ᠮᠠᠨ ᠤ ᠬᠤᠰᠢᠭᠤᠨ ᠤ ︽ᠯᠧᠢ ᠹᠧᠩ ᠲᠡᠷᠭᠡᠨ ᠠᠩᠭᠢ︾  ᠪᠠᠶᠢᠭᠤᠯᠤᠭᠳᠠᠯ᠎ᠠ
ᠨᠡᠶᠢᠲᠡᠯᠡᠭᠰᠡᠨ ᠴᠠᠭ᠄
2023/5/31
     5 ᠰᠠᠷ᠎ᠠ ᠶᠢᠨ 31᠎ ᠤ ᠡᠳᠦᠷ ᠮᠠᠨ ᠤ ᠬᠤᠰᠢᠭᠤᠨ ᠤ ︽ᠯᠧᠢ ᠹᠧᠩ ᠲᠡᠷᠭᠡᠨ ᠠᠩᠭᠢ︾ ᠵᠢᠩᠬᠢᠨᠢ ᠪᠠᠷ ᠪᠠᠶᠢᠭᠤᠯᠤᠭᠳᠠᠵᠤ᠂ ᠪᠥᠬᠦ ᠬᠤᠰᠢᠭᠤᠨ ᠤ ᠲᠣᠭᠤᠷᠢᠨ ᠵᠤᠭᠠᠴᠠᠬᠤ ᠲᠦᠷᠢᠶᠡᠰᠦᠨ ᠲᠡᠷᠭᠡᠨ ᠤ ᠠᠵᠢᠯ ᠲᠥᠷᠥᠯ ᠤᠨ ᠪᠣᠯᠪᠠᠰᠤᠨ ᠦᠶᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ ᠣᠯᠠᠨ ᠲᠦᠷᠢᠶᠡᠰᠦᠨ ᠲᠡᠷᠭᠡᠨ ᠤ ᠵᠢᠯᠣᠭᠤᠴᠢ ᠶᠢᠨ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠶᠢ ᠵᠤᠷᠢᠭᠵᠢᠭᠤᠯᠵᠠᠢ᠃      ᠶᠤᠰᠤᠯᠠᠯ ᠳᠤ᠂ ᠲᠡᠷᠭᠡᠨ ᠠᠩᠭᠢ ᠳᠤ ︽ᠰᠦᠨᠢᠳ ᠪᠠᠷᠠᠭᠤᠨ ᠬᠤᠰᠢᠭᠤᠨ ᠤ ᠯᠧᠢ ᠹᠧᠩ ᠲᠡᠷᠭᠡᠨ ᠠᠩᠭᠢ︾ ᠭᠡᠬᠦ ᠦᠰᠦᠭ ᠲᠠᠢ ᠲᠤᠭ ᠬᠦᠷᠭᠡᠵᠦ᠂ ᠲᠡᠷᠭᠡᠨ ᠠᠩᠭᠢ ᠵᠢᠩᠬᠢᠨᠢ ᠪᠠᠷ ᠪᠠᠶᠢᠭᠤᠯᠤᠭᠳᠠᠭᠰᠠᠨ ᠢ ᠨᠡᠶᠢᠲᠡᠯᠡᠭᠰᠡᠨ ᠤ ᠬᠠᠮᠲᠤ᠂ ᠵᠢᠯᠤᠭᠤᠴᠢ ᠨᠠᠷ ᠲᠤ ︽ᠤᠯᠠᠭᠠᠨ ᠪᠤᠭᠴᠤ︾ ᠬᠦᠷᠭᠡᠵᠦ᠂ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶᠠᠨ ᠤ ᠭᠤᠤᠯ ᠬᠠᠷᠢᠭᠤᠴᠠᠯᠭᠠᠲᠠᠨ ︽ᠯᠧᠢ ᠹᠧᠩ ᠲᠡᠷᠭᠡᠨ ᠠᠩᠭᠢ︾᠎ ᠶᠢᠨ ᠦᠶᠯᠡᠳᠦᠯ ᠢ ᠰᠠᠶᠢᠲᠤᠷ ᠪᠠᠳᠠᠷᠠᠭᠤᠯᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠤ᠂ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠲᠥᠪ᠂ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠰᠣᠶᠣᠯ ᠲᠠᠮᠢᠷ ᠵᠢᠭᠤᠴᠢᠯᠠᠯ ᠷᠠᠳᠢᠤ᠋ ᠲᠧᠯᠸᠢᠰ ᠲᠤᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠲᠣᠰ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯ᠂ ᠲᠡᠷᠭᠡᠨ ᠠᠩᠭᠢ ᠶᠢ ᠵᠣᠬᠢᠶᠠᠨ ᠪᠠᠶᠢᠭᠤᠯᠬᠤ᠂ ︽N︾ ᠪᠠᠶᠢᠬᠤ ᠵᠢᠭᠤᠯᠴᠢᠯᠠᠯ ᠤᠨ ᠤᠬᠠᠭᠤᠯᠭ᠎ᠠ ᠵᠡᠷᠭᠡ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠵᠡᠢ᠃    ᠣᠶᠢᠯᠠᠭᠠᠭᠰᠠᠨ ᠢᠶᠠᠷ᠂ ︽ᠯᠧᠢ ᠹᠧᠩ ᠲᠡᠷᠭᠡᠨ ᠠᠩᠭᠢ︾ ᠪᠣᠯ ᠮᠠᠨ ᠤ ᠬᠤᠰᠢᠭᠤᠨ ᠤ ᠲᠣᠭᠤᠷᠢᠨ ᠵᠤᠭᠠᠴᠠᠬᠤ ᠲᠦᠷᠢᠶᠡᠰᠦᠨ ᠲᠡᠷᠭᠡᠨ ᠤ ᠠᠵᠢᠯ ᠲᠥᠷᠥᠯ ᠤᠨ ᠲᠡᠷᠢᠭᠦᠨ ᠤ ᠬᠢ ᠪᠣᠯᠬᠤ ᠪᠠᠷ ᠴᠢᠷᠮᠠᠶᠢᠵᠤ ᠰᠢᠯᠢᠳᠡᠭ ᠢ ᠡᠭᠦᠳᠦᠭᠰᠡᠨ ᠵᠢᠱᠢᠶ᠎ᠡ ᠦᠵᠡᠭᠦᠯᠬᠦ ᠲᠡᠷᠭᠡᠨ ᠤ ᠠᠩᠭᠢ ᠪᠣᠯᠤᠨ᠎ᠠ᠂ ᠲᠦᠷᠦᠭᠦᠦ ᠪᠦᠯᠦᠭ ᠤᠨ ︽ᠯᠧᠢ ᠹᠧᠩ ᠲᠡᠷᠭᠡᠨ ᠠᠩᠭᠢ︾᠎ ᠳᠤ ᠨᠡᠶᠢᠲᠡ 17 ᠬᠥᠮᠦᠨ ᠪᠣᠶ᠂ ᠳᠠᠷᠠᠭᠠᠴᠢ ᠶᠢᠨ ᠠᠯᠬᠤᠮ ᠳᠤ᠂ ᠬᠥᠳᠡᠯᠦᠩᠭᠦᠶ ᠲᠣᠬᠢᠷᠠᠭᠤᠯᠤᠯᠲᠠ ᠬᠢᠬᠦ ᠵᠠᠷᠴᠢᠮ ᠢᠶᠠᠷ ᠮᠠᠰᠢᠨ ᠲᠡᠷᠭᠡ᠂ ᠵᠢᠯᠣᠭᠤᠴᠢ ᠶᠢᠨ ᠬᠢᠷᠢ ᠬᠡᠮ ᠨᠥᠬᠦᠴᠡᠯ ᠢ ᠴᠢᠩᠭ᠎ᠠ ᠠᠳᠬᠤᠵᠤ᠂ ᠦᠷᠭᠦᠯᠵᠢᠯᠡᠨ ᠰᠢᠯᠢᠳᠡᠭ ᠢ ᠨᠢ ᠰᠣᠩᠭᠤᠵᠤ ᠡᠩᠨᠡᠭᠡ ᠶᠢ ᠪᠤᠵᠠᠭᠠᠶᠢᠷᠠᠭᠤᠯᠤᠨ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠶᠯᠡᠳᠦᠯ ᠢ ᠰᠠᠶᠢᠲᠤᠷ  ᠪᠠᠳᠠᠷᠠᠭᠤᠯᠵᠤ᠂ ᠨᠡᠶᠢᠭᠡᠮ ᠤᠨ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠦᠶᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠨᠡᠶᠢᠭᠡᠮ ᠤᠨ ᠰᠢᠨ᠎ᠡ ᠰᠤᠷᠲᠠᠯ ᠢ ᠬᠥᠲᠥᠯᠥᠨ ᠵᠢᠯᠣᠭᠤᠳᠴᠤ᠂  ᠲᠦᠷᠢᠶᠡᠰᠦᠨ ᠲᠡᠷᠭᠡᠨ ᠤ ᠠᠵᠢᠯ ᠲᠥᠷᠥᠯ ᠤᠨ ᠢᠳᠡᠪᠬᠢ ᠬᠦᠴᠦᠨ ᠢ ᠳᠠᠮᠵᠢᠭᠤᠯᠵᠤ᠂ ᠦᠵᠡᠰᠬᠦᠯᠡᠩᠲᠦ ᠰᠠᠶᠢᠬᠠᠨ ᠰᠥᠨᠢᠳ ᠪᠠᠷᠠᠭᠤᠨ ᠬᠤᠰᠢᠭᠤᠨ ᠤ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠪᠣᠯᠤᠨ᠎ᠠ᠃    ᠰᠤᠷᠪᠤᠯᠵᠢᠯᠠᠭ᠎ᠠ᠄ ᠯᠧᠢ ᠹᠧᠩ ᠲᠡᠷᠭᠡᠨ ᠠᠩᠭᠢ ᠶᠢᠨ ᠳᠠᠷᠤᠭ᠎ᠠ ᠶᠠᠩ ᠶᠦᠩ᠄ ︽ᠯᠧᠢ ᠹᠧᠩ ᠲᠡᠷᠭᠡᠨ ᠠᠩᠭᠢ︾ ᠵᠢᠩᠬᠢᠨᠢ ᠪᠠᠷ ᠪᠠᠶᠢᠭᠤᠯᠤᠭᠳᠠᠯ᠎ᠠ᠂ ᠮᠢᠨᠤ ᠬᠠᠷᠢᠭᠤᠴᠠᠯᠭ᠎ᠠ ᠨᠠᠩ ᠬᠦᠨᠳᠦ ᠪᠣᠯᠤᠭᠰᠠᠨ ᠰᠢᠭ ᠰᠠᠨᠠᠭᠳᠠᠵᠤ ᠪᠠᠶᠢᠨ᠎ᠠ᠂ ᠦᠵᠡᠰᠬᠦᠯᠡᠩᠲᠦ ᠰᠠᠶᠢᠬᠠᠨ ᠰᠥᠨᠢᠳ ᠪᠠᠷᠠᠭᠤᠨ ᠬᠤᠰᠢᠭᠤᠨ ᠤ ᠲᠥᠯᠥᠭᠡ᠂ ᠪᠢᠳᠡ ᠨᠠᠩ ᠣᠯᠠᠨ ᠢᠳᠡᠪᠬᠢ ᠬᠦᠴᠦᠨ ᠎ ᠢ ᠳᠠᠮᠵᠢᠭᠤᠯᠤᠨ᠎ᠠ᠃    ᠰᠤᠷᠪᠤᠯᠵᠢᠯᠠᠭ᠎ᠠ᠄ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠤᠮᠳᠠ ᠠᠩᠭᠢ ᠶᠢᠨ ᠳᠠᠷᠤᠭ᠎ᠠ  ᠯᠢ ᠱᠤ᠋ ᠴᠠᠩ᠄  ︽ᠯᠧᠢ ᠹᠧᠩ ᠲᠡᠷᠭᠡᠨ ᠠᠩᠭᠢ︾᠎ ᠶᠢ ᠵᠣᠬᠢᠶᠠᠨ ᠪᠠᠶᠢᠭᠤᠯᠤᠭᠰᠠᠨ ᠨᠢ ᠲᠦᠷᠢᠶᠡᠰᠦᠨ ᠲᠡᠷᠭᠡᠨ ᠤ ᠠᠵᠢᠯ ᠲᠥᠷᠥᠯ ᠤᠨ ᠥᠪᠡᠷᠮᠢᠴᠡ ᠳᠠᠪᠠᠭᠤᠯᠢᠭ ᠢ ᠪᠠᠳᠠᠷᠠᠭᠤᠯᠵᠤ᠂ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠠᠶᠢᠨ ᠳᠤᠷ᠎ᠠ ᠶᠢᠨ ᠦᠶᠯᠡᠴᠢᠯᠡᠭᠡ ᠥᠷᠨᠢᠭᠦᠯᠬᠦ ᠶᠢ ᠵᠤᠷᠢᠭᠰᠠᠨ ᠶᠤᠮ᠃ ᠬᠤᠶᠢᠰᠢᠳᠠ ᠮᠠᠨ ᠤ ᠶᠡᠭᠡ ᠠᠩᠭᠢ ᠨᠢ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠲᠥᠪ ᠲᠠᠢ ᠢᠳᠡᠪᠬᠢᠲᠡᠶ ᠬᠠᠮᠵᠢᠯᠴᠠᠵᠤ᠂ ᠣᠯᠠᠨ ᠶᠠᠩᠵᠤ ᠬᠡᠯᠪᠡᠷᠢ ᠶᠢᠨ᠂ ᠡᠯᠪᠡᠭ ᠪᠠᠶᠠᠯᠢᠭ ᠠᠭᠤᠯᠭ᠎ᠠ ᠲᠠᠢ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃    ᠶᠣᠰᠣᠯᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠬᠠᠮᠲᠤ ᠪᠠᠷ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠲᠥᠪ ᠤᠨ ᠦᠵᠡᠭᠦᠯᠦᠯᠭᠡ ᠶᠢᠨ ᠲᠢᠩᠬᠢᠮ ᠢ ᠲᠣᠭᠤᠷᠢᠨ  ᠦᠵᠡᠵᠡᠢ᠃    ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠎ ᠶᠢᠨ ᠲᠥᠪ᠂ ᠰᠣᠶᠣᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ︽ᠯᠧᠢ ᠹᠧᠩ ᠲᠡᠷᠭᠡᠨ ᠠᠩᠭᠢ︾ ᠠᠵᠢᠯᠯᠠᠭ᠎ᠠ ᠳᠤ ᠣᠷᠣᠯᠴᠠᠪᠠ  ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号