ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠶᠡᠭᠡ ᠪᠠᠷ ᠪᠠᠳᠠᠷᠠᠭᠤᠯᠵᠤ᠂ ᠦᠨᠡᠨᠴᠢ | ᠢᠲᠡᠭᠡᠮᠵᠢᠲᠡᠶ ᠨᠡᠶᠢᠭᠡᠮ ᠢ ᠪᠠᠶᠢᠭᠤᠯᠵᠤ ᠪᠠᠶᠢᠭ᠎ᠠ ᠥᠨᠥᠳᠦᠷ᠂ ᠵᠠᠷᠢᠮ ᠬᠦᠮᠦᠰ ᠪᠠᠰᠠ ᠲᠠᠷᠢᠬᠢ ᠲᠣᠯᠣᠭᠠᠶ ᠪᠠᠨ | ᠰᠢᠪᠬᠠᠵᠤ᠂ ᠠᠷᠭ᠎ᠠ ᠪᠦᠬᠦᠨ ᠢ ᠰᠦᠪᠡᠭᠴᠢᠯᠡᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ᠂ ᠬᠤᠪᠢ ᠬᠥᠮᠦᠨ ᠤ | ᠡᠳ᠋ ᠬᠥᠷᠥᠩᠭᠡ ᠵᠢᠴᠢ ᠪᠤᠰᠤᠳ ᠮᠡᠳᠡᠭᠡ ᠵᠠᠩᠭᠢ ᠪᠠᠨ ᠨᠢᠭᠤᠨ ᠳᠠᠯᠳᠠᠯᠠᠵᠤ ᠪᠠᠶᠢᠭᠠᠳ ᠨᠡᠶᠢᠭᠡᠮ ᠤᠨ ᠠᠪᠤᠷᠠᠨ | ᠲᠤᠰᠠᠯᠠᠬᠤ ᠪᠡᠯᠡ ᠮᠥᠩᠭᠦ ᠶᠢ ᠮᠡᠬᠡᠯᠡᠨ ᠠᠪᠴᠤ ᠪᠠᠶᠢᠳᠠᠭ᠃ ᠡᠶᠢᠮᠦᠷᠬᠦ ᠨᠡᠶᠢᠭᠡᠮ ᠤᠨ ᠠᠪᠤᠷᠠᠨ ᠲᠤᠰᠠᠯᠠᠬᠤ ᠪᠡᠯᠡ | ᠮᠥᠩᠭᠦ ᠶᠢ ᠮᠡᠬᠡᠯᠡᠨ ᠠᠪᠤᠭᠰᠠᠨ ᠦᠢᠯᠡ ᠠᠵᠢᠯᠯᠠᠭ᠎ᠠ ᠨᠢ ᠰᠢᠢᠳᠬᠡᠯ ᠤᠯᠬᠤ ᠪᠤᠯᠤᠨ᠎ᠠ᠃ | 1. ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠮᠡᠬᠡᠯᠡᠨ ᠠᠪᠤᠭᠰᠠᠨ ᠪᠠ ᠬᠠᠭᠤᠷᠮᠠᠭᠯᠠᠨ | ᠠᠪᠤᠭᠰᠠᠨ ᠢ ᠰᠢᠢᠳᠬᠡᠨ ᠲᠣᠷᠭᠠᠬᠤ ᠦᠨᠳᠦᠰᠦᠯᠡᠯ | ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠠᠪᠤᠷᠠᠨ ᠳᠤᠰᠠᠯᠠᠬᠤ ᠦᠨᠳᠦᠰᠦᠨ | ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠠᠷᠠᠳ ᠲᠠᠷᠬᠠᠭᠠᠭᠰᠠᠨ | 〔2022〕83 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠪᠡᠯ᠂ ᠨᠠᠭᠠᠳᠤ ᠵᠠᠬ᠎ᠠ | ᠶᠢᠨ ᠪᠠᠲᠤᠯᠠᠭ᠎ᠠ ᠬᠦᠷᠲᠡᠵᠦ ᠪᠠᠶᠢᠭ᠎ᠠ ᠬᠡᠷ ᠪᠦᠯᠢ ᠶᠢᠨ ᠬᠥᠮᠦᠨ ᠠᠮᠠ᠂ ᠣᠷᠣᠯᠭ᠎ᠠ ᠪᠠ ᠡᠳ᠋ ᠬᠥᠷᠥᠩᠭᠡ ᠶᠢᠨ | ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠦᠶ᠎ᠡ ᠳᠤ᠂ ᠬᠡᠷ ᠪᠦᠯᠢ ᠶᠢᠨ ᠪᠦᠷᠢᠯᠳᠦᠬᠦᠨ ᠨᠢ ᠰᠤᠮᠤ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠮᠡᠳᠡᠭᠳᠡᠬᠦ ᠬᠠᠷᠢᠭᠤᠴᠠᠯᠭ᠎ᠠ ᠲᠠᠢ ᠪᠠᠶᠢᠵᠤ᠂ | ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠠᠷᠢᠨ ᠬᠠᠷᠭᠤᠭᠤᠯᠤᠭᠰᠠᠨ ᠤ ᠳᠠᠷᠠᠭ᠎ᠠ ᠨᠠᠭᠠᠳᠤ ᠵᠠᠬ᠎ᠠ | ᠶᠢᠨ ᠪᠠᠲᠤᠯᠠᠭ᠎ᠠ ᠶᠢ ᠵᠣᠭᠰᠣᠭᠠᠬᠤ ᠡᠰᠡᠬᠦ ᠶᠢ ᠳᠤᠭᠲᠠᠭᠠᠨ᠎ᠠ᠃ ᠰᠤᠮᠤ ᠪᠠᠯᠭᠠᠰᠤᠨ ᠳᠤ ᠴᠠᠭ ᠲᠤᠬᠠᠶ ᠳᠤᠨᠢ | ᠮᠡᠳᠡᠭᠳᠡᠭᠰᠡᠨ ᠥᠬᠡᠶ ᠠᠴᠠ ᠪᠣᠯᠵᠣ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠢᠯᠡᠭᠦᠦ ᠠᠪᠤᠭᠰᠠᠨ ᠪᠣᠯ | ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠢᠯᠡᠭᠦᠦ ᠠᠪᠤᠭᠰᠠᠨ ᠪᠠᠯᠠ ᠮᠥᠩᠭᠦ ᠶᠢ ᠨᠡᠬᠡᠮᠵᠢᠯᠡᠨ | ᠲᠤᠰᠢᠶᠠᠯᠭᠠᠨ᠎ᠠ᠃ ᠵᠣᠷᠢᠭᠤᠳᠠ ᠬᠤᠳᠠᠯ ᠢᠶᠠᠷ ᠮᠡᠳᠡᠭᠦᠯᠬᠦ᠂ ᠨᠢᠭᠤᠨ ᠳᠠᠯᠳᠠᠯᠠᠬᠤ᠂ ᠬᠠᠭᠤᠷᠮᠠᠭ ᠢᠶᠠᠷ ᠵᠣᠬᠢᠶᠠᠬᠤ | ᠵᠡᠷᠭᠡ ᠠᠷᠭ᠎ᠠ ᠪᠠᠷᠢᠯ ᠢᠶᠠᠷ ᠨᠠᠭᠠᠳᠤ ᠵᠠᠬ᠎ᠠ ᠶᠢᠨ ᠪᠠᠲᠤᠯᠠᠭ᠎ᠠ ᠶᠢ ᠮᠡᠬᠡᠯᠡᠨ ᠠᠪᠤᠭᠰᠠᠨ ᠪᠠᠶᠢᠪᠠᠯ᠂ ᠰᠤᠮᠤ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠴᠠᠭ ᠲᠤᠬᠠᠶ ᠳᠤᠨᠢ ᠵᠣᠭᠰᠣᠭᠠᠵᠤ᠂ ᠮᠡᠬᠡᠯᠡᠨ | ᠠᠪᠤᠭᠰᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠢ ᠵᠠᠷᠯᠢᠭᠳᠠᠨ ᠪᠤᠴᠠᠭᠠᠯᠭᠠᠬᠤ ᠶᠢᠨ ᠬᠠᠮᠲᠤ ᠬᠠᠤᠯᠢ | ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | 2. ᠨᠠᠰᠤᠵᠢᠯ ᠤᠨ ᠨᠥᠬᠦᠪᠦᠷᠢ ᠮᠥᠩᠭᠦ ᠶᠢ ᠮᠡᠬᠡᠯᠡᠨ ᠠᠪᠤᠭᠰᠠᠨ ᠪᠠ ᠬᠠᠭᠤᠷᠮᠠᠭᠯᠠᠨ ᠠᠪᠤᠭᠰᠠᠨ ᠢ ᠰᠢᠢᠳᠬᠡᠬᠦ | ᠦᠨᠳᠦᠰᠦᠯᠡᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠨᠥᠬᠦᠪᠦᠷᠢ ᠮᠥᠩᠭᠦ ᠶᠢᠨ | ᠬᠠᠮᠢᠶᠠᠷᠤᠯᠲᠠ ᠶᠢᠨ ᠠᠷᠭ᠎ᠠ︾ ᠶᠢᠨ ᠠᠷᠪᠠᠨ ᠲᠠᠪᠤᠳᠤᠭᠠᠷ ᠵᠦᠢᠯ ᠳᠤ ᠨᠠᠰᠤᠵᠢᠯ ᠤᠨ ᠨᠥᠬᠦᠪᠦᠷᠢ ᠮᠥᠩᠭᠦ ᠬᠦᠷᠲᠡᠵᠦ | ᠪᠠᠶᠢᠭ᠎ᠠ ᠬᠦᠮᠦᠨ ᠤ ᠡᠷᠦᠬᠡ ᠠᠮᠠ ᠬᠤᠪᠢᠷᠠᠯᠲᠠ ᠭᠠᠷᠪᠠᠯ᠂ ᠲᠤᠰ ᠬᠥᠮᠦᠨ ᠪᠤᠶᠤ ᠲᠥᠷᠥᠯ ᠰᠠᠳᠤᠨ ᠨᠢ ᠡᠷᠬᠡᠪᠰᠢ | ᠬᠠᠮᠢᠶ᠎ᠠ ᠪᠦᠬᠦᠢ ᠰᠢᠯᠵᠢᠭᠦᠯᠬᠦ ᠭᠠᠷᠳᠠᠮ ᠢ ᠴᠠᠭ ᠲᠤᠬᠠᠶ ᠳᠤᠨᠢ ᠭᠤᠶᠤᠴᠢᠯᠠᠨ ᠭᠦᠢᠴᠡᠳᠬᠡᠵᠦ᠂ ᠪᠡᠯᠡ ᠮᠥᠩᠭᠦ ᠶᠢ | ᠡᠷᠦᠬᠡ ᠠᠮᠠ ᠶᠢᠨ ᠪᠠᠶᠢᠭ᠎ᠠ ᠭᠠᠵᠠᠷ ᠠᠴᠠ ᠬᠠᠷᠢᠭᠤᠴᠠᠨ ᠤᠯᠭᠤᠨ᠎ᠠ ᠭᠡᠵᠦ ᠲᠤᠭᠲᠠᠭᠠᠵᠠᠢ᠃ ᠰᠢᠯᠵᠢᠭᠦᠯᠬᠦ ᠭᠠᠷᠳᠠᠮ | ᠭᠦᠶᠴᠡᠳᠬᠡᠭᠰᠡᠨ ᠥᠬᠡᠶ ᠠᠴᠠ ᠪᠣᠯᠵᠣ ᠪᠠᠯᠠ ᠮᠥᠩᠭᠦ ᠶᠢ ᠳᠠᠬᠢᠨ ᠳᠠᠪᠲᠠᠨ ᠭᠠᠷᠭᠠᠨ ᠠᠪᠤᠭᠰᠠᠨ ᠪᠠᠶᠢᠪᠠᠯ᠂ | ᠰᠠᠨᠠᠭᠠᠴᠢᠯᠠᠭ᠎ᠠ ᠠᠴᠠ ᠪᠠᠨ ᠪᠤᠴᠠᠭᠠᠬᠤ ᠬᠡᠷᠡᠭᠲᠡᠶ᠃ ᠪᠤᠴᠠᠭᠠᠬᠤ ᠦᠭᠡᠢ ᠪᠤᠯ ᠢᠲᠡᠭᠡᠯ ᠠᠯᠳᠠᠭᠰᠠᠨ ᠳᠠᠩᠰᠠᠨ ᠳᠤ | ᠳᠡᠮᠳᠡᠭᠯᠡᠬᠦ ᠶᠢᠨ ᠬᠠᠮᠲᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ | ᠨᠡᠬᠡᠮᠵᠢᠯᠡᠨ᠎ᠡ᠃ ᠨᠠᠰᠤᠵᠢᠯ ᠤᠨ ᠨᠥᠬᠦᠪᠦᠷᠢ ᠮᠥᠩᠭᠦ ᠭᠥᠷᠳᠡᠵᠦ ᠪᠠᠶᠢᠭ᠎ᠠ ᠬᠦᠮᠦᠨ ᠨᠠᠰᠤ ᠪᠠᠷᠠᠭᠰᠠᠨ ᠪᠠᠶᠢᠪᠠᠯ᠂ | ᠲᠥᠷᠥᠯ ᠰᠠᠳᠤᠨ ᠨᠢ ᠰᠠᠨᠠᠭᠠᠴᠢᠯᠠᠭ᠎ᠠ ᠠᠴᠠ ᠪᠠᠨ ᠮᠡᠳᠡᠭᠦᠯᠵᠦ ᠨᠥᠬᠦᠪᠦᠷᠢ ᠶᠢ ᠵᠣᠭᠰᠣᠭᠠᠬᠤ ᠬᠡᠷᠡᠭᠲᠡᠶ᠂ ᠲᠥᠷᠥᠯ | ᠰᠠᠳᠤᠨ ᠨᠢ ᠬᠠᠭᠤᠷᠮᠠᠭᠯᠠᠨ ᠠᠪᠤᠭᠰᠠᠨ ᠪᠠᠶᠢᠪᠠᠯ᠂ ᠭᠠᠷᠭᠠᠨ ᠠᠪᠤᠭᠴᠢ ᠶᠢ ᠢᠲᠡᠭᠡᠯ ᠠᠯᠳᠠᠭᠰᠠᠨ ᠳᠠᠩᠰᠠᠨ ᠳᠤ | ᠳᠡᠮᠳᠡᠭᠯᠡᠬᠦ ᠶᠢᠨ ᠬᠠᠮᠲᠤ᠂ ᠴᠢᠬᠤᠯᠠ ᠪᠥᠬᠦᠶ ᠠᠷᠭ᠎ᠠ ᠪᠠᠷᠢᠯ ᠢ ᠠᠪᠴᠤ ᠪᠠᠶᠢᠭᠠᠳ ᠬᠠᠭᠤᠷᠮᠠᠭᠯᠠᠨ ᠠᠪᠤᠭᠰᠠᠨ ᠪᠠᠯᠠ | ᠮᠥᠩᠭᠦ ᠶᠢ ᠨᠡᠬᠡᠮᠵᠢᠯᠡᠨ ᠠᠪᠴᠢᠷᠠᠨ᠎ᠠ᠂ ᠪᠤᠴᠠᠭᠠᠬᠤ ᠦᠭᠡᠢ ᠪᠠᠶᠢᠪᠠᠯ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | 3. ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠵᠢᠴᠢ ᠠᠰᠠᠷᠠᠮᠵᠢ ᠶᠢᠨ ᠪᠡᠯᠡ ᠮᠥᠩᠭᠦ ᠶᠢ ᠮᠡᠬᠡᠯᠡᠨ | ᠠᠪᠤᠭᠰᠠᠨ ᠪᠠ ᠬᠠᠭᠤᠷᠮᠠᠭᠯᠠᠨ ᠠᠪᠤᠭᠰᠠᠨ ᠳᠤ ᠬᠤᠯᠪᠣᠭᠳᠠᠬᠤ ᠰᠢᠢᠳᠬᠡᠨ ᠲᠣᠷᠭᠠᠬᠤ ᠦᠨᠳᠦᠰᠦᠯᠡᠯ | ᠲᠥᠷᠥ ᠶᠢᠨ ᠶᠠᠪᠤᠳᠠᠯ ᠤᠨ ᠬᠤᠷᠢᠶᠠᠨ ᠤ ︽ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠦᠷ ᠬᠡᠷᠡᠭᠵᠢᠭᠦᠯᠬᠦ | ᠠᠷᠭ᠎ᠠ︾ ᠶᠢᠨ ᠵᠢᠷᠠᠨ ᠨᠠᠶᠮᠠᠳᠤᠭᠠᠷ ᠵᠦᠶᠯ ᠤᠨ ᠲᠣᠭᠲᠠᠭᠠᠯ ᠢ ᠦᠨᠳᠦᠰᠦᠯᠡᠪᠡᠯ᠂ ᠨᠢᠭᠤᠨ ᠳᠠᠯᠳᠠᠯᠠᠬᠤ᠂ ᠬᠤᠳᠠᠯ | ᠢᠶᠠᠷ ᠮᠡᠳᠡᠭᠦᠯᠬᠦ᠂ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ ᠢᠶᠠᠷ ᠨᠡᠶᠢᠭᠡᠮ ᠤᠨ ᠠᠪᠤᠷᠠᠨ ᠲᠤᠰᠠᠯᠠᠬᠤ ᠪᠡᠯᠡ | ᠮᠥᠩᠭᠦ᠂ ᠡᠳ᠋ ᠪᠣᠳᠠᠰ ᠪᠤᠶᠤ ᠦᠢᠯᠡᠴᠢᠯᠡᠭᠡ ᠶᠢ ᠮᠡᠬᠡᠯᠡᠨ ᠠᠪᠤᠭᠰᠠᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠴᠠ ᠨᠡᠶᠢᠭᠡᠮ ᠤᠨ ᠠᠪᠤᠷᠠᠨ ᠲᠤᠰᠠᠯᠠᠬᠤ ᠶᠢ ᠵᠤᠭᠰᠤᠭᠠᠵᠤ᠂ ᠬᠠᠤᠯᠢ ᠪᠤᠰᠤ ᠪᠠᠷ ᠣᠯᠤᠭᠰᠠᠨ ᠠᠪᠤᠷᠠᠨ | ᠲᠤᠰᠠᠯᠠᠬᠤ ᠪᠡᠯᠡ ᠮᠥᠩᠭᠦ᠂ ᠡᠳ᠋ ᠪᠣᠳᠠᠰ ᠢ ᠵᠠᠷᠯᠢᠭᠳᠠᠨ ᠪᠤᠴᠠᠭᠠᠯᠭᠠᠵᠤ᠂ ᠬᠠᠤᠯᠢ ᠪᠤᠰᠤ ᠪᠠᠷ ᠣᠯᠤᠭᠰᠠᠨ ᠠᠪᠤᠷᠠᠨ | ᠲᠤᠰᠠᠯᠠᠬᠤ ᠮᠥᠩᠭᠦᠨ ᠤ ᠲᠤᠭ᠎ᠠ ᠪᠤᠶᠤ ᠡᠳ᠋ ᠪᠣᠳᠠᠰ ᠤᠨ ᠦᠷᠲᠡᠭ ᠤᠨ ᠬᠢᠨᠢ 1 ᠳᠠᠬᠢᠨ ᠠᠴᠠ ᠳᠡᠭᠡᠭᠰᠢ᠂ 3 | ᠳᠠᠬᠢᠨ ᠠᠴᠠ ᠳᠣᠭᠤᠭᠰᠢ ᠮᠥᠩᠭᠦ ᠪᠠᠷ ᠲᠣᠷᠭᠠᠬᠤ ᠪᠠᠷ ᠰᠢᠢᠳᠬᠡᠵᠦ ᠪᠣᠯᠤᠨ᠎ᠠ᠃ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠲᠦᠷᠢᠮ ᠢ ᠵᠥᠷᠢᠴᠡᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ | ᠶᠢᠨ ᠰᠢᠢᠳᠬᠡᠯ ᠥᠭᠭᠦᠨ᠎ᠡ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠦᠢᠯᠡ ᠶᠠᠪᠤᠳᠠᠯ ᠨᠢ ᠣᠨᠴᠠᠭᠠᠢ ᠬᠦᠨᠳᠦ ᠨᠣᠴᠢᠲᠠᠢ᠂ ᠠᠷᠠᠳ ᠤᠨ ᠰᠢᠭᠦᠬᠦ ᠬᠤᠷᠢᠶᠠᠨ ᠤ ᠲᠣᠭᠲᠠᠭᠠᠭᠰᠠᠨ | ᠮᠡᠬᠡᠯᠡᠭᠰᠡᠨ ᠶᠠᠯ᠎ᠠ ᠶᠢᠨ ᠬᠡᠷᠡᠭ ᠪᠣᠯᠭᠠᠨ ᠳᠠᠩᠰᠠᠯᠠᠬᠤ ᠪᠠᠷᠢᠮᠵᠢᠶᠠᠨ ᠳᠤ ᠬᠦᠷᠦᠭᠰᠡᠨ ᠪᠠᠶᠢᠪᠠᠯ᠂ ︽ᠡᠷᠡᠭᠦᠦ ᠶᠢᠨ | ᠬᠠᠤᠯᠢ︾ ᠶᠢᠨ ᠬᠤᠶᠠᠷ ᠵᠠᠭᠤ ᠵᠢᠷᠠᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠣᠭᠠᠷ ᠬᠠᠤᠯᠢ ᠴᠠᠭᠠᠵᠠ ᠶᠢᠨ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ ︵ ᠠᠯᠪᠠᠨ ᠤ ᠪᠤᠶᠤ ᠬᠤᠪᠢ ᠶᠢᠨ ᠵᠣᠭᠤᠰ | ᠮᠥᠩᠭᠦ ᠡᠳ᠋ ᠪᠣᠳᠠᠰ ᠢ 3000 ᠲᠥᠭᠦᠷᠢᠭ ᠠᠴᠠ ᠳᠡᠭᠡᠭᠰᠢ ᠮᠡᠬᠡᠯᠡᠭᠰᠡᠨ ᠪᠠᠶᠢᠪᠠᠯ ᠭᠤᠷᠪᠠᠨ ᠵᠢᠯ ᠠᠴᠠ ᠳᠣᠭᠤᠭᠰᠢ | ᠬᠤᠭᠤᠴᠠᠭ᠎ᠠ ᠲᠠᠢ ᠬᠤᠷᠢᠬᠤ᠂ ᠬᠤᠷᠢᠵᠤ ᠬᠥᠳᠡᠯᠮᠦᠷᠢᠯᠡᠭᠦᠯᠬᠦ ᠪᠤᠶᠤ ᠵᠠᠬᠢᠷᠤᠨ ᠬᠠᠮᠢᠶᠠᠷᠬᠤ ᠪᠠᠷ ᠰᠢᠢᠳᠬᠡᠵᠦ᠂ | ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃ ᠠᠯᠪᠠᠨ ᠤ ᠪᠤᠶᠤ ᠬᠤᠪᠢ ᠶᠢᠨ ᠵᠣᠭᠤᠰ ᠮᠥᠩᠭᠦ ᠡᠳ᠋ | ᠪᠣᠳᠠᠰ ᠢ 3 ᠲᠦᠮᠡᠨ ᠲᠥᠭᠦᠷᠢᠭ ᠠᠴᠠ ᠳᠡᠭᠡᠭᠰᠢ ᠮᠡᠬᠡᠯᠡᠨ ᠠᠪᠤᠭᠰᠠᠨ ᠪᠠᠶᠢᠪᠠᠯ᠂ ᠭᠤᠷᠪᠠᠨ ᠵᠢᠯ ᠠᠴᠠ ᠳᠡᠭᠡᠭᠰᠢ | ᠠᠷᠪᠠᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠠᠷ ᠰᠢᠢᠳᠬᠡᠵᠦ᠂ ᠵᠣᠭᠤᠰ ᠢᠶᠠᠷ ᠲᠣᠷᠭᠠᠬᠤ ᠪᠠᠷ | ᠨᠡᠶᠢᠯᠡᠭᠦᠯᠦᠨ ᠰᠢᠢᠳᠬᠡᠨ᠎ᠡ᠃ ᠠᠯᠪᠠᠨ ᠤ ᠪᠤᠶᠤ ᠬᠤᠪᠢ ᠶᠢᠨ ᠵᠣᠭᠤᠰ ᠮᠥᠩᠭᠦ ᠡᠳ᠋ ᠪᠣᠳᠠᠰ ᠢ 50 ᠲᠦᠮᠡᠨ | ᠲᠥᠭᠦᠷᠢᠭ ᠠᠴᠠ ᠳᠡᠭᠡᠭᠰᠢ ᠮᠡᠬᠡᠯᠡᠨ ᠠᠪᠤᠭᠰᠠᠨ ᠪᠠᠶᠢᠪᠠᠯ᠂ ᠠᠷᠪᠠᠨ ᠵᠢᠯ ᠠᠴᠠ ᠳᠡᠭᠡᠭᠰᠢ ᠬᠤᠭᠤᠴᠠᠭ᠎ᠠ ᠲᠠᠢ | ᠬᠤᠷᠢᠬᠤ ᠪᠤᠶᠤ ᠬᠤᠭᠤᠴᠠᠭ᠎ᠠ ᠦᠭᠡᠢ ᠬᠤᠷᠢᠬᠤ ᠪᠠᠷ ᠰᠢᠢᠳᠬᠡᠵᠦ᠂ ᠵᠣᠭᠤᠰ ᠢᠶᠠᠷ ᠲᠣᠷᠭᠠᠬᠤ ᠪᠤᠶᠤ ᠡᠳ᠋ ᠬᠦᠷᠦᠩᠭᠡ | ᠶᠢ ᠨᠢ ᠬᠤᠷᠢᠶᠠᠵᠤ ᠠᠪᠬᠤ ᠪᠠᠷ ᠨᠡᠶᠢᠯᠡᠭᠦᠯᠦᠨ ᠰᠢᠢᠳᠬᠡᠨ᠎ᠡ︶᠃ |