ᠮᠠᠨ ᠤ ᠬᠤᠰᠢᠭᠤ ᠪᠦᠬᠦᠯᠢ 60 ᠨᠠᠰᠤᠨ ︵ᠪᠠᠭᠲᠠᠨ᠎ᠠ︶᠎ ᠠᠴᠠ ᠳᠡᠭᠡᠭᠰᠢᠬᠢ ᠨᠠᠰᠤᠲᠠᠶᠢᠴᠤᠳ ᠲᠤ ᠰᠠᠨᠠᠭᠠᠨ ᠳᠤ ᠥᠬᠡᠶ ᠭᠡᠨᠡᠳᠡᠯ ᠰᠢᠷᠠᠭᠳᠤᠯ ᠤᠨ ᠳᠠᠭᠠᠳᠬᠠᠯ ᠬᠤᠳᠠᠯᠳᠤᠨ ᠠᠪᠴᠤ ᠥᠭᠭᠦᠨ᠎ᠡ
ᠨᠡᠶᠢᠲᠡᠯᠡᠭᠰᠡᠨ ᠴᠠᠭ᠄
2023/5/26
    ᠬᠥᠮᠦᠨ ᠠᠮᠠ ᠶᠢᠨ ᠨᠠᠰᠤᠵᠢᠯ ᠤᠨ ᠠᠰᠠᠭᠤᠳᠠᠯ ᠢ ᠢᠳᠡᠪᠬᠢᠲᠡᠶ ᠠᠷᠭᠠᠴᠠᠭᠠᠵᠤ᠂ ᠨᠡᠶᠢᠭᠡᠮ ᠤᠨ ᠪᠠᠲᠤᠯᠠᠭ᠎ᠠ ᠎ ᠶᠢᠨ ᠳᠠᠷᠤᠯᠲᠠ ᠶᠢ ᠨᠠᠮᠳᠠᠭᠤᠯᠤᠨ᠂ ᠨᠠᠰᠤᠲᠠᠶᠢᠴᠤᠳ ᠵᠢᠴᠢ ᠲᠡᠳᠡᠨ ᠤ ᠬᠡᠷ ᠪᠦᠯᠢ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠪᠠᠶᠢᠳᠠᠯ ᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠠᠵᠢᠯ ᠤᠨ ᠠᠯᠪᠠᠨ ᠬᠡᠷ᠂ ᠠᠷᠠᠳ ᠤᠨ ᠶᠠᠪᠤᠳᠠᠯ ᠤᠨ ᠲᠢᠩᠬᠢᠮ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠰᠠᠨᠠᠭᠠᠨ ᠳᠤ ᠥᠬᠡᠶ ᠭᠡᠨᠡᠳᠡᠯ ᠰᠢᠷᠠᠭᠳᠤᠯ ᠳᠠᠭᠠᠳᠬᠠᠯ ᠤᠨ ᠬᠡᠷᠡᠭᠵᠢᠭᠦᠯᠬᠦ ᠲᠥᠰᠦᠯ﹀᠎ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠨᠠᠰᠤᠲᠠᠶᠢᠴᠤᠳ ᠠᠯᠪᠠᠨ ᠲᠠᠷᠬᠠᠭᠠᠭᠰᠠᠨ〔2018〕2 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤ ᠨᠠᠰᠤᠲᠠᠶᠢᠴᠤᠳ ᠤᠨ ᠰᠠᠨᠠᠭᠠᠨ ᠎ ᠳᠤ ᠥᠬᠡᠶ ᠭᠡᠨᠡᠳᠡᠯ ᠰᠢᠷᠠᠭᠳᠤᠯ ᠤᠨ ᠳᠠᠭᠠᠳᠬᠠᠯ ᠤᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ ᠪᠠᠶᠢᠨ᠎ᠠ᠂ ᠡᠳᠦᠭᠡ ᠬᠤᠯᠪᠣᠭᠳᠠᠯ ᠪᠥᠬᠦᠶ ᠵᠦᠶᠯᠡᠰ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠳᠠᠭᠠᠳᠬᠠᠯ ᠬᠦᠷᠲᠡᠬᠦ ᠡᠲᠡᠭᠡᠳ    ᠰᠥᠨᠢᠳ ᠪᠠᠷᠠᠭᠤᠨ ᠬᠤᠰᠢᠭᠤᠨ ᠤ ᠡᠷᠦᠬᠡ ᠠᠮᠠ ᠲᠠᠢ᠂ 2023 ᠣᠨ ᠤ 4 ᠰᠠᠷ᠎ᠠ ᠶᠢᠨ 30᠎ ᠤ ᠡᠳᠦᠷ ︵ᠪᠠᠭᠲᠠᠨ᠎ᠠ︶᠎ ᠠᠴᠠ ᠡᠮᠦᠨ᠎ᠡ᠂ ᠪᠦᠬᠦᠯᠢ 60 ᠨᠠᠰᠤ ︵ᠪᠠᠭᠲᠠᠨ᠎ᠠ︶ ᠬᠦᠷᠦᠭᠰᠡᠨ ᠨᠠᠰᠤᠲᠠᠳ ᠲᠤ ᠵᠠᠰᠠᠭ ᠤᠨ ᠣᠷᠳᠣᠨ ᠠᠴᠠ ᠪᠠᠯᠠ ᠮᠥᠩᠭᠦ ᠭᠠᠷᠭᠠᠵᠤ ᠬᠥᠮᠦᠨ ᠪᠥᠷᠢ ᠳᠤ ᠨᠢᠭᠡ ᠬᠤᠪᠢ ᠰᠠᠨᠠᠭᠠᠨ ᠳᠤ ᠥᠬᠡᠶ ᠭᠡᠮᠳᠦᠯ ᠰᠢᠷᠠᠭᠳᠤᠯ ᠤᠨ ᠳᠠᠭᠠᠳᠬᠠᠯ ᠬᠤᠳᠠᠯᠳᠤᠨ ᠠᠪᠴᠤ ᠥᠭᠭᠦᠨ᠎ᠡ᠃    ᠬᠤᠶᠠᠷ᠂ ᠳᠠᠭᠠᠳᠬᠠᠯ ᠤᠨ ᠬᠠᠷᠢᠭᠤᠴᠠᠯᠭ᠎ᠠ    ᠪᠦᠬᠦ ᠤᠯᠤᠰ ᠤᠨ ᠬᠡᠪᠴᠢᠶᠡᠨ ᠳᠤ ︵ᠰᠢᠶᠠᠩᠭᠠᠩ᠂ ᠣᠣᠮᠧᠨ᠂ ᠲᠠᠶᠢᠸᠠᠨ ᠪᠠᠭᠲᠠᠬᠤ ᠦᠭᠡᠶ︶ ᠰᠠᠨᠠᠭᠠᠨ ᠳᠤ ᠦᠭᠡᠶ ᠭᠡᠨᠡᠳᠡᠯ ᠰᠢᠷᠠᠭᠲᠤᠯ ᠢᠶᠠᠷ ᠨᠠᠰᠤ ᠪᠠᠷᠠᠭᠰᠠᠨ᠂ ᠰᠢᠷᠠᠭᠲᠤᠵᠤ ᠵᠡᠮᠳᠡᠭ ᠪᠣᠯᠤᠭᠰᠠᠨ ᠪᠤᠶᠤ ᠡᠮᠨᠡᠯᠭᠡ ᠳᠤ ᠰᠠᠭᠤᠵᠤ ᠡᠮᠨᠡᠭᠦᠯᠦᠭᠰᠡᠨ ᠪᠣᠯ ᠭᠡᠷ᠎ᠡ ᠶᠣᠰᠣᠭᠠᠷ ᠭᠡᠨᠡᠳᠡᠯ ᠢᠶᠠᠷ ᠨᠠᠰᠤ ᠪᠠᠷᠠᠭᠰᠠᠨ ᠳᠠᠭᠠᠳᠬᠠᠯ ᠤᠨ ᠮᠥᠩᠭᠦ᠂ ᠭᠡᠨᠡᠳᠡᠯ ᠎ ᠢᠶᠠᠷ ᠵᠡᠮᠳᠡᠭ ᠪᠤᠯᠤᠭᠰᠠᠨ ᠳᠠᠭᠠᠳᠬᠠᠯ ᠤᠨ ᠮᠥᠩᠭᠦ ᠪᠤᠶᠤ ᠭᠡᠨᠡᠳᠡᠯ ᠤᠨ ᠡᠮᠨᠡᠯᠭᠡ ᠶᠢᠨ ᠳᠠᠭᠠᠳᠬᠠᠯ ᠤᠨ ᠮᠥᠩᠭᠦ ᠤᠯᠭᠤᠨ᠎ᠠ᠃ ᠰᠠᠨᠠᠭᠠᠨ ᠳᠤ ᠦᠭᠡᠢ ᠭᠡᠨᠡᠳᠡᠯ ᠰᠢᠷᠠᠭᠳᠤᠯ ᠳᠤ ᠭᠡᠷ ᠤᠨ ᠳᠤᠲᠤᠨ᠎ᠠ ᠭᠠᠳᠠᠨ᠎ᠠ᠂ ᠣᠯᠠᠨ ᠨᠡᠶᠢᠲᠡ ᠶᠢᠨ ᠲᠠᠯᠠᠪᠤᠷ ᠲᠤ ᠡᠭᠦᠰᠦᠭᠰᠡᠨ ᠰᠠᠨᠠᠭᠠᠨ ᠳᠤ ᠦᠭᠡᠢ ᠭᠡᠨᠡᠳᠡᠯ ᠰᠢᠷᠠᠭᠲᠤᠯ ︵ᠵᠢᠱᠢᠶᠡᠯᠡᠪᠡᠯ ᠠᠯᠬᠤᠵᠤ ᠪᠠᠶᠢᠭᠠᠳ ᠣᠶᠢᠴᠢᠬᠤ᠂ ᠮᠥᠷᠭᠦᠯᠳᠦᠬᠦ᠂ ᠥᠨᠳᠥᠷ ᠳᠡᠭᠡᠷ᠎ᠡ ᠠᠴᠠ ᠶᠠᠭᠤᠮ᠎ᠠ ᠤᠨᠠᠬᠤ᠂ ᠴᠠᠬᠢᠯᠭᠠᠨ ᠳᠤ ᠴᠤᠬᠢᠭᠳᠠᠬᠤ᠂ ᠤᠰᠤᠨ ᠎ ᠳᠤ ᠴᠠᠴᠠᠬᠤ ᠵᠡᠷᠭᠡ︶ ᠵᠢᠴᠢ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ᠂ ᠣᠯᠠᠨ ᠨᠡᠶᠢᠲᠡ ᠶᠢᠨ ᠲᠠᠯᠠᠪᠤᠷ ᠲᠤ ᠡᠯ᠎ᠡ ᠵᠦᠢᠯ ᠤᠨ ᠠᠵᠢᠯᠯᠠᠭ᠎ᠠ ᠳᠤ ᠣᠷᠣᠯᠴᠠᠬᠤ᠂ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ᠰᠠᠭᠤᠬᠤ ᠂ ᠭᠠᠳᠠᠭᠰᠢ ᠭᠠᠷᠴᠤ ᠵᠢᠭᠤᠯᠴᠢᠯᠠᠬᠤ᠂ ᠬᠡᠪ ᠤᠨ ᠦᠢᠯᠡᠳᠪᠦᠷᠢᠯᠡᠯ ᠤᠨ ᠠᠵᠢᠯᠯᠠᠭ᠎ᠠ ᠶᠢᠨ ᠶᠠᠪᠤᠴᠠ ᠳᠤ ᠡᠭᠦᠰᠦᠭᠰᠡᠨ ᠰᠠᠨᠠᠭᠠᠨ ᠳᠤ ᠦᠭᠡᠢ ᠭᠡᠨᠡᠳᠡᠯ ᠰᠢᠷᠠᠭᠳᠤᠯ ᠵᠡᠷᠭᠡ ᠪᠠᠭᠲᠠᠨ᠎ᠠ᠃    ᠭᠤᠷᠪᠠ᠂ ᠳᠠᠭᠠᠳᠬᠠᠯ ᠤᠨ ᠬᠤᠭᠤᠴᠠᠭ᠎ᠠ᠄ 2023 ᠣᠨ ᠤ 5 ᠰᠠᠷ᠎ᠠ ᠶᠢᠨ 1᠎ ᠤ ᠡᠳᠦᠷ ᠠᠴᠠ 2024 ᠣᠨ ᠤ 4 ᠰᠠᠷ᠎ᠠ ᠶᠢᠨ 30᠎ ᠤ ᠡᠳᠦᠷ ᠪᠣᠯᠲᠠᠯ᠎ᠠ᠃    ᠳᠥᠷᠪᠡ᠂ ᠳᠠᠭᠠᠳᠬᠠᠯ ᠤᠨ ᠮᠥᠩᠭᠦᠨ ᠤ ᠲᠤᠭ᠎ᠠ ᠵᠢᠴᠢ ᠳᠠᠭᠠᠳᠬᠠᠯ ᠤᠨ ᠵᠠᠷᠤᠳᠠᠯ    ᠬᠥᠮᠦᠨ ᠪᠦᠷᠢ ᠶᠢᠨ ᠶᠡᠷᠦᠩᠬᠡᠶ ᠳᠠᠭᠠᠳᠬᠠᠯ ᠤᠨ ᠮᠥᠩᠭᠦᠨ ᠤ ᠲᠤᠭ᠎ᠠ ᠨᠢ 25000 ᠲᠥᠭᠦᠷᠢᠭ ᠪᠠᠶᠢᠵᠤ᠂ ᠡᠭᠦᠨ ᠳᠤ ᠰᠠᠨᠠᠭᠠᠨ ᠳᠤ ᠦᠭᠡᠶ ᠭᠡᠨᠡᠳᠡᠯ ᠰᠢᠷᠠᠭᠳᠤᠯ ᠢᠶᠠᠷ ᠨᠠᠰᠤ ᠪᠠᠷᠠᠭᠰᠠᠨ ᠪᠠ ᠭᠡᠮᠲᠦᠵᠦ ᠵᠡᠮᠳᠡᠭ ᠪᠤᠯᠤᠭᠰᠠᠨ ᠳᠠᠭᠠᠳᠬᠠᠯ ᠤᠨ ᠮᠥᠩᠭᠦᠨ ᠤ ᠲᠤᠭ᠎ᠠ ᠨᠢ 20000 ᠲᠥᠭᠦᠷᠢᠭ᠂ ᠰᠠᠨᠠᠭᠠᠨ ᠳᠤ ᠦᠭᠡᠶ ᠭᠡᠨᠡᠳᠡᠯ ᠰᠢᠷᠠᠭᠳᠤᠯ ᠢᠶᠠᠷ ᠡᠮᠴᠢᠯᠡᠭᠡ  ᠬᠢᠯᠭᠡᠭᠰᠡᠨ ᠵᠠᠷᠤᠳᠠᠯ ︵ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠭᠰᠠᠨ ᠪᠠᠭᠲᠠᠨ᠎ᠠ︶᠎ ᠨᠢ 5000 ᠲᠥᠭᠦᠷᠢᠭ ᠪᠣᠯᠤᠨ᠎ᠠ᠃    ᠲᠠᠪᠤ᠂ ᠳᠠᠭᠠᠳᠬᠠᠯ ᠤᠨ ᠺᠤᠮᠫᠠᠨᠢ    ᠰᠥᠨᠢᠳ ᠪᠠᠷᠠᠭᠤᠨ ᠬᠤᠰᠢᠭᠤᠨ ᠤ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠰᠠᠨᠠᠭᠠᠨ ᠎ ᠳᠤ ᠥᠬᠡᠶ ᠭᠡᠨᠡᠳᠡᠯ ᠰᠢᠷᠠᠭᠳᠤᠯ ᠤᠨ ᠳᠠᠭᠠᠳᠬᠠᠯ ᠢ ᠳᠤᠮᠳᠠᠳᠤ ᠤᠯᠤᠰ ᠤᠨ ᠲᠠᠢ ᠫᠢᠩ ᠶᠠᠩ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠥᠨᠢᠳ ᠪᠠᠷᠠᠭᠤᠨ ᠬᠤᠰᠢᠭᠤᠨ ᠤ ᠰᠠᠯᠪᠤᠷᠢ ᠺᠣᠮᠫᠠᠨᠢ ᠳᠠᠭᠠᠭᠠᠴᠢᠯᠠᠨ ᠪᠠᠲᠤᠯᠠᠨ᠎ᠠ᠃    ᠵᠢᠷᠭᠤᠭ᠎ᠠ᠂ ᠲᠥᠯᠥᠪᠦᠷᠢ ᠥᠭᠬᠦ ᠶᠠᠪᠤᠴᠠ    1. ᠬᠡᠷᠡᠭ ᠮᠡᠳᠡᠭᠦᠯᠬᠦ᠃ ᠠᠳᠡᠯ ᠭᠠᠷᠬᠤ ᠦᠶᠡᠰ᠂ ᠤᠲᠠᠰᠤ ᠪᠠᠷ ᠬᠡᠷᠡᠭ ᠮᠡᠳᠡᠭᠦᠯᠦᠨ᠎ᠡ᠃ ᠳᠠᠭᠠᠳᠬᠠᠯ ᠤᠨ ᠺᠣᠮᠫᠠᠨᠢ ᠶᠢᠨ ᠬᠡᠷᠡᠭᠯᠡᠭᠴᠢ ᠶᠢᠨ ᠦᠶᠯᠡᠴᠢᠯᠡᠭᠡᠨ ᠤ ᠲᠤᠰᠬᠠᠶ ᠤᠲᠠᠰᠤ ᠶᠢ ᠤᠲᠠᠰᠤᠳᠠᠬᠤ ᠪᠤᠶᠤ ᠬᠠᠷᠢᠶ᠎ᠠ ᠭᠠᠵᠠᠷ ᠤᠨ ᠦᠶᠯᠡᠴᠢᠯᠡᠭᠡᠨ ᠤ ᠠᠵᠢᠯᠲᠠᠨ ᠤ ᠤᠲᠠᠰᠤ ᠶᠢ ᠤᠲᠠᠰᠤᠳᠠᠵᠤ᠂ ᠲᠥᠯᠥᠪᠦᠷᠢ ᠬᠦᠷᠲᠡᠬᠦ ᠵᠢᠯᠣᠭᠤᠳᠤᠮᠵᠢ ᠬᠦᠯᠢᠶᠡᠨ᠎ᠡ᠃ ᠣᠨᠳᠣᠤ ᠭᠠᠵᠠᠷ ᠲᠤ ᠳᠠᠭᠠᠳᠬᠠᠯ ᠤᠨ ᠠᠳᠡᠯ ᠭᠠᠷᠪᠠᠯ᠂ ᠳᠤᠮᠳᠠᠳᠤ ᠤᠯᠤᠰ ᠤᠨ ᠲᠠᠢ ᠫᠢᠩ ᠶᠠᠩ ᠡᠳ᠋ ᠬᠥᠷᠥᠩᠭᠡ ᠎ ᠶᠢᠨ ᠳᠠᠭᠠᠳᠬᠠᠯ ᠤᠨ ᠡᠯ᠎ᠡ ᠰᠠᠯᠪᠤᠷᠢ ᠪᠠᠶᠢᠭᠤᠯᠤᠮᠵᠢ ᠳᠤ ᠲᠥᠯᠥᠪᠦᠷᠢ ᠭᠤᠶᠤᠴᠢᠯᠠᠵᠤ ᠬᠦᠯᠢᠶᠡᠨ ᠠᠪᠴᠤ ᠰᠢᠢᠳᠪᠦᠷᠢᠯᠡᠬᠦ ᠶᠢ ᠬᠦᠯᠢᠶᠡᠨ᠎ᠡ᠃    2. ᠲᠥᠯᠥᠪᠦᠷᠢ ᠭᠤᠶᠤᠴᠢᠯᠠᠬᠤ ᠮᠠᠲ᠋ᠧᠷᠢᠶᠠᠯ᠃ ᠭᠡᠨᠡᠳᠡᠯ ᠭᠠᠷᠤᠭᠰᠠᠨ ᠬᠦᠮᠦᠨ ᠤ ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ᠂ ᠬᠠᠭᠤᠯᠪᠤᠷᠢ ᠮᠠᠲ᠋ᠧᠷᠢᠶᠠᠯ᠃ ᠡᠮᠴᠢᠯᠡᠭᠡᠨ ᠤ ᠵᠠᠷᠤᠳᠠᠯ ᠤᠨ ᠪᠠᠷᠢᠮᠲᠠ ᠶᠢᠨ ᠣᠭ ᠮᠠᠲ᠋ᠧᠷᠢᠶᠠᠯ᠂ ᠬᠠᠭᠤᠯᠪᠤᠷᠢ ᠮᠠᠲ᠋ᠧᠷᠢᠶᠠᠯ᠂ ᠵᠠᠷᠤᠳᠠᠯ ᠤᠨ ᠲᠣᠳᠣᠷᠬᠠᠶ ᠬᠠᠭᠤᠳᠠᠰᠤ᠂ ᠡᠮᠨᠡᠯᠭᠡ ᠳᠤ ᠰᠠᠭᠤᠭᠰᠠᠨ ᠪᠦᠷᠢᠨ ᠪᠦᠲᠦᠨ ᠡᠪᠡᠳᠴᠢᠨ ᠤ ᠲᠡᠦᠬᠡ ᠪᠠ ᠡᠮᠨᠡᠯᠭᠡ ᠠᠴᠠ ᠭᠠᠷᠤᠭᠰᠠᠨ ᠳ᠋ᠦᠩᠨᠡᠯᠲᠡ᠃ ᠤᠨᠤᠰᠢᠯᠠᠭᠰᠠᠨ ᠭᠡᠷᠡᠴᠢ᠂ ᠰᠠᠨᠠᠭᠠᠨ ᠳᠤ ᠦᠭᠡᠶ ᠭᠡᠨᠡᠳᠡᠯ ᠤᠨ ᠭᠡᠷᠡᠴᠢ ︵ᠵᠠᠮ ᠬᠠᠷᠢᠯᠴᠠᠭᠠᠨ ᠤ ᠠᠳᠡᠯ ᠭᠡᠨᠡᠳᠡᠯ᠂ ᠪᠠᠶᠢᠭᠠᠯᠢ ᠶᠢᠨ ᠭᠠᠮᠰᠢᠭ︶᠃ ᠳᠠᠭᠠᠳᠬᠠᠭᠳᠠᠭᠴᠢ ᠶᠢᠨ ᠪᠠᠩᠬᠢ ᠶᠢᠨ ᠳᠠᠩᠰᠠ ᠡᠷᠦᠬᠡ ᠶᠢᠨ ᠬᠠᠭᠤᠯᠪᠤᠷᠢ᠃ ᠳᠠᠭᠠᠳᠬᠠᠭᠳᠠᠭᠴᠢ ᠰᠠᠨᠠᠭᠠᠨ ᠳᠤ ᠦᠭᠡᠢ ᠭᠡᠨᠡᠳᠡᠯ ᠠᠴᠠ ᠪᠤᠯᠵᠤ ᠨᠠᠰᠤ ᠪᠠᠷᠠᠭᠰᠠᠨ ᠪᠠᠶᠢᠪᠠᠯ᠂ ᠠᠰᠢᠭ ᠬᠦᠷᠳᠡᠭᠴᠢ ᠬᠤᠯᠪᠣᠭᠳᠠᠯ ᠪᠦᠬᠦᠢ ᠮᠠᠲ᠋ᠧᠷᠢᠶᠠᠯ ᠢ ᠠᠪᠴᠤ ᠲᠥᠯᠥᠪᠦᠷᠢ ᠠᠪᠴᠤ ᠪᠣᠯᠤᠨ᠎ᠠ  ᠃    3. ᠲᠥᠯᠥᠪᠦᠷᠢ ᠥᠭᠴᠦ ᠰᠢᠢᠳᠪᠦᠷᠢᠯᠡᠬᠦ᠃ ᠪᠣᠳᠠᠲᠤ ᠶᠠᠪᠤᠳᠠᠯ ᠨᠢ ᠲᠣᠳᠣᠷᠬᠠᠢ᠂ ᠮᠠᠲ᠋ᠧᠷᠢᠶᠠᠯ ᠨᠢ ᠪᠦᠷᠢᠨ ᠭᠦᠢᠴᠡᠳ ᠳᠥᠭᠦᠮ ᠬᠡᠷᠡᠭ ᠢ 2 ᠡᠳᠦᠷ ᠲᠤ ᠰᠢᠭᠦᠵᠦ ᠳᠠᠭᠤᠰᠬᠠᠨ᠂ ᠡᠩ ᠤᠨ ᠬᠡᠷᠡᠭ ᠢ 3 ᠡᠳᠦᠷ ᠰᠢᠭᠦᠵᠦ ᠳᠠᠭᠤᠰᠬᠠᠨ᠂ ᠰᠢᠭᠦᠵᠦ ᠳᠠᠭᠤᠰᠬᠠᠭᠰᠠᠨ ᠤ ᠳᠠᠷᠠᠭ᠎ᠠ 5 - 10 ᠠᠵᠢᠯᠯᠠᠬᠤ ᠡᠳᠦᠷ ᠤᠨ ᠳᠣᠲᠣᠷ᠎ᠠ ᠲᠥᠯᠥᠪᠦᠷᠢ ᠎ ᠶᠢᠨ ᠮᠥᠩᠭᠦ ᠶᠢ ᠳᠠᠩᠰᠠᠨ ᠳᠤ ᠴᠤᠬᠢᠵᠤ ᠣᠷᠣᠭᠤᠯᠤᠨ᠎ᠠ᠃ ᠳᠠᠭᠠᠳᠬᠠᠭᠳᠠᠭᠴᠢ ᠨᠢᠭᠡ ᠳᠠᠭᠠᠳᠬᠠᠯ ᠤᠨ ᠣᠨ ᠤ ᠳᠣᠲᠣᠷ᠎ᠠ 2 ᠤᠳᠠᠭ᠎ᠠ ᠠᠴᠠ ᠳᠡᠭᠡᠭᠰᠢ ᠰᠠᠨᠠᠭᠠᠨ ᠳᠤ ᠦᠭᠡᠶ ᠭᠡᠨᠡᠳᠡᠯ ᠭᠠᠷᠤᠭᠰᠠᠨ ᠪᠣᠯ ᠴᠥᠮ ᠲᠥᠯᠦᠪᠦᠷᠢ ᠭᠤᠶᠤᠴᠢᠯᠠᠵᠤ ᠪᠣᠯᠤᠨ᠎ᠠ᠂ ᠭᠡᠬᠦ ᠳᠡᠭᠡᠨ ᠠᠳᠠᠯᠢ ᠨᠢᠭᠡᠨ ᠰᠠᠨᠠᠭᠠᠨ ᠳᠤ ᠦᠭᠡᠶ ᠭᠡᠨᠡᠳᠡᠯ ᠰᠢᠷᠬᠠᠲᠤᠯ ᠳᠤ ᠲᠠᠪᠬᠤᠷ ᠲᠥᠯᠦᠪᠦᠷᠢ ᠥᠭᠬᠦ ᠦᠭᠡᠢ᠃    4. ᠵᠡᠮᠳᠡᠭ ᠪᠤᠯᠤᠭᠰᠠᠨ ᠢ ᠰᠢᠯᠭᠠᠨ ᠲᠣᠭᠲᠠᠭᠠᠬᠤ᠃ ᠳᠠᠭᠠᠳᠬᠠᠭᠳᠠᠭᠴᠢ ᠰᠠᠨᠠᠭᠠᠨ ᠳᠤ ᠦᠭᠡᠶ ᠭᠡᠨᠡᠳᠡᠯ ᠰᠢᠷᠠᠭᠲᠤᠯ ᠠᠴᠠ ᠪᠣᠯᠵᠤ ᠪᠡᠶ᠎ᠡ ᠮᠠᠬᠠᠪᠣᠳ ᠨᠢ ᠵᠡᠮᠳᠡᠭ ᠪᠣᠯᠤᠭᠰᠠᠨ ᠪᠣᠯ ᠡᠮᠨᠡᠨ ᠵᠠᠰᠠᠵᠤ ᠳᠠᠭᠤᠰᠤᠭᠰᠠᠨ ᠤ ᠳᠠᠷᠠᠭ᠎ᠠ ᠂ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠪᠤᠶᠤ  ᠳᠠᠭᠠᠳᠬᠠᠭᠴᠢ ᠪᠣᠯᠤᠨ ᠳᠠᠭᠠᠳᠬᠠᠯ ᠤᠨ ᠺᠣᠮᠫᠠᠨᠢ ᠬᠤᠶᠠᠷ ᠲᠠᠯ᠎ᠠ ᠪᠠᠷ ᠢᠶᠠᠨ ᠴᠥᠮ ᠮᠡᠳᠡᠷᠡᠭᠰᠡᠨ ᠪᠤᠰᠤᠳ ᠡᠮᠴᠢᠯᠡᠭᠡᠨ ᠤ ᠪᠠᠶᠢᠭᠤᠯᠤᠮᠵᠢ ᠪᠤᠶᠤ ᠬᠢᠨᠠᠨ ᠲᠣᠭᠲᠠᠭᠠᠬᠤ ᠪᠠᠶᠢᠭᠤᠯᠤᠮᠵᠢ ᠠᠴᠠ ᠳᠠᠭᠠᠳᠬᠠᠭᠳᠠᠭᠴᠢ ᠶᠢᠨ ᠵᠡᠮᠳᠡᠭ ᠪᠣᠯᠤᠭᠰᠠᠨ ᠬᠡᠮᠵᠢᠶ᠎ᠡ ᠶᠢ ᠭᠡᠷᠡᠴᠢᠯᠡᠵᠦ ᠳᠡᠶᠢᠯᠬᠦ ᠮᠠᠲ᠋ᠧᠷᠢᠶᠠᠯ ᠭᠠᠷᠭᠠᠭᠤᠯᠤᠨ ᠠᠪᠬᠤ ᠬᠡᠷᠡᠭᠲᠡᠶ᠃ ᠬᠡᠷᠪᠡ ᠠᠯᠢ ᠨᠢᠭᠡ ᠲᠠᠯ᠎ᠠ ᠨᠢ ᠵᠡᠮᠳᠡᠭ ᠤᠨ ᠬᠡᠮᠵᠢᠶ᠎ᠡ ᠶᠢ ᠮᠠᠭᠠᠳᠯᠠᠨ ᠲᠤᠭᠲᠠᠭᠠᠭᠰᠠᠨ ᠳᠤ ᠰᠠᠨᠠᠯ ᠲᠠᠢ ᠪᠠᠶᠢᠪᠠᠯ᠂ ᠬᠠᠤᠯᠢ ᠴᠠᠭᠠᠵᠠ ᠶᠢᠨ ᠰᠢᠯᠭᠠᠨ ᠲᠣᠭᠲᠠᠭᠠᠬᠤ ᠪᠠᠶᠢᠭᠤᠯᠤᠮᠵᠢ ᠶᠢᠨ ᠰᠢᠯᠭᠠᠨ ᠲᠣᠭᠲᠠᠭᠠᠭᠰᠠᠨ ᠳ᠋ᠦᠩ ᠢᠶᠠᠷ ᠪᠠᠷᠢᠮᠵᠢᠶ᠎ᠠ ᠪᠣᠯᠭᠠᠨ᠎ᠠ᠃    ᠳᠠᠭᠠᠳᠬᠠᠯ ᠤᠨ ᠺᠣᠮᠫᠠᠨᠢ ᠶᠢᠨ ᠬᠠᠷᠢᠶ᠎ᠠ ᠭᠠᠵᠠᠷ ᠤᠨ ᠦᠶᠯᠡᠴᠢᠯᠡᠭᠡᠨ ᠤ ᠠᠰᠠᠭᠤᠨ ᠯᠠᠪᠯᠠᠬᠤ ᠤᠲᠠᠰᠤ᠄ 0479-7490506    ᠬᠢᠨᠠᠯᠲᠠ ᠲᠠᠯᠪᠢᠬᠤ ᠤᠲᠠᠰᠤ᠄ 0479-7226521       ᠰᠥᠨᠢᠳ ᠪᠠᠷᠠᠭᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ       ᠳᠤᠮᠳᠠᠳᠤ ᠤᠯᠤᠰ ᠤᠨ ᠲᠠᠢ ᠫᠢᠩ ᠶᠠᠩ ᠡᠳ᠋ ᠬᠥᠷᠥᠩᠭᠡ ᠶᠢᠨ ᠳᠠᠭᠠᠳᠬᠠᠯ ᠤᠨ ᠬᠤᠪᠢ       ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠥᠨᠢᠳ ᠪᠠᠷᠠᠭᠤᠨ ᠬᠤᠰᠢᠭᠤᠨ ᠤ ᠰᠠᠯᠪᠤᠷᠢ ᠺᠣᠮᠫᠠᠨᠢ                        2023 ᠣᠨ ᠤ 5 ᠰᠠᠷ᠎ᠠ ᠶᠢᠨ 1᠎ ᠤ ᠡᠳᠦᠷ
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号