209 ᠤᠯᠤᠰ ᠤᠨ ᠵᠠᠮ ᠤᠨ ᠰᠥᠨᠢᠳ ᠪᠠᠷᠠᠭᠤᠨ ᠬᠤᠰᠢᠭᠤᠨ ᠤ ᠬᠢᠯᠢ ᠳᠣᠲᠣᠷᠠᠬᠢ ᠵᠠᠮ ᠤᠨ ᠬᠡᠰᠡᠭ ᠢ ᠬᠠᠭᠠᠰ ᠪᠢᠳᠡᠭᠦᠮᠵᠢᠯᠡᠨ ᠵᠠᠰᠠᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2023/6/12
   209 ᠤᠯᠤᠰ ᠤᠨ ᠵᠠᠮ ᠤᠨ ᠰᠥᠨᠢᠳ ᠪᠠᠷᠠᠭᠤᠨ ᠬᠤᠰᠢᠭᠤᠨ ᠤ ᠬᠢᠯᠢ ᠳᠣᠲᠣᠷᠠᠬᠢ K157 + 600 — K201 + 383 ︵ᠰᠥᠨᠢᠳ ᠪᠠᠷᠠᠭᠤᠨ ᠬᠤᠰᠢᠭᠤ ᠠᠴᠠ ᠳᠥᠷᠪᠡᠳ ᠬᠤᠰᠢᠭᠤ ᠬᠥᠷᠬᠦ︶ ᠬᠦᠷᠬᠦ 43.783 ᠺᠢᠯᠣᠮᠧᠲᠷ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠡᠬᠢᠯᠡᠭᠦᠯᠬᠦ ᠪᠠᠷ ᠪᠤᠢ᠂ ᠵᠠᠰᠠᠮᠠᠯ ᠵᠠᠮ ᠢ ᠰᠡᠯᠪᠢᠨ ᠵᠠᠰᠠᠬᠤ ᠠᠵᠢᠯ ᠤᠨ ᠶᠠᠰᠤ ᠴᠢᠨᠠᠷ ᠪᠠ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠰᠡᠯᠪᠢᠨ ᠵᠠᠰᠠᠬᠤ ᠵᠠᠮ ᠤᠨ ᠬᠡᠰᠡᠭ ᠲᠤ ᠬᠠᠭᠠᠰ ᠵᠠᠮ ᠢ ᠨᠢ ᠪᠢᠲᠡᠭᠦᠮᠵᠢᠯᠡᠨ᠂ ᠬᠠᠭᠠᠰ ᠵᠠᠮ ᠢᠶᠠᠷ ᠨᠢ ᠬᠤᠤᠰ ᠴᠢᠭᠯᠡᠯ ᠎ ᠢᠶᠠᠷ ᠲᠡᠷᠭᠡ ᠨᠡᠪᠲᠡᠷᠡᠭᠦᠯᠬᠦ ᠠᠷᠭ᠎ᠠ ᠬᠡᠮᠵᠢᠶ᠎ᠡ ᠠᠪᠬᠤ ᠪᠠᠷ ᠲᠣᠭᠲᠠᠪᠠ᠃    ᠪᠢᠳᠡᠭᠦᠮᠵᠢᠯᠡᠬᠦ ᠴᠠᠭ ᠬᠤᠭᠤᠴᠠᠭ᠎ᠠ᠄ 2023 ᠣᠨ ᠤ 6 ᠰᠠᠷ᠎ᠠ ᠶᠢᠨ 18᠎ ᠤ ᠡᠳᠦᠷ ᠠᠴᠠ 2023 ᠣᠨ ᠤ 9 ᠰᠠᠷ᠎ᠠ ᠶᠢᠨ 30᠎ ᠤ ᠡᠳᠦᠷ ᠪᠣᠯᠲᠠᠯ᠎ᠠ ︵ᠬᠡᠷᠪᠡ ᠪᠠᠷᠢᠯᠭ᠎ᠠ ᠳᠠᠭᠤᠰᠤᠭᠠᠳᠤᠶ ᠪᠣᠯ ᠪᠠᠷᠢᠯᠭ᠎ᠠ ᠳᠠᠭᠤᠰᠬᠤ ᠡᠳᠦᠷ ᠪᠣᠯᠲᠠᠯ᠎ᠠ ᠤᠷᠲᠤᠳᠬᠠᠨ᠎ᠠ︶᠂ ᠪᠢᠳᠡᠭᠦᠮᠵᠢᠯᠡᠭᠰᠡᠨ ᠵᠠᠮ ᠤᠨ ᠬᠡᠰᠡᠭ ᠢᠶᠠᠷ ᠥᠩᠭᠡᠷᠡᠬᠦ ᠲᠡᠷᠭᠡ ᠬᠥᠰᠬᠡ ᠲᠤᠬᠠᠶ ᠶᠢᠨ ᠲᠠᠯᠠᠪᠠᠶ ᠶᠢᠨ ᠵᠠᠮ ᠬᠠᠷᠢᠯᠴᠠᠭᠠᠨ ᠤ ᠵᠢᠭᠠᠯᠲᠠ ᠲᠡᠮᠳᠡᠭ ᠶᠣᠰᠣᠭᠠᠷ ᠨᠡᠪᠲᠡᠷᠡᠵᠦ᠂ ᠬᠤᠷᠳᠤᠴᠠ ᠪᠠᠨ ᠬᠠᠰᠤᠵᠤ ᠤᠳᠠᠭᠠᠨ ᠶᠠᠪᠤᠭᠠᠷᠠᠶ᠂ ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ ᠶᠢᠨ ᠠᠵᠢᠯᠲᠠᠨ ᠤ ᠵᠢᠯᠣᠭᠤᠳᠣᠯᠭ᠎ᠠ ᠶᠢ ᠳᠠᠭᠠᠬᠤ ᠬᠡᠷᠡᠭᠲᠡᠢ᠂ ᠪᠠᠷᠢᠯᠭ᠎ᠠ ᠶᠢᠨ ᠬᠡᠰᠡᠭ ᠲᠤ ᠲᠡᠷᠭᠡᠨ ᠤ ᠬᠤᠷᠳᠤᠴᠠ ᠶᠢ 40 ᠺᠢᠯᠣᠮᠧᠲᠷ / ᠴᠠᠭ ᠢᠶᠠᠷ ᠬᠢᠵᠠᠭᠠᠷᠯᠠᠨ᠎ᠠ᠃                  ᠰᠥᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ                  ᠰᠥᠨᠢᠳ ᠪᠠᠷᠠᠭᠤᠨ ᠬᠤᠰᠢᠭᠤᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠲᠥᠪ                            2023 ᠣᠨ ᠤ 6 ᠰᠠᠷ᠎ᠠ ᠶᠢᠨ 12᠎ ᠤᠨ ᠡᠳᠦᠷ
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号