︽ᠤᠯᠠᠭᠠᠨᠮᠥ᠋ᠴᠢᠷ + ᠤᠯᠠᠭᠠᠨ ᠪᠣᠭᠴᠣ︾ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠶᠯᠡᠴᠢᠯᠡᠭᠡ ᠦᠨᠳᠦᠰᠦᠨ ᠱᠠᠲᠤᠨ ᠳᠤ ᠬᠦᠷᠦᠯ᠎ᠡ
ᠨᠡᠶᠢᠲᠡᠯᠡᠭᠰᠡᠨ ᠴᠠᠭ᠄
2023/6/17
   ᠤᠶᠢᠷ᠎ᠠ ᠳᠤ᠂ ︽ᠤᠯᠠᠭᠠᠨᠮᠥ᠋ᠴᠢᠷ + ᠤᠯᠠᠭᠠᠨ ᠪᠣᠭᠴᠣ︾ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠶᠯᠡᠴᠢᠯᠡᠭᠡ ᠵᠢᠷᠦᠬᠡ ᠪᠠᠯᠭᠠᠰᠤᠨ ᠤ ᠪᠠᠶᠠᠨᠳᠡᠯᠭᠡᠷ ᠭᠠᠴᠠᠭᠠᠨ ᠳᠤ ᠬᠦᠷᠴᠦ᠂ ᠨᠠᠮ ᠤᠨ ᠬᠤᠷᠢᠳᠤᠭᠠᠷ ᠶᠡᠭᠡ ᠬᠤᠷᠠᠯ  ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠦᠨᠳᠦᠰᠦᠨ ᠱᠠᠲᠤᠨ ᠤ ᠲᠥᠪᠯᠡᠷᠡᠩᠭᠦᠶ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠳᠤ ᠪᠠᠶᠠᠷ ᠪᠠᠶᠠᠰᠤᠯ᠂ ᠵᠣᠷᠢᠭ ᠰᠠᠨᠠᠭ᠎ᠠ᠂ ᠦᠶᠯᠡᠴᠢᠯᠡᠭᠡ ᠬᠦᠷᠭᠡᠵᠡᠢ᠃    ᠨᠠᠮ ᠤᠨ ᠭᠡᠰᠢᠭᠦᠨ ᠭᠤᠤᠯᠳᠠᠯᠭᠠᠲᠤ ᠡᠷᠦᠬᠡ ᠲᠤᠶᠠᠭ᠎ᠠ ᠶᠢᠨ ᠳᠤ᠂ ᠤᠯᠠᠭᠠᠨᠮᠥ᠋ᠴᠢᠷ ᠤᠨ ᠭᠡᠰᠢᠭᠦᠳ ᠤᠶᠠᠩᠭᠠᠲᠦ ᠳᠠᠭᠤᠤ ᠬᠠᠩᠭᠢᠨᠠᠭᠤᠯᠤᠨ᠂ ᠤᠷᠠᠨ ᠪᠥᠵᠢᠭ ᠨᠠᠬᠢᠯᠵᠠᠭᠤᠯᠤᠨ᠂ ᠬᠦᠷᠦᠯᠴᠡᠨ ᠢᠷᠡᠭᠰᠡᠨ ᠮᠠᠯᠴᠢᠳ ᠢᠶᠠᠨ ᠪᠠᠶᠠᠰᠬᠠᠭᠰᠠᠨ ᠤ ᠬᠠᠮᠲᠤ᠂ ︽ᠰᠢᠨ᠎ᠡ ᠠᠶᠠᠨ ᠵᠠᠮ ᠰᠢᠨ᠎ᠡ ᠡᠭᠦᠷᠭᠡ ᠬᠠᠷᠢᠭᠤᠴᠠᠯᠭ᠎ᠠ︾ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠵᠦ᠂ ᠠᠮᠢᠳᠤᠯᠢᠭ ᠤᠶᠢᠯᠠᠭᠠᠮᠵᠢᠲᠠᠢ ᠦᠭᠡ ᠶᠠᠷᠢᠶ᠎ᠠ ᠪᠠᠷ ᠤᠯᠠᠨ ᠲᠥᠮᠡᠨ ᠳᠤ ᠵᠤᠷᠢᠭ ᠰᠠᠨᠠᠭ᠎ᠠ᠂ ᠲᠥᠷᠦ ᠶᠢᠨ ᠪᠤᠳᠤᠯᠭ᠎ᠠ ᠶᠢ ᠤᠶᠢᠯᠠᠭᠠᠭᠤᠯᠵᠠᠢ᠃    ᠲᠣᠭᠯᠠᠯᠲᠠ ᠳᠠᠭᠤᠰᠤᠭᠰᠠᠨ ᠤ ᠳᠠᠷᠠᠭ᠎ᠠ᠂ ᠡᠮ ᠡᠮᠴᠢᠯᠡᠭᠡ᠂ ᠬᠠᠤᠯᠢ ᠴᠠᠭᠠᠵᠠ᠂ ᠲᠠᠷᠢᠶᠠᠯᠠᠩ ᠮᠠᠯ ᠠᠵᠤ ᠠᠬᠤᠶ ᠂ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠵᠡᠷᠭᠡ ᠶᠢ ᠬᠠᠮᠤᠷᠤᠭᠰᠠᠨ ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠮᠠᠯᠴᠢᠨ ᠲᠦᠮᠡᠨ ᠳᠤ ᠦᠢᠯᠡᠴᠢᠯᠡᠭᠡ ᠬᠠᠩᠭᠠᠵᠤ᠂ ᠤᠯᠠᠭᠠᠨᠮᠥ᠋ᠴᠢᠷ ᠤᠨ ᠭᠡᠰᠢᠭᠦᠳ ᠪᠠᠰᠠ ᠮᠠᠯᠴᠢᠳ ᠢ ᠬᠠᠪᠰᠤᠷᠤᠨ ᠬᠤᠨᠢ ᠬᠠᠶᠢᠴᠢᠯᠠᠵᠤ᠂ ᠬᠥᠳᠡᠯᠮᠦᠷᠢ ᠳᠤ ᠤᠷᠤᠯᠴᠠᠵᠠᠢ᠃    ᠮᠤᠩᠭᠤᠯ ᠰᠤᠷᠪᠤᠯᠵᠢᠯᠠᠭ᠎ᠠ᠄  ︵ᠮᠠᠯᠴᠢᠨ ᠲᠤᠶᠠᠭ᠎ᠠ᠄ ᠤᠯᠠᠭᠠᠨᠮᠥ᠋ᠴᠢᠷ ᠤᠨ ᠬᠢᠨ ᠮᠠᠨ ᠤ ᠭᠠᠴᠠᠭᠠᠨ ᠳᠤ ᠢᠷᠡᠵᠦ ᠲᠣᠭᠯᠠᠯᠲᠠ ᠭᠠᠷᠭᠠᠭᠰᠠᠨ ᠪᠥᠭᠡᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠯ᠎ᠠ᠂ ᠲᠣᠭᠯᠠᠯᠲᠠ ᠮᠠᠰᠢ ᠰᠠᠶᠢᠬᠠᠨ ᠪᠤᠯᠤᠭᠰᠠᠨ᠂ ᠰᠠᠶᠢᠨ ᠳᠤᠷᠠᠴᠤᠳ ᠤᠨ ᠦᠶᠯᠡᠴᠢᠯᠡᠭᠡᠨ  ᠤ ᠠᠩᠭᠢ ᠪᠠᠰᠠ ᠪᠢᠳᠡᠨ ᠳᠤ ᠨᠠᠮ ᠤᠨ ᠲᠥᠷᠥ ᠶᠢᠨ ᠪᠣᠳᠣᠯᠭ᠎ᠠ᠂ ᠮᠠᠯ ᠠᠵᠤ ᠠᠬᠤᠶ ᠶᠢᠨ ᠮᠡᠳᠡᠯᠭᠡ᠂ ᠬᠠᠤᠯᠢ ᠴᠠᠭᠠᠵᠠ ᠶᠢᠨ ᠮᠡᠳᠡᠯᠭᠡ ᠶᠢ ᠠᠪᠴᠢᠷᠠᠭᠰᠠᠨ ᠪᠥᠭᠡᠳ ᠪᠢᠳᠡᠨ ᠳᠤ ᠬᠤᠨᠢ ᠬᠠᠶᠢᠴᠢᠯᠠᠵᠤ ᠥᠭᠭᠦᠭᠰᠡᠨ ᠳᠤ ᠮᠠᠰᠢ ᠪᠠᠶᠠᠷᠯᠠᠵᠤ ᠪᠠᠶᠢᠨ᠎ᠠ᠃ ᠨᠠᠮ ᠤᠨ ᠤᠳᠤᠷᠢᠳᠤᠯᠭ᠎ᠠ ᠳᠣᠤᠷ᠎ᠠ᠂ ᠪᠢᠳᠡᠨ ᠤ ᠠᠮᠢᠳᠤᠷᠠᠯ ᠤᠯᠠᠮ ᠠᠴᠠ ᠤᠯᠠᠮ ᠰᠠᠶᠢᠨ ᠪᠣᠯᠬᠤ ᠶᠢ ᠪᠢ ᠢᠲᠡᠭᠡᠵᠦ ᠪᠠᠶᠢᠨ᠎ᠠ᠃︶    ᠡᠳᠦᠭᠡ᠂ ︽ᠤᠯᠠᠭᠠᠨᠮᠥ᠋ᠴᠢᠷ +︾ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠶᠯᠡᠴᠢᠯᠡᠭᠡ ᠨᠢ ᠡᠯ᠎ᠡ ᠰᠠᠯᠠᠭ᠎ᠠ ᠮᠥᠴᠢᠷ ᠪᠣᠯᠤᠨ ᠠᠵᠢᠯ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠤᠯᠠᠭᠠᠨ ᠪᠣᠭᠴᠣ︾ ᠵᠡᠷᠭᠡ ᠰᠠᠶᠢᠨ ᠳᠤᠷ᠎ᠠ ᠶᠢᠨ ᠦᠶᠯᠡᠴᠢᠯᠡᠭᠡ ᠲᠠᠢ ᠪᠦᠲᠦᠮᠵᠢᠲᠡᠶ ᠤᠶᠠᠯᠳᠤᠭᠤᠯᠤᠨ᠂ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠣᠯᠪᠠᠰᠤᠨ ᠳᠠᠳᠬᠠᠯ᠂ ᠰᠢᠨᠵᠢᠯᠡᠬᠦ ᠤᠬᠠᠭᠠᠨ  ᠢ ᠲᠦᠭᠡᠮᠡᠯᠵᠢᠭᠦᠯᠬᠦ ᠤᠬᠠᠭᠤᠯᠭ᠎ᠠ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠦᠨᠳᠦᠰᠦᠲᠡᠨ ᠤ ᠪᠦᠯᠬᠦᠮᠳᠡᠯ ᠵᠡᠷᠭᠡ ᠪᠣᠯᠪᠠᠰᠤᠨ ᠦᠶᠯᠡᠳᠦᠯᠭᠡ ᠶᠢᠨ ᠲᠥᠷᠥᠯ ᠵᠦᠶᠯ ᠤᠨ ᠲᠣᠭᠤᠷᠢᠨ ᠳᠤ ᠦᠶᠯᠡᠴᠢᠯᠡᠭᠡ ᠬᠠᠩᠭᠠᠵᠤ᠂ ᠰᠢᠨ᠎ᠡ ᠴᠠᠭ ᠦᠶ᠎ᠡ  ᠶᠢᠨ ᠪᠣᠯᠪᠠᠰᠤᠨ ᠦᠶᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠨᠠᠮ ᠤᠨ ᠬᠤᠷᠢᠳᠤᠭᠠᠷ ᠶᠡᠭᠡ ᠬᠤᠷᠠᠯ  ᠤᠨ ᠵᠣᠷᠢᠭ ᠰᠠᠨᠠᠭᠠᠨ ᠤ ᠤᠬᠠᠭᠤᠯᠤᠯᠲᠠ ᠨᠠᠶᠢᠳᠠᠪᠦᠷᠢᠵᠢᠭᠤᠯᠤᠯᠲᠠ ᠶᠢ ᠤᠯᠠᠮ ᠨᠢᠭᠡ ᠠᠯᠬᠤᠮ ᠳᠦᠯᠬᠢᠨ ᠠᠬᠢᠭᠤᠯᠵᠤ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号