ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ᠂ ᠨᠠᠰᠤᠵᠢᠯ ᠤᠨ ᠨᠥᠬᠦᠪᠦᠷᠢ ᠮᠥᠩᠭᠦ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠪᠠᠯᠠ ᠮᠥᠩᠭᠦ ᠶᠢ ᠮᠡᠬᠡᠯᠡᠨ ᠠᠪᠤᠭᠰᠠᠨ ᠪᠤᠶᠤ ᠬᠠᠭᠤᠷᠮᠠᠭᠯᠠᠨ ᠠᠪᠤᠭᠰᠠᠨ ᠦᠶᠯᠡ ᠠᠵᠢᠯᠯᠠᠭ᠎ᠠ ᠶᠢ ᠬᠡᠷᠬᠢᠨ ᠰᠢᠶᠳᠪᠦᠷᠢᠯᠡᠬᠦ ᠪᠣᠶ︖
ᠨᠡᠶᠢᠲᠡᠯᠡᠭᠰᠡᠨ ᠴᠠᠭ᠄
2023/5/27
    ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠶᠡᠭᠡ ᠪᠠᠷ ᠪᠠᠳᠠᠷᠠᠭᠤᠯᠵᠤ᠂ ᠦᠨᠡᠨᠴᠢ ᠢᠲᠡᠭᠡᠮᠵᠢᠲᠡᠶ ᠨᠡᠶᠢᠭᠡᠮ ᠢ ᠪᠠᠶᠢᠭᠤᠯᠵᠤ ᠪᠠᠶᠢᠭ᠎ᠠ ᠥᠨᠥᠳᠦᠷ᠂ ᠵᠠᠷᠢᠮ ᠬᠦᠮᠦᠰ ᠪᠠᠰᠠ ᠲᠠᠷᠢᠬᠢ ᠲᠣᠯᠣᠭᠠᠶ ᠪᠠᠨ ᠰᠢᠪᠬᠠᠵᠤ᠂ ᠠᠷᠭ᠎ᠠ ᠪᠦᠬᠦᠨ ᠢ ᠰᠦᠪᠡᠭᠴᠢᠯᠡᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ᠂ ᠬᠤᠪᠢ ᠬᠥᠮᠦᠨ ᠤ ᠡᠳ᠋ ᠬᠥᠷᠥᠩᠭᠡ ᠵᠢᠴᠢ ᠪᠤᠰᠤᠳ ᠮᠡᠳᠡᠭᠡ ᠵᠠᠩᠭᠢ ᠪᠠᠨ ᠨᠢᠭᠤᠨ ᠳᠠᠯᠳᠠᠯᠠᠵᠤ ᠪᠠᠶᠢᠭᠠᠳ ᠨᠡᠶᠢᠭᠡᠮ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠮᠡᠬᠡᠯᠡᠨ ᠠᠪᠴᠤ ᠪᠠᠶᠢᠳᠠᠭ᠃ ᠡᠶᠢᠮᠦᠷᠬᠦ ᠨᠡᠶᠢᠭᠡᠮ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠮᠡᠬᠡᠯᠡᠨ ᠠᠪᠤᠭᠰᠠᠨ ᠦᠢᠯᠡ ᠠᠵᠢᠯᠯᠠᠭ᠎ᠠ ᠨᠢ ᠰᠢᠢᠳᠬᠡᠯ ᠤᠯᠬᠤ ᠪᠤᠯᠤᠨ᠎ᠠ᠃    1. ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠮᠡᠬᠡᠯᠡᠨ ᠠᠪᠤᠭᠰᠠᠨ ᠪᠠ ᠬᠠᠭᠤᠷᠮᠠᠭᠯᠠᠨ ᠠᠪᠤᠭᠰᠠᠨ ᠢ ᠰᠢᠢᠳᠬᠡᠨ ᠲᠣᠷᠭᠠᠬᠤ ᠦᠨᠳᠦᠰᠦᠯᠡᠯ    ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠠᠪᠤᠷᠠᠨ ᠳᠤᠰᠠᠯᠠᠬᠤ ᠦᠨᠳᠦᠰᠦᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠠᠷᠠᠳ ᠲᠠᠷᠬᠠᠭᠠᠭᠰᠠᠨ 〔2022〕83 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠪᠡᠯ᠂ ᠨᠠᠭᠠᠳᠤ ᠵᠠᠬ᠎ᠠ  ᠶᠢᠨ ᠪᠠᠲᠤᠯᠠᠭ᠎ᠠ ᠬᠦᠷᠲᠡᠵᠦ ᠪᠠᠶᠢᠭ᠎ᠠ ᠬᠡᠷ ᠪᠦᠯᠢ ᠶᠢᠨ ᠬᠥᠮᠦᠨ ᠠᠮᠠ᠂ ᠣᠷᠣᠯᠭ᠎ᠠ ᠪᠠ ᠡᠳ᠋ ᠬᠥᠷᠥᠩᠭᠡ ᠶᠢᠨ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠦᠶ᠎ᠡ ᠳᠤ᠂ ᠬᠡᠷ ᠪᠦᠯᠢ ᠶᠢᠨ ᠪᠦᠷᠢᠯᠳᠦᠬᠦᠨ ᠨᠢ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠮᠡᠳᠡᠭᠳᠡᠬᠦ ᠬᠠᠷᠢᠭᠤᠴᠠᠯᠭ᠎ᠠ ᠲᠠᠢ ᠪᠠᠶᠢᠵᠤ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠠᠷᠢᠨ ᠬᠠᠷᠭᠤᠭᠤᠯᠤᠭᠰᠠᠨ ᠤ ᠳᠠᠷᠠᠭ᠎ᠠ ᠨᠠᠭᠠᠳᠤ ᠵᠠᠬ᠎ᠠ  ᠶᠢᠨ ᠪᠠᠲᠤᠯᠠᠭ᠎ᠠ ᠶᠢ ᠵᠣᠭᠰᠣᠭᠠᠬᠤ ᠡᠰᠡᠬᠦ ᠶᠢ ᠳᠤᠭᠲᠠᠭᠠᠨ᠎ᠠ᠃ ᠰᠤᠮᠤ ᠪᠠᠯᠭᠠᠰᠤᠨ ᠳᠤ ᠴᠠᠭ ᠲᠤᠬᠠᠶ ᠳᠤᠨᠢ ᠮᠡᠳᠡᠭᠳᠡᠭᠰᠡᠨ ᠥᠬᠡᠶ ᠠᠴᠠ ᠪᠣᠯᠵᠣ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠢᠯᠡᠭᠦᠦ ᠠᠪᠤᠭᠰᠠᠨ ᠪᠣᠯ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠢᠯᠡᠭᠦᠦ ᠠᠪᠤᠭᠰᠠᠨ ᠪᠠᠯᠠ ᠮᠥᠩᠭᠦ ᠶᠢ ᠨᠡᠬᠡᠮᠵᠢᠯᠡᠨ ᠲᠤᠰᠢᠶᠠᠯᠭᠠᠨ᠎ᠠ᠃ ᠵᠣᠷᠢᠭᠤᠳᠠ ᠬᠤᠳᠠᠯ ᠢᠶᠠᠷ ᠮᠡᠳᠡᠭᠦᠯᠬᠦ᠂ ᠨᠢᠭᠤᠨ ᠳᠠᠯᠳᠠᠯᠠᠬᠤ᠂ ᠬᠠᠭᠤᠷᠮᠠᠭ ᠢᠶᠠᠷ ᠵᠣᠬᠢᠶᠠᠬᠤ ᠵᠡᠷᠭᠡ ᠠᠷᠭ᠎ᠠ ᠪᠠᠷᠢᠯ ᠢᠶᠠᠷ ᠨᠠᠭᠠᠳᠤ ᠵᠠᠬ᠎ᠠ ᠶᠢᠨ ᠪᠠᠲᠤᠯᠠᠭ᠎ᠠ ᠶᠢ ᠮᠡᠬᠡᠯᠡᠨ ᠠᠪᠤᠭᠰᠠᠨ ᠪᠠᠶᠢᠪᠠᠯ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠴᠠᠭ ᠲᠤᠬᠠᠶ ᠳᠤᠨᠢ ᠵᠣᠭᠰᠣᠭᠠᠵᠤ᠂ ᠮᠡᠬᠡᠯᠡᠨ ᠠᠪᠤᠭᠰᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠢ ᠵᠠᠷᠯᠢᠭᠳᠠᠨ ᠪᠤᠴᠠᠭᠠᠯᠭᠠᠬᠤ ᠶᠢᠨ ᠬᠠᠮᠲᠤ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    2. ᠨᠠᠰᠤᠵᠢᠯ ᠤᠨ ᠨᠥᠬᠦᠪᠦᠷᠢ ᠮᠥᠩᠭᠦ ᠶᠢ ᠮᠡᠬᠡᠯᠡᠨ ᠠᠪᠤᠭᠰᠠᠨ ᠪᠠ ᠬᠠᠭᠤᠷᠮᠠᠭᠯᠠᠨ ᠠᠪᠤᠭᠰᠠᠨ ᠢ ᠰᠢᠢᠳᠬᠡᠬᠦ ᠦᠨᠳᠦᠰᠦᠯᠡᠯ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠨᠥᠬᠦᠪᠦᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠠᠷᠪᠠᠨ ᠲᠠᠪᠤᠳᠤᠭᠠᠷ ᠵᠦᠢᠯ ᠳᠤ ᠨᠠᠰᠤᠵᠢᠯ ᠤᠨ ᠨᠥᠬᠦᠪᠦᠷᠢ ᠮᠥᠩᠭᠦ ᠬᠦᠷᠲᠡᠵᠦ ᠪᠠᠶᠢᠭ᠎ᠠ ᠬᠦᠮᠦᠨ ᠤ ᠡᠷᠦᠬᠡ ᠠᠮᠠ ᠬᠤᠪᠢᠷᠠᠯᠲᠠ ᠭᠠᠷᠪᠠᠯ᠂ ᠲᠤᠰ ᠬᠥᠮᠦᠨ ᠪᠤᠶᠤ ᠲᠥᠷᠥᠯ ᠰᠠᠳᠤᠨ ᠨᠢ ᠡᠷᠬᠡᠪᠰᠢ ᠬᠠᠮᠢᠶ᠎ᠠ ᠪᠦᠬᠦᠢ ᠰᠢᠯᠵᠢᠭᠦᠯᠬᠦ ᠭᠠᠷᠳᠠᠮ ᠢ ᠴᠠᠭ ᠲᠤᠬᠠᠶ ᠳᠤᠨᠢ ᠭᠤᠶᠤᠴᠢᠯᠠᠨ ᠭᠦᠢᠴᠡᠳᠬᠡᠵᠦ᠂ ᠪᠡᠯᠡ ᠮᠥᠩᠭᠦ ᠶᠢ ᠡᠷᠦᠬᠡ ᠠᠮᠠ ᠶᠢᠨ ᠪᠠᠶᠢᠭ᠎ᠠ ᠭᠠᠵᠠᠷ ᠠᠴᠠ ᠬᠠᠷᠢᠭᠤᠴᠠᠨ ᠤᠯᠭᠤᠨ᠎ᠠ ᠭᠡᠵᠦ ᠲᠤᠭᠲᠠᠭᠠᠵᠠᠢ᠃ ᠰᠢᠯᠵᠢᠭᠦᠯᠬᠦ ᠭᠠᠷᠳᠠᠮ ᠭᠦᠶᠴᠡᠳᠬᠡᠭᠰᠡᠨ ᠥᠬᠡᠶ ᠠᠴᠠ ᠪᠣᠯᠵᠣ ᠪᠠᠯᠠ ᠮᠥᠩᠭᠦ ᠶᠢ ᠳᠠᠬᠢᠨ ᠳᠠᠪᠲᠠᠨ ᠭᠠᠷᠭᠠᠨ ᠠᠪᠤᠭᠰᠠᠨ ᠪᠠᠶᠢᠪᠠᠯ᠂ ᠰᠠᠨᠠᠭᠠᠴᠢᠯᠠᠭ᠎ᠠ ᠠᠴᠠ ᠪᠠᠨ ᠪᠤᠴᠠᠭᠠᠬᠤ ᠬᠡᠷᠡᠭᠲᠡᠶ᠃ ᠪᠤᠴᠠᠭᠠᠬᠤ ᠦᠭᠡᠢ ᠪᠤᠯ ᠢᠲᠡᠭᠡᠯ ᠠᠯᠳᠠᠭᠰᠠᠨ ᠳᠠᠩᠰᠠᠨ ᠳᠤ ᠳᠡᠮᠳᠡᠭᠯᠡᠬᠦ ᠶᠢᠨ ᠬᠠᠮᠲᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠨᠠᠰᠤᠵᠢᠯ ᠤᠨ ᠨᠥᠬᠦᠪᠦᠷᠢ ᠮᠥᠩᠭᠦ ᠭᠥᠷᠳᠡᠵᠦ ᠪᠠᠶᠢᠭ᠎ᠠ ᠬᠦᠮᠦᠨ ᠨᠠᠰᠤ ᠪᠠᠷᠠᠭᠰᠠᠨ ᠪᠠᠶᠢᠪᠠᠯ᠂ ᠲᠥᠷᠥᠯ ᠰᠠᠳᠤᠨ ᠨᠢ ᠰᠠᠨᠠᠭᠠᠴᠢᠯᠠᠭ᠎ᠠ ᠠᠴᠠ ᠪᠠᠨ ᠮᠡᠳᠡᠭᠦᠯᠵᠦ ᠨᠥᠬᠦᠪᠦᠷᠢ ᠶᠢ ᠵᠣᠭᠰᠣᠭᠠᠬᠤ ᠬᠡᠷᠡᠭᠲᠡᠶ᠂ ᠲᠥᠷᠥᠯ ᠰᠠᠳᠤᠨ ᠨᠢ ᠬᠠᠭᠤᠷᠮᠠᠭᠯᠠᠨ ᠠᠪᠤᠭᠰᠠᠨ ᠪᠠᠶᠢᠪᠠᠯ᠂ ᠭᠠᠷᠭᠠᠨ ᠠᠪᠤᠭᠴᠢ ᠶᠢ ᠢᠲᠡᠭᠡᠯ ᠠᠯᠳᠠᠭᠰᠠᠨ ᠳᠠᠩᠰᠠᠨ ᠳᠤ  ᠳᠡᠮᠳᠡᠭᠯᠡᠬᠦ ᠶᠢᠨ ᠬᠠᠮᠲᠤ᠂ ᠴᠢᠬᠤᠯᠠ ᠪᠥᠬᠦᠶ ᠠᠷᠭ᠎ᠠ ᠪᠠᠷᠢᠯ ᠢ ᠠᠪᠴᠤ ᠪᠠᠶᠢᠭᠠᠳ ᠬᠠᠭᠤᠷᠮᠠᠭᠯᠠᠨ ᠠᠪᠤᠭᠰᠠᠨ ᠪᠠᠯᠠ ᠮᠥᠩᠭᠦ ᠶᠢ ᠨᠡᠬᠡᠮᠵᠢᠯᠡᠨ ᠠᠪᠴᠢᠷᠠᠨ᠎ᠠ᠂ ᠪᠤᠴᠠᠭᠠᠬᠤ ᠦᠭᠡᠢ ᠪᠠᠶᠢᠪᠠᠯ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃    3. ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠵᠢᠴᠢ ᠠᠰᠠᠷᠠᠮᠵᠢ ᠶᠢᠨ ᠪᠡᠯᠡ ᠮᠥᠩᠭᠦ ᠶᠢ ᠮᠡᠬᠡᠯᠡᠨ ᠠᠪᠤᠭᠰᠠᠨ ᠪᠠ ᠬᠠᠭᠤᠷᠮᠠᠭᠯᠠᠨ ᠠᠪᠤᠭᠰᠠᠨ ᠳᠤ ᠬᠤᠯᠪᠣᠭᠳᠠᠬᠤ ᠰᠢᠢᠳᠬᠡᠨ ᠲᠣᠷᠭᠠᠬᠤ ᠦᠨᠳᠦᠰᠦᠯᠡᠯ    ᠲᠥᠷᠥ ᠶᠢᠨ ᠶᠠᠪᠤᠳᠠᠯ ᠤᠨ ᠬᠤᠷᠢᠶᠠᠨ ᠤ ︽ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠵᠢᠷᠠᠨ ᠨᠠᠶᠮᠠᠳᠤᠭᠠᠷ ᠵᠦᠶᠯ ᠤᠨ ᠲᠣᠭᠲᠠᠭᠠᠯ ᠢ ᠦᠨᠳᠦᠰᠦᠯᠡᠪᠡᠯ᠂ ᠨᠢᠭᠤᠨ ᠳᠠᠯᠳᠠᠯᠠᠬᠤ᠂ ᠬᠤᠳᠠᠯ  ᠢᠶᠠᠷ ᠮᠡᠳᠡᠭᠦᠯᠬᠦ᠂ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ ᠢᠶᠠᠷ ᠨᠡᠶᠢᠭᠡᠮ ᠤᠨ ᠠᠪᠤᠷᠠᠨ ᠲᠤᠰᠠᠯᠠᠬᠤ ᠪᠡᠯᠡ ᠮᠥᠩᠭᠦ᠂ ᠡᠳ᠋ ᠪᠣᠳᠠᠰ ᠪᠤᠶᠤ ᠦᠢᠯᠡᠴᠢᠯᠡᠭᠡ ᠶᠢ ᠮᠡᠬᠡᠯᠡᠨ ᠠᠪᠤᠭᠰᠠᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠡᠶᠢᠭᠡᠮ ᠤᠨ ᠠᠪᠤᠷᠠᠨ ᠲᠤᠰᠠᠯᠠᠬᠤ ᠶᠢ ᠵᠤᠭᠰᠤᠭᠠᠵᠤ᠂ ᠬᠠᠤᠯᠢ ᠪᠤᠰᠤ ᠪᠠᠷ ᠣᠯᠤᠭᠰᠠᠨ ᠠᠪᠤᠷᠠᠨ ᠲᠤᠰᠠᠯᠠᠬᠤ ᠪᠡᠯᠡ ᠮᠥᠩᠭᠦ᠂ ᠡᠳ᠋ ᠪᠣᠳᠠᠰ ᠢ ᠵᠠᠷᠯᠢᠭᠳᠠᠨ ᠪᠤᠴᠠᠭᠠᠯᠭᠠᠵᠤ᠂ ᠬᠠᠤᠯᠢ ᠪᠤᠰᠤ ᠪᠠᠷ ᠣᠯᠤᠭᠰᠠᠨ ᠠᠪᠤᠷᠠᠨ ᠲᠤᠰᠠᠯᠠᠬᠤ ᠮᠥᠩᠭᠦᠨ ᠤ ᠲᠤᠭ᠎ᠠ ᠪᠤᠶᠤ ᠡᠳ᠋ ᠪᠣᠳᠠᠰ ᠤᠨ ᠦᠷᠲᠡᠭ ᠤᠨ ᠬᠢᠨᠢ 1 ᠳᠠᠬᠢᠨ ᠠᠴᠠ ᠳᠡᠭᠡᠭᠰᠢ᠂ 3 ᠳᠠᠬᠢᠨ ᠠᠴᠠ ᠳᠣᠭᠤᠭᠰᠢ ᠮᠥᠩᠭᠦ ᠪᠠᠷ ᠲᠣᠷᠭᠠᠬᠤ ᠪᠠᠷ ᠰᠢᠢᠳᠬᠡᠵᠦ ᠪᠣᠯᠤᠨ᠎ᠠ᠃ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠦᠷᠢᠮ ᠢ ᠵᠥᠷᠢᠴᠡᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ  ᠶᠢᠨ ᠰᠢᠢᠳᠬᠡᠯ ᠥᠭᠭᠦᠨ᠎ᠡ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠦᠢᠯᠡ ᠶᠠᠪᠤᠳᠠᠯ ᠨᠢ ᠣᠨᠴᠠᠭᠠᠢ ᠬᠦᠨᠳᠦ ᠨᠣᠴᠢᠲᠠᠢ᠂ ᠠᠷᠠᠳ ᠤᠨ ᠰᠢᠭᠦᠬᠦ ᠬᠤᠷᠢᠶᠠᠨ ᠤ ᠲᠣᠭᠲᠠᠭᠠᠭᠰᠠᠨ ᠮᠡᠬᠡᠯᠡᠭᠰᠡᠨ ᠶᠠᠯ᠎ᠠ ᠶᠢᠨ ᠬᠡᠷᠡᠭ ᠪᠣᠯᠭᠠᠨ ᠳᠠᠩᠰᠠᠯᠠᠬᠤ ᠪᠠᠷᠢᠮᠵᠢᠶᠠᠨ ᠳᠤ ᠬᠦᠷᠦᠭᠰᠡᠨ ᠪᠠᠶᠢᠪᠠᠯ᠂ ︽ᠡᠷᠡᠭᠦᠦ ᠶᠢᠨ ᠬᠠᠤᠯᠢ︾ ᠶᠢᠨ ᠬᠤᠶᠠᠷ ᠵᠠᠭᠤ ᠵᠢᠷᠠᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠣᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ ︵ ᠠᠯᠪᠠᠨ ᠤ ᠪᠤᠶᠤ ᠬᠤᠪᠢ ᠶᠢᠨ ᠵᠣᠭᠤᠰ ᠮᠥᠩᠭᠦ ᠡᠳ᠋ ᠪᠣᠳᠠᠰ ᠢ 3000 ᠲᠥᠭᠦᠷᠢᠭ ᠠᠴᠠ ᠳᠡᠭᠡᠭᠰᠢ ᠮᠡᠬᠡᠯᠡᠭᠰᠡᠨ ᠪᠠᠶᠢᠪᠠᠯ ᠭᠤᠷᠪᠠᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ᠂ ᠬᠤᠷᠢᠵᠤ ᠬᠥᠳᠡᠯᠮᠦᠷᠢᠯᠡᠭᠦᠯᠬᠦ ᠪᠤᠶᠤ ᠵᠠᠬᠢᠷᠤᠨ ᠬᠠᠮᠢᠶᠠᠷᠬᠤ ᠪᠠᠷ ᠰᠢᠢᠳᠬᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃ ᠠᠯᠪᠠᠨ ᠤ ᠪᠤᠶᠤ ᠬᠤᠪᠢ ᠶᠢᠨ ᠵᠣᠭᠤᠰ ᠮᠥᠩᠭᠦ ᠡᠳ᠋ ᠪᠣᠳᠠᠰ ᠢ 3 ᠲᠦᠮᠡᠨ ᠲᠥᠭᠦᠷᠢᠭ ᠠᠴᠠ ᠳᠡᠭᠡᠭᠰᠢ ᠮᠡᠬᠡᠯᠡᠨ ᠠᠪᠤᠭᠰᠠᠨ ᠪᠠᠶᠢᠪᠠᠯ᠂ ᠭᠤᠷᠪᠠᠨ ᠵᠢᠯ ᠠᠴᠠ ᠳᠡᠭᠡᠭᠰᠢ ᠠᠷᠪᠠᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠠᠷ ᠰᠢᠢᠳᠬᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃ ᠠᠯᠪᠠᠨ ᠤ ᠪᠤᠶᠤ ᠬᠤᠪᠢ ᠶᠢᠨ ᠵᠣᠭᠤᠰ ᠮᠥᠩᠭᠦ ᠡᠳ᠋ ᠪᠣᠳᠠᠰ ᠢ 50 ᠲᠦᠮᠡᠨ ᠲᠥᠭᠦᠷᠢᠭ ᠠᠴᠠ ᠳᠡᠭᠡᠭᠰᠢ ᠮᠡᠬᠡᠯᠡᠨ ᠠᠪᠤᠭᠰᠠᠨ ᠪᠠᠶᠢᠪᠠᠯ᠂ ᠠᠷᠪᠠᠨ ᠵᠢᠯ ᠠᠴᠠ ᠳᠡᠭᠡᠭᠰᠢ ᠬᠤᠭᠤᠴᠠᠭ᠎ᠠ ᠲᠠᠢ ᠬᠤᠷᠢᠬᠤ ᠪᠤᠶᠤ ᠬᠤᠭᠤᠴᠠᠭ᠎ᠠ ᠦᠭᠡᠢ ᠬᠤᠷᠢᠬᠤ ᠪᠠᠷ ᠰᠢᠢᠳᠬᠡᠵᠦ᠂ ᠵᠣᠭᠤᠰ ᠢᠶᠠᠷ ᠲᠣᠷᠭᠠᠬᠤ ᠪᠤᠶᠤ ᠡᠳ᠋ ᠬᠦᠷᠦᠩᠭᠡ  ᠶᠢ ᠨᠢ ᠬᠤᠷᠢᠶᠠᠵᠤ ᠠᠪᠬᠤ ᠪᠠᠷ ᠨᠡᠶᠢᠯᠡᠭᠦᠯᠦᠨ ᠰᠢᠢᠳᠬᠡᠨ᠎ᠡ︶᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号