ᠲᠣᠭᠯᠠᠯᠲᠠ ᠶᠢᠨ ᠬᠤᠭᠤᠴᠠᠭᠠᠨ ᠳᠤ ᠬᠡᠰᠡᠭ ᠵᠠᠮ ᠳᠤ ᠳᠥᠷ ᠴᠠᠭ ᠵᠠᠮ ᠬᠠᠷᠢᠯᠴᠠᠭᠠᠨ ᠤ ᠬᠠᠮᠢᠶᠠᠷᠤᠯᠲᠠ ᠶᠠᠪᠤᠭᠤᠯᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2023/6/16
    ᠪᠥᠬᠦ ᠣᠷᠣᠨ ᠤ ᠤᠯᠠᠭᠠᠨᠮᠥ᠋ᠴᠢᠷ ᠤᠨ ᠰᠠᠷ᠎ᠠ ᠶᠢᠨ ᠭᠤᠤᠯ ᠰᠡᠳᠦᠪᠲᠦ ᠠᠵᠢᠯᠯᠠᠭ᠎ᠠ ᠶᠢᠨ ᠲᠣᠭᠯᠠᠯᠲᠠ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ᠂ ᠡᠮᠬᠢ ᠵᠢᠷᠤᠮ ᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠎ ᠶᠢᠨ ᠭᠤᠴᠢ ᠶᠢᠰᠦᠳᠦᠭᠡᠷ ᠵᠦᠶᠯ ᠤᠨ ᠲᠣᠭᠲᠠᠭᠠᠯ ᠢ ᠦᠨᠳᠦᠰᠦᠯᠡᠨ᠂ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠎ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠵᠢᠯᠯᠠᠭᠠᠨ ᠤ ᠬᠤᠭᠤᠴᠠᠭᠠᠨ ᠳᠤ ᠲᠣᠭᠯᠠᠯᠲᠠ ᠶᠢᠨ ᠲᠠᠯᠠᠪᠠᠶ ᠶᠢᠨ ᠡᠷᠬᠢᠨ ᠲᠣᠭᠤᠷᠢᠨ ᠤ ᠬᠡᠰᠡᠭ ᠵᠠᠮ ᠳᠤ ᠲᠦᠷ ᠴᠠᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠠᠪᠤᠭᠤᠯᠬᠤ ᠪᠠᠷ ᠲᠣᠭᠲᠠᠪᠠ᠂ ᠡᠳᠦᠭᠡ ᠬᠠᠮᠢᠶ᠎ᠠ ᠪᠥᠬᠦᠢ ᠵᠦᠢᠯᠡᠰ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠬᠠᠮᠢᠶᠠᠷᠤᠯᠲᠠ ᠶᠢᠨ ᠴᠠᠭ ᠬᠤᠭᠤᠴᠠᠭ᠎ᠠ    2023 ᠣᠨ ᠤ 6 ᠰᠠᠷ᠎ᠠ ᠶᠢᠨ 16᠎ ᠤ ᠡᠳᠦᠷ ᠤᠨ ᠣᠷᠣᠶ ᠶᠢᠨ 19᠄ 30 —21᠄ 30 ᠴᠠᠭ ᠤᠨ ᠬᠤᠭᠤᠷᠤᠨᠳᠤ ᠪᠣᠯᠤᠨ᠎ᠠ᠃    ᠬᠤᠶᠠᠷ᠂ ᠬᠠᠮᠢᠶᠠᠷᠤᠯᠲᠠ ᠬᠢᠬᠦ ᠵᠠᠮ ᠤᠨ ᠬᠡᠰᠡᠭ    1. ᠰᠠᠶᠢᠬᠠᠨ ᠵᠡᠭᠡᠯᠢ ᠪᠣᠯᠤᠨ ᠪᠠᠶᠠᠨ ᠵᠠᠮ ᠤᠨ ᠠᠭᠤᠯᠵᠠᠷ ︵ᠬᠤᠣ ᠬᠠᠢ ᠽᠢ ᠬᠡᠦᠬᠡᠳ ᠤᠨ ᠴᠡᠴᠡᠷᠯᠢᠭ ᠤᠨ ᠵᠠᠮ ᠤᠨ ᠠᠭᠤᠯᠵᠠᠷ︶᠎ ᠤᠨ ᠬᠡᠰᠡᠭ ᠲᠤ ᠵᠠᠮ ᠬᠠᠷᠢᠯᠴᠠᠭᠠᠨ ᠤ ᠬᠠᠮᠢᠶᠠᠷᠤᠯᠲᠠ ᠶᠠᠪᠤᠭᠤᠯᠤᠨ᠎ᠠ᠃    2. ᠦᠵᠡᠮᠵᠢ ᠶᠢᠨ ᠶᠡᠭᠡ ᠵᠠᠮ ᠤᠨ ᠨᠠᠪᠴᠢᠨ ᠲᠠᠮᠠᠬᠢᠨ ᠤ ᠲᠤᠪᠴᠢᠶᠠᠨ ᠤ ᠲᠣᠨᠣᠯᠵᠢᠨ ᠵᠠᠮ ᠤᠨ ᠡᠮᠦᠨ᠎ᠡ ᠠᠴᠠ ᠬᠤᠶᠢᠰᠢ᠂ ᠪᠠᠷᠠᠭᠤᠨ ᠠᠴᠠ ᠵᠡᠭᠦᠨᠰᠢ ᠵᠠᠮ ᠤᠨ ᠬᠡᠰᠡᠭ ᠲᠤ ᠵᠠᠮ ᠬᠠᠷᠢᠯᠴᠠᠭᠠᠨ ᠤ ᠬᠠᠮᠢᠶᠠᠷᠤᠯᠲᠠ ᠶᠠᠪᠤᠭᠤᠯᠤᠨ᠎ᠠ᠃ ᠡᠮᠦᠨ᠎ᠡ ᠪᠠᠨ ᠢᠷᠡᠭᠰᠡᠨ ᠲᠡᠷᠭᠡ ᠤᠨᠤᠭ᠎ᠠ ᠬᠤᠰᠢᠭᠤ ᠵᠠᠰᠠᠭ ᠤᠨ ᠣᠷᠳᠣᠨ ᠤ ᠪᠠᠷᠠᠭᠤᠨ ᠲᠠᠯ᠎ᠠ ᠪᠠᠷ ᠲᠣᠭᠤᠷᠢᠵᠤ ᠶᠠᠪᠤᠭᠠᠷᠠᠶ᠃    3. ᠦᠵᠡᠮᠵᠢ ᠶᠢᠨ ᠶᠡᠭᠡ ᠵᠠᠮ ᠤᠨ ᠵᠠᠰᠠᠭ ᠤᠨ ᠣᠷᠳᠣᠨ ᠤ ᠲᠣᠨᠣᠯᠵᠢᠨ ᠵᠠᠮ ᠤᠨ ᠬᠤᠶᠢᠨ᠎ᠠ ᠠᠴᠠ ᠡᠮᠦᠨᠡᠰᠢ᠂ ᠵᠡᠭᠦᠨᠰᠢ᠂ ᠪᠠᠷᠠᠭᠤᠨ ᠠᠴᠠ ᠵᠡᠭᠦᠨᠰᠢ ᠵᠠᠮ ᠤᠨ ᠬᠡᠰᠡᠭ ᠲᠤ ᠵᠠᠮ ᠬᠠᠷᠢᠯᠴᠠᠭᠠᠨ ᠤ ᠬᠠᠮᠢᠶᠠᠷᠤᠯᠲᠠ ᠶᠠᠪᠤᠭᠤᠯᠤᠨ᠎ᠠ᠃ ᠬᠤᠶᠢᠨ᠎ᠠ ᠠᠴᠠ ᠢᠷᠡᠭᠰᠡᠨ ᠲᠡᠷᠭᠡ ᠬᠤᠰᠢᠭᠤ ᠵᠠᠰᠠᠭ ᠤᠨ ᠣᠷᠳᠣᠨ ᠤ ᠪᠠᠷᠠᠭᠤᠨ ᠲᠠᠯ᠎ᠠ ᠪᠠᠷ ᠲᠣᠭᠤᠷᠢᠵᠤ ᠶᠠᠪᠤᠭᠠᠷᠠᠶ  ᠃    4. ᠨᠤᠮᠤᠭᠠᠨ ᠵᠡᠭᠡᠯᠢ ᠪᠣᠯᠤᠨ ᠤᠯᠠᠭᠠᠨᠮᠥ᠋ᠴᠢᠷ ᠵᠠᠮ ᠤᠨ ᠠᠭᠤᠯᠵᠠᠷ ︵ᠠᠭᠤᠳᠠᠮ ᠲᠠᠯᠠᠪᠠᠶ ᠶᠢᠨ ᠵᠡᠭᠦᠨ ᠡᠮᠦᠨ᠎ᠡ ᠥᠨᠴᠥᠭ ᠲᠤ ᠪᠣᠶ︶᠎ ᠤᠨ ᠬᠡᠰᠡᠭ ᠲᠤ ᠵᠡᠭᠦᠨ ᠠᠴᠠ ᠪᠠᠷᠠᠭᠤᠨᠰᠢ ᠵᠠᠮ ᠬᠠᠷᠢᠯᠴᠠᠭᠠᠨ ᠤ ᠬᠠᠮᠢᠶᠠᠷᠤᠯᠲᠠ ᠶᠠᠪᠤᠭᠤᠯᠤᠨ᠎ᠠ᠃    5. ᠪᠠᠭᠠᠴᠤᠳ ᠤᠨ ᠣᠷᠳᠣᠨ ᠤ ᠵᠠᠮ ᠤᠨ ᠠᠭᠤᠯᠵᠠᠷ ᠠᠴᠠ ᠬᠤᠶᠢᠰᠢ ᠭᠠᠵᠠᠷ ᠰᠢᠷᠤᠢ ᠶᠢᠨ ᠲᠤᠪᠴᠢᠶᠠᠨ ᠤ ᠭᠡᠷ ᠪᠦᠯᠢ ᠶᠢᠨ ᠠᠰᠠᠷ ᠤᠨ T ᠬᠡᠯᠪᠡᠷᠢᠲᠦ ᠵᠠᠮ ᠤᠨ ᠠᠭᠤᠯᠵᠠᠷ ︵ᠴᠠ ᠴᠠ ᠬᠡᠲᠦ ᠳᠡᠯᠭᠡᠭᠦᠷ ᠤᠨ ᠵᠠᠮ ᠤᠨ ᠠᠭᠤᠯᠵᠠᠷ︶ ᠬᠦᠷᠲᠡᠯᠡᠬᠢ ᠵᠠᠮ ᠤᠨ ᠬᠡᠰᠡᠭ ᠲᠤ ᠵᠠᠮ ᠬᠠᠷᠢᠯᠴᠠᠭᠠᠨ ᠤ ᠬᠠᠮᠢᠶᠠᠷᠤᠯᠲᠠ ᠶᠠᠪᠤᠭᠤᠯᠤᠨ᠎ᠠ᠃    ᠭᠤᠷᠪᠠ᠂ ᠰᠠᠨᠠᠭᠤᠯᠤᠮᠵᠢ᠄    1. ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠤᠭᠤᠴᠠᠭᠠᠨ ᠳᠤ᠂ ᠡᠯ᠎ᠡ ᠲᠥᠷᠥᠯ ᠤᠨ ᠮᠠᠰᠢᠨᠲᠤ ᠲᠡᠷᠭᠡ ᠵᠠᠬᠢᠷᠤᠨ ᠬᠠᠮᠢᠶᠠᠷᠬᠤ ᠵᠠᠮ ᠤᠨ ᠬᠡᠰᠡᠭ ᠲᠤ ᠣᠷᠣᠬᠤ ᠶᠢ ᠴᠢᠩᠭ᠎ᠠ ᠴᠠᠭᠠᠵᠠᠯᠠᠨ᠎ᠠ᠃    2. ᠵᠠᠬᠢᠷᠤᠨ ᠬᠠᠮᠢᠶᠠᠷᠬᠤ ᠵᠠᠮ ᠤᠨ ᠬᠡᠰᠡᠭ ᠠᠴᠠ ᠭᠠᠳᠠᠨ᠎ᠠ ᠲᠡᠷᠭᠡ ᠵᠤᠭᠰᠤᠭᠠᠬᠤ ᠳᠤ ᠪᠠᠨ ᠬᠤᠯᠠ ᠵᠤᠭᠰᠤᠭᠠᠵᠤ᠂ ᠡᠮᠬᠢ ᠵᠢᠷᠤᠮ ᠲᠠᠢ ᠪᠠᠷ ᠵᠤᠭᠰᠤᠭᠠᠬᠤ ᠬᠡᠷᠡᠭᠲᠡᠢ᠂ ᠲᠡᠷᠭᠡ ᠪᠠᠨ ᠵᠤᠭᠰᠤᠭᠠᠯ ᠳᠤ ᠨᠢ ᠤᠷᠤᠭᠤᠯᠵᠤ ᠵᠤᠭᠰᠤᠭᠠᠨ᠂ ᠮᠠᠰᠢᠨᠲᠤ ᠪᠤᠰᠤ ᠲᠡᠷᠭᠡᠨ ᠤ ᠵᠠᠮ ᠢ ᠡᠵᠡᠯᠡᠬᠦ ᠶᠢ ᠴᠢᠩᠭ᠎ᠠ ᠴᠠᠭᠠᠵᠠᠯᠠᠨ᠎ᠠ᠃    3. ᠬᠠᠮᠢᠶ᠎ᠠ ᠪᠥᠬᠦᠶ ᠣᠷᠣᠨ ᠪᠦᠰᠡ ᠪᠠᠷ ᠥᠩᠭᠡᠷᠡᠬᠦ ᠳᠤ ᠪᠠᠨ ᠬᠤᠷᠳᠤᠴᠠ ᠪᠠᠨ ᠬᠠᠰᠤᠵᠤ ᠤᠳᠠᠭᠠᠨ ᠶᠠᠪᠤᠭᠠᠷᠠᠶ᠂ ᠵᠠᠮ ᠬᠠᠷᠢᠯᠴᠠᠭᠠᠨ ᠤ ᠳᠣᠬᠢᠶᠠᠨ ᠳ᠋ᠧᠩ ᠤᠨ ᠰᠠᠨᠠᠭᠤᠯᠤᠮᠵᠢ ᠶᠢ ᠦᠨᠳᠦᠰᠦᠯᠡᠬᠦ ᠶᠢᠨ ᠬᠠᠮᠲᠤ ᠲᠤᠬᠠᠶ ᠎ ᠶᠢᠨ ᠲᠠᠯᠠᠪᠤᠷ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠣᠭᠤᠳᠣᠯᠭ᠎ᠠ ᠶᠢ ᠳᠠᠭᠠᠵᠤ᠂ ᠡᠮᠬᠢ ᠵᠢᠷᠤᠮ ᠲᠠᠢ ᠨᠡᠪᠲᠡᠷᠡᠨ᠂ ᠳᠤᠷ᠎ᠠ ᠪᠠᠷ ᠲᠡᠷᠭᠡ ᠵᠣᠭᠰᠣᠭᠠᠬᠤ ᠥᠬᠡᠶ᠂ ᠪᠤᠰᠤᠳ ᠲᠡᠷᠭᠡ ᠪᠤᠶᠤ ᠶᠠᠪᠠᠭᠠᠨ ᠬᠥᠮᠦᠨ ᠤ ᠬᠡᠪ ᠤᠨ ᠨᠡᠪᠲᠡᠷᠡᠬᠦ ᠶᠢ ᠨᠥᠯᠥᠭᠡᠯᠡᠬᠦ ᠥᠬᠡᠶ ᠪᠠᠶᠢᠬᠤ ᠬᠡᠷᠡᠭᠲᠡᠢ᠃    4. ᠠᠵᠢᠯᠯᠠᠭ᠎ᠠ ᠶᠢᠨ ᠬᠤᠭᠤᠴᠠᠭᠠᠨ ᠳᠤ ᠥᠷᠭᠡᠨ ᠣᠯᠠᠨ ᠲᠦᠮᠡᠨ ᠤ ᠠᠯᠢ ᠴᠢᠳᠠᠬᠤ ᠪᠠᠷ ᠶᠠᠪᠠᠭᠠᠨ ᠪᠤᠶᠤ ᠳᠤᠭᠤᠢ ᠤᠨᠤᠬᠤ ᠵᠡᠷᠭᠡ ᠪᠣᠬᠢᠷᠲᠤᠯ ᠥᠬᠡᠶ ᠶᠠᠪᠤᠵᠤ ᠰᠠᠭᠤᠬᠤ ᠠᠷᠭ᠎ᠠ ᠬᠡᠯᠪᠡᠷᠢ ᠶᠢ ᠰᠤᠩᠭᠤᠵᠤ᠂ ᠪᠣᠯᠪᠠᠰᠤᠨ ᠢᠶᠠᠷ ᠶᠠᠪᠤᠵᠤ ᠰᠠᠭᠤᠬᠤ ᠶᠢ ᠰᠠᠨᠠᠭᠠᠴᠢᠯᠠᠶ᠎ᠠ᠃                 ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ                         ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                           2023 ᠣᠨ ᠤ 6 ᠰᠠᠷ᠎ᠠ ᠶᠢᠨ 15᠎ ᠤ ᠡᠳᠦᠷ
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号