2023 ᠣᠨ ᠤ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2023/6/6
    2023 ᠣᠨ ᠤ 6 ᠰᠠᠷ᠎ᠠ ᠶᠢᠨ 7᠂ 8 ᠬᠤᠶᠠᠷ ᠡᠳᠦᠷ ᠪᠣᠯ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠡᠳᠦᠷ ᠪᠣᠯᠤᠨ᠎ᠠ᠂ ᠰᠢᠯᠭᠠᠯᠲᠠ ᠶᠢᠨ ᠬᠤᠭᠤᠴᠠᠭᠠᠨ ᠳᠠᠬᠢ ᠰᠢᠯᠭᠠᠯᠲᠠ ᠶᠢᠨ ᠴᠡᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠰᠢᠯᠭᠠᠯᠲᠠ ᠶᠢᠨ ᠬᠤᠭᠤᠴᠠᠭᠠᠨ ᠳᠠᠬᠢ ᠬᠠᠷᠢᠶ᠎ᠠ ᠣᠷᠣᠨ ᠤ ᠵᠠᠮ ᠬᠠᠷᠢᠯᠴᠠᠭᠠᠨ ᠤ ᠡᠮᠬᠢ ᠳᠢᠭᠯᠢᠮ ᠲᠠᠢ ᠰᠠᠭᠠᠳ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠥᠷᠭᠡᠨ ᠣᠯᠠᠨ ᠰᠢᠯᠭᠠᠭᠤᠯᠤᠭᠴᠢ ᠳᠤ ᠳᠠᠭᠠᠯᠠᠮᠵᠢᠲᠠᠢ ᠰᠢᠯᠭᠠᠯᠲᠠ ᠶᠢᠨ ᠣᠷᠴᠢᠨ ᠨᠥᠬᠦᠴᠡᠯ ᠬᠠᠩᠭᠠᠬᠤ ᠶᠢᠨ ᠲᠥᠯᠦᠭᠡ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠠᠷᠢᠶᠠᠲᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠯᠤᠰ ᠤᠨ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠤ ᠠᠯᠪᠠᠨ ᠵᠠᠷᠯᠠᠯ ᠨᠡᠶᠢᠲᠡᠯᠡᠵᠦ᠂ ᠥᠷᠭᠡᠨ ᠣᠯᠠᠨ ᠵᠢᠯᠣᠭᠤᠴᠢ ᠨᠠᠷ ᠤᠨ ᠰᠢᠯᠭᠠᠭᠤᠯᠤᠭᠴᠢ ᠶᠢ ᠬᠠᠯᠠᠮᠵᠢᠯᠠᠨ ᠬᠠᠶᠢᠷᠠᠯᠠᠵᠤ᠂ ᠪᠣᠯᠪᠠᠰᠤᠨ ᠢᠶᠠᠷ ᠲᠡᠷᠭᠡ ᠵᠢᠯᠣᠭᠤᠳᠴᠤ᠂ ᠤᠯᠤᠰ ᠤᠨ ᠨᠢᠭᠡᠳᠦᠯᠲᠡᠶ ᠰᠢᠯᠭᠠᠯᠲᠠ ᠳᠤ ᠬᠦᠴᠦᠨ ᠨᠡᠮᠡᠷᠢᠯᠡᠬᠦ ᠶᠢ ᠰᠠᠨᠠᠭᠤᠯᠵᠤ ᠪᠠᠶᠢᠨ᠎ᠠ᠃     ᠬᠠᠮᠢᠶᠠᠷᠤᠯᠲᠠ ᠶᠢᠨ ᠴᠠᠭ᠄     6 ᠰᠠᠷ᠎ᠠ ᠶᠢᠨ 7 ᠤ ᠡᠳᠦᠷ᠄ ᠦᠳᠡ ᠶᠢᠨ ᠡᠮᠦᠨᠡᠬᠢ 8᠄ 00 —12᠄ 00                          ᠦᠳᠡ ᠶᠢᠨ ᠬᠤᠶᠢᠨ᠎ᠠ 14᠄ 00 —17᠄ 30     6 ᠰᠠᠷ᠎ᠠ ᠶᠢᠨ 8 ᠤ ᠡᠳᠦᠷ᠄ ᠦᠳᠡ ᠶᠢᠨ ᠡᠮᠦᠨᠡᠬᠢ 8᠄ 00 —12᠄ 00                          ᠦᠳᠡ ᠶᠢᠨ ᠬᠤᠶᠢᠨ᠎ᠠ 14᠄ 00 —17᠄ 30     ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠵᠠᠮ ᠤᠨ ᠬᠡᠰᠡᠭ᠄ ᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠡᠭᠦᠳᠡᠨ ᠤ ᠵᠠᠮ ᠤᠨ ᠭᠡᠰᠡᠭ ᠲᠤ ᠡᠮᠦᠨ᠎ᠡ ᠠᠴᠠ ᠬᠤᠶᠢᠰᠢ᠂ ᠬᠤᠶᠢᠨ᠎ᠠ ᠠᠴᠠ ᠡᠮᠦᠨᠡᠰᠢ ᠨᠡᠪᠲᠡᠷᠡᠬᠦ ᠵᠠᠮ᠃                    ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ                    ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                        2023 ᠣᠨ ᠤ 6 ᠰᠠᠷ᠎ᠠ ᠶᠢᠨ 6 ᠤ ᠡᠳᠦᠷ     ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠨᠠᠭᠤᠯᠤᠮᠵᠢ᠄ ᠥᠷᠭᠡᠨ ᠣᠯᠠᠨ ᠰᠢᠯᠭᠠᠭᠤᠯᠤᠭᠴᠢ ᠵᠢᠴᠢ ᠬᠡᠷ ᠤᠨ ᠠᠬᠠᠮᠠᠳ ᠰᠢᠯᠭᠠᠯᠲᠠ ᠶᠢᠨ ᠲᠠᠯᠠᠪᠤᠷ ᠤᠨ ᠡᠷᠬᠢᠨ ᠲᠣᠭᠤᠷᠢᠨ ᠤ ᠵᠠᠮ ᠤᠨ ᠪᠠᠶᠢᠳᠠᠯ ᠢ ᠤᠷᠢᠳᠴᠢᠯᠠᠨ ᠣᠶᠢᠯᠠᠭᠠᠵᠤ᠂ ᠶᠠᠪᠤᠵᠤ ᠰᠠᠭᠤᠬᠤ ᠠᠷᠭ᠎ᠠ ᠬᠡᠯᠪᠡᠷᠢ ᠵᠢᠴᠢ ᠵᠠᠮ ᠱᠤᠭᠤᠮ ᠢ ᠵᠦᠶ ᠵᠣᠬᠢᠰᠲᠠᠶ ᠰᠣᠩᠭᠤᠬᠤ ᠬᠡᠷᠡᠭᠲᠡᠶ᠃ ᠡᠭᠦᠨ ᠤ ᠬᠠᠮᠲᠤ᠂ ᠨᠡᠶᠢᠭᠡᠮ ᠤᠨ ᠪᠤᠰᠤᠳ ᠮᠠᠰᠢᠨ ᠲᠡᠷᠭᠡ ᠰᠢᠯᠭᠠᠯᠲᠠ ᠶᠢᠨ ᠲᠠᠯᠠᠪᠤᠷ ᠤᠨ ᠡᠷᠬᠢᠨ ᠲᠣᠭᠤᠷᠢᠨ ᠤ ᠵᠠᠮ ᠢᠶᠠᠷ ᠥᠩᠭᠡᠷᠡᠬᠦ ᠳᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠲᠡᠷᠭᠡᠨ ᠤ ᠬᠤᠷᠳᠤᠴᠠ ᠪᠠᠨ ᠪᠠᠭᠤᠷᠠᠭᠤᠯᠵᠤ᠂ ᠪᠦᠷᠢᠶ᠎ᠡ ᠳᠤᠤᠭᠠᠷᠭᠠᠬᠤ ᠦᠭᠡᠢ ᠪᠠᠶᠢᠵᠤ᠂ ᠡᠮᠬᠢ ᠳᠠᠷᠠᠭᠠᠯᠠᠯ ᠶᠣᠰᠣᠭᠠᠷ ᠨᠡᠪᠲᠡᠷᠡᠵᠦ᠂ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ᠂ ᠨᠠᠮ ᠵᠢᠮ ᠠᠮᠤᠷ ᠲᠥᠪᠰᠢᠨ ᠰᠢᠯᠭᠠᠯᠲᠠ ᠶᠢᠨ ᠣᠷᠴᠢᠨ ᠲᠣᠭᠤᠷᠢᠨ ᠢ ᠬᠠᠮᠲᠤ ᠪᠠᠷ ᠪᠣᠶ ᠪᠤᠯᠭᠠᠶ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号