︽ᠨᠠᠮ ᠳᠠᠭᠠᠨ ᠲᠠᠯᠠᠷᠬᠠᠨ᠂ ᠨᠡᠮ ᠤᠨ ᠦᠬᠡ ᠶᠢ ᠰᠤᠨᠤᠰᠴᠦ᠂ ᠨᠡᠮ ᠢᠶᠠᠨ ᠲᠠᠭᠠᠨ᠎ᠠ︾ ᠲᠠᠯ᠎ᠠ ᠨᠤᠳᠤᠭ ᠤᠨ ᠪᠤᠯᠵᠤᠭ᠎ᠠ ᠬᠦᠭᠵᠢᠬᠦᠯᠦᠨ ᠮᠠᠨᠳᠤᠭᠤᠯᠬᠤ ᠶᠢ ᠠᠬᠢᠭᠤᠯᠬᠤ ᠰᠢᠷᠢᠰ ᠠᠵᠢᠯᠯᠠᠭ᠎ᠠ ᠶᠢ ᠶᠡᠪᠤᠭᠳᠠᠭᠤᠯᠬᠤ ᠲᠤᠬᠠᠢ ᠵᠡᠷᠯᠡᠯ
ᠨᠡᠶᠢᠲᠡᠯᠡᠭᠰᠡᠨ ᠴᠠᠭ᠄
2023/7/8
     ᠰᠦᠨᠢᠳ ᠪᠠᠷᠠᠭᠤᠨ ᠬᠤᠰᠢᠭᠤᠨ ᠤ ᠠᠵᠦ ᠠᠬᠤᠢ ᠶᠢᠨ ᠨᠡᠮᠡᠭᠳᠡᠯ ᠤᠨ ᠬᠦᠳᠡᠯᠭᠡᠭᠴᠢ ᠬᠦᠴᠦᠨ ᠪᠡ ᠠᠮᠢᠵᠢᠷᠠᠯ ᠎ ᠤᠨ ᠬᠦᠴᠦᠨ ᠢ ᠲᠠᠰᠤᠷᠠᠯᠳᠠ ᠦᠬᠡᠢ ᠨᠡᠮᠡᠭᠳᠡᠬᠦᠯᠵᠦ᠂ ᠰᠤᠶᠤᠯ ᠵᠢᠭᠤᠯᠴᠢᠯᠠᠯ᠂ ᠭᠡᠷᠡᠭᠯᠡᠭᠡ ᠶᠢ ᠳᠠᠶᠢᠴᠢᠯᠠᠵᠤ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠶᠢᠨ ᠲᠦᠯᠦᠬᠡ᠂ ᠤᠷᠤᠨ ᠪᠠᠶᠢᠷᠢᠰᠢᠯ ᠤᠨ ᠨᠦᠬᠦᠴᠠᠯ᠂ ᠡᠬᠢ ᠪᠠᠶᠠᠯᠢᠭ ᠤᠨ ᠲᠠᠪᠠᠭᠤᠯᠢᠭ ᠪᠡ ᠠᠵᠦ ᠦᠢᠯᠡᠰ ᠤᠨ ᠰᠠᠭᠤᠷᠢ ᠳᠤ ᠲᠦᠰᠢᠭᠯᠡᠨ᠂ ᠰᠦᠨᠢᠳ ᠪᠠᠷᠠᠭᠤᠨ ᠬᠤᠰᠢᠭᠤᠨ ᠤ ᠨᠡᠮ ᠤᠨ ᠬᠤᠷᠢᠶ᠎ᠠ᠂ ᠵᠠᠰᠠᠭ ᠤᠨ ᠤᠷᠳᠤᠨ ᠨᠢ ︽ᠨᠠᠮ ᠳᠠᠭᠠᠨ ᠲᠠᠯᠠᠷᠬᠠᠨ᠂ ᠨᠡᠮ ᠤᠨ ᠦᠬᠡ ᠶᠢ ᠰᠤᠨᠤᠰᠴᠦ᠂ ᠨᠡᠮ ᠢᠶᠠᠨ ᠲᠠᠭᠠᠨ᠎ᠠ︾ ᠲᠠᠯ᠎ᠠ ᠨᠤᠳᠤᠭ ᠤᠨ ᠪᠤᠯᠵᠤᠭ᠎ᠠ ᠬᠦᠭᠵᠢᠬᠦᠯᠦᠨ ᠮᠠᠨᠳᠤᠭᠤᠯᠬᠤ ᠶᠢ ᠠᠬᠢᠭᠤᠯᠬᠤ ᠰᠢᠷᠢᠰ ᠠᠵᠢᠯᠯᠠᠭ᠎ᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠬᠤ ᠪᠠᠷ ᠲᠤᠭᠳᠠᠪᠡ᠃ ᠲᠤᠰ ᠠᠵᠢᠯᠯᠠᠭ᠎ᠠ ᠪᠠᠷ ᠲᠠᠮᠵᠢᠨ᠂ ᠲᠤᠬᠠᠢ ᠶᠢᠨ ᠭᠠᠵᠡᠷ ᠤᠨ ᠰᠤᠶᠤᠯ ᠵᠢᠭᠤᠯᠴᠢᠯᠠᠯ᠂ ᠮᠠᠯ ᠤᠨ ᠠᠰᠢᠭ ᠰᠢᠮ᠎ᠡ ᠪᠡ ᠲᠠᠷᠢᠶᠠᠯᠠᠩ ᠤᠨ ᠪᠦᠳᠤᠭᠡᠭᠳᠡᠬᠦᠨ ᠵᠢᠴᠢ ᠪᠤᠬᠢᠷᠳᠤᠯ ᠦᠬᠡᠢ ᠡᠨᠧᠷᠬᠢ ᠶᠢᠨ ᠡᠬᠢ ᠪᠠᠶᠠᠯᠢᠭ ᠢ ᠬᠦᠢᠴᠡᠳ ᠠᠭᠤᠳᠠᠯᠠᠬᠤ ᠎ ᠶᠢᠨ ᠬᠠᠮᠳᠤ ᠲᠡᠨᠢᠯᠴᠠᠭᠤᠯᠤᠨ ᠰᠤᠷᠳᠠᠯᠴᠢᠯᠠᠵᠦ᠂ ᠠᠵᠦ ᠠᠬᠤᠢ ᠶᠢᠨ ᠬᠦᠭᠵᠢᠯᠳᠡ ᠶᠢ ᠲᠠᠶᠢᠴᠢᠯᠠᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠨ ᠢᠶᠠᠨ ᠡᠷᠬᠦᠵᠦ᠂ ᠰᠦᠨᠢᠳ ᠪᠠᠷᠠᠭᠤᠨ ᠬᠤᠰᠢᠭᠤᠨ ᠤ ᠨᠡᠷ᠎ᠡ ᠠᠯᠳᠠᠷᠰᠢᠯ ᠪᠡ ᠨᠦᠯᠦᠬᠡᠯᠡᠬᠦ ᠬᠦᠴᠦᠨ ᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠪᠦᠬᠦ ᠬᠤᠰᠢᠭᠤᠨ ᠤ ᠠᠵᠦ ᠠᠬᠤᠢ ᠶᠢᠨ ᠴᠢᠨᠠᠷᠯᠢᠭ ᠬᠦᠭᠵᠢᠯᠳᠡ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠪᠤᠯᠤᠨ᠎ᠠ᠃ ᠪᠤᠳᠠᠳᠠᠢ ᠠᠭᠤᠯᠭ᠎ᠠ ᠨᠢ ᠲᠤᠤᠷᠡᠬᠢ ᠮᠡᠳᠤ᠄      ᠨᠢᠬᠡ᠂ ︽ᠲᠠᠯ᠎ᠠ ᠨᠤᠳᠤᠭ ᠤᠨ ᠪᠤᠯᠵᠤᠭ᠎ᠠ᠂ ᠦᠵᠡᠰᠬᠦᠯᠡᠩᠳᠤ ᠰᠦᠨᠢᠳ︾ ᠭᠤᠷᠪᠡᠳᠤᠭᠠᠷ ᠬᠤᠭᠤᠴᠠᠭᠠᠨ ᠤ ᠵᠢᠷᠦᠬᠡ ᠪᠤᠬᠢᠷᠳᠤᠯ ᠦᠬᠡᠢ ᠰᠢᠨ᠎ᠡ ᠡᠨᠧᠷᠬᠢ + ᠠᠵᠦ ᠦᠢᠯᠡᠰ ᠤᠨ ᠲᠤᠰᠬᠠᠢ ᠲᠠᠨᠢᠯᠴᠠᠭᠤᠯᠭ᠎ᠠ ᠶᠢᠨ ᠬᠤᠷᠠᠯ      ᠠᠵᠢᠯᠯᠠᠭᠠᠨ ᠤ ᠴᠠᠭ᠄ 7 ᠰᠠᠷ᠎ᠠ ᠶᠢᠨ 11᠎ ᠤ ᠡᠳᠤᠷ      ᠠᠵᠢᠯᠯᠠᠭᠠᠨ ᠤ ᠭᠠᠵᠡᠷ᠄ ᠰᠦᠨᠢᠳ ᠪᠠᠷᠠᠭᠤᠨ ᠬᠤᠰᠢᠭᠤᠨ ᠤ ᠰᠠᠶᠢᠬᠠᠨᠳᠠᠯ᠎ᠠ ᠪᠠᠯᠭᠠᠰᠤᠨ ᠤ ᠦᠨᠳᠦᠷᠯᠢᠭ ᠤᠨ ᠷᠠᠰᠢᠶᠠᠨ ᠪᠠᠭᠤᠳᠠᠯ      ᠭᠤᠤᠯ ᠠᠭᠤᠯᠭ᠎ᠠ᠄ 11᠎ ᠤ ᠡᠳᠤᠷ ᠤᠨ ᠦᠳᠠ ᠶᠢᠨ ᠡᠮᠤᠨ᠎ᠡ ᠲᠠᠨᠢᠯᠴᠠᠭᠤᠯᠭ᠎ᠠ ᠶᠢᠨ ᠬᠤᠷᠠᠯ ᠢ ᠬᠤᠷᠠᠯᠳᠤᠭᠤᠯᠵᠦ᠂ ᠦᠳᠡ ᠶᠢᠨ ᠬᠤᠶᠢᠨ᠎ᠡ ᠬᠠᠮᠢᠶ᠎ᠠ ᠪᠦᠬᠦᠢ ᠠᠵᠦ ᠠᠬᠤᠶᠢᠯᠠᠯ ᠤᠨ ᠠᠬᠤᠢ ᠲᠠᠯᠠᠪᠠᠢ ᠳᠤ ᠲᠤᠭᠤᠷᠢᠨ ᠦᠵᠡᠨ᠎ᠡ᠃      ᠬᠤᠶᠠᠷ᠂ ︽ᠲᠠᠯ᠎ᠠ ᠨᠤᠳᠤᠭ ᠤᠨ ᠪᠤᠯᠵᠤᠭ᠎ᠠ᠂ ᠪᠠᠳᠠᠷᠠᠯᠳᠤ ᠰᠦᠨᠢᠳ︾ ᠮᠠᠯ ᠤᠨ ᠠᠰᠢᠭ ᠰᠢᠮ᠎ᠡ ᠪᠡ ᠲᠠᠷᠢᠶᠠᠯᠠᠩ ᠤᠨ ᠪᠦᠳᠤᠭᠡᠭᠳᠡᠬᠦᠨ ᠤ ᠲᠡᠯᠭᠡᠨ ᠪᠤᠷᠤᠯᠠᠭᠤᠯᠭ᠎ᠠ ᠶᠢᠨ ᠴᠤᠭᠯᠠᠭᠠᠨ      ᠠᠵᠢᠯᠯᠠᠭᠠᠨ ᠤ ᠴᠠᠭ᠄ 7 ᠰᠠᠷ᠎ᠠ ᠶᠢᠨ 11᠎ ᠤ ᠡᠳᠤᠷ — 7 ᠰᠠᠷ᠎ᠠ ᠶᠢᠨ 17᠎ ᠤ ᠡᠳᠤᠷ᠂ ᠨᠡᠶᠢᠳᠡ ᠲᠤᠯᠤᠭᠠᠨ ᠡᠳᠤᠷ᠃      ᠠᠵᠢᠯᠯᠠᠭᠠᠨ ᠤ ᠭᠠᠵᠡᠷ᠄ ᠲᠤᠰᠪᠤᠷᠢ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠠᠭᠤᠳᠠᠮ ᠲᠠᠯᠠᠪᠠᠢ ᠪᠠ ᠰᠠᠶᠢᠬᠠᠨᠳᠠᠯ᠎ᠠ ᠪᠠᠯᠭᠠᠰᠤᠨ ᠤ ᠦᠨᠳᠦᠷᠯᠢᠭ ᠤᠨ ᠷᠠᠰᠢᠶᠠᠨ ᠪᠠᠭᠤᠳᠠᠯ ᠳᠤ ᠶᠠᠪᠤᠭᠳᠠᠨ᠎ᠠ᠃      ᠭᠤᠤᠯ ᠠᠭᠤᠯᠭ᠎ᠠ᠄ ᠤᠯᠠᠭᠠᠠᠮᠦ᠋ᠴᠢᠷ ᠠᠭᠤᠳᠠᠮ ᠲᠠᠯᠠᠪᠠᠢ ᠳᠤ ᠨᠤᠤᠰᠤ ᠨᠤᠯᠤᠤᠷ ᠤᠨ ᠪᠦᠳᠤᠭᠡᠭᠳᠡᠬᠦᠨ᠂ ᠭᠤᠶᠤᠯᠠᠯ ᠤᠨ ᠡᠳ᠋᠂ ᠤᠯᠠᠭᠠᠨ ᠢᠳᠡᠭᠡᠨ᠂ ᠴᠠᠭᠠᠨ ᠢᠳᠡᠭᠡᠨ᠂ ᠮᠦᠩᠬᠦᠨ ᠡᠳ᠋ᠯᠠᠯ᠂ ᠭᠠᠷ ᠤᠷᠠᠯᠠᠯ ᠤᠨ ᠪᠦᠳᠤᠭᠡᠭᠳᠡᠬᠦᠨ᠂ ᠦᠨᠳᠤᠰᠤᠳᠠᠨ ᠤ ᠬᠤᠪᠴᠠᠰᠤ ᠵᠠᠰᠠᠯ᠂ ᠬᠠᠴᠢᠨ ᠴᠢᠯᠠᠭᠤ ᠵᠡᠷᠭᠡ ᠲᠡᠸᠡᠷ ᠢ ᠲᠡᠯᠭᠡᠨ ᠪᠤᠷᠤᠯᠠᠭᠤᠯᠤᠨ᠎ᠠ᠃ ᠦᠨᠳᠦᠷᠯᠢᠭ ᠤᠨ ᠷᠠᠰᠢᠶᠠᠨ ᠪᠠᠭᠤᠳᠠᠯ ᠳᠤ ᠪᠡᠯᠡᠨ ᠨᠤᠭᠤᠭ᠎ᠠ᠂ ᠨᠤᠳᠤᠭ ᠤᠨ ᠤᠨᠴᠠᠯᠢᠭᠳᠤ ᠢᠳᠡᠭᠡᠨ ᠵᠡᠷᠭᠡ ᠶᠢ ᠲᠡᠯᠭᠡᠨ ᠪᠤᠷᠤᠯᠠᠭᠤᠯᠤᠨ᠎ᠠ᠃      ᠭᠤᠷᠪᠡ᠂ ︽ᠲᠠᠯ᠎ᠠ ᠨᠤᠳᠤᠭ ᠤᠨ ᠪᠤᠯᠵᠤᠭ᠎ᠠ᠂ ᠤᠶᠠᠩᠭᠠᠳᠤ ᠰᠦᠨᠢᠳ︾ ᠬᠤᠶᠠᠳᠤᠭᠠᠷ ᠬᠤᠭᠤᠴᠠᠭᠠᠨ ᠤ ᠲᠠᠯ᠎ᠠ ᠨᠤᠳᠤᠭ ᠤᠨ ᠨᠠᠶᠢᠷᠠᠯ ᠲᠠᠭᠤᠨ ᠤ ᠨᠠᠶᠢᠷ      ᠠᠵᠢᠯᠯᠠᠭᠠᠨ ᠤ ᠴᠠᠭ᠄ 7 ᠰᠠᠷ᠎ᠠ ᠶᠢᠨ 13᠎ ᠤ ᠡᠳᠤᠷ — 7 ᠰᠠᠷ᠎ᠠ ᠶᠢᠨ 15᠎ ᠤ ᠡᠳᠤᠷ᠂ ᠨᠠᠶᠢᠳᠠ ᠭᠤᠷᠪᠡᠨ ᠡᠳᠤᠷ᠃      ᠠᠵᠢᠯᠯᠠᠭᠠᠨ ᠤ ᠭᠠᠵᠡᠷ᠄ ᠨᠠᠶᠢᠷᠠᠯ ᠲᠠᠭᠤᠨ ᠤ ᠤᠷᠤᠯᠳᠤᠭᠠᠨ ᠢ ᠰᠦᠨᠢᠳ ᠪᠠᠷᠠᠭᠤᠨ ᠬᠤᠰᠢᠭᠤᠨ ᠤ ᠺᠢᠨᠤ᠋ ᠤᠷᠳᠤᠨ ᠳᠤ ᠶᠠᠪᠤᠭᠳᠠᠭᠤᠯᠤᠨ᠎ᠠ᠃ ᠤᠷᠠᠨ ᠰᠠᠶᠢᠬᠠᠨ ᠤ ᠦᠵᠡᠬᠦᠯᠦᠯᠬᠡ ᠶᠢᠨ ᠲᠤᠭᠯᠠᠯᠳᠠ᠂ ᠠᠷᠠᠳ ᠲᠤ ᠠᠰᠢᠭ ᠬᠦᠷᠳᠡᠭᠡᠬᠦ ᠲᠤᠭᠯᠠᠯᠳᠠ ᠶᠢ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠠᠭᠤᠳᠠᠮ ᠲᠠᠯᠠᠪᠠᠢ ᠳᠤ ᠶᠠᠪᠤᠭᠳᠠᠭᠤᠯᠤᠨ᠎ᠠ᠃      ᠭᠤᠤᠯ ᠠᠭᠤᠯᠭ᠎ᠠ᠄ 7 ᠰᠠᠷ᠎ᠠ ᠶᠢᠨ 13᠎ ᠤ ᠡᠳᠤᠷ ᠬᠤᠰᠢᠭᠤ ᠺᠢᠨᠤ᠋ ᠤᠷᠳᠤᠨ ᠳᠤ ᠨᠠᠶᠢᠷᠠᠯ ᠲᠠᠭᠤᠨ ᠤ ᠤᠷᠤᠯᠳᠤᠭᠠᠨ ᠢ ᠶᠠᠪᠤᠭᠳᠠᠭᠤᠯᠤᠨ᠎ᠠ᠃ 7 ᠰᠠᠷ᠎ᠠ ᠶᠢᠨ 14᠎ ᠤ ᠤᠷᠤᠢ ᠤᠯᠠᠭᠠᠠᠮᠦ᠋ᠴᠢᠷ ᠠᠭᠤᠳᠠᠮ ᠲᠠᠯᠠᠪᠠᠢ ᠳᠤ ᠤᠷᠠᠨ ᠰᠠᠶᠢᠬᠠᠨ ᠤ ᠦᠵᠡᠬᠦᠯᠦᠯᠬᠡ ᠶᠢᠨ ᠲᠤᠭᠯᠠᠯᠳᠠ ᠶᠢ ᠶᠠᠪᠤᠭᠳᠠᠭᠤᠯᠤᠨ᠎ᠠ︔ 7 ᠰᠠᠷ᠎ᠠ ᠶᠢᠨ 15᠎ ᠤ ᠤᠷᠤᠢ ᠤᠯᠠᠭᠠᠠᠮᠦ᠋ᠴᠢᠷ ᠠᠭᠤᠳᠠᠮ ᠲᠠᠯᠠᠪᠠᠢ ᠳᠤ ᠠᠷᠠᠳ ᠲᠤ ᠠᠰᠢᠭ ᠬᠦᠷᠳᠡᠭᠡᠬᠦ ᠲᠤᠭᠯᠠᠯᠳᠠ ᠶᠢ ᠶᠠᠪᠤᠭᠳᠠᠭᠤᠯᠤᠨ᠎ᠠ᠃      ᠲᠦᠷᠪᠡ᠂ ︽ᠲᠠᠯ᠎ᠠ ᠨᠤᠳᠤᠭ ᠤᠨ ᠪᠤᠯᠵᠤᠭ᠎ᠠ᠂ ᠲᠡᠨᠢᠭᠡᠷ ᠠᠭᠤᠳᠠᠮ ᠪᠠᠷᠠᠭᠤᠨ ᠰᠦᠨᠢᠳ︾ ᠲᠠᠯ᠎ᠠ ᠨᠤᠳᠤᠭ ᠎ ᠤᠨ ᠮᠤᠲ᠋ᠤᠷ ᠲᠡᠷᠭᠡᠨ ᠤ ᠠᠮᠢ ᠠᠬᠤᠢ ᠶᠢᠨ ᠨᠠᠶᠢᠳᠠ ᠶᠢᠨ ᠠᠰᠠᠷᠠᠮᠵᠢ ᠶᠢᠨ ᠠᠵᠢᠯᠯᠠᠭ᠎ᠠ      ᠠᠵᠢᠯᠯᠠᠭᠠᠨ ᠤ ᠴᠠᠭ᠄ 7 ᠰᠠᠷ᠎ᠠ ᠶᠢᠨ 16᠎ ᠤ ᠡᠳᠤᠷ ᠤᠨ10᠄ 00 ᠴᠠᠭ ᠲᠤ ᠡᠬᠢᠯᠡᠨ᠎ᠡ      ᠠᠵᠢᠯᠯᠠᠭᠠᠨ ᠤ ᠭᠠᠵᠡᠷ᠄ ᠤᠯᠠᠭᠠᠨᠮᠦ᠋ᠴᠢᠷ ᠠᠭᠤᠳᠠᠮ ᠲᠠᠯᠠᠪᠠᠢ ᠠᠴᠠ ᠮᠤᠷᠳᠠᠨ᠎ᠠ      ᠭᠤᠤᠯ ᠠᠭᠤᠯᠭ᠎ᠠ᠄ ᠤᠯᠠᠭᠠᠨᠮᠥ᠋ᠴᠢᠷ ᠤᠨ ᠠᠭᠤᠳᠠᠮ ᠲᠠᠯᠠᠪᠠᠢ ᠳᠤ ᠲᠠᠯ᠎ᠠ ᠨᠤᠳᠤᠭ ᠤᠨ ᠮᠤᠲ᠋ᠤᠷ ᠲᠡᠷᠭᠡᠨ ᠤ ᠠᠮᠢ ᠠᠬᠤᠢ ᠶᠢᠨ ᠨᠠᠶᠢᠳᠠ ᠶᠢᠨ ᠠᠰᠠᠷᠠᠮᠵᠢ ᠶᠢᠨ ᠠᠵᠢᠯᠯᠠᠭ᠎ᠠ ᠶᠢ ᠡᠬᠢᠯᠡᠭᠦᠯᠵᠦ᠂ ᠠᠵᠢᠯᠯᠠᠭ᠎ᠠ ᠶᠢᠨ ᠵᠠᠮ ᠱᠤᠭᠤᠮ ᠨᠢ ᠰᠠᠶᠢᠬᠠᠨᠲᠠᠯ᠎ᠠ ᠶᠡᠭᠡ ᠵᠡᠭᠡᠯᠢ ᠳᠠᠭᠠᠤ ᠤᠷᠤᠭᠰᠢᠯᠠᠵᠤ — — ᠢᠳᠡᠰᠢᠨ ᠨᠤᠭᠤᠭᠠᠨ ᠤ ᠬᠦᠯᠡᠮᠵᠢ — — ᠦᠨᠳᠦᠰᠦᠲᠡᠨ ᠤ ᠪᠦᠯᠬᠦᠮᠳᠡᠯ ᠤᠨ ᠦᠵᠡᠭᠦᠯᠦᠯᠭᠡ ᠶᠢᠨ ᠣᠷᠳᠣᠨ ᠳᠤ ᠬᠦᠷᠴᠦ᠂ ᠮᠤᠲ᠋ᠤᠷ ᠲᠠᠷᠭᠡ ᠪᠠᠷ ᠲᠤᠭᠤᠷᠢᠨ ᠵᠤᠭᠠᠴᠠᠵᠦ᠂ ᠮᠦᠬᠦᠳᠤ ᠤᠷᠭᠤᠮᠠᠯ ᠲᠠᠷᠢᠬᠤ ᠪᠡ ᠪᠠᠴᠢᠮ ᠠᠪᠤᠷᠠᠯᠳᠠ ᠶᠢᠨ ᠪᠤᠯᠪᠠᠰᠤᠷᠠᠯ ᠬᠢᠬᠦ ᠵᠡᠷᠭᠡ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠦᠷᠨᠢᠬᠦᠯᠦᠨ᠎ᠡ᠃          ᠲᠤᠮᠳᠠᠳᠤ ᠤᠯᠤᠰ ᠤᠨ ᠡᠪ ᠬᠠᠮᠳᠤ ᠨᠡᠮ ᠤᠨ ᠰᠦᠨᠢᠳ ᠪᠠᠷᠠᠭᠤᠨ ᠬᠤᠰᠢᠭᠤᠨ ᠤ ᠬᠤᠷᠢᠶᠠᠨ ᠤ ᠠᠯᠪᠡᠨ ᠭᠡᠷ          ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠡᠨ ᠭᠡᠷ                     2023 ᠤᠨ ᠤ 7 ᠰᠠᠷ᠎ᠠ ᠶᠢᠨ 7᠎ ᠤ ᠡᠳᠤᠷ
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号