ᠡᠵᠢ ᠶᠢᠨ ᠪᠦᠪᠡᠢ ᠲᠠᠢ ᠠᠮᠢᠳᠤᠷᠠᠯ
ᠨᠡᠶᠢᠲᠡᠯᠡᠭᠰᠡᠨ ᠴᠠᠭ᠄
2023/7/2
    ︽ᠤᠯᠤᠰ ᠤᠨ ᠬᠡᠦᠬᠡᠳ︾ ᠤᠨ ᠲᠤᠰᠬᠠᠢ ᠰᠤᠷᠪᠤᠯᠵᠢᠯᠠᠭ᠎ᠠ ᠪᠠᠷ ᠰᠦᠨᠢᠳ ᠪᠠᠷᠠᠭᠤᠨ ᠬᠤᠰᠢᠭᠤᠨ ᠤ ᠡᠷᠢᠶᠡᠨᠨᠠᠭᠤᠷ ᠰᠤᠮᠤᠨ ᠤ ᠠᠬᠠᠮᠠᠳ ᠺᠠᠳ᠋ᠷ ᠮᠠᠯᠴᠢᠨ ᠲᠦᠮᠡᠨᠪᠠᠶᠠᠷ ᠢ ᠰᠤᠷᠪᠤᠯᠵᠢᠯᠠᠪᠠ᠃ ᠲᠡᠷᠡ ᠪᠤᠯ ᠱᠠᠩᠬᠠᠢ ᠶᠢᠨ ᠭᠤᠷᠪᠠᠨ ᠮᠢᠩᠭᠠᠨ ᠦᠨᠦᠴᠢᠨ ᠬᠡᠦᠬᠡᠳ ᠤᠨ ᠨᠢᠬᠡ ᠶᠤᠮ᠃ 1960 ᠤᠨ ᠤ 8 ᠰᠠᠷ᠎ᠠ ᠳᠤ ᠱᠠᠩᠬᠠᠢ ᠬᠤᠳᠠ  ᠠᠴᠠ ᠦᠪᠦᠷ ᠮᠤᠩᠭᠤᠯ ᠤᠨ ᠪᠤᠭᠤᠳᠤ ᠳᠤ ᠨᠢᠭᠡ ᠪᠦᠯᠦᠭ ᠦᠨᠦᠴᠢᠨ ᠬᠡᠦᠬᠡᠳ ᠢ ᠬᠦᠷᠭᠡᠵᠦ ᠢᠷᠡᠭᠰᠡᠨ ᠪᠠᠶᠢᠨ᠎ᠠ᠃ ᠠᠳᠡ ᠠᠴᠠ ᠲᠠᠬᠢᠨ ᠨᠢᠭᠡ ᠪᠦᠯᠦᠭ ᠦᠨᠦᠴᠢᠨ ᠬᠡᠦᠬᠡᠳ ᠢ ᠪᠠᠷᠠᠭᠤᠨ ᠰᠦᠨᠢᠳ ᠲᠤ ᠬᠦᠷᠭᠡᠭᠰᠡᠨ ᠤ ᠲᠠᠷᠠᠭ᠎ᠠ᠂ ᠡᠷᠢᠶᠡᠨᠨᠠᠭᠤᠷ ᠰᠤᠮᠤᠨ ᠳᠤ 37 ᠦᠨᠦᠴᠢᠨ ᠬᠡᠦᠬᠡᠳ ᠢ ᠬᠤᠪᠢᠶᠠᠷᠢᠯᠠᠨ ᠬᠦᠷᠭᠡᠵᠦ᠂ ᠬᠤᠶᠠᠷ ᠠᠰᠠᠷᠠᠭᠴᠢ᠂ ᠨᠢᠭᠡ ᠲᠤᠭᠤᠭᠠᠴᠢ ᠨᠢᠭᠡ ᠡᠮᠴᠢ ᠲᠤᠬᠢᠷᠠᠭᠤᠯᠤᠨ᠂ ᠮᠠᠯᠴᠢᠳ ᠲᠤ ᠡᠷᠭᠦᠨ ᠲᠡᠵᠢᠭᠡᠯᠭᠡᠬᠦ ᠠᠵᠢᠯ ᠢᠶᠠᠨ ᠡᠬᠢᠯᠡᠭᠦᠯᠦᠭᠰᠡᠨ ᠪᠠᠶᠢᠨ᠎ᠠ᠃ ᠢᠩᠭᠢᠭᠡᠳ ᠲᠦᠮᠡᠨᠪᠠᠶᠠᠷ ᠢ ᠬᠦᠭᠵᠢᠯᠳᠤᠶᠠᠭ᠎ᠠ ᠪᠠᠷᠢᠭᠠᠳᠠ ᠶᠢᠨ ᠮᠠᠯᠴᠢᠨ ᠲᠠᠩᠰᠦ᠋ᠷᠦᠩ᠂ ᠴᠡᠷᠮ᠎ᠠ ᠬᠤᠶᠠᠷ ᠦᠷᠡᠴᠢᠯᠡᠨ ᠡᠷᠭᠦᠨ ᠠᠪᠤᠭᠰᠠᠨ ᠪᠠᠶᠢᠨ᠎ᠠ᠃ ᠢᠩᠭᠢᠭᠡᠳ ᠬᠡᠦᠬᠡᠳ ᠳᠤᠭᠲᠠᠳᠠᠭ ᠦᠭᠡᠢ ᠡᠨᠡ ᠠᠶᠢᠯ ᠲᠦᠮᠡᠨᠪᠠᠶᠠᠷ ᠢ ᠡᠷᠭᠦᠵᠦ ᠠᠪᠤᠭᠰᠠᠨ ᠠᠴᠠ ᠬᠤᠶᠢᠰᠢ ᠬᠤᠶᠠᠷ ᠬᠡᠦᠬᠡᠨ ᠨᠢᠭᠡ ᠬᠦᠦ ᠲᠥᠷᠦᠵᠦ᠂ ᠲᠦᠮᠡᠨᠪᠠᠶᠠᠷ ᠴᠦ ᠭᠤᠷᠪᠠᠨ ᠲᠡᠭᠦᠦ  ᠲᠠᠢ ᠪᠤᠯᠵᠠᠢ᠃      ᠲᠥᠮᠡᠨᠪᠠᠶᠠᠷ ᠪᠠᠭ᠎ᠠ ᠶᠢᠨ ᠦᠷ᠎ᠡ ᠪᠠᠨ ᠡᠷᠭᠢᠴᠡᠭᠦᠯᠬᠦ ᠳᠡᠭᠡᠨ᠄ ︽ ᠡᠮᠦᠨᠡᠳᠦ ᠤᠷᠤᠨ ᠤ ᠦᠨᠦᠴᠢᠨ ᠬᠦᠦ ᠪᠢ ᠤᠮᠠᠷᠠᠳᠤ ᠤᠷᠤᠨ ᠳᠤ ᠢᠷᠡᠵᠦ᠂ ᠬᠤᠶᠠᠳᠠᠬᠢ ᠠᠮᠢ ᠨᠠᠰᠤ ᠶᠢ ᠤᠯᠵᠤ᠂ ᠡᠵᠢ ᠶᠢᠨ ᠪᠦᠪᠡᠢ ᠲᠠᠢ ᠠᠮᠢᠳᠤᠷᠠᠯ ᠮᠢᠨᠢ ᠦᠷᠭᠦᠯᠵᠢᠯᠡᠭᠰᠡᠨ ᠶᠤᠮ᠃ ᠪᠢ ᠢᠷᠡᠬᠦ ᠦᠶ᠎ᠡ ᠳᠤ ᠪᠠᠨ ᠤᠢ ᠬᠦᠷᠦᠭᠡᠳᠦᠢ ᠪᠠᠶᠢᠭᠰᠠᠨ ᠪᠤᠯᠬᠤᠷ ᠦᠷᠭᠦᠯᠵᠢ ᠦᠨᠢᠶᠡᠨ ᠰᠦ ᠪᠠᠷ ᠤᠭᠵᠢᠳᠠᠭ ᠪᠠᠶᠢᠵᠠᠢ᠃ ᠮᠦᠨ ᠴᠦ ᠶᠡᠭᠡ ᠪᠠᠭᠤᠷᠠᠢ ᠬᠡᠦᠬᠡᠳ ᠪᠠᠶᠢᠵᠤ ᠶᠡᠭᠡ ᠠᠭᠠᠵᠢᠭᠤ ᠬᠦᠯ  ᠳᠤ ᠤᠷᠤᠵᠤ ᠬᠦᠶᠦᠭᠰᠡᠨ ᠭᠡᠳᠡᠭ ᠶᠤᠮ᠂ ᠠᠪᠤ ᠮᠢᠨᠢ ᠨᠠᠮᠠᠢᠢ ᠡᠷᠳᠡ ᠬᠦᠯ ᠳᠤ ᠤᠷᠤᠭᠤᠯᠬᠤ ᠭᠡᠵᠦ᠂ ᠦᠩᠭᠡ ᠦᠩᠭᠡ ᠶᠢᠨ ᠪᠦᠭᠡᠷᠡᠩᠬᠡᠢ ᠰᠢᠬᠢᠷ ᠢ ᠰᠢᠷᠢᠮᠡᠯ ᠰᠢᠷᠳᠡᠭ ᠲᠡᠭᠡᠷ᠎ᠡ ᠲᠠᠷᠬᠠᠭᠠᠵᠤ ᠦᠭᠬᠦ ᠳᠤ ᠪᠢ ᠨᠢᠭᠡ ᠨᠢᠭᠡ ᠪᠠᠷ ᠲᠡᠭᠦᠵᠦ ᠢᠳᠡᠬᠦ ᠭᠡᠳ ᠪᠠᠭ᠎ᠠ ᠪᠠᠭ᠎ᠠ ᠪᠠᠷ ᠮᠦᠯᠬᠦᠭᠰᠡᠭᠡᠷ ᠪᠠᠶᠢᠵᠤ᠂ ᠠᠭᠠᠵᠢᠮ ᠢᠶᠠᠷ ᠶᠠᠭᠤᠮ᠎ᠠ ᠲᠦᠰᠢᠨ ᠵᠤᠭᠰᠤᠵᠤ ᠬᠦᠯ ᠳᠤ ᠤᠷᠤᠵᠤ ᠬᠦᠶᠦᠵᠡᠢ᠃ ᠲᠤᠬᠠᠢ ᠶᠢᠨ ᠦᠶ᠎ᠡ ᠳᠤ ᠮᠠᠨ ᠤ ᠬᠢᠨ ᠠᠮᠢᠳᠤᠷᠠᠯ ᠶᠠᠳᠠᠭᠤ᠂ ᠭᠤᠯᠢᠷ ᠪᠤᠳᠠᠭ᠎ᠠ ᠴᠤ ᠬᠠᠩᠭᠠᠯᠭ᠎ᠠ ᠶᠢᠨ ᠬᠡᠮᠵᠢᠶ᠎ᠡ ᠲᠠᠢ ᠠᠮᠤ ᠪᠤᠳᠠᠭ᠎ᠠ ᠪᠠᠶᠢᠭᠰᠠᠨ ᠶᠤᠮ᠃ ᠶᠠᠭᠠᠬᠢᠵᠤ ᠶᠠᠳᠠᠭᠤ ᠪᠤᠯᠪᠠᠴᠣ ᠠᠪᠤ ᠡᠵᠢ ᠮᠢᠨᠢ ᠬᠦᠳᠡᠯᠮᠦᠷᠢᠯᠡᠵᠦ ᠤᠯᠤᠭᠰᠠᠨ ᠬᠡᠳᠦᠨ ᠮᠦᠩᠭᠦ ᠲᠦᠬᠦᠷᠢᠭ ᠢᠶᠠᠨ ᠠᠷᠪᠢᠯᠠᠵᠤ ᠢᠯᠡᠭᠦᠴᠢᠯᠡᠵᠦ ᠪᠠᠶᠢᠭᠠᠳ ᠨᠠᠳᠠ  ᠳᠤ ᠠᠷᠪᠠᠨ ᠲᠦᠭᠦᠷᠢᠭ ᠤᠨ ᠦᠨ᠎ᠡ ᠲᠠᠢ ᠭᠤᠣᠯ ᠬᠢᠪᠡᠯ ᠴᠠᠬᠢᠯᠭᠠᠨ ᠢᠶᠠᠷ ᠶᠠᠪᠤᠳᠠᠭ ᠨᠠᠭᠠᠳᠤᠮ ᠤᠨ ᠮᠠᠰᠢᠨ ᠠᠪᠴᠤ ᠦᠭᠭᠦᠭᠡᠳ ᠲᠤᠬᠠᠢ ᠶᠢᠨ ᠦᠶ᠎ᠡ ᠶᠢᠨ ᠨᠢᠭᠡᠳᠦᠯ ᠤᠨ ᠺᠠᠳ᠋ᠷ ᠢᠶᠠᠷ ︿ᠪᠤᠳᠠᠭ᠎ᠠ ᠭᠤᠯᠢᠷ ᠢᠶᠠᠨ ᠠᠪᠬᠤ ᠦᠭᠡᠢ ᠪᠠᠷ ᠬᠡᠦᠬᠡᠳ ᠲᠤ ᠪᠠᠨ ᠦᠨ᠎ᠡ ᠲᠠᠢ ᠨᠠᠭᠠᠳᠤᠮ ᠠᠪᠴᠤ ᠦᠭᠭᠦᠯ᠎ᠡ﹀ ᠭᠡᠵᠦ ᠵᠢᠮᠡᠯᠡᠭᠦᠯᠵᠦ ᠪᠠᠶᠢᠯ᠎ᠠ ᠭᠡᠳᠡᠭ᠃ ᠨᠠᠮᠠᠢᠢ ᠲᠠᠪᠤᠨ ᠨᠠᠰᠤᠳᠠᠢ ᠲᠠᠷᠡ ᠵᠢᠯ ᠳᠤ ᠮᠠᠨ ᠤ ᠨᠤᠳᠤᠭ ᠶᠡᠭᠡ ᠪᠠᠷ ᠭᠠᠩᠳᠠᠵᠤ᠂ ᠮᠠᠨ ᠤ ᠬᠢᠨ ᠠᠪᠠᠭ᠎ᠠ ᠬᠤᠰᠢᠭᠤᠨ ᠳᠤ ᠤᠳᠤᠷ ᠢᠶᠠᠷ ᠶᠠᠪᠤᠭᠰᠠᠨ᠂ ᠪᠢ ᠦᠷᠭᠦᠯᠵᠢ ᠡᠵᠢ ᠪᠠᠨ ᠲᠠᠭᠠᠵᠤ ᠰᠠᠭᠠᠬᠠᠯᠳᠠ ᠠᠶᠢᠯ ᠤᠳ ᠢᠶᠠᠷ ᠤᠴᠢᠳᠠᠭ᠂ ᠲᠠᠷᠡ ᠭᠠᠵᠠᠷ ᠤᠨ ᠬᠦᠮᠦᠰ ᠶᠡᠭᠡ ᠬᠠᠯᠠᠭᠤᠮᠰᠤᠭ ᠲᠤᠳᠤᠨᠤ᠂ ᠶᠠᠭ ᠯᠡ ᠲᠦᠷᠦᠯ ᠰᠠᠳᠤᠨ ᠢᠶᠠᠨ ᠰᠢᠭ᠋ ᠬᠠᠨᠳᠤᠳᠠᠭ ᠪᠠᠶᠢᠭᠰᠠᠨ ᠨᠢ ᠮᠢᠨᠦ ᠨᠢᠯᠬ᠎ᠠ ᠪᠠᠯᠴᠢᠷ ᠪᠤᠳᠤᠯ ᠳᠤ ᠬᠦᠨ ᠰᠠᠭᠤᠭᠳᠠᠭᠰᠠᠨ ᠶᠤᠮ︾ ᠭᠡᠵᠦ ᠶᠠᠷᠢᠯ᠎ᠠ᠃     ︽ᠲᠠ ᠢᠷᠡᠬᠦ ᠦᠶ᠎ᠡ ᠳᠤ ᠪᠠᠨ ᠡᠮᠦᠰᠴᠦ ᠪᠠᠶᠢᠭᠰᠠᠨ ᠮᠠᠯᠠᠭᠠᠢ ᠪᠠᠨ ᠤᠳᠤ ᠪᠤᠯᠳᠠᠯ᠎ᠠ ᠬᠠᠳᠠᠭᠠᠯᠠᠵᠤ ᠪᠠᠶᠢᠨ᠎ᠠ ᠭᠡᠰᠡᠨ᠂ ᠡᠨᠡ ᠲᠤᠬᠠᠢ ᠰᠤᠨᠢᠷᠬᠠᠯᠳᠠᠢ ᠵᠦᠢᠯ ᠠᠴᠠ ᠪᠠᠨ ᠶᠠᠷᠢᠨ᠎ᠠ ᠤᠤ︖︾ ᠭᠡᠵᠦ ᠠᠰᠠᠭᠤᠬᠤ ᠳᠤ ᠲᠥᠮᠡᠨᠪᠠᠶᠠᠷ ︽ᠦ᠂ ᠲᠡᠶᠢᠮᠤ ᠡ︕ ᠲᠤᠮᠤᠭ᠎ᠠ ᠦᠭᠡᠢ ᠬᠡᠦᠬᠡᠳ ᠨᠠᠰᠤ ᠭᠡᠭᠴᠢ ᠪᠠᠰᠠ ᠭᠡᠴᠡᠭᠦᠦ᠂ ᠨᠠᠮᠠᠢᠢ ᠵᠢᠷᠭᠤᠭᠠᠨ ᠨᠠᠰᠤᠳᠠᠢ ᠪᠠᠶᠢᠬᠤ ᠳᠤ ᠡᠵᠢ ᠮᠢᠨᠢ ᠨᠢᠭᠡ ᠡᠳᠦᠷ᠂ ᠠᠪᠳᠠᠷ᠎ᠠ ᠶᠢᠨ ᠢᠷᠤᠭᠠᠷ ᠠᠴᠠ ᠨᠢᠭᠡ ᠴᠢᠬᠢᠪᠴᠢ ᠲᠠᠢ ᠬᠠᠷ᠎ᠠ ᠲᠠᠩᠽᠢᠷᠦᠩ ᠬᠦᠪᠦᠩ ᠲᠠᠢ ᠮᠠᠯᠠᠭᠠᠢ ᠭᠠᠷᠭᠠᠵᠤ ᠨᠠᠳᠠ ᠳᠤ ︿ᠡᠨᠡ ᠴᠢᠨᠢ ᠮᠢᠨᠦ ᠬᠦᠦ ᠶᠢᠨ ᠡᠮᠦᠨ᠎ᠡ ᠤᠷᠤᠨ ᠠᠴᠠ ᠢᠷᠡᠬᠦ ᠳᠤ  ᠪᠠᠨ ᠡᠮᠦᠰᠴᠦ ᠢᠷᠡᠭᠰᠡᠨ ᠮᠠᠯᠠᠭᠠᠢ ᠰᠢᠦ﹀ ᠭᠡᠵᠦ ᠬᠡᠯᠡᠬᠦ ᠳᠤ ︿ᠪᠢ ᠡᠮᠦᠨ᠎ᠡ ᠤᠷᠤᠨ ᠠᠴᠠ ᠢᠷᠡᠭᠰᠡᠨ ᠪᠢᠰᠢ᠂ ᠪᠢ ᠡᠵᠢ ᠶᠢᠨ ᠬᠦᠦ﹀ ᠭᠡᠵᠦ ᠶᠡᠭᠡ ᠲᠤᠷ᠎ᠠ ᠦᠭᠡᠢ ᠬᠦᠷᠴᠦ᠂ ᠦᠨᠦ ᠮᠠᠯᠠᠭᠠᠢ ᠶᠢᠨ ᠴᠢᠬᠢᠪᠴᠢ ᠲᠡᠭᠡᠷ᠎ᠡ ᠨᠢ ᠴᠠᠭᠠᠨ ᠤᠳᠠᠰᠤ ᠪᠠᠷ ᠤᠶᠤᠭᠰᠠᠨ ᠭᠤᠷᠪᠠᠨ ᠭᠢᠳᠠᠳ ᠦᠰᠦᠭ ᠢ ᠠᠳᠠ ᠲᠡᠨᠳᠡ ᠠᠴᠠ ᠨᠢ ᠬᠢᠳᠤᠭ᠎ᠠ ᠪᠠᠷ ᠳᠠᠰᠤᠳᠠᠵᠤ ᠪᠠᠶᠢᠭᠰᠠᠨ ᠢ ᠡᠵᠢ ᠦᠵᠡᠭᠡᠳ ︿ᠬᠦᠢ︕ ᠴᠢ ᠶᠠᠭᠤ ᠭᠡᠵᠦ ᠲᠡᠷᠡ ᠦᠰᠦᠭ ᠢ ᠲᠠᠰᠤᠳᠠᠵᠤ ᠪᠠᠶᠢᠬᠤ ᠶᠤᠮ᠂ ᠬᠤᠵᠢᠮ ᠡᠨᠡ ᠨᠡᠷ᠎ᠡ ᠪᠠᠷ ᠡᠯᠢᠭᠡᠨ ᠰᠠᠳᠤᠨ ᠢᠶᠠᠨ ᠡᠷᠢᠵᠦ ᠰᠣᠷᠠᠵᠤ ᠪᠤᠯᠤᠨ᠎ᠠ ᠰᠢᠳᠠ﹀ ᠭᠡᠳ ᠨᠠᠳᠠ ᠠᠴᠠ ᠰᠢᠭᠦᠷᠡᠨ ᠠᠪᠴᠤ ᠠᠪᠳᠠᠷ᠎ᠠ ᠳᠤ ᠪᠠᠨ ᠬᠢᠵᠦ ᠤᠨᠢᠰᠤᠯᠠᠪᠠ᠃ ᠡᠵᠢ ᠲᠠᠬᠢᠭᠠᠳ ᠡᠨᠡ ᠮᠠᠯᠠᠭᠠᠢ ᠶᠢ ᠭᠠᠷᠭᠠᠭᠰᠠᠨ ᠦᠭᠡᠢ᠃ ᠶᠡᠭᠡ ᠪᠤᠯᠤᠭᠰᠠᠨ ᠤ ᠪᠠᠨ ᠲᠠᠷᠠᠭ᠎ᠠ ᠡᠮᠦᠨᠡᠳᠦ ᠤᠷᠤᠨ ᠤ ᠦᠨᠦᠴᠢᠨ ᠬᠡᠦᠬᠡᠳ ᠭᠡᠳᠡᠭ ᠢᠶᠠᠨ ᠮᠡᠳᠡᠭᠰᠡᠨ ᠠᠴᠠ ᠬᠤᠶᠢᠰᠢ᠂ ᠡᠵᠢ ᠳᠤ ᠬᠡᠯᠡᠵᠦ ᠠᠪᠳᠠᠷ᠎ᠠ ᠠᠴᠠ ᠮᠠᠯᠠᠭᠠᠢ ᠶᠢ ᠭᠠᠷᠭᠠᠵᠤ ᠦᠵᠡᠬᠦ ᠳᠤ ᠦᠨᠡᠭᠡᠷ ᠭᠤᠷᠪᠠᠨ ᠭᠢᠳᠠᠳ ᠦᠰᠦᠭ ᠪᠠᠶᠢᠵᠤ᠂ ᠪᠢ ᠲᠡᠷᠡ ᠤᠳᠠᠭ᠎ᠠ ᠦᠰᠦᠭ ᠢ ᠤᠷᠠᠵᠤ ᠲᠠᠰᠤᠳᠠᠭᠰᠠᠨ ᠠᠴᠠ ᠪᠤᠯᠵᠤ ᠶᠠᠮᠠᠷ ᠦᠰᠦᠭ ᠭᠡᠳᠡᠭ ᠨᠢ ᠲᠤᠳᠤᠷᠬᠠᠢ ᠦᠭᠡᠢ ᠪᠤᠯᠵᠠᠢ᠃ ᠪᠤᠰᠤᠳ ᠢᠶᠠᠷ ᠶᠠᠮᠠᠷ ᠦᠰᠦᠭ ᠪᠤᠯᠬᠤ ᠶᠢ ᠲᠠᠨᠢᠭᠤᠯᠬᠤ ᠳᠤ ᠡᠾᠧ ᠬᠦ᠋ ᠰᠦᠩ ︵河古宋︶ ᠭᠡᠵᠦ ᠲᠠᠭᠠᠮᠠᠭᠯᠠᠵᠤ᠂ ᠡᠨᠡ ᠦᠰᠦᠭ ᠢ ᠲᠤᠣᠷ᠎ᠠ ᠠᠴᠠ ᠨᠢ ᠲᠡᠭᠡᠭᠰᠢ ᠤᠩᠰᠢᠪᠠᠯ ᠰᠦᠩ ᠬᠦ᠋ ᠡᠾᠧ ︵宋古河︶ ᠭᠡᠰᠡᠨ ᠨᠡᠷ᠎ᠡ ᠪᠠᠶᠢᠬ᠎ᠠ ᠬᠡᠵᠦ ᠬᠡᠯᠡᠭᠰᠡᠨ ᠶᠤᠮ᠃ ᠭᠡᠪᠡᠴᠦ ᠤᠳᠤ ᠪᠤᠯᠳᠠᠯ᠎ᠠ ᠶᠠᠮᠠᠷ ᠨᠡᠷ᠎ᠡ ᠪᠤᠯᠬᠤ  ᠶᠢ ᠪᠦᠷᠢᠨ ᠭᠦᠢᠴᠡᠳ ᠲᠤᠳᠤᠷᠠᠬᠠᠯᠠᠵᠤ ᠴᠢᠳᠠᠭ᠎ᠠ ᠦᠭᠡᠢ ᠪᠠᠶᠢᠭᠰᠠᠭᠠᠷ ᠡ︾ ᠭᠡᠵᠦ ᠶᠠᠷᠢᠪᠠ᠃    ᠲᠥᠮᠡᠨᠪᠠᠶᠠᠷ᠄ ︽ᠠᠮᠢᠳᠤᠷᠠᠯ ᠤᠨ ᠬᠦᠴᠢᠷᠳᠡᠯ ᠠᠴᠠ ᠪᠤᠯᠵᠤ᠂ ᠠᠪᠤ ᠡᠵᠢ ᠮᠢᠨᠢ ᠦᠪᠡᠷ ᠤᠨ ᠲᠦᠷᠦᠭᠰᠡᠨ ᠭᠤᠷᠪᠠᠨ ᠬᠡᠦᠬᠡᠳ ᠢᠶᠠᠨ ᠰᠤᠷᠭᠠᠭᠤᠯᠢ ᠰᠤᠷᠳᠠᠯ ᠭᠦᠢᠴᠡᠳ ᠲᠠᠭᠠᠭᠤᠯᠵᠤ ᠴᠢᠳᠠᠭᠰᠠᠨ ᠦᠭᠡᠢ ᠪᠤᠯᠪᠠᠴᠤ ᠡᠷᠭᠦᠮᠡᠯ ᠬᠦᠦ ᠨᠠᠮᠠᠶᠢ ᠪᠠᠨ ᠠᠩᠬ᠎ᠠ ᠵᠡᠷᠭᠡ ᠶᠢᠨ ᠲᠤᠮᠳᠠᠳᠤ ᠰᠣᠷᠭᠠᠭᠤᠯᠢ ᠲᠡᠭᠦᠰᠭᠡᠵᠦ᠂ ᠲᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠰᠢᠯᠭᠠᠭᠤᠯᠤᠭᠠᠳ ᠬᠤᠪᠢ ᠶᠢᠨ ᠪᠠᠷᠢᠮᠵᠢᠶ᠎ᠠ ᠳᠤ ᠬᠦᠷᠦᠭᠰᠡᠨ ᠪᠤᠯᠪᠠᠴᠣ ᠪᠡᠶ᠎ᠡ ᠮᠠᠬᠠᠪᠤᠳ  ᠤᠨ ᠰᠢᠯᠳᠠᠭᠠᠨ ᠠᠴᠠ ᠪᠤᠯᠵᠤ ᠡᠯᠰᠡᠭᠳᠡᠵᠦ ᠴᠢᠳᠠᠭᠰᠠᠨ ᠦᠭᠡᠢ᠃ 1977 ᠤᠨ ᠤ ᠨᠠᠮᠤᠷ᠂ ᠬᠦᠭᠵᠢᠯᠳᠤᠶᠠᠭ᠎ᠠ ᠪᠠᠷᠢᠭᠠᠳᠠ ᠳᠤ ᠪᠠᠨ ᠬᠠᠷᠢᠵᠤ ᠢᠷᠡᠬᠡᠳ᠂ ᠠᠪᠤ ᠡᠵᠢ ᠳᠤ ᠪᠠᠨ ᠲᠤᠰᠠ ᠲᠡᠮ ᠪᠤᠯᠵᠤ᠂ ᠨᠠᠮᠤᠷ ᠤᠨ ᠬᠠᠳᠤᠯᠠᠩ ᠳᠤ ᠭᠠᠷᠴᠤ ᠡᠪᠡᠰᠦ ᠬᠠᠳᠤᠵᠤ ᠵᠦᠭᠡᠭᠡᠪᠦᠷᠢᠯᠡᠬᠦ᠂ ᠡᠪᠦᠯ ᠬᠠᠪᠤᠷ ᠲᠤ ᠪᠠᠨ ᠭᠠᠮᠰᠢᠭ ᠠᠴᠠ ᠰᠡᠷᠭᠡᠶᠢᠯᠡᠵᠦ᠂ ᠭᠠᠮᠰᠢᠭ ᠲᠠᠢ ᠲᠡᠮᠡᠴᠡᠵᠦ ᠮᠠᠯ ᠰᠦᠷᠦᠭ ᠢᠶᠠᠨ ᠬᠠᠮᠠᠭᠠᠯᠠᠬᠤ ᠠᠵᠢᠯ ᠳᠤ ᠢᠳᠡᠪᠬᠢᠯᠡᠨ ᠤᠷᠤᠯᠴᠠᠵᠤ᠂ ᠫᠧᠩ ᠬᠤᠷᠤᠭ᠎ᠠ ᠪᠠᠷᠢᠬᠤ᠂ ᠡᠪᠡᠰᠦ ᠪᠤᠷᠳᠤᠭ᠎ᠠ ᠲᠡᠭᠡᠭᠡᠪᠦᠷᠢᠯᠡᠬᠦ ᠵᠡᠷᠭᠡ ᠬᠠᠮᠢᠭ᠎ᠠ ᠬᠦᠨᠳᠦ ᠨᠦᠰᠡᠷ ᠠᠵᠢᠯ ᠪᠠᠶᠢᠪᠠᠯ ᠲᠡᠨᠳᠡ ᠤᠴᠢᠨ ᠠᠵᠢᠯᠯᠠᠵᠤ᠂ ᠮᠠᠯᠴᠢᠨ ᠲᠦᠮᠡᠨ ᠤ ᠪᠠᠨ ᠮᠠᠭᠳᠠᠭᠠᠯ ᠰᠠᠶᠢᠰᠢᠶᠠᠯ ᠢ ᠤᠯᠤᠭᠰᠠᠨ ᠢᠶᠠᠷ ᠪᠠᠷᠠᠬᠤ ᠦᠭᠡᠢ 1978 ᠣᠨ ᠳᠤ ᠪᠠᠷᠢᠭᠠᠳᠠ  ᠶᠢᠨ ᠢᠶᠠᠨ ᠡᠪ ᠬᠠᠮᠳᠤ ᠵᠠᠯᠠᠭᠤᠴᠤᠳ ᠤᠨ ᠡᠪᠯᠡᠯ ᠤᠨ ᠡᠭᠦᠷ ᠤᠨ ᠱᠦᠵᠢ ᠶᠢᠨ ᠠᠵᠢᠯ ᠢ ᠬᠢᠵᠦ᠂ 1984 ᠤᠨ  ᠠᠴᠠ ᠭᠠᠴᠠᠭᠠᠨ ᠤ ᠨᠢᠭᠳᠠᠯᠠᠨ ᠪᠤᠳᠤᠭᠴᠢ ᠪᠠ ᠲᠤᠭ᠎ᠠ ᠪᠦᠷᠢᠳᠭᠡᠭᠴᠢ ᠶᠢᠨ ᠠᠵᠢᠯ ᠢ ᠬᠠᠪᠰᠤᠷᠭᠠᠨ ᠬᠢᠪᠡ᠃ 1995 ᠣᠨ ᠤ 4 ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠦᠩᠭᠡ ᠭᠡᠷᠡᠯᠳᠡᠢ ᠪᠠᠷ ᠡᠯᠰᠡᠭᠳᠡᠵᠦ᠂ 1996 ᠤᠨ ᠳᠤ ᠭᠠᠴᠠᠭᠠᠨ ᠤ ᠪᠠᠨ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠬᠠᠷᠢᠭᠤᠴᠠᠵᠤ᠂ ᠭᠠᠴᠠᠭ᠎ᠠ  ᠪᠠᠨ ᠲᠠᠪᠰᠢᠩᠭᠤᠢ ᠲᠡᠷᠢᠭᠦᠨ ᠤ ᠬᠢ᠂ ᠮᠠᠯ ᠰᠦᠷᠦᠭ ᠨᠢ ᠦᠨᠢᠷ ᠦᠰᠴᠦ ᠮᠠᠯ ᠠᠵᠤ ᠠᠬᠤᠢ ᠨᠢ ᠭᠦᠭᠵᠢᠭᠰᠡᠨ᠂ ᠮᠠᠯᠴᠢᠳ ᠤᠨ ᠤᠷᠤᠯᠭ᠎ᠠ ᠨᠢ ᠦᠨᠳᠦᠷ᠂ ᠪᠠᠶᠠᠨ ᠴᠢᠨᠡᠭᠡᠯᠢᠭ ᠠᠮᠢᠳᠤᠷᠠᠯ ᠲᠠᠢ ᠪᠤᠯᠭᠠᠬᠤ ᠪᠠᠷ ᠴᠢᠷᠮᠠᠶᠢᠨ ᠠᠵᠢᠯᠯᠠᠵᠤ ᠢᠷᠡᠭᠰᠡᠨ ᠠᠴᠠ ᠬᠤᠰᠢᠭᠤ ᠬᠤᠳᠠ᠂ ᠰᠤᠮᠤ ᠶᠢᠨ ᠲᠡᠰ ᠤᠨ ᠰᠢᠯᠢᠳᠡᠭ ᠡᠪᠯᠡᠯ ᠤᠨ ᠭᠡᠰᠢᠭᠦᠨ᠂ ᠰᠢᠯᠢᠳᠡᠭ ᠡᠷᠦᠬᠡ  ᠶᠢᠨ ᠴᠡᠷᠢᠭ᠂ ᠪᠤᠯᠪᠠᠰᠤᠨ ᠴᠢᠨᠡᠭᠡᠯᠢᠭ ᠡᠷᠦᠬᠡ᠂ ᠬᠦᠳᠡᠯᠮᠦᠷᠢ ᠶᠢᠨ ᠵᠢᠱᠢᠶᠡᠴᠢ᠂ ᠰᠢᠯᠢᠳᠡᠭ ᠨᠠᠮ ᠤᠨ ᠭᠡᠰᠢᠭᠦᠨ ᠵᠡᠷᠭᠡ ᠢᠷᠠᠭᠤ ᠠᠯᠳᠠᠷ ᠢ ᠤᠯᠠᠨᠳᠠ ᠬᠦᠷᠳᠡᠵᠦ᠂ ᠬᠤᠰᠢᠭᠤ ᠰᠤᠮᠤᠨ ᠤ ᠠᠷᠠᠳ ᠤᠨ ᠲᠦᠯᠦᠭᠡᠯᠡᠭᠴᠢ᠂ ᠨᠠᠮ ᠤᠨ ᠲᠦᠯᠦᠭᠡᠯᠡᠭᠴᠢ ᠪᠠᠷ ᠬᠡᠳᠦᠨ ᠬᠤᠭᠤᠴᠠᠭ᠎ᠠ ᠰᠤᠩᠭᠤᠭᠳᠠᠵᠤ᠂ ᠠᠷᠠᠳ ᠤᠯᠠᠨ ᠤ ᠪᠠᠨ ᠬᠦᠴᠢᠷᠳᠡᠯ᠂ ᠬᠦᠰᠡᠯ ᠱᠠᠭᠠᠷᠳᠠᠯᠭ᠎ᠠ ᠶᠢ ᠲᠡᠭᠡᠳᠦ ᠱᠠᠳᠤᠨ ᠳᠤ ᠲᠣᠰᠬᠠᠵᠤ᠂ ᠪᠤᠳᠠᠳᠠᠢ ᠠᠰᠠᠭᠤᠳᠠᠯ ᠢ ᠰᠢᠢᠳᠪᠦᠷᠢᠯᠡᠵᠤ᠂ ᠨᠠᠮ ᠠᠷᠠᠳ ᠤᠨ ᠲᠦᠯᠦᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠶᠠᠪᠤᠭᠰᠠᠨ ᠶᠤᠮ︾᠃     1984 ᠤᠨ ᠳᠤ ᠲᠥᠮᠡᠨᠪᠠᠶᠠᠷ ᠭᠠᠴᠠᠭᠠᠨ ᠤ ᠪᠠᠨ ᠰᠤᠳᠤᠡᠷᠳᠡᠨᠢ ᠬᠡᠦᠬᠡᠨ ᠲᠠᠢ ᠬᠤᠷᠢᠮᠯᠠᠵᠤ᠂ ᠠᠶᠢᠯ ᠡᠷᠦᠬᠡ ᠪᠤᠰᠬᠠᠵᠤ᠂ ᠠᠰ ᠤᠨ ᠠᠮᠢᠳᠤᠷᠠᠯ ᠢᠶᠠᠨ ᠡᠬᠢᠯᠡᠭᠦᠯᠵᠦ᠂ ᠦᠪᠡᠷ ᠤᠨ ᠬᠦᠴᠦ ᠬᠦᠳᠡᠯᠮᠦᠷᠢ ᠤᠶᠤᠨ ᠤᠬᠠᠭᠠᠨ ᠳᠤ  ᠪᠠᠨ ᠲᠦᠰᠢᠭᠯᠡᠵᠦ᠂ ᠠᠵᠤ ᠠᠮᠢᠳᠤᠷᠠᠯ ᠢᠶᠠᠨ ᠦᠭᠡᠳᠡᠯᠡᠭᠦᠯᠵᠦ᠂ ᠦᠷ᠎ᠡ ᠬᠡᠦᠬᠡᠳ ᠢᠶᠠᠨ ᠦᠰᠭᠡᠨ ᠬᠦᠮᠦᠵᠢᠬᠦᠯᠵᠦ᠂ ᠰᠤᠷᠭᠠᠭᠤᠯᠢ ᠰᠤᠶᠤᠯ ᠤᠨ ᠬᠦᠮᠦᠵᠢᠯ ᠭᠦᠷᠳᠡᠭᠡᠵᠦ᠂ ᠬᠦᠮᠦᠨ ᠤ ᠵᠡᠷᠭᠡ ᠳᠤ ᠬᠦᠷᠭᠡᠨ᠂ ᠭᠤᠷᠪᠠᠨ ᠬᠦᠦ ᠪᠠᠨ ᠭᠡᠷᠯᠡᠭᠦᠯᠵᠦ᠂ ᠨᠢᠬᠡ ᠬᠡᠦᠬᠡᠨ ᠢᠶᠠᠨ ᠬᠠᠷᠢ ᠳᠤ ᠮᠤᠷᠳᠠᠭᠤᠯᠵᠤ᠂ ᠠᠰ ᠠᠰ ᠤᠨ ᠠᠵᠤ ᠠᠮᠢᠳᠤᠷᠠᠯᠭ᠎ᠠ ᠲᠠᠢ ᠪᠤᠯᠭᠠᠭᠰᠠᠨ ᠪᠦᠭᠡᠳ ᠡᠵᠢ ᠨᠢ ᠤᠳᠤ ᠪᠠᠭ᠎ᠠ ᠲᠡᠭᠦᠦ ᠲᠠᠢ ᠨᠢ ᠬᠠᠮᠳᠤ ᠰᠠᠭᠤᠵᠤ᠂ ᠪᠡᠶ᠎ᠡ ᠲᠡᠩᠭᠡᠯᠡᠭᠦᠨ ᠰᠠᠨᠠᠭ᠎ᠠ ᠰᠠᠷᠠᠭᠤᠯ ᠦᠷ᠎ᠡ ᠬᠡᠦᠬᠡᠳ ᠤᠳ ᠤᠨ ᠢᠶᠠᠨ ᠰᠠᠶᠢᠨ ᠰᠠᠶᠢᠬᠠᠨ ᠢ ᠦᠵᠡᠨ ᠪᠠᠶᠠᠰᠴᠤ᠂ ᠤᠮᠪᠤᠯ ᠲᠤᠮᠪᠤᠯ ᠤᠳ ᠤᠨ  ᠢᠶᠠᠨ ᠦᠰᠦᠨ ᠲᠤᠷᠨᠢᠬᠤ ᠶᠢ ᠬᠠᠷᠠᠨ ᠪᠠᠶᠠᠷᠯᠠᠵᠤ᠂ ᠪᠠᠶᠠᠷ ᠪᠠᠶᠠᠰᠤᠯ ᠲᠠᠢ ᠵᠣᠯ ᠵᠢᠷᠭᠠᠯ ᠲᠠᠢ ᠰᠠᠭᠤᠵᠤ ᠪᠠᠶᠢᠨ᠎ᠠ᠃ ᠲᠡᠷᠡ ᠡᠨᠡ ᠤᠳᠠᠭᠠᠨ ᠤ ᠰᠤᠷᠪᠤᠯᠵᠢᠯᠠᠭ᠎ᠠ ᠶᠢ᠄ ︽ᠪᠢ ᠦᠪᠡᠷ ᠢ ᠪᠠᠨ ᠶᠡᠭᠡ ᠠᠵᠠ ᠪᠤᠶᠠᠨ ᠲᠠᠢ ᠬᠦᠮᠦᠨ ᠭᠡᠵᠦ ᠦᠵᠡᠳᠡᠭ᠃ ᠵᠢᠷᠠ ᠭᠠᠷᠴᠤ ᠵᠠᠵᠢᠨ ᠦᠰᠦ ᠴᠠᠶᠢᠭᠠᠳ ᠵᠢᠷᠭᠤᠭᠠᠨ ᠤᠮᠪᠤᠯ ᠤᠨ ᠡᠪᠦᠭᠡ ᠰᠠᠭᠤᠭᠠᠳ ᠡᠵᠢ ᠲᠠᠢ ᠪᠠᠨ ᠬᠠᠮᠳᠤ ᠵᠢᠷᠭᠠᠵᠤ ᠰᠠᠭᠤᠭ᠎ᠠ ᠪᠠᠨ ᠪᠤᠳᠤᠬᠤ ᠲᠤᠳᠤᠮ ᠶᠡᠭᠡ ᠠᠵᠠ ᠪᠤᠶᠠᠨ ᠲᠠᠢ ᠭᠡᠵᠦ ᠪᠤᠳᠤᠭᠳᠠᠨ᠎ᠠ᠃ ᠮᠢᠨᠦ ᠡᠨᠡ ᠬᠦ ᠡᠵᠢ ᠶᠢᠨ ᠪᠦᠪᠡᠢ ᠲᠠᠢ ᠠᠮᠢᠳᠤᠷᠠᠯ ᠮᠢᠨᠢ ᠤᠷᠳᠤ ᠤᠳᠠᠭᠠᠨ ᠤᠷᠤᠰᠢᠬᠤ ᠪᠤᠯᠳᠤᠭᠠᠢ ᠭᠡᠵᠦ ᠵᠦᠩᠨᠡᠨ ᠲᠠᠭᠠᠳᠬᠠᠵᠤ ᠪᠠᠶᠢᠨ᠎ᠠ︾ ᠭᠡᠰᠡᠨ ᠶᠠᠷᠢᠶ᠎ᠠ ᠪᠠᠷ ᠲᠡᠭᠦᠰᠭᠡᠪᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号