︽ᠤᠯᠠᠭᠠᠨ ᠪᠣᠭᠴᠣ︾ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠰᠤᠷᠭᠠᠭᠤᠯᠢ  ᠶᠢᠨ ᠬᠦᠷᠢᠶᠡᠨ ᠳᠤ ᠬᠦᠷᠭᠡᠭᠰᠡᠨ
ᠨᠡᠶᠢᠲᠡᠯᠡᠭᠰᠡᠨ ᠴᠠᠭ᠄
2023/5/18
    ᠤᠶᠢᠷ᠎ᠠ ᠳᠤ᠂ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠮᠲᠤᠷᠠᠨ ︽ᠤᠯᠠᠭᠠᠨ ᠪᠣᠭᠴᠣ︾ ᠤᠬᠠᠭᠤᠯᠤᠨ ᠲᠠᠶᠢᠯᠪᠤᠷᠢᠯᠠᠬᠤ ᠦᠶᠯᠡᠴᠢᠯᠡᠭᠡᠨ ᠤ ᠠᠩᠭᠢ ᠪᠠᠶᠢᠭᠤᠯᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ᠂ ᠪᠠᠴᠢᠮ ᠪᠠᠶᠢᠳᠠᠯ ᠢ ᠠᠷᠭᠠᠴᠠᠭᠠᠵᠤ ᠥᠪᠡᠷ ᠢ ᠪᠠᠨ ᠠᠪᠤᠷᠠᠬᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠪᠠᠭᠰᠢ ᠰᠤᠷᠤᠭᠴᠢᠳ ᠤᠨ ᠠᠮᠤᠷ ᠲᠥᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠥᠪᠡᠷ ᠢ ᠪᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠵᠡᠢ᠃    ᠬᠤᠰᠢᠭᠤ ᠲᠠᠪᠤᠳᠤᠭᠠᠷ ᠪᠠᠭ᠎ᠠ ᠰᠤᠷᠭᠠᠭᠤᠯᠢ ᠳᠤ᠂ ︽ᠤᠯᠠᠭᠠᠨ ᠪᠣᠭᠴᠣ︾ ᠤᠬᠠᠭᠤᠯᠤᠨ ᠲᠠᠶᠢᠯᠪᠤᠷᠢᠯᠠᠬᠤ ᠦᠢᠯᠡᠴᠢᠯᠡᠭᠡᠨ ᠤ ᠠᠩᠬᠢ ᠶᠢᠨ ᠬᠢᠨ ᠥᠪᠡᠷ ᠢ ᠪᠠᠨ ᠠᠪᠤᠷᠠᠬᠤ ᠶᠡᠷᠦ ᠶᠢᠨ ᠮᠡᠳᠡᠯᠭᠡ ᠶᠢᠨ ᠬᠢᠴᠢᠶᠡᠯ ᠤᠨ ᠲᠠᠩᠬᠢᠮ᠂ ᠮᠡᠳᠡᠯᠭᠡ ᠶᠢᠨ ᠠᠰᠠᠭᠤᠯᠲᠠ ᠬᠠᠷᠢᠭᠤᠯᠲᠠ ᠪᠠ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠬᠡᠯᠪᠡᠷᠢ  ᠪᠠᠷ ᠳᠠᠮᠵᠢᠭᠤᠯᠤᠨ ᠲᠦᠬᠦᠮ ᠣᠶᠢᠯᠠᠭᠠᠮᠵᠢᠲᠠᠢ ᠦᠭᠡ ᠬᠡᠯᠡ ᠪᠠᠷ ᠰᠤᠷᠤᠭᠴᠢᠳ ᠲᠤ ᠪᠠᠶᠢᠭᠠᠯᠢ ᠶᠢᠨ ᠭᠠᠮᠰᠢᠭ ᠭᠠᠷᠤᠭᠰᠠᠨ ᠦᠶ᠎ᠡ ᠳᠤ ᠥᠪᠡᠷ ᠢ ᠪᠠᠨ ᠠᠪᠤᠷᠠᠬᠤ ᠦᠨᠳᠦᠰᠦᠨ ᠶᠡᠷᠦ ᠶᠢᠨ ᠮᠡᠳᠡᠯᠭᠡ ᠪᠠ ᠭᠠᠯ ᠤᠨ ᠠᠶᠤᠯ ᠢ ᠰᠡᠷᠭᠡᠶᠢᠯᠡᠬᠦ ᠴᠢᠬᠤᠯᠠ ᠴᠢᠨᠠᠷ ᠢ ᠲᠠᠶᠢᠯᠪᠤᠷᠢᠯᠠᠵᠤ᠂ ᠰᠤᠷᠤᠭᠴᠢᠳ ᠤᠨ ᠠᠶᠤᠯ ᠠᠴᠠ ᠵᠠᠶᠢᠯᠠᠬᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠨ ᠠᠪᠤᠷᠠᠬᠤ ᠴᠢᠳᠠᠪᠤᠷᠢ ᠶᠢ ᠴᠢᠩᠭᠠᠳᠬᠠᠵᠠᠢ᠃     ᠰᠤᠷᠤᠭᠴᠢᠳ᠂ ᠥᠨᠥᠳᠦᠷ ᠤᠨ ᠤᠬᠠᠭᠤᠯᠤᠨ ᠲᠠᠶᠢᠯᠪᠤᠷᠢᠯᠠᠯᠲᠠ ᠪᠠᠷ ᠳᠠᠮᠵᠢᠨ᠂ ᠮᠠᠰᠢ ᠣᠯᠠᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠮᠡᠳᠡᠯᠭᠡ ᠰᠤᠷᠤᠭᠰᠠᠨ᠂ ᠭᠠᠵᠠᠷ ᠬᠥᠳᠡᠯᠦᠯᠲᠡ᠂ ᠭᠠᠩ ᠬᠠᠭᠰᠠᠷᠠᠭᠠᠨ ᠵᠡᠷᠭᠡ ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠬᠦᠨᠳᠦ ᠨᠣᠴᠢᠲᠠᠢ ᠬᠤᠣᠷ ᠬᠥᠨᠥᠭᠡᠯ ᠢ ᠮᠡᠳᠡᠵᠦ᠂ ᠭᠠᠯ ᠤᠨ ᠠᠶᠤᠯ᠂ ᠴᠠᠰᠤ ᠰᠢᠭᠤᠷᠭ᠎ᠠ ᠳᠤ ᠤᠴᠠᠷᠠᠪᠠᠯ ᠶᠠᠮᠠᠷ ᠠᠷᠭ᠎ᠠ ᠬᠡᠮᠵᠢᠶ᠎ᠡ ᠠᠪᠤᠪᠠᠯ ᠵᠤᠬᠢᠬᠤ ᠶᠢ ᠤᠶᠢᠯᠠᠭᠠᠭᠰᠠᠨ ᠢᠶᠠᠷ ᠪᠠᠷᠠᠬᠤ ᠦᠭᠡᠢ ᠪᠠᠰᠠ ᠠᠮᠢᠳᠤᠷᠠᠯ ᠳᠤᠮᠳᠠ ᠭᠠᠯ ᠤᠨ ᠠᠶᠤᠯ ᠢ ᠰᠡᠷᠭᠡᠶᠢᠯᠡᠬᠦ ᠵᠡᠷᠭᠡ ᠤᠯᠠᠨ ᠮᠡᠳᠡᠯᠭᠡ ᠶᠢ ᠰᠤᠷᠤᠯᠴᠠᠭᠰᠠᠨ ᠭᠡᠵᠦ ᠶᠠᠷᠢᠵᠠᠭᠠᠯ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号