠳᠠ ᠶᠢ ᠪᠦᠬᠦ ᠲᠠᠯ᠎ᠠ ᠪᠠᠷ ᠴᠢᠩᠭᠠᠳᠬᠠᠨ᠎ᠠ       ᠲᠦᠯᠦᠭᠡᠯᠡᠭᠴᠢᠳ ᠡ᠂ ᠪᠢᠳᠡ ᠡᠷᠭᠡᠪᠰᠢ ᠠᠷᠠᠳ ᠲᠦᠮᠡᠨ ᠤ ᠢᠳᠡᠭᠡᠯ ᠬᠦᠰᠡᠯ ᠢ ᠰᠠᠶᠢᠳᠣᠷ ᠨᠠᠨᠳᠢᠩᠨᠠᠨ᠂ ᠡᠭᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠵᠦ᠂ ᠲᠣᠭᠳᠠᠭᠰᠠᠨ ᠬᠠᠷᠠᠯᠳᠠ ᠪᠠᠨ ᠰᠠᠶᠢᠳᠣᠷ ᠨᠠᠶᠢᠳᠠᠪᠣᠷᠢᠵᠢᠭᠤᠯᠵᠣ᠂ ᠠᠮᠠᠯᠠᠯᠳᠠ ᠪᠠᠨ ᠪᠡᠶᠡᠯᠡᠭᠦᠯᠵᠦ᠂ ᠰᠢᠨ᠎ᠡ ᠠᠶᠠᠨ ᠵᠠᠮ ᠳᠠᠭᠠᠨ ᠰᠢᠨ᠎ᠡ ᠭᠡᠪ ᠪᠠᠶᠢᠳᠠᠯ ᠢ ᠪᠣᠢ ᠪᠣᠯᠭᠠᠵᠣ᠂ ᠰᠢᠨ᠎ᠡ ᠠᠮᠵᠢᠯᠳᠠ ᠪᠦᠲᠦᠮᠵᠢ ᠭᠠᠷᠭᠠᠰᠣᠭᠠᠢ᠃       ︵ᠨᠢᠭᠡ︶ ᠵᠠᠰᠠᠭ ᠤᠨ ᠣᠷᠳᠣᠨ ᠦᠨᠡᠨᠴᠢ ᠰᠢᠳᠣᠷᠭᠤ ᠪᠠᠷ ᠲᠣᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ ᠂ ᠠᠵᠣ ᠠᠬᠤᠢ ᠶᠢᠨ ᠬᠦᠭᠵᠢᠯᠳᠡ ᠶᠢ ᠠᠬᠢᠭᠤᠯᠣᠨ᠎ᠠ᠃ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠶᠢ ᠰᠣᠷᠣᠯᠴᠠᠨ ᠲᠣᠣᠱᠯᠠᠭᠤᠯᠬᠤ ᠶᠢ ᠢᠮᠠᠭᠳᠠ ᠲᠡᠷᠢᠭᠦᠨ ᠴᠢᠬᠤᠯᠠ ᠣᠯᠣᠰ ᠲᠦᠷᠦ ᠶᠢᠨ ᠡᠭᠦᠷᠭᠡ ᠪᠣᠯᠭᠠᠵᠣ᠂ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠳᠤ ᠳᠠᠯᠪᠢᠭᠰᠠᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠬᠦᠨᠵᠡᠭᠡᠢ ᠣᠶᠢᠯᠠᠭᠠᠵᠣ᠂ ᠨᠠᠮ ᠤᠨ ᠲᠡᠣᠭᠡ ᠶᠢᠨ ᠰᠣᠷᠣᠯᠴᠠᠯᠭ᠎ᠠ ᠬᠦᠮᠦᠵᠢᠯ ᠤᠨ ᠦᠷ᠎ᠡ ᠪᠦᠲᠦᠭᠡᠯ  ᠢ ᠪᠠᠬᠢᠵᠢᠭᠦᠯᠦᠨ ᠦᠷᠭᠡᠳᠭᠡᠵᠦ᠂ ᠦᠨᠡᠨ ᠶᠣᠰᠣᠨ ᠤ ᠬᠦᠴᠦᠨ ᠪᠣᠯᠣᠨ ᠦᠢᠯᠡᠳᠦᠯᠭᠡ ᠶᠢᠨ ᠠᠤᠭ᠎ᠠ ᠬᠦᠴᠦᠨ ᠢ ᠲᠠᠰᠣᠷᠠᠯᠳᠠ ᠦᠭᠡᠢ ᠰᠢᠩᠭᠡᠭᠡᠨ ᠠᠪᠣᠨ᠎ᠠ᠃ ︽ᠬᠤᠶᠠᠷ ᠢ ᠲᠣᠭᠳᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠵᠠᠰᠠᠭ ᠤᠨ ᠣᠷᠳᠣᠨ ᠤ ᠨᠠᠮ ᠤᠨ ᠳᠣᠭᠤᠶᠢᠯᠠᠩ ᠪᠠ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠤᠨ ᠡᠯ᠎ᠡ ᠲᠠᠯ᠎ᠠ᠂ ᠪᠦᠬᠦ ᠶᠠᠪᠣᠴᠠ ᠳᠤ ᠨᠠᠶᠢᠳᠠᠪᠣᠷᠢᠵᠢᠭᠤᠯᠵᠣ᠂ ᠴᠢᠬᠤᠯᠠ ᠶᠡᠭᠡ ᠠᠰᠠᠭᠤᠳᠠᠯ ᠳᠠᠬᠢ ᠠᠯᠣᠰ ᠭᠡᠳᠦ ᠶᠢᠨ ᠪᠣᠳᠣᠯᠬᠢᠯᠠᠯ᠂ ᠪᠠᠶᠢᠯᠳᠣᠬᠤ ᠪᠣᠳᠣᠯᠭ᠎ᠠ ᠶᠢᠨ ᠴᠢᠨᠠᠷᠳᠠᠢ ᠲᠦᠰᠦᠪᠯᠡᠯ ᠢ ᠴᠢᠩᠭᠠᠳᠬᠠᠵᠣ᠂ ᠠᠵᠢᠯ ᠤᠨ ᠰᠡᠳᠬᠢᠴᠡ ᠪᠠᠨ ᠰᠢᠨᠡᠴᠢᠯᠡᠨ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠣ᠂ ᠲᠦᠷᠦᠯ ᠵᠦᠢᠯ ᠤᠨ ᠳᠣᠯᠭᠠᠭᠤᠷᠢᠯᠠᠯ ᠢ ᠴᠢᠩᠭᠠᠳᠬᠠᠨ᠂ ᠴᠠᠭ ᠦᠶ᠎ᠡ ᠲᠠᠢ ᠵᠣᠬᠢᠴᠠᠭᠤᠯᠣᠨ᠂ ᠡᠷᠴᠢ ᠵᠣᠷᠢᠭ ᠢᠶᠠᠨ ᠬᠦᠪᠴᠢᠯᠡᠨ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢᠨ ᠲᠣᠬᠢᠶᠠᠯ ᠢ ᠰᠠᠶᠢᠳᠣᠷ ᠠᠳᠬᠤᠵᠣ᠂ ︽ᠲᠠᠪᠣᠨ ᠶᠡᠭᠡ ᠡᠭᠦᠷᠭᠡ︾ ᠪᠣᠯᠣᠨ ︽ᠵᠢᠱᠢᠶᠡᠴᠢ ᠦᠪᠡᠷᠳᠡᠭᠡᠨ ᠵᠠᠰᠠᠬᠤ ᠣᠷᠣᠨ︾ ᠤ ᠪᠦᠲᠦᠭᠡᠨ ᠪᠠᠶᠢᠭᠤᠯᠣᠯᠳᠠ ᠶᠢ ᠨᠠᠶᠢᠳᠠᠪᠣᠷᠢᠵᠢᠭᠤᠯᠬᠤ ᠳᠣᠮᠳᠠ ᠪᠠᠷᠠᠭᠤᠨ ᠰᠦᠨᠢᠳ ᠤᠨ ᠬᠦᠴᠦᠨ ᠴᠢᠳᠠᠯ ᠢᠶᠠᠨ ᠡᠷᠭᠦᠨ᠎ᠡ᠃       ︵ᠬᠤᠶᠠᠷ︶ ᠵᠠᠰᠠᠭ ᠤᠨ ᠣᠷᠳᠣᠨ ᠬᠠᠣᠯᠢ ᠶᠣᠰᠣᠭᠠᠷ ᠲᠣᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠨᠡᠶᠢᠭᠡᠮ ᠤᠨ ᠡᠷᠭᠡ ᠳᠡᠭᠰᠢ ᠶᠢ ᠪᠠᠳᠣᠯᠠᠨ᠎ᠠ᠃ ᠰᠢ ᠶᠢᠨ ᠫᠢᠩ ᠤᠨ ᠬᠠᠣᠯᠢ ᠪᠠᠷ ᠵᠠᠰᠠᠬᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠦᠨᠳᠦᠰᠦᠨ ᠬᠠᠣᠯᠢ ᠬᠠᠣᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠬᠠᠣᠯᠢ ᠪᠠᠷ ᠵᠠᠰᠠᠬᠤ ᠰᠡᠳᠬᠢᠴᠡ ᠪᠣᠯᠣᠨ ᠬᠠᠣᠯᠢ ᠪᠠᠷ ᠵᠠᠰᠠᠬᠤ ᠬᠡᠯᠪᠡᠷᠢ ᠶᠢ ᠣᠬᠠᠮᠰᠠᠷ ᠠᠴᠠ ᠪᠠᠨ ᠠᠰᠢᠭᠯᠠᠵᠣ ᠠᠵᠢᠯ ᠢᠶᠠᠨ ᠦᠷᠨᠢᠭᠦᠯᠦᠨ᠂ ︽ᠬᠠᠣᠯᠢ ᠳᠤ ᠲᠣᠭᠳᠠᠭᠠᠭᠰᠠᠨ ᠡᠭᠦᠷᠭᠡ ᠬᠠᠷᠢᠭᠤᠴᠠᠯᠭ᠎ᠠ ᠶᠢ ᠡᠷᠭᠡᠪᠰᠢ ᠪᠡᠶᠡᠯᠡᠭᠦᠯᠬᠦ᠂ ᠬᠠᠣᠯᠢ ᠪᠠᠷ ᠡᠷᠭᠡ ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ︾ ᠪᠠᠶᠢᠬᠤ ᠶᠢ ᠪᠡᠶᠡᠯᠡᠭᠦᠯᠦᠨ᠎ᠡ᠃ ︽ᠨᠠᠢᠮᠠᠳᠣᠭᠠᠷ ᠲᠠᠪᠣᠨ ᠵᠢᠯ︾ ᠤᠨ ᠬᠠᠣᠯᠢ ᠲᠦᠭᠡᠮᠡᠯᠵᠢᠭᠦᠯᠬᠦ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠣ᠂ ︽ᠭᠡᠨ ᠬᠠᠣᠯᠢ ᠬᠡᠷᠡᠭᠵᠢᠭᠦᠯᠪᠡᠯ ᠭᠡᠨ ᠬᠠᠣᠯᠢ ᠲᠦᠭᠡᠮᠡᠯᠵᠢᠭᠦᠯᠬᠦ᠂ ᠭᠡᠨ ᠬᠠᠮᠢᠶᠠᠷᠴᠣ ᠪᠠᠶᠢᠪᠠᠯ ᠭᠡᠨ ᠬᠠᠣᠯᠢ ᠲᠦᠭᠡᠮᠡᠯᠵᠢᠭᠦᠯᠬᠦ᠂ ᠭᠡᠨ ᠦᠢᠯᠡᠴᠢᠯᠡᠵᠦ ᠪᠠᠶᠢᠪᠠᠯ ᠭᠡᠨ ᠬᠠᠣᠯᠢ ᠲᠦᠭᠡᠮᠡᠯᠵᠢᠭᠦᠯᠬᠦ︾ ᠬᠠᠣᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠭᠡᠷᠡᠭ ᠢᠶᠠᠷ ᠬᠠᠣᠯᠢ ᠲᠠᠶᠢᠯᠪᠣᠷᠢᠯᠠᠬᠤ ᠠᠵᠢᠯᠯᠠᠭ᠎ᠠ ᠶᠢ ᠬᠠᠣᠯᠢ ᠴᠠᠭᠠᠵᠠ ᠶᠢᠨ ᠰᠢᠭᠦᠨ ᠲᠠᠰᠣᠯᠣᠯᠳᠠ᠂ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠳᠡ᠂ ᠬᠠᠣᠯᠢ ᠴᠠᠭᠠᠵᠠ ᠶᠢᠨ ᠦᠢᠯᠡᠴᠢᠯᠡᠭᠡ᠂ ᠠᠷᠠᠳ  ᠤᠨ ᠡᠶᠡᠳᠡᠭᠦᠯᠭᠡ ᠲᠠᠢ ᠣᠷᠭᠠᠨᠢᠭ ᠢᠶᠠᠷ ᠣᠶᠠᠯᠳᠣᠭᠤᠯᠵᠣ᠂ ᠬᠠᠣᠯᠢ ᠴᠠᠭᠠᠵᠠ ᠶᠢ ᠲᠦᠭᠡᠮᠡᠯᠵᠢᠭᠦᠯᠬᠦ ᠪᠠ ᠬᠠᠣᠯᠢ ᠶᠣᠰᠣᠭᠠᠷ ᠵᠠᠰᠠᠬᠤ ᠠᠮᠢᠵᠢᠷᠠᠯ ᠤᠨ ᠬᠦᠴᠦᠨ ᠢ ᠬᠦᠭᠵᠢᠭᠡᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠪᠠᠯᠭᠠᠰᠣᠨ ᠤ ᠲᠣᠷᠰᠢᠯᠭ᠎ᠠ︾ ᠶᠢ ᠪᠠᠷᠢᠮᠳᠠᠯᠠᠬᠤ ᠪᠠ ᠬᠦᠭᠵᠢᠭᠦᠯᠵᠦ᠂ ︽ᠰᠢᠭᠦᠭᠴᠢ᠂ ᠪᠠᠶᠢᠴᠠᠭᠠᠭᠴᠢ᠂ ᠲᠣᠳᠣᠭᠠᠳᠣ  ᠶᠢ ᠬᠠᠮᠠᠭᠠᠯᠠᠬᠤ ᠪᠠᠶᠢᠭᠤᠯᠭ᠎ᠠ᠂ ᠬᠠᠣᠯᠢᠴᠢ︾28 ᠶᠢ ᠦᠨᠳᠦᠰᠦᠨ ᠱᠠᠳᠣᠨ ᠳᠤ ᠬᠦᠨᠵᠡᠭᠡᠶᠢᠷᠡᠭᠦᠯᠬᠦ ᠶᠢ ᠠᠬᠢᠭᠤᠯᠵᠣ ᠂ ᠡᠶᠡᠳᠡᠭᠦᠯᠬᠦ᠂ ᠬᠦᠨᠳᠡᠯᠡᠨ ᠠᠴᠠ ᠲᠠᠰᠣᠯᠬᠤ᠂ ᠵᠠᠰᠠᠭ ᠵᠠᠬᠢᠷᠭᠠᠨ ᠤ ᠲᠠᠰᠣᠯᠣᠯᠳᠠ ᠬᠢᠬᠦ᠂ ᠵᠠᠰᠠᠭ ᠵᠠᠬᠢᠷᠭᠠᠨ ᠢᠶᠠᠷ ᠲᠠᠬᠢᠨ ᠵᠦᠪᠯᠡᠬᠦ᠂ ᠵᠠᠷᠭᠤᠯᠳᠣᠬᠤ ᠵᠡᠷᠭᠡ ᠵᠦᠷᠢᠴᠡᠯ ᠵᠢᠭᠤᠷᠠᠯᠳᠣᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠳᠠᠴᠠ ᠶᠢ ᠲᠡᠭᠦᠯᠳᠡᠷᠵᠢᠭᠦᠯᠦᠨ᠎ᠡ᠃ ᠠᠷᠠᠳ ᠤᠨ ᠡᠶᠡᠳᠡᠭᠦᠯᠦᠭᠴᠢ ᠶᠢᠨ ᠬᠡᠷᠡᠭ ᠢᠶᠠᠷ ᠨᠦᠬᠦᠪᠦᠷᠢ ᠶᠢ ᠲᠣᠭᠳᠠᠭᠠᠬᠤ ᠵᠠᠷᠣᠳᠠᠯ ᠢ ᠡᠳ᠋ ᠤᠨ ᠵᠠᠰᠠᠭ ᠤᠨ ᠳᠦᠰᠦᠪ ᠲᠤ ᠣᠷᠣᠭᠤᠯᠵᠣ᠂ ᠦᠨᠳᠦᠰᠦᠨ ᠴᠠᠯᠢᠩ ᠣᠯᠭᠤᠮᠵᠢ ᠶᠢ ᠪᠠᠳᠣᠯᠠᠭᠰᠠᠨ ᠰᠠᠭᠤᠷᠢᠨ ᠳᠡᠭᠡᠷ᠎ᠡ᠂ ᠲᠣᠣᠷᠴᠢᠯᠠᠭᠰᠠᠨ ᠬᠠᠮᠢᠶᠠᠷᠣᠯᠳᠠ ᠶᠢᠨ ᠬᠠᠮᠢᠶᠠᠷᠣᠭᠴᠢ ᠶᠢᠨ ᠡᠩᠨᠡᠭᠡ ᠶᠢ ᠬᠠᠯᠠᠮᠵᠢᠯᠠᠨ ᠵᠣᠷᠢᠭᠵᠢᠭᠤᠯᠵᠣ᠂ ᠠᠵᠢᠯ ᠤᠨ ᠢᠳᠡᠪᠬᠢᠵᠢᠯ ᠢ ᠨᠢ ᠭᠦᠢᠴᠡᠳ ᠳᠠᠶᠢᠴᠢᠯᠠᠵᠣ᠂ ᠬᠡᠷᠡᠭᠴᠡᠭᠡ ᠶᠣᠰᠣᠭᠠᠷ ᠦᠢᠯᠡᠴᠢᠯᠡᠭᠡ ᠬᠠᠩᠭᠠᠵᠣ᠂ ᠠᠷᠠᠳ ᠲᠦᠮᠡᠨ ᠤ ᠡᠷᠭᠡ ᠠᠰᠢᠭ ᠢ ᠬᠠᠣᠯᠢ ᠶᠣᠰᠣᠭᠠᠷ ᠪᠠᠳᠣᠯᠠᠨ᠂ ᠨᠡᠶᠢᠭᠡᠮ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠣᠷᠢ ᠶᠢᠨ ᠣᠳᠣᠬᠢᠴᠢᠯᠠᠯᠳᠠ ᠶᠢ ᠠᠬᠢᠭᠤᠯᠣᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠳᠠᠭᠠᠬᠤ ᠲᠣᠭᠳᠠᠴᠠ ᠶᠢ ᠲᠡᠭᠦᠯᠳᠡᠷᠵᠢᠭᠦᠯᠵᠦ᠂ ᠬᠠᠣᠯᠢ  ᠳᠤ ᠨᠡᠶᠢᠴᠡᠬᠦ ᠡᠰᠡᠬᠦ ᠶᠢ ᠬᠢᠨᠠᠨ ᠪᠠᠶᠢᠴᠠᠭᠠᠬᠤ ᠪᠠ ᠵᠠᠰᠠᠭ ᠤᠨ ᠶᠠᠪᠣᠳᠠᠯ ᠢ ᠢᠯᠠ ᠪᠣᠯᠭᠠᠬᠤ ᠠᠵᠢᠯ ᠢ ᠴᠢᠩᠭᠠᠳᠬᠠᠵᠣ ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠣᠬᠠᠭᠠᠨᠴᠢᠯᠠᠭᠰᠠᠨ᠂ ᠠᠷᠠᠳᠴᠢᠯᠠᠭᠰᠠᠨ᠂ ᠬᠠᠣᠯᠢᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠡᠷᠭᠡ ᠶᠢ ᠢᠯᠡ ᠲᠣᠳᠣ ᠪᠠᠷ ᠬᠡᠷᠡᠭᠵᠢᠭᠦᠯᠬᠦ ᠶᠢ ᠪᠠᠳᠣᠯᠠᠨ᠎ᠠ᠃ ︽ᠠᠷᠪᠢᠴᠢ ᠭᠠᠮᠳᠠᠢ ᠪᠠᠶᠢᠬᠤ︾ ᠦᠵᠡᠯ ᠰᠠᠨᠠᠭ᠎ᠠ ᠶᠢ ᠪᠠᠷᠢᠮᠳᠠᠯᠠᠵᠣ᠂ ᠡᠳ᠋ ᠤᠨ ᠵᠠᠰᠠᠭ ᠤᠨ ᠪᠡᠯᠡ ᠮᠦᠩᠭᠦᠨ ᠤ ᠦᠷ᠎ᠡ ᠪᠦᠲᠦᠮᠵᠢ ᠶᠢᠨ ᠦᠨᠡᠯᠡᠯᠳᠡ ᠶᠢ ᠴᠢᠩᠭᠠᠳᠬᠠᠵᠣ᠂ ︽ᠭᠤᠷᠪᠠᠨ ᠠᠯᠪᠠᠨ︾ ᠤ ᠵᠠᠷᠣᠳᠠᠯ ᠢ ᠪᠠᠭᠠᠰᠬᠠᠵᠣ᠂ ᠡᠩ ᠤᠨ ᠴᠢᠨᠠᠷᠳᠠᠢ ᠵᠠᠷᠣᠯᠭ᠎ᠠ ᠶᠢ ᠴᠢᠩᠭ᠎ᠠ ᠡᠵᠡᠮᠳᠡᠵᠦ᠂ ᠠᠷᠠᠳ ᠤᠨ ᠠᠮᠢᠳᠣᠷᠠᠯ ᠢ ᠪᠠᠳᠣᠯᠠᠨ ᠰᠠᠶᠢᠵᠢᠷᠠᠭᠤᠯᠬᠤ ᠶᠢ ᠨᠡᠶᠢᠳᠡ ᠶᠢᠨ ᠡᠳ᠋ ᠤᠨ ᠵᠠᠰᠠᠭ ᠤᠨ ᠲᠡᠷᠢᠭᠦᠨ ᠳᠤ ᠪᠣᠳᠣᠯᠬᠢᠯᠠᠬᠤ ᠴᠢᠭᠯᠡᠯ ᠪᠣᠯᠭᠠᠨ᠎ᠠ᠃ ︽ᠠᠰᠠᠭᠤᠳᠠᠯ ᠢ ᠲᠣᠬᠠᠢ  ᠶᠢᠨ ᠭᠠᠵᠠᠷ ᠲᠤᠨᠢ ᠪᠠᠶᠢᠴᠠᠭᠠᠨ ᠰᠣᠳᠣᠯᠬᠤ + ᠨᠢᠭᠤᠷᠳᠠᠨ ᠶᠠᠷᠢᠯᠴᠠᠬᠤ + ᠣᠯᠠᠨ ᠲᠠᠯ᠎ᠠ ᠶᠢᠨ ᠰᠠᠨᠠᠯ ᠰᠠᠨᠠᠭᠤᠯᠭ᠎ᠠ  ᠶᠢ ᠰᠣᠨᠣᠰᠬᠤ︾ ᠭᠦᠢᠴᠡᠳᠭᠡᠬᠦ ᠶᠠᠪᠣᠴᠠ ᠶᠢ ᠪᠠᠷᠢᠮᠳᠠᠯᠠᠵᠣ᠂ ᠠᠷᠠᠳ ᠤᠨ ᠲᠦᠯᠦᠭᠡᠯᠡᠭᠴᠢᠳ ᠤᠨ ᠰᠠᠨᠠᠯ ᠪᠣᠯᠣᠨ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠳᠣᠷᠠᠳᠣᠯᠭ᠎ᠠ ᠶᠢ ᠴᠢᠨᠠᠷᠯᠢᠭ ᠭᠦᠢᠴᠡᠳᠭᠡᠵᠦ᠂ ᠭᠦᠢᠴᠡᠳᠭᠡᠬᠦ ᠠᠵᠢᠯ ᠢ ︽ᠬᠠᠷᠢᠭᠤᠯᠳᠠ ᠳᠤ ᠨᠢ ᠬᠠᠨᠣᠮᠵᠢᠳᠠᠢ︾ ᠪᠠᠶᠢᠬᠤ ᠠᠴᠠ ︽ᠦᠷ᠎ᠡ ᠳ᠋ᠦᠩ ᠳᠤ ᠨᠢ ᠬᠠᠨᠣᠮᠵᠢᠳᠠᠢ︾ ᠪᠠᠶᠢᠬᠤ ᠳᠡᠰᠢ ᠬᠤᠪᠢᠷᠠᠭᠤᠯᠬᠤ ᠶᠢ ᠠᠬᠢᠭᠤᠯᠣᠨ᠎ᠠ᠃       ︵ᠭᠤᠷᠪᠠ︶ ᠵᠠᠰᠠᠭ ᠤᠨ ᠣᠷᠳᠣᠨ ᠰᠢᠷᠭᠠᠭᠤ ᠬᠠᠳᠠᠭᠤᠵᠢᠯᠳᠠᠢ ᠪᠠᠷ ᠲᠣᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠣᠯᠠᠨ ᠲᠦᠮᠡᠨ ᠳᠤ ᠵᠣᠯ ᠵᠢᠷᠭᠠᠯ ᠡᠳ᠋ᠯᠡᠭᠦᠯᠦᠨ᠎ᠡ᠃ ︽ᠡᠭᠦᠷᠭᠡ ᠲᠣᠰᠢᠶᠠᠯ ᠢᠶᠠᠨ ᠰᠢᠯᠢᠳᠡᠭᠵᠢᠭᠦᠯᠵᠦ᠂ ᠠᠵᠢᠯ ᠤᠨ ᠶᠠᠪᠣᠴᠠ ᠪᠠᠨ ᠰᠢᠯᠢᠳᠡᠭᠵᠢᠭᠦᠯᠬᠦ︾ ᠲᠣᠰᠬᠠᠢ ᠲᠦᠷᠦᠯ ᠤᠨ ᠠᠵᠢᠯᠯᠠᠭ᠎ᠠ ᠶᠢ ᠯᠠᠪᠳᠠᠭᠤᠨ ᠪᠠᠳᠣᠳᠠᠢ ᠦᠷᠨᠢᠭᠦᠯᠵᠦ᠂ ︽ᠭᠤᠷᠪᠠᠨ ᠣᠯᠠᠨ᠂  ᠭᠤᠷᠪᠠᠨ ᠴᠦᠭᠡᠨ᠂ ᠭᠤᠷᠪᠠᠨ ᠣᠳᠠᠭᠠᠨ︾29 ᠠᠰᠠᠭᠤᠳᠠᠯ ᠢ ᠰᠢᠢᠳᠪᠦᠷᠢᠯᠡᠬᠦ ᠲᠣᠭᠤᠷᠢᠨ ᠳᠤ᠂ ᠬᠤᠷᠠᠯ ᠤᠨ ᠪᠠᠶᠢᠴᠠᠭᠠᠨ ᠰᠣᠳᠣᠯᠣᠯᠳᠠ ᠪᠠ ᠱᠠᠭᠠᠷᠳᠠᠨ ᠪᠠᠶᠢᠴᠠᠭᠠᠬᠤ ᠭᠦᠢᠴᠡᠳᠭᠡᠯ ᠲᠤᠭ᠎ᠠ ᠶᠢ ᠵᠣᠬᠢᠰᠳᠠᠢ ᠪᠣᠯᠭᠠᠵᠣ᠂ ᠬᠠᠷᠢᠴᠠᠭᠤᠯᠣᠨ ᠠᠳᠠᠯᠢᠳᠬᠠᠬᠤ ᠲᠦᠷᠢᠮ ᠢ ᠪᠠᠶᠢᠭᠤᠯᠵᠣ᠂ ᠨᠠᠷᠢᠯᠢᠭ ᠵᠦᠢᠯ ᠳᠤ ᠠᠩᠬᠠᠷᠣᠯ ᠲᠠᠯᠪᠢᠵᠣ᠂ ᠦᠴᠦᠭᠡᠨ ᠠᠮᠵᠢᠯᠳᠠ ᠶᠢ ᠢᠯᠡᠭᠦᠭᠡᠨ ᠬᠤᠷᠠᠮᠳᠣᠭᠤᠯᠵᠣ᠂  ᠴᠦᠬᠦᠷᠡᠰᠢ ᠦᠭᠡᠢ ᠴᠢᠷᠮᠠᠶᠢᠨ ᠠᠵᠢᠯᠯᠠᠵᠣ᠂ ᠡᠯ᠎ᠡ ᠲᠦᠷᠦᠯ ᠤᠨ ᠠᠵᠢᠯ ᠤᠨ ᠲᠠᠰᠣᠷᠠᠯᠳᠠ ᠦᠭᠡᠢ ᠰᠢᠨ᠎ᠡ ᠠᠬᠢᠴᠠ ᠲᠠᠢ ᠪᠣᠯᠬᠤ ᠶᠢ ᠠᠬᠢᠭᠤᠯᠵᠣ᠂ ᠠᠷᠠᠳ ᠲᠦᠮᠡᠨ ᠤ ᠬᠦᠷᠢᠶᠡᠯᠡᠯ ᠢ ᠣᠯᠣᠭᠰᠠᠨ᠂ ᠠᠵᠢᠯ ᠤᠨ ᠴᠢᠳᠠᠪᠣᠷᠢ  ᠲᠠᠢ ᠵᠠᠰᠠᠭ ᠤᠨ ᠣᠷᠳᠣᠨ ᠢ ᠪᠠᠶᠢᠭᠤᠯᠣᠨ᠎ᠠ᠃ ᠵᠠᠰᠠᠭ ᠤᠨ ᠣᠷᠳᠣᠨ ᠤ ᠨᠠᠮ ᠤᠨ ᠳᠣᠭᠤᠶᠢᠯᠠᠩ ᠨᠢ ᠬᠦᠭᠵᠢᠯᠳᠡ  ᠶᠢᠨ ᠰᠡᠳᠬᠢᠴᠡ ᠶᠢ ᠰᠣᠳᠣᠯᠬᠤ᠂ ᠠᠵᠣ ᠠᠬᠤᠢ ᠶᠢᠨ ᠪᠠᠶᠢᠳᠠᠯ ᠢ ᠵᠠᠳᠠᠯᠬᠤ᠂ ᠴᠢᠬᠤᠯᠠ ᠠᠷᠭ᠎ᠠ ᠬᠡᠮᠵᠢᠶ᠎ᠡ ᠶᠢ ᠲᠣᠭᠳᠠᠭᠠᠬᠤ᠂ ᠬᠢᠨᠠᠨ ᠵᠢᠯᠣᠭᠤᠳᠴᠣ ᠪᠠᠶᠢᠴᠠᠭᠠᠬᠤ ᠶᠢ ᠴᠢᠩᠭᠠᠳᠬᠠᠬᠤ ᠠᠵᠢᠯ ᠤᠨ ᠲᠣᠭᠳᠠᠴᠠ ᠪᠠᠨ ᠣᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠣᠶᠢᠯᠪᠣᠷᠢᠳᠠᠢ ᠨᠠᠶᠢᠳᠠᠪᠣᠷᠢᠵᠢᠭᠤᠯᠬᠤ ᠰᠢᠰᠲ᠋ᠧᠮ ᠢ ᠴᠢᠷᠮᠠᠶᠢᠨ ᠪᠦᠷᠢᠯᠳᠦᠭᠦᠯᠦᠨ᠎ᠡ᠃ ᠵᠠᠰᠠᠭ ᠤᠨ ᠣᠷᠳᠣᠨ ᠤ ᠣᠳᠣᠷᠢᠳᠬᠤ ᠪᠠᠭ ᠤᠨ ᠭᠡᠰᠢᠭᠦᠳ ᠰᠢᠷᠭᠠᠭᠤ ᠰᠣᠷᠣᠯᠴᠠᠵᠣ᠂ ᠴᠢᠳᠠᠮᠠᠭᠠᠢ ᠰᠡᠳᠬᠢᠨ᠂ ᠰᠠᠶᠢᠳᠣᠷ ᠬᠢᠬᠦ ᠶᠢ ᠪᠠᠷᠢᠮᠳᠠᠯᠠᠵᠣ᠂ ᠪᠠᠶᠢᠴᠠᠭᠠᠨ ᠰᠣᠳᠣᠯᠣᠯᠳᠠ ᠬᠢᠬᠦ ᠰᠣᠷᠳᠠᠯ ᠢ ᠶᠡᠬᠡᠪᠡᠷ ᠪᠠᠳᠠᠷᠠᠭᠤᠯᠵᠣ᠂ ᠬᠤᠰᠢᠭᠤᠨ ᠤ ᠪᠠᠶᠢᠳᠠᠯ ᠤᠨ ᠲᠣᠬᠠᠢ ᠣᠶᠢᠯᠠᠭᠠᠯᠳᠠ ᠪᠠ ᠲᠠᠨᠢᠯᠳᠠ ᠪᠠᠨ ᠬᠦᠨᠵᠡᠭᠡᠶᠢᠷᠡᠭᠦᠯᠵᠦ᠂ ᠰᠢᠨᠵᠢᠯᠡᠬᠦ ᠣᠬᠠᠭᠠᠨᠴᠢ ᠪᠠᠷ᠂ ᠠᠯᠣᠰ ᠭᠡᠲᠦ ᠶᠢᠨ ᠬᠠᠷᠠᠯᠳᠠ ᠲᠠᠢ ᠪᠠᠷ ᠠᠵᠢᠯ ᠢᠶᠠᠨ ᠦᠷᠨᠢᠭᠦᠯᠦᠨ᠎ᠡ᠃ ᠣᠨᠣᠯ ᠤᠨ ᠰᠣᠷᠣᠯᠴᠠᠯᠭ᠎ᠠ ᠪᠠᠨ ᠲᠠᠰᠣᠷᠠᠯᠳᠠ ᠦᠭᠡᠢ ᠴᠢᠩᠭᠠᠳᠬᠠᠵᠣ᠂ ᠣᠯᠣᠰ ᠲᠦᠷᠦ ᠶᠢᠨ ᠬᠡᠪ ᠴᠢᠨᠠᠷ ᠢᠶᠠᠨ ᠲᠠᠪᠳᠠᠨ ᠪᠣᠯᠪᠠᠰᠣᠷᠠᠭᠤᠯᠵᠣ᠂ ᠳᠡᠭᠡᠲᠦ ᠱᠠᠳᠣᠨ ᠤ ᠪᠠᠶᠢᠷᠢᠯᠠᠭᠤᠯᠣᠯᠳᠠ ᠱᠠᠭᠠᠷᠳᠠᠯᠭ᠎ᠠ ᠪᠠ ᠲᠦᠷᠦ ᠶᠢᠨ ᠪᠣᠳᠣᠯᠭ᠎ᠠ ᠶᠢᠨ ᠣᠳᠣᠷᠢᠳᠣᠮᠵᠢ ᠶᠢ ᠣᠨᠣᠪᠴᠢᠳᠠᠢ ᠡᠵᠡᠮᠰᠢᠵᠦ᠂ ᠬᠤᠷᠴᠠ ᠰᠡᠷᠭᠡᠭ᠂ ᠬᠦᠩᠭᠡᠨ ᠱᠠᠯᠠᠮᠠᠭᠠᠢ ᠪᠠᠶᠢᠵᠣ᠂ ᠪᠠᠶᠢᠳᠠᠯ ᠤᠨ ᠬᠦᠨᠳᠦ ᠬᠦᠩᠭᠡᠨ ᠢ ᠢᠯᠭᠠᠨ ᠲᠠᠨᠢᠵᠣ᠂ ᠵᠠᠩᠭᠢᠯᠠᠭ᠎ᠠ ᠶᠢ ᠨᠢ ᠠᠳᠬᠤᠨ᠂ ᠠᠵᠢᠯ ᠤᠨ ᠲᠦᠯᠦᠪᠯᠡᠭᠡ ᠪᠠ ᠴᠠᠭ ᠬᠤᠭᠤᠴᠠᠭ᠎ᠠ ᠪᠠᠨ ᠨᠠᠷᠢᠨ ᠲᠣᠳᠣᠷᠬᠠᠢ ᠵᠢᠭᠰᠠᠭᠠᠵᠣ᠂ ᠠᠵᠢᠯ ᠪᠦᠬᠦᠨ ᠢ ᠲᠦᠷᠦᠭᠦᠯᠡᠨ ᠬᠢᠵᠦ᠂ ᠠᠩᠬᠠᠷᠬᠤ ᠴᠢᠬᠤᠯᠠᠳᠠᠢ ᠵᠦᠢᠯ ᠪᠣᠯᠭᠠᠨ ᠢ ᠰᠠᠶᠢᠳᠣᠷ ᠠᠩᠬᠠᠷᠴᠣ᠂ ᠨᠢᠭᠡ ᠶᠢ ᠰᠢᠢᠳᠪᠦᠷᠢᠯᠡᠪᠡᠯ᠂ ᠨᠢᠭᠡ ᠶᠢ ᠳᠠᠩᠰᠠᠨ ᠠᠴᠠ ᠨᠢ ᠭᠠᠷᠭᠠᠵᠣ᠂ ᠪᠠᠭ᠎ᠠ ᠬᠦᠴᠦ ᠵᠠᠷᠣᠴᠠᠭᠤᠯᠣᠨ ᠶᠡᠭᠡ ᠠᠮᠵᠢᠯᠳᠠ ᠣᠯᠬᠤ ᠦᠷ᠎ᠡ ᠪᠦᠲᠦᠮᠵᠢ ᠭᠠᠷᠭᠠᠵᠣ᠂ ᠴᠢᠯᠦᠭᠡᠳᠠᠢ ᠰᠡᠳᠬᠢᠵᠦ᠂ ᠰᠢᠢᠳᠪᠦᠷᠢᠳᠦ ᠪᠣᠳᠣᠯᠭ᠎ᠠ ᠲᠣᠭᠳᠠᠭᠠᠨ᠂ ᠬᠦᠭᠵᠢᠯᠳᠡ ᠶᠢ ᠡᠷᠢᠯᠬᠢᠯᠡᠵᠦ᠂ ᠰᠡᠳᠬᠢᠯ ᠢᠶᠠᠨ ᠨᠢᠭᠡᠳᠭᠡᠨ ᠬᠦᠴᠦ ᠪᠠᠨ ᠬᠠᠮᠳᠣᠳᠬᠠᠵᠣ ᠣᠯᠠᠨ ᠲᠦᠮᠡᠨ ᠤ ᠠᠮᠢᠳᠣᠷᠠᠯ ᠢ ᠨᠡᠩ ᠵᠣᠯ ᠵᠢᠷᠭᠠᠯ ᠲᠠᠢ ᠪᠣᠯᠭᠠᠬᠤ ᠪᠠᠷ ᠴᠢᠷᠮᠠᠶᠢᠨ᠎ᠠ᠃       ᠡᠯ᠎ᠡ ᠰᠣᠮᠣ ᠪᠠᠯᠭᠠᠰᠣ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠣᠬᠠᠮᠰᠠᠷ ᠠᠴᠠ ᠪᠠᠨ ︽ᠪᠦᠬᠦ ᠰᠡᠳᠬᠢᠯ ᠪᠦᠬᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠬᠦ︾ ᠵᠣᠷᠢᠯᠳᠠ ᠶᠢ ᠣᠶᠢᠯᠠᠳᠣᠯᠭᠡᠵᠢᠭᠦᠯᠵᠦ᠂ ᠵᠣᠷᠢᠭᠳᠠᠢ ᠪᠠᠷ ᠬᠠᠷᠢᠭᠤᠴᠠᠯᠭ᠎ᠠ ᠪᠠᠨ ᠡᠭᠦᠷᠭᠡᠯᠡᠵᠦ᠂ ᠲᠡᠷᠢᠭᠦᠨ ᠤ ᠪᠣᠯᠬᠤ ᠪᠠᠷ ᠴᠢᠷᠮᠠᠶᠢᠵᠣ᠂ ︽ᠪᠣᠳᠠᠳᠠᠢ︾ ᠪᠠᠶᠢᠬᠤ ᠶᠢ ᠳᠣᠪᠣᠶᠢᠯᠭᠠᠵᠣ᠂ ︽ᠵᠣᠷᠢᠭᠳᠠᠢ︾ ᠪᠠᠶᠢᠬᠤ ᠶᠢ ᠴᠢᠬᠤᠯᠠᠴᠢᠯᠠᠵᠣ᠂ ︽ᠲᠦᠷᠭᠡᠨ︾ ᠪᠠᠶᠢᠬᠤ ᠶᠢ ᠡᠷᠬᠢᠮᠯᠡᠵᠦ᠂ ︽ᠣᠨᠣᠪᠴᠢᠳᠠᠢ︾ ᠪᠠᠶᠢᠬᠤ ᠳᠤ ᠲᠦᠪᠯᠡᠷᠡᠭᠦᠯᠵᠦ᠂ ᠨᠠᠷᠢᠨ ᠬᠢᠨᠠᠮᠠᠭᠠᠢ ᠠᠵᠢᠯᠯᠠᠵᠣ᠂ ᠵᠣᠷᠢᠭᠳᠠᠢ ᠪᠠᠷ ᠪᠣᠳᠣᠯᠭ᠎ᠠ ᠲᠣᠭᠳᠠᠭᠠᠵᠣ᠂ ᠪᠦᠬᠦ ᠬᠦᠴᠦ ᠪᠠᠷ ᠢᠶᠠᠨ ᠠᠵᠢᠯ ᠦᠢᠯᠡᠰ ᠪᠦᠲᠦᠭᠡᠨ᠎ᠡ᠃ ᠠᠯᠢᠪᠠ ᠠᠵᠢᠯ ᠢ ᠠᠷᠠᠳ ᠲᠦᠮᠡᠨ ᠤ ᠠᠰᠢᠭ ᠲᠣᠰᠠ ᠶᠢᠨ ᠲᠦᠯᠦᠭᠡ ᠪᠠᠶᠢᠬᠤ ᠪᠠᠷ ᠦᠨᠳᠦᠰᠦᠨ ᠡᠭᠦᠰᠴᠡ ᠪᠣᠯᠣᠨ ᠵᠣᠭᠰᠣᠴᠠ ᠪᠣᠯᠭᠠᠵᠣ᠂ ᠠᠰᠠᠭᠤᠳᠠᠯ ᠤᠨ ᠣᠳᠣᠷᠢᠳᠣᠮᠵᠢ᠂ ᠬᠠᠷᠠᠯᠳᠠ ᠶᠢᠨ ᠣᠳᠣᠷᠢᠳᠣᠮᠵᠢ᠂ ᠦᠷ᠎ᠡ ᠳ᠋ᠦᠩ ᠤᠨ ᠣᠳᠣᠷᠢᠳᠣᠮᠵᠢ ᠶᠢ ᠬᠠᠷᠢᠯᠴᠠᠨ ᠨᠢᠭᠡᠳᠭᠡᠬᠦ ᠶᠢ ᠪᠠᠷᠢᠮᠳᠠᠯᠠᠵᠣ᠂ ᠬᠢᠨᠠᠨ ᠰᠢᠯᠭᠠᠬᠤ ᠭᠦᠢᠴᠡᠳᠭᠡᠯ ᠲᠤᠭ᠎ᠠ ᠲᠠᠢ ᠬᠠᠷᠭᠤᠭᠤᠯᠵᠣ᠂ ᠣᠯᠠᠨ ᠲᠦᠮᠡᠨ ᠤ ᠬᠦᠰᠡᠯ ᠡᠷᠡᠮᠡᠯᠵᠡᠯ ᠲᠠᠢ ᠬᠠᠷᠢᠴᠠᠭᠤᠯᠵᠣ᠂ ᠵᠦᠷᠢᠶ᠎ᠡ ᠪᠠᠨ ᠡᠷᠢᠵᠦ᠂ ᠲᠣᠳᠣᠷᠬᠠᠢ ᠠᠷᠭ᠎ᠠ ᠬᠡᠮᠵᠢᠶ᠎ᠡ ᠠᠪᠴᠣ᠂ ᠡᠯ᠎ᠡ ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠪᠣᠳᠠᠳᠠᠢ ᠳᠤ ᠨᠠᠶᠢᠳᠠᠪᠣᠷᠢᠵᠢᠭᠤᠯᠵᠣ᠂ ᠦᠨᠠᠨ ᠪᠣᠳᠠᠳᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠣᠯᠠᠨ ᠲᠦᠮᠡᠨ ᠳᠤ ᠬᠠᠨᠣᠮᠵᠢᠳᠠᠢ ᠬᠠᠷᠢᠭᠤᠯᠳᠠ ᠦᠭᠭᠦᠨ᠎ᠡ᠃ ᠵᠠᠰᠠᠭ ᠤᠨ ᠣᠷᠳᠣᠨ  ᠤ ᠰᠠᠯᠠᠭ᠎ᠠ ᠮᠦᠴᠢᠷ ᠤᠨ ᠲᠣᠭᠳᠠᠮᠠᠯ ᠬᠤᠭᠤᠴᠠᠭ᠎ᠠ ᠲᠠᠢ ᠪᠠᠷ ᠬᠤᠷᠠᠯ ᠢᠶᠠᠷ ᠵᠦᠪᠳᠡᠯᠴᠡᠨ ᠬᠤᠯᠪᠣᠭᠠᠯᠠᠨ ᠬᠦᠳᠡᠯᠦᠯᠴᠡᠬᠦ ᠲᠣᠭᠳᠠᠴᠠ ᠶᠢ ᠪᠠᠶᠢᠭᠤᠯᠣᠨ ᠲᠡᠭᠦᠯᠳᠡᠷᠵᠢᠭᠦᠯᠵᠦ᠂ ᠭᠠᠳᠠᠭᠰᠢ ᠬᠠᠮᠳᠣᠷᠠᠯᠴᠠᠭ᠎ᠠ ᠪᠠᠨ ᠴᠢᠩᠭᠠᠳᠬᠠᠵᠣ᠂ ᠲᠣᠳᠣᠭᠰᠢ ᠪᠦᠯᠬᠦᠮᠳᠡᠨ ᠳᠠᠪᠰᠢᠵᠣ᠂ ᠠᠷᠠᠳ ᠲᠤ ᠪᠣᠳᠠᠳᠠᠢ ᠠᠵᠢᠯ ᠬᠢᠵᠦ᠂ ᠣᠯᠠᠨ ᠲᠦᠮᠡᠨ ᠳᠤ ᠨᠡᠩ ᠶᠡᠭᠡ ᠠᠰᠢᠭ ᠬᠦᠷᠳᠡᠭᠡᠨ᠎ᠡ᠃       ︵ᠳᠦᠷᠪᠡ︶ ᠵᠠᠰᠠᠭ ᠤᠨ ᠣᠷᠳᠣᠨ ᠠᠷᠢᠭᠤᠨ ᠴᠢᠭᠡᠴᠢ ᠪᠠᠷ ᠲᠣᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠣᠯᠠᠨ ᠲᠦᠮᠡᠨ ᠤ ᠬᠠᠨᠣᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠬᠦᠨᠵᠡᠭᠡᠢ ᠲᠣᠣᠱᠯᠠᠭᠤᠯᠵᠣ᠂ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠳᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠣᠷᠢᠵᠢᠭᠤᠯᠵᠣ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠣᠯᠢ ᠴᠠᠭᠠᠵᠠ ᠶᠢᠨ ᠬᠢᠨᠠᠯᠳᠠ᠂ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠳᠠ ᠶᠢ ᠣᠬᠠᠮᠰᠠᠷ ᠠᠴᠠ ᠪᠠᠨ ᠬᠦᠯᠢᠶᠡᠵᠦ᠂ ᠬᠢᠨᠠᠨ ᠪᠠᠶᠢᠴᠠᠭᠠᠬᠤ ᠬᠢᠨᠠᠯᠳᠠ᠂ ᠬᠠᠣᠯᠢ ᠴᠠᠭᠠᠵᠠ ᠶᠢᠨ ᠬᠢᠨᠠᠯᠳᠠ᠂ ᠣᠯᠠᠨ ᠲᠦᠮᠡᠨ ᠤ ᠬᠢᠨᠠᠯᠳᠠ᠂ ᠶᠠᠷᠢᠶ᠎ᠠ ᠬᠡᠯᠡᠯᠴᠡᠭᠡᠨ ᠤ ᠬᠢᠨᠠᠯᠳᠠ ᠶᠢ ᠰᠠᠨᠠᠭᠠᠴᠢᠯᠭ᠎ᠠ ᠠᠴᠠ  ᠪᠠᠨ ᠬᠦᠯᠢᠶᠡᠵᠦ᠂ ᠬᠢᠨᠠᠨ ᠪᠣᠳᠣᠬᠤ ᠬᠢᠨᠠᠯᠳᠠ᠂ ᠲᠤᠭ᠎ᠠ ᠪᠦᠷᠢᠳᠭᠡᠯ ᠤᠨ ᠬᠢᠨᠠᠯᠳᠠ ᠶᠢ ᠴᠢᠩᠭᠠᠳᠬᠠᠵᠣ᠂ ᠡᠳ᠋ ᠤᠨ ᠵᠠᠰᠠᠭ ᠤᠨ ᠪᠡᠯᠡ ᠮᠦᠩᠭᠦᠨ ᠤ ᠬᠡᠷᠡᠭᠯᠡᠯᠳᠡ᠂ ᠣᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢ ᠨᠢᠭᠳᠠ ᠠᠩᠬᠠᠷᠴᠣ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠣᠰᠠ  ᠶᠢ ᠬᠤᠬᠢᠷᠠᠭᠤᠯᠣᠭᠰᠠᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠱᠠᠮᠰᠢᠯ ᠪᠠᠶᠢᠪᠠᠯ ᠡᠷᠭᠡᠪᠰᠢ ᠠᠷᠢᠯᠭᠠᠵᠣ᠂ ᠢᠯᠵᠢᠷᠠᠯ ᠪᠠᠶᠢᠪᠠᠯ ᠡᠷᠭᠡᠪᠰᠢ ᠡᠰᠡᠷᠭᠦᠴᠡᠬᠦ ᠶᠢ ᠪᠡᠶᠡᠯᠡᠭᠦᠯᠦᠨ᠎ᠡ᠃ ᠨᠠᠮ ᠤᠨ ᠭᠡᠰᠢᠭᠦᠨ ᠺᠠᠳ᠋ᠷ ᠤᠨ ᠡᠬᠢ ᠡᠬᠦᠰᠦᠯ ᠤᠨ ᠴᠢᠨᠠᠷᠳᠠᠢ ᠠᠰᠠᠭᠤᠳᠠᠯ ᠢ ᠰᠠᠨᠠᠭᠤᠯᠣᠨ ᠶᠠᠷᠢᠯᠴᠠᠬᠤ ᠡᠷᠴᠢᠮ ᠢᠶᠠᠨ ᠴᠢᠩᠭᠠᠳᠬᠠᠵᠣ᠂ ᠲᠦᠪᠯᠡᠷᠡᠭᠦᠯᠦᠨ ᠵᠠᠰᠠᠬᠤ ᠠᠵᠢᠯ ᠢ ᠪᠠᠶᠢᠩᠭᠤᠵᠢᠭᠤᠯᠬᠤ ᠶᠢ ᠪᠠᠳᠣᠯᠠᠵᠣ᠂ ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠢ ᠦᠷᠭᠦᠯᠵᠢ ᠴᠢᠩᠭ᠎ᠠ ᠠᠳᠬᠤᠬᠤ ᠶᠢ ᠠᠬᠢᠭᠤᠯᠵᠣ᠂ ᠲᠦᠪ ᠤᠨ ᠨᠠᠢᠮᠠᠨ ᠵᠣᠷᠪᠣᠰ ᠲᠣᠭᠳᠠᠭᠠᠯ ᠤᠨ ᠵᠣᠷᠢᠭ ᠰᠠᠨᠠᠭ᠎ᠠ  ᠶᠢ ᠴᠢᠩᠭ᠎ᠠ  ᠨᠠᠶᠢᠳᠠᠪᠣᠷᠢᠵᠢᠭᠤᠯᠣᠨ ᠵᠢᠱᠢᠶ᠎ᠡ ᠦᠵᠡᠭᠦᠯᠵᠦ᠂ ︽ᠳᠦᠷᠪᠡᠨ ᠰᠣᠷᠳᠠᠯ︾ ᠢ ᠦᠷᠭᠦᠯᠵᠢᠯᠡᠨ ᠵᠠᠰᠠᠨ ᠵᠠᠯᠠᠷᠠᠭᠤᠯᠵᠣ᠂ ᠴᠢᠭᠡᠴᠢ ᠵᠠᠰᠠᠭ ᠤᠨ ᠬᠤᠷᠢᠭ᠎ᠠ ᠱᠣᠭᠤᠮ ᠢ ᠰᠠᠶᠢᠳᠣᠷ ᠰᠠᠬᠢᠵᠣ᠂ ᠠᠷᠢᠭᠤᠨ ᠴᠢᠭᠡᠴᠢ ᠵᠠᠰᠠᠭ ᠤᠨ ᠣᠷᠳᠣᠨ ᠢ ᠪᠠᠶᠢᠭᠤᠯᠵᠣ᠂ ᠰᠣᠷᠳᠠᠯ ᠴᠢᠭᠡᠴᠢ ᠣᠪᠣᠷ ᠲᠦᠪ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠨ᠎ᠠ᠃       ᠲᠦᠯᠦᠭᠡᠯᠡᠭᠴᠢᠳ ᠡ︕ ᠪᠣᠳᠠᠳᠠᠢ ᠠᠵᠢᠯᠯᠠᠪᠠᠯ ᠠᠤᠭ᠎ᠠ ᠦᠢᠯᠡᠰ ᠢ ᠴᠣᠭᠴᠠᠯᠠᠵᠣ᠂ ᠴᠢᠷᠮᠠᠶᠢᠨ ᠲᠡᠮᠡᠴᠡᠪᠡᠯ ᠠᠯᠣᠰ ᠢᠷᠡᠭᠡᠳᠦᠢ ᠲᠠᠢ ᠪᠣᠯᠵᠣ ᠴᠢᠳᠠᠨ᠎ᠠ᠃ ᠪᠢᠳᠡ ᠪᠦᠬᠦᠨ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶᠠᠨ ᠤ ᠲᠣᠭᠤᠷᠢᠨ ᠳᠤ ᠨᠡᠩ ᠨᠢᠭᠳᠠᠷᠠᠨ ᠪᠦᠯᠬᠦᠮᠳᠡᠵᠦ᠂ ᠲᠡᠭᠡᠳᠦ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠪᠠᠳᠣ ᠴᠢᠩᠭ᠎ᠠ ᠣᠳᠣᠷᠢᠳᠣᠯᠭ᠎ᠠ ᠲᠣᠣᠷ᠎ᠠ᠂ ᠡᠷᠴᠢ ᠵᠣᠷᠢᠭ ᠢᠶᠠᠨ ᠬᠦᠪᠴᠢᠯᠡᠨ᠂ ᠵᠣᠷᠢᠭᠳᠠᠢ ᠣᠷᠣᠭᠰᠢᠯᠠᠵᠣ᠂ ᠪᠣᠳᠠᠳᠠᠢ ᠠᠵᠢᠯᠯᠠᠨ ᠪᠣᠳᠠᠳᠠᠢ ᠠᠮᠵᠢᠯᠳᠠ ᠭᠠᠷᠭᠠᠬᠤ ᠪᠠᠷ ᠳᠠᠮᠵᠢᠨ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠣᠳᠠᠳᠠᠢ ᠳᠤ ᠨᠠᠶᠢᠳᠠᠪᠣᠷᠢᠵᠢᠭᠤᠯᠵᠣ᠂ ᠨᠡᠶᠢᠭᠡᠮ ᠵᠢᠷᠣᠮᠳᠣ ᠣᠳᠣᠬᠢᠴᠢᠯᠠᠭᠰᠠᠨ ᠰᠦᠨᠢᠳ ᠪᠠᠷᠠᠭᠤᠨ ᠬᠤᠰᠢᠭᠤᠨ ᠤ ᠰᠢᠨ᠎ᠡ ᠬᠠᠭᠤᠳᠠᠰᠣ ᠶᠢ ᠴᠢᠷᠮᠠᠶᠢᠨ ᠪᠢᠴᠢᠭᠯᠡᠰᠦᠭᠡᠢ︕ᠨᠡᠷᠡᠰ ᠤᠨ ᠳᠠᠶᠢᠯᠪᠣᠷᠢ᠄      1. ︽ᠭᠤᠷᠪᠠᠨ ᠣᠷᠣᠨ ᠭᠤᠷᠪᠠᠨ ᠱᠣᠭᠤᠮ︾᠄ ︽ᠭᠤᠷᠪᠠᠨ ᠣᠷᠣᠨ︾ ᠭᠡᠳᠡᠭ ᠨᠢ ᠬᠤᠳᠠ ᠪᠠᠯᠭᠠᠰᠣᠨ  ᠤ ᠣᠷᠣᠨ ᠵᠠᠢ᠂ ᠲᠠᠷᠢᠶᠠᠯᠠᠩ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ ᠵᠡᠷᠭᠡ ᠭᠤᠷᠪᠠᠨ ᠲᠦᠷᠦᠯ ᠤᠨ ᠣᠯᠣᠰ ᠤᠨ ᠭᠠᠵᠠᠷ ᠰᠢᠷᠦᠢ ᠶᠢᠨ ᠣᠷᠣᠨ ᠵᠠᠢ ᠶᠢ ᠵᠢᠭᠠᠨ᠎ᠠ︔ ︽ᠭᠤᠷᠪᠠᠨ ᠱᠣᠭᠤᠮ︾ ᠭᠡᠳᠡᠭ ᠨᠢ ᠬᠤᠳᠠ ᠪᠠᠯᠭᠠᠰᠣ ᠶᠢ ᠨᠡᠭᠡᠭᠡᠨ ᠬᠦᠭᠵᠢᠭᠦᠯᠬᠦ ᠵᠠᠭᠠᠭ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠣᠭᠤᠮ ᠤᠨ ᠭᠤᠷᠪᠠᠨ ᠵᠣᠷᠪᠣᠰ ᠡᠵᠡᠮᠳᠡᠬᠦ ᠱᠣᠭᠤᠮ ᠢ ᠵᠢᠭᠠᠨ᠎ᠠ᠃      2. ︽ᠬᠤᠶᠠᠷ ᠲᠤ ᠵᠣᠪᠠᠭ᠋ᠣ ᠦᠭᠡᠢ᠂ ᠭᠤᠷᠪᠠᠨ ᠪᠠᠳᠣᠯᠠᠭ᠎ᠠ ᠲᠠᠢ ᠪᠠᠶᠢᠬᠤ︾᠄ ᠢᠳᠡᠵᠦ ᠡᠮᠦᠰᠬᠦ ᠳᠡᠭᠡᠨ ᠵᠦᠪ᠂ ᠠᠯᠪᠠᠨ ᠵᠢᠷᠣᠮ ᠤᠨ ᠰᠣᠷᠭᠠᠨ ᠬᠦᠮᠦᠵᠢᠯ᠂ ᠦᠨᠳᠦᠰᠦᠨ ᠡᠮ ᠡᠮᠨᠡᠯᠭᠡ ᠪᠣᠯᠣᠨ ᠣᠷᠣᠨ ᠰᠠᠭᠤᠴᠠ ᠶᠢᠨ ᠪᠠᠳᠣᠯᠠᠭ᠎ᠠ ᠲᠠᠢ ᠪᠠᠶᠢᠬᠤ᠃      3. ︽ᠲᠠᠪᠣᠨ ᠶᠡᠭᠡ ᠬᠦᠭᠵᠢᠭᠦᠯᠦᠨ ᠮᠠᠨᠳᠣᠭᠤᠯᠬᠤ︾᠄ ᠠᠵᠣ ᠦᠢᠯᠡᠰ ᠢ ᠬᠦᠭᠵᠢᠭᠦᠯᠦᠨ ᠮᠠᠨᠳᠣᠭᠤᠯᠬᠤ᠂ ᠰᠣᠶᠣᠯ ᠢ ᠬᠦᠭᠵᠢᠭᠦᠯᠦᠨ ᠮᠠᠨᠳᠣᠭᠤᠯᠬᠤ᠂ ᠴᠢᠳᠠᠪᠣᠷᠢᠳᠠᠨ ᠢ ᠬᠦᠭᠵᠢᠭᠦᠯᠦᠨ ᠮᠠᠨᠳᠣᠭᠤᠯᠬᠤ᠂ ᠠᠮᠢ ᠠᠬᠤᠢ ᠶᠢ ᠬᠦᠭᠵᠢᠭᠦᠯᠦᠨ ᠮᠠᠨᠳᠣᠭᠤᠯᠬᠤ᠂ ᠵᠣᠬᠢᠶᠠᠨ ᠪᠠᠶᠢᠭᠤᠯᠣᠯᠳᠠ ᠶᠢ ᠬᠦᠭᠵᠢᠭᠦᠯᠦᠨ ᠮᠠᠨᠳᠣᠭᠤᠯᠬᠤ᠃      4. ︽ᠣᠯᠠᠨ ᠲᠦᠯᠦᠪᠵᠢᠭᠦᠯᠭᠡ ᠶᠢ ᠨᠢᠭᠡᠳᠭᠡᠬᠦ︾᠄ ᠣᠯᠣᠰ ᠠᠷᠠᠳ ᠤᠨ ᠠᠵᠣ ᠠᠬᠤᠢ ᠪᠠ ᠬᠤᠳᠠ ᠬᠦᠳᠡᠭᠡ ᠶᠢᠨ ᠭᠠᠵᠠᠷ ᠰᠢᠷᠣᠢ ᠶᠢᠨ ᠲᠦᠯᠦᠪᠵᠢᠭᠦᠯᠭᠡ᠂ ᠲᠡᠣᠭᠡ ᠶᠢᠨ ᠳᠣᠷᠠᠰᠬᠠᠯᠳᠣ ᠵᠦᠢᠯᠡᠰ ᠢ ᠬᠠᠮᠠᠭᠠᠯᠠᠬᠤ᠂ ᠵᠠᠮ ᠬᠠᠷᠢᠯᠴᠠᠭ᠎ᠠ᠂ ᠰᠣᠶᠣᠯ ᠬᠢᠭᠡᠳ ᠠᠮᠢ ᠠᠬᠤᠢ ᠶᠢᠨ ᠵᠢᠭᠤᠯᠴᠢᠯᠠᠯ ᠤᠨ ᠡᠬᠢ ᠪᠠᠶᠠᠯᠢᠭ ᠵᠡᠷᠭᠡ ᠡᠯ᠎ᠡ ᠲᠦᠷᠦᠯ ᠤᠨ ᠲᠦᠯᠦᠪᠵᠢᠭᠦᠯᠭᠡ ᠶᠢ ᠵᠣᠯᠭᠠᠭᠤᠯᠬᠤ ᠶᠢ ᠴᠢᠩᠭᠠᠳᠬᠠᠵᠣ᠂ ᠡᠰᠢ ᠪᠠᠷᠢᠮᠳᠠ ᠨᠢ ᠨᠢᠭᠡᠳᠣᠯᠳᠠᠢ ᠪᠠᠶᠢᠬᠤ ᠶᠢ ᠪᠠᠳᠣᠯᠠᠨ᠎ᠠ᠃      5. ︽ᠲᠠᠯᠪᠢᠬᠤ᠂ ᠬᠠᠮᠢᠶᠠᠷᠬᠤ᠂ ᠦᠢᠯᠡᠴᠢᠯᠠᠬᠦ︾᠄ ᠵᠠᠰᠠᠭ ᠤᠨ ᠡᠷᠭᠡ ᠶᠢ ᠴᠤᠮᠬᠠᠳᠬᠠᠵᠦ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠬᠦ᠃      6. ︽ᠲᠦᠷᠪᠡᠨ ᠬᠦᠢᠴᠡᠳᠭᠡᠬᠦ︾᠄ ᠨᠢᠬᠡ ᠰᠦᠯᠵᠢᠶᠠᠨ ᠲᠡᠭᠡᠷ᠎ᠡ ᠬᠦᠢᠴᠡᠳᠭᠡᠬᠦ᠂ ᠭᠠᠷ ᠤᠳᠠᠰᠤᠨ ᠲᠡᠭᠡᠷ᠎ᠡ ᠬᠦᠢᠴᠡᠳᠭᠡᠬᠦ᠂ ᠬᠠᠪᠰᠤᠷᠤᠨ ᠬᠦᠢᠴᠡᠳᠭᠡᠬᠦ᠂ ᠨᠢᠬᠡᠯᠡ ᠤᠳᠠᠭ᠎ᠠ ᠲᠡᠭᠡᠷ᠎ᠡ ᠬᠦᠢᠴᠡᠳᠭᠡᠬᠦ᠃      7. ︽ᠨᠠᠢᠮᠠᠳᠣᠭᠠᠷ ᠲᠠᠪᠣᠨ ᠵᠢᠯ︾ ᠤᠨ ᠬᠠᠣᠯᠢ ᠲᠦᠭᠡᠮᠡᠯᠵᠢᠭᠦᠯᠬᠦ᠄ ᠲᠦᠪ ᠬᠤᠷᠢᠶᠠᠨ ᠤ ᠣᠬᠠᠭᠤᠯᠬᠤ ᠬᠡᠯᠳᠡᠰ᠂ ᠬᠠᠣᠯᠢ ᠴᠠᠭᠠᠵᠠ ᠶᠢᠨ ᠶᠠᠮᠣᠨ ᠤ ᠬᠠᠣᠯᠢ ᠲᠦᠷᠢᠮ ᠤᠨ ᠣᠬᠠᠭᠤᠯᠭ᠎ᠠ ᠬᠦᠮᠦᠵᠢᠯ ᠢ ᠦᠷᠨᠢᠭᠦᠯᠬᠦ ᠲᠣᠬᠠᠢ ᠨᠠᠢᠮᠠᠳᠣᠭᠠᠷ ᠲᠠᠪᠣᠨ ᠵᠢᠯ ᠤᠨ ᠲᠦᠯᠦᠪᠵᠢᠭᠦᠯᠭᠡ᠃      8. ︽ᠲᠦᠷᠪᠡᠨ ᠡᠬᠦᠰᠬᠦ ᠦᠭᠡᠢ︾᠄ ᠣᠯᠣᠰ ᠤᠨ ᠣᠯᠣᠰ ᠲᠦᠷᠦ ᠶᠢᠨ ᠠᠮᠣᠷ ᠲᠦᠪᠰᠢᠨ ᠪᠠ ᠨᠡᠶᠢᠭᠡᠮ  ᠤᠨ ᠲᠣᠭᠳᠠᠭᠤᠨ ᠢ ᠨᠦᠯᠦᠭᠡᠯᠡᠬᠦ ᠴᠢᠬᠤᠯᠠ ᠶᠡᠭᠡ ᠬᠡᠷᠡᠭ ᠶᠠᠪᠣᠳᠠᠯ ᠡᠭᠦᠰᠬᠦ ᠦᠭᠡᠢ᠂ ᠰᠦᠷᠳᠡᠭᠦᠯᠦᠯ ᠤᠨ ᠳᠠᠭᠠᠷᠢᠯᠳᠠ ᠪᠠ ᠬᠤᠪᠢ ᠬᠦᠮᠦᠨ ᠤ ᠬᠡᠳᠦᠷᠡᠮᠡᠭᠡᠢ ᠬᠡᠷᠡᠭ ᠶᠠᠪᠣᠳᠠᠯ ᠡᠭᠦᠰᠬᠦ ᠦᠭᠡᠢ᠂ ᠬᠡᠪᠴᠢᠶᠡᠳᠦ ᠴᠢᠨᠠᠷᠳᠠᠢ ᠪᠦᠯᠦᠭᠯᠡᠭᠰᠡᠨ ᠬᠡᠷᠡᠭ ᠪᠠ ᠪᠡᠭᠡᠵᠢᠩ ᠳᠤ ᠬᠦᠷᠴᠦ ᠪᠦᠯᠦᠭᠯᠡᠨ ᠰᠣᠷᠪᠣᠯᠵᠢᠯᠠᠬᠤ ᠬᠡᠷᠡᠭ ᠡᠭᠦᠰᠬᠦ ᠦᠭᠡᠢ᠂ ᠬᠦᠨᠳᠦ ᠶᠡᠭᠡ ᠠᠮᠣᠷ ᠲᠦᠪᠰᠢᠨ ᠤ ᠠᠳᠡᠯ ᠪᠠ ᠲᠣᠣᠷ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠬᠡᠷᠡᠭ ᠡᠭᠦᠰᠬᠦ ᠦᠭᠡᠢ᠃      9. ︽ᠬᠤᠶᠠᠷ ᠢ ᠲᠣᠭᠳᠠᠭᠠᠭᠰᠠᠨ︾᠄ ᠰᠢ ᠶᠢᠨ ᠫᠢᠩ ᠨᠦᠬᠦᠷ ᠤᠨ ᠨᠠᠮ ᠤᠨ ᠲᠦᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠲᠣᠭᠳᠠᠭᠠᠵᠣ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭᠠᠨ ᠤ ᠵᠢᠯᠣᠭᠤᠳᠬᠤ ᠪᠠᠶᠢᠷᠢ ᠰᠠᠭᠤᠷᠢ ᠶᠢ ᠲᠣᠭᠳᠠᠭᠠᠭᠰᠠᠨ᠃      10. ︽ᠳᠦᠷᠪᠡᠨ ᠣᠬᠠᠮᠰᠠᠷ︾᠄ ᠣᠯᠣᠰ ᠲᠦᠷᠦ ᠶᠢᠨ ᠣᠬᠠᠮᠰᠠᠷ᠂ ᠶᠡᠭᠡ ᠲᠠᠯ᠎ᠠ ᠶᠢᠨ ᠣᠬᠠᠮᠰᠠᠷ᠂ ᠭᠤᠣᠯᠯᠠᠬᠤ ᠣᠬᠠᠮᠰᠠᠷ᠂ ᠨᠢᠭᠡᠳᠦᠯᠳᠠᠢ ᠪᠠᠶᠢᠬᠤ ᠣᠬᠠᠮᠰᠠᠷ᠃      11.︽ᠲᠦᠷᠪᠡᠨ ᠢᠳᠡᠭᠡᠯ︾᠄ ᠵᠠᠮ ᠤᠨ ᠢᠳᠡᠭᠡᠯ᠂ ᠣᠨᠣᠯ ᠤᠨ ᠢᠳᠡᠭᠡᠯ᠂ ᠲᠦᠷᠢᠮ ᠤᠨ ᠢᠳᠡᠭᠡᠯ ᠪᠠ ᠰᠣᠶᠣᠯ ᠤᠨ ᠢᠳᠡᠭᠡᠯ᠃      12.︽ᠬᠤᠶᠠᠷ ᠢ ᠬᠠᠮᠠᠭᠠᠯᠠᠬᠤ︾᠄ ᠰᠢ ᠶᠢᠨ ᠫᠢᠩ ᠶᠡᠷᠦᠩᠭᠡᠢ ᠱᠦᠵᠢ ᠶᠢᠨ ᠨᠡᠮ ᠤᠨ ᠲᠦᠪ ᠬᠤᠷᠢᠶᠠᠨ ᠤ ᠭᠤᠤᠯ ᠪᠠᠶᠢᠷᠢ ᠰᠠᠭᠤᠷᠢ᠂ ᠪᠦᠬᠦ ᠨᠡᠮ ᠤᠨ ᠭᠤᠤᠯ ᠪᠠᠶᠢᠷᠢ ᠰᠠᠭᠤᠷᠢ ᠶᠢ ᠬᠠᠮᠠᠭᠠᠯᠠᠬᠤ᠂ ᠨᠡᠮ ᠤᠨ ᠲᠦᠪ ᠬᠤᠷᠢᠶᠠᠨ  ᠤ ᠡᠷᠭᠡ ᠰᠦᠷ ᠪᠡ ᠲᠦᠪᠯᠡᠷᠡᠩᠭᠦᠢ ᠨᠢᠭᠡᠳᠤᠯᠳᠠᠢ ᠤᠳᠤᠷᠢᠳᠤᠯᠭ᠎ᠠ ᠶᠢ ᠬᠠᠮᠠᠭᠠᠯᠠᠬᠤ ᠶᠢ ᠪᠠᠷᠢᠮᠳᠠᠯᠠᠨ᠎ᠠ᠃      13. ︽ᠭᠤᠷᠪᠡᠨ ᠴᠢᠬᠤᠯᠠ ᠨᠢᠬᠡ ᠶᠡᠭᠡ︾᠄ ᠴᠢᠬᠤᠯᠠ ᠶᠡᠭᠡ ᠵᠦᠢᠯ ᠤᠨ ᠰᠢᠢᠳᠪᠤᠷᠢᠳᠤ ᠪᠤᠳᠤᠯᠭ᠎ᠠ᠂ ᠴᠢᠬᠤᠯᠠ ᠺᠡᠳ᠋ᠷ ᠢ ᠲᠤᠮᠢᠯᠠᠨ ᠪᠠᠭᠤᠯᠭᠠᠬᠤ᠂ ᠴᠢᠬᠤᠯᠠ ᠶᠡᠭᠡ ᠲᠦᠷᠦᠯ ᠵᠦᠢᠯ ᠤᠨ ᠪᠡᠯᠡ ᠤᠷᠤᠭᠤᠯᠤᠯᠳᠠ ᠶᠢᠨ ᠰᠢᠢᠳᠪᠤᠷᠢᠳᠤ ᠪᠤᠳᠤᠯᠭ᠎ᠠ ᠪᠤᠯᠤᠨ ᠶᠡᠭᠡ ᠭᠡᠮᠵᠢᠶᠠᠨ ᠤ ᠪᠡᠯᠡ ᠮᠦᠩᠬᠦᠨ ᠤ ᠭᠡᠷᠡᠭᠯᠡᠯᠳᠡ᠃      14. ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠦᠯᠳᠡ ᠶᠢᠨ ︽ᠭᠤᠷᠪᠡᠨ ᠵᠦᠢᠯ ᠤᠨ ᠲᠦᠷᠢᠮ︾᠄ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠦᠯᠳᠡ ᠶᠢ ᠢᠯᠡ ᠪᠤᠯᠭᠠᠬᠤ ᠲᠦᠷᠢᠮ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠦᠯᠳᠡ ᠶᠢᠨ ᠪᠦᠬᠦ ᠶᠠᠪᠤᠴᠠ ᠶᠢ ᠲᠡᠮᠳᠡᠭᠯᠡᠬᠦ ᠲᠦᠷᠢᠮ᠂ ᠴᠢᠬᠤᠯᠠ ᠶᠡᠭᠡ ᠬᠠᠤᠯᠢ ᠭᠡᠷᠡᠭᠵᠢᠬᠦᠯᠦᠯᠳᠡ ᠶᠢᠨ ᠲᠤᠭᠳᠠᠭᠠᠯ ᠬᠠᠤᠯᠢ ᠲᠦᠷᠢᠮ ᠢ ᠬᠢᠨᠠᠨ ᠬᠠᠷᠭᠤᠭᠤᠯᠬᠤ ᠲᠦᠷᠢᠮ᠃      15. ᠦᠷᠢ ᠰᠢᠷᠢ ᠶᠢᠨ ᠲᠦᠭᠰᠢᠭᠦᠷᠢ ᠶᠢᠨ ᠳᠡᠰ᠄ ᠦᠷᠢ ᠰᠢᠷᠢ ᠶᠢᠨ ᠳᠦᠭᠰᠢᠭᠦᠷᠢ ᠶᠢ ᠣᠯᠠᠭᠠᠨ᠂ ᠣᠯᠠᠪᠣᠷ ᠂ ᠰᠢᠷ᠎ᠠ᠂ ᠨᠣᠭᠤᠭᠠᠨ ᠳᠦᠷᠪᠡᠨ ᠳᠡᠰ ᠬᠤᠪᠢᠶᠠᠵᠣ᠂ ᠲᠦᠭᠰᠢᠭᠦᠷᠢ ᠨᠢ ᠡᠨᠡᠬᠦ ᠳᠠᠷᠠᠭᠠᠯᠠᠯ ᠢᠶᠠᠷ ᠦᠨᠳᠦᠷ ᠠᠴᠠ ᠲᠣᠣᠷ᠎ᠠ ᠪᠣᠯᠣᠨ᠎ᠠ᠃      16. ︽ᠲᠠᠪᠤ ᠶᠢ ᠲᠦᠢᠯᠪᠤᠷᠢᠳᠠᠢ ᠪᠠᠶᠢᠴᠠᠭᠠᠬᠤ ᠠᠵᠢᠯᠯᠠᠭ᠎ᠠ︾᠄ ᠬᠢᠨᠠᠨ ᠵᠦᠪᠰᠢᠶᠡᠷᠡᠬᠦᠯᠬᠦ ᠪᠠᠷ ᠪᠠᠶᠢᠭ᠎ᠠ ᠲᠦᠷᠦᠯ ᠵᠦᠢᠯ᠂ ᠰᠤᠯᠠ ᠪᠠᠶᠢᠭ᠎ᠠ ᠭᠠᠵᠡᠷ ᠰᠢᠷᠦᠢ᠂ ᠠᠰᠢᠭᠯᠠᠭᠠᠳᠤᠢ ᠪᠠᠯᠠ ᠮᠦᠩᠬᠦ᠂ ︽ᠬᠠᠭᠠᠰ ᠲᠤᠳᠠᠭᠤ ᠤᠷᠬᠢᠭᠰᠠᠨ︾ ᠪᠠᠷᠢᠯᠭ᠎ᠠ᠂ ᠨᠡᠭᠡᠭᠡᠯᠳᠡ ᠶᠢᠨ ᠲᠤᠭᠤᠷᠢᠭ ᠤᠨ ᠪᠦᠳᠤᠭᠡᠨ ᠪᠠᠶᠢᠭᠤᠯᠤᠯᠳᠠ ᠵᠡᠷᠭᠡ ᠲᠠᠪᠤᠨ ᠲᠠᠯ᠎ᠠ ᠪᠠᠷ ᠲᠦᠢᠯᠪᠤᠷᠢᠳᠡᠢ ᠪᠠᠶᠢᠴᠠᠭᠠᠬᠤ ᠠᠵᠢᠯᠯᠠᠭ᠎ᠠ ᠪᠤᠯᠤᠨ᠎ᠠ᠃      17. ︽ᠲᠠᠪᠤᠨ ᠶᠡᠭᠡ ᠡᠬᠦᠷᠭᠡ︾᠄ ᠦᠪᠤᠷ ᠮᠤᠩᠭᠤᠯ ᠢ ᠮᠡᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠳᠤ ᠬᠢᠵᠠᠭᠠᠷ ᠤᠨ ᠠᠮᠤᠷ ᠲᠦᠪᠰᠢᠨ ᠲᠤᠭᠳᠠᠭᠤᠨ ᠤ ᠬᠠᠯᠬᠠᠪᠴᠢ᠂ ᠤᠯᠤᠰ ᠤᠨ ᠡᠨᠧᠷᠬᠢ ᠶᠢᠨ ᠰᠤᠷᠪᠤᠯᠵᠢ ᠪᠡ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠭᠠᠵᠡᠷ᠂ ᠮᠠᠯ ᠤᠨ ᠠᠰᠢᠭ ᠰᠢᠮ᠎ᠡ ᠪᠡ ᠲᠠᠷᠢᠶᠠᠯᠠᠩ ᠤᠨ ᠪᠦᠳᠤᠭᠡᠭᠳᠡᠬᠦᠨ ᠤ ᠦᠢᠯᠡᠳᠪᠤᠷᠢᠯᠡᠯ ᠤᠨ ᠴᠢᠬᠤᠯᠠ ᠰᠠᠭᠤᠷᠢᠨ ᠭᠠᠵᠡᠷ᠂ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠳᠡ ᠪᠤᠯᠭᠠᠨ ᠪᠦᠳᠤᠭᠡᠨ ᠪᠠᠶᠢᠭᠤᠯᠬᠤ᠃      18. ︽ᠲᠦᠷᠪᠡᠨ ᠬᠡᠪᠴᠢᠶᠠᠵᠢᠯ ᠠᠴᠠ ᠲᠡᠭᠡᠭᠰᠢᠬᠢ ᠠᠵᠦ ᠠᠬᠤᠶᠢᠯᠠᠯ︾᠄ ᠭᠡᠪᠰᠢᠶᠠᠵᠢᠯ ᠠᠴᠠ ᠲᠡᠭᠡᠭᠰᠢᠬᠢ ᠠᠵᠦ ᠦᠢᠯᠡᠳᠪᠤᠷᠢ ᠶᠢᠨ ᠠᠵᠦ ᠠᠬᠤᠶᠢᠯᠠᠯ᠂ ᠬᠢᠷᠢ ᠭᠡᠮ ᠵᠡᠷᠭᠡ ᠲᠠᠰ ᠲᠠᠢ ᠪᠡᠷᠢᠯᠭ᠎ᠠ ᠶᠢᠨ ᠠᠵᠦ ᠠᠬᠤᠶᠢᠯᠠᠯ᠂ ᠬᠢᠵᠠᠭᠠᠷ ᠲᠤᠭ᠎ᠠ ᠠᠴᠠ ᠲᠡᠭᠡᠭᠰᠢᠬᠢ ᠪᠦᠭᠡᠮ ᠢᠶᠠᠷ ᠪᠤᠶᠤ ᠵᠢᠵᠢᠭᠯᠡᠨ ᠬᠤᠳᠠᠯᠳᠤᠬᠤ᠂ ᠪᠠᠭᠤᠳᠠᠯ᠂ ᠬᠤᠭᠤᠯᠠ ᠤᠮᠳᠠ  ᠶᠢᠨ ᠠᠵᠦ ᠠᠬᠤᠶᠢᠯᠠᠯ᠂ ᠤᠯᠤᠰ ᠤᠨ ᠭᠤᠤᠯᠳᠠᠯᠭ᠎ᠠ ᠲᠠᠢ ᠦᠢᠯᠡᠴᠢᠯᠡᠭᠡᠨ ᠤ ᠦᠢᠯᠡᠰ ᠤᠨ ᠠᠵᠦ ᠠᠬᠤᠶᠢᠯᠠᠯ᠃      19. ︽ᠬᠤᠶᠠᠷ ᠰᠢᠨ᠎ᠡ ᠠᠵᠦ ᠠᠬᠤᠶᠢᠯᠠᠯ︾᠄ ᠦᠨᠳᠤᠷ ᠰᠢᠨᠵᠢᠯᠡᠭᠡ ᠮᠡᠷᠭᠡᠵᠢᠯ ᠪᠦᠬᠦᠢ ᠰᠢᠨ᠎ᠡ ᠡᠨᠧᠷᠬᠢ ᠪᠡ ᠰᠢᠨ᠎ᠡ ᠮᠡᠲ᠋ᠧᠷᠢᠶᠠᠯ ᠤᠨ ᠪᠠᠶᠢᠯᠳᠤᠬᠤ ᠪᠤᠳᠤᠯᠭ᠎ᠠ ᠶᠢᠨ ᠴᠢᠨᠡᠷᠳᠡᠢ ᠰᠢᠨ᠎ᠡ ᠪᠠᠷ ᠪᠤᠢ ᠪᠤᠯᠤᠭᠰᠠᠨ ᠠᠵᠦ ᠦᠢᠯᠡᠰ᠃      20. ︽ᠬᠤᠤᠰ ᠨᠡᠬᠦᠷᠡᠰᠦᠳᠦ᠋ᠷᠦᠭᠴᠢ︾᠄ ᠨᠡᠬᠦᠷᠡᠰᠦᠳᠦ᠋ᠷᠦᠭᠴᠢ ᠭᠠᠳᠠᠭᠰᠢᠯᠠᠭᠤᠯᠬᠤ ᠤᠷᠬᠢᠯ ᠭᠡᠮᠵᠢᠭᠳᠡᠯ  ᠠᠴᠠ ᠨᠢ ᠪᠠᠭᠤᠷᠠᠭᠤᠯᠬᠤ᠂ ᠨᠠᠬᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠬᠠᠷᠠᠯᠳᠠ᠃      21. ︽ᠬᠤᠤᠰ ᠡᠵᠡᠮᠳᠡᠯ︾᠄ ᠡᠨᠧᠷᠬᠢ ᠶᠢᠨ ᠭᠡᠷᠡᠭᠯᠡᠭᠡᠨ ᠤ ᠶᠡᠷᠦᠩᠭᠡᠢ ᠭᠡᠮᠵᠢᠶ᠎ᠠ ᠪᠡ ᠨᠢᠬᠡᠴᠢ ᠭᠠᠵᠡᠷ ᠤᠷᠤᠨ ᠤ ᠦᠢᠯᠡᠳᠪᠤᠷᠢᠯᠡᠯ ᠤᠨ ᠶᠡᠷᠦᠩᠭᠡᠢ ᠦᠷᠳᠡᠭ ᠤᠨ ᠡᠨᠧᠷᠬᠢ ᠶᠢᠨ ᠬᠤᠷᠤᠭᠳᠠᠯ ᠤᠨ ᠡᠵᠡᠮᠳᠡᠯ᠃      22. ︽ᠬᠤᠶᠠᠷ ᠦᠨᠳᠤᠷ︾᠄ ᠡᠨᠧᠷᠬᠢ ᠶᠢᠨ ᠬᠤᠷᠤᠭᠳᠠᠯ ᠦᠨᠳᠤᠷ᠂ ᠪᠤᠬᠢᠷᠳᠤᠯ ᠦᠨᠳᠤᠷ᠃      23. ︽ᠭᠤᠷᠪᠡᠨ ᠬᠤᠷᠢᠭ᠎ᠠ ᠱᠤᠭᠤᠮ᠂ ᠨᠢᠬᠡ ᠨᠠᠷᠢᠨ ᠲᠠᠩᠰᠠ︾᠄ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠤᠭᠤᠮ᠂ ᠤᠷᠴᠢᠨ ᠲᠤᠭᠤᠷᠢᠨ ᠤ ᠶᠡᠰᠤ ᠴᠢᠨᠡᠷ ᠤᠨ ᠲᠤᠤᠷ᠎ᠡ ᠬᠢᠵᠠᠭᠠᠷ᠂ ᠡᠬᠢ ᠪᠠᠶᠠᠯᠢᠭ ᠤᠨ ᠠᠰᠢᠭᠯᠠᠯᠳᠠ ᠶᠢᠨ ᠲᠡᠭᠡᠳᠤ ᠬᠢᠵᠠᠭᠠᠷ ᠪᠡ ᠠᠵᠦ ᠠᠬᠤᠶᠢᠯᠠᠯ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠳᠤ ᠬᠠᠨᠳᠤᠭᠰᠠᠨ ᠨᠠᠷᠢᠨ ᠲᠡᠩᠰᠡ᠃      24. ︽ᠬᠤᠶᠠᠷ ᠮᠦᠩᠬᠦ᠂ ᠭᠤᠷᠪᠡᠨ ᠲᠦᠷᠢᠮ︾᠄ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭ᠎ᠠ  ᠶᠢᠨ ᠮᠦᠩᠬᠦ ᠪᠡ ᠪᠠᠴᠢᠮ ᠪᠠᠶᠢᠳᠠᠯ ᠢ ᠠᠷᠭᠠᠴᠠᠭᠠᠬᠤ ᠡᠷᠬᠢᠯᠳᠡ ᠶᠢᠨ ᠮᠦᠩᠬᠦ︔ ᠬᠦᠯᠦᠰᠦᠨ ᠠᠵᠢᠯᠴᠢᠨ ᠤ ᠦᠨᠡᠨ ᠨᠡᠷ᠎ᠡ ᠶᠢᠨ ᠬᠠᠮᠢᠶᠠᠷᠤᠯᠳᠠ ᠶᠢᠨ ᠲᠦᠷᠢᠮ᠂ ᠬᠦᠯᠦᠰᠦᠨ ᠠᠵᠢᠯᠴᠢᠨ ᠤ ᠴᠠᠯᠢᠩ ᠢ ᠪᠠᠩᠬᠢ ᠤᠷᠤᠯᠠᠨ ᠦᠭᠬᠦ ᠲᠦᠷᠢᠮ᠂ ᠬᠦᠯᠦᠰᠦᠨ ᠠᠵᠢᠯᠴᠢᠨ ᠤ ᠴᠡᠯᠢᠩ ᠤᠨ ᠲᠤᠰᠬᠠᠢ ᠲᠠᠩᠰᠠᠨ ᠡᠷᠦᠬᠡ ᠶᠢᠨ ᠲᠦᠷᠢᠮ᠃      25. ︽ᠭᠤᠷᠪᠠ ᠦᠭᠡᠢ ᠬᠦᠮᠦᠰ︾᠄ ᠠᠮᠢᠳᠣᠷᠠᠯ ᠤᠨ ᠢᠷᠡᠯᠳᠡ ᠦᠭᠡᠢ᠂ ᠬᠦᠳᠡᠯᠮᠦᠷᠢ ᠬᠦᠴᠦ ᠦᠭᠡᠢ᠂ ᠬᠠᠣᠯᠢ ᠪᠠᠷ ᠲᠣᠭᠳᠠᠭᠠᠭᠰᠠᠨ ᠠᠰᠠᠷᠠᠨ ᠳᠡᠵᠢᠭᠡᠬᠦ ᠡᠭᠦᠷᠭᠡ ᠲᠠᠢ ᠬᠦᠮᠦᠨ ᠦᠭᠡᠢ ᠪᠣᠶᠣ ᠬᠠᠣᠯᠢ ᠪᠠᠷ ᠲᠣᠭᠳᠠᠭᠠᠭᠰᠠᠨ ᠠᠰᠠᠷᠠᠨ ᠲᠡᠵᠢᠭᠡᠬᠦ ᠡᠭᠦᠷᠭᠡ ᠲᠠᠢ ᠬᠦᠮᠦᠨ ᠨᠢ ᠬᠦᠳᠡᠯᠮᠦᠷᠢᠯᠡᠬᠦ ᠴᠢᠳᠠᠪᠣᠷᠢ ᠪᠠᠨ ᠠᠯᠳᠠᠭᠰᠠᠨ ᠠᠴᠠ ᠪᠣᠯᠵᠣ ᠠᠰᠠᠷᠠᠨ ᠲᠡᠵᠢᠭᠡᠬᠦ ᠴᠢᠳᠠᠪᠣᠷᠢ ᠦᠭᠡᠢ ᠪᠣᠯᠣᠭᠰᠠᠨ ᠠᠷᠠᠳ ᠢᠷᠭᠡᠨ᠃      26. ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ︽ᠨᠠᠢᠮᠠ ᠳᠤ ᠣᠷᠣᠭᠤᠯᠬᠤ︾ ᠄ ᠭᠡᠷ ᠪᠦᠯᠢ ᠳᠤ ᠣᠷᠣᠭᠤᠯᠬᠤ᠂ ᠠᠯᠪᠠᠨ ᠪᠠᠶᠢᠭᠤᠯᠭ᠎ᠠ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠬᠦᠳᠡᠭᠡ ᠲᠣᠰᠬᠤᠨ ᠳᠤ ᠣᠷᠣᠭᠤᠯᠬᠤ᠂ ᠰᠣᠷᠭᠠᠭᠤᠯᠢ ᠳᠤ ᠣᠷᠣᠭᠤᠯᠬᠤ᠂ ᠠᠵᠣ ᠠᠬᠤᠶᠢᠯᠠᠯ ᠳᠤ ᠣᠷᠣᠭᠤᠯᠬᠤ᠂ ᠰᠦᠮ᠎ᠡ ᠭᠡᠶᠢᠳ ᠲᠤ ᠣᠷᠣᠭᠤᠯᠬᠤ᠂ ᠴᠡᠷᠢᠭ ᠤᠨ ᠬᠤᠸᠠᠷᠠᠨ ᠳᠤ ᠣᠷᠣᠭᠤᠯᠬᠤ᠃      27. ︽ᠭᠤᠷᠪᠠ ᠶᠢ ᠪᠡᠶᠡᠯᠡᠭᠦᠯᠵᠦ ᠨᠢᠭᠡ ᠶᠢ ᠰᠢᠢᠳᠪᠦᠷᠢᠯᠡᠬᠦ︾᠄ ᠣᠯᠠᠨ ᠲᠦᠮᠡᠨ ᠤ ᠵᠦᠢ ᠶᠣᠰᠣᠨ ᠳᠤ ᠨᠡᠶᠢᠴᠡᠭᠰᠡᠨ ᠬᠦᠰᠡᠯ ᠱᠠᠭᠠᠷᠳᠠᠯᠭ᠎ᠠ ᠶᠢ ᠪᠡᠶᠡᠯᠡᠭᠦᠯᠵᠦ᠂ ᠵᠦᠢ ᠶᠣᠰᠣᠨ ᠳᠤ ᠨᠡᠶᠢᠴᠡᠬᠦ ᠦᠭᠡᠢ ᠬᠦᠰᠡᠯ ᠱᠠᠭᠠᠷᠳᠠᠯᠭ᠎ᠠ  ᠳᠤ ᠦᠵᠡᠯ ᠰᠠᠨᠠᠭᠠᠨ ᠤ ᠬᠦᠮᠦᠵᠢᠯ ᠬᠢᠬᠦ ᠶᠢ ᠪᠡᠶᠡᠯᠡᠭᠦᠯᠵᠦ᠂ ᠠᠮᠢᠳᠣᠷᠠᠯ ᠨᠢ ᠬᠦᠴᠢᠷᠳᠡᠯᠳᠠᠢ ᠶᠢ ᠬᠠᠪᠰᠣᠷᠣᠨ ᠲᠣᠰᠠᠯᠠᠬᠤ ᠶᠢ ᠪᠡᠶᠡᠯᠡᠭᠦᠯᠵᠦ᠂ ᠬᠠᠣᠯᠢ ᠵᠦᠷᠢᠴᠡᠭᠰᠡᠨ ᠦᠢᠯᠡ ᠠᠵᠢᠯᠯᠠᠭ᠎ᠠ ᠶᠢ ᠬᠠᠣᠯᠢ ᠶᠣᠰᠣᠭᠠᠷ ᠰᠢᠢᠳᠪᠦᠷᠢᠯᠡᠨ᠎ᠡ᠃      28. ︽ᠰᠢᠭᠦᠭᠴᠢ᠂ ᠪᠠᠶᠢᠴᠠᠭᠠᠭᠴᠢ᠂ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ᠂ ᠬᠠᠣᠯᠢᠴᠢ︾      29. ︽ᠭᠤᠷᠪᠠᠨ ᠣᠯᠠᠨ᠂ ᠭᠤᠷᠪᠠᠨ ᠴᠦᠭᠡᠨ᠂ ᠭᠤᠷᠪᠠᠨ ᠣᠳᠠᠭᠠᠨ︾᠄ ᠬᠤᠷᠠᠯ ᠣᠯᠠᠨ᠂ ᠬᠦᠳᠡᠯᠭᠡᠭᠡᠨ ᠣᠯᠠᠨ᠂ ᠭᠠᠳᠠᠭᠰᠢ ᠭᠠᠷᠬᠤ ᠨᠢ ᠣᠯᠠᠨ︔ ᠪᠠᠶᠢᠴᠠᠭᠠᠯᠳᠠ ᠶᠢᠨ ᠮᠡᠳᠡᠭᠦᠯᠦᠯᠳᠡ ᠴᠦᠭᠡᠨ᠂ ᠠᠵᠢᠯ ᠤᠨ ᠰᠡᠳᠬᠢᠴᠡ ᠴᠦᠭᠡᠨ᠂ ᠪᠣᠳᠠᠳᠣ ᠠᠰᠠᠭᠤᠳᠠᠯ ᠢ ᠰᠢᠢᠳᠪᠦᠷᠢᠯᠡᠬᠦ ᠨᠢ ᠴᠦᠭᠡᠨ︔ ᠰᠢᠢᠳᠪᠦᠷᠢᠲᠦ ᠪᠣᠳᠣᠯᠭ᠎ᠠ ᠨᠢ ᠣᠳᠠᠭᠠᠨ᠂ ᠠᠵᠢᠯ ᠬᠢᠬᠦ ᠳᠡᠭᠡᠨ ᠣᠳᠠᠭᠠᠨ᠂ ᠦᠷ᠎ᠡ ᠳ᠋ᠦᠩ ᠨᠢ ᠣᠳᠠᠭᠠᠨ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号