ᠰᠦᠨᠢᠳ ᠪᠠᠷᠠᠭᠤᠨ ᠬᠤᠰᠢᠭᠤᠨ ᠤ ᠠᠵᠦ ᠠᠬᠤᠢ ᠶᠢᠨ ᠨᠡᠮᠡᠭᠳᠡᠯ ᠤᠨ ᠬᠦᠳᠡᠯᠭᠡᠭᠴᠢ ᠬᠦᠴᠦᠨ ᠪᠡ ᠠᠮᠢᠵᠢᠷᠠᠯ | ᠤᠨ ᠬᠦᠴᠦᠨ ᠢ ᠲᠠᠰᠤᠷᠠᠯᠳᠠ ᠦᠬᠡᠢ ᠨᠡᠮᠡᠭᠳᠡᠬᠦᠯᠵᠦ᠂ ᠰᠤᠶᠤᠯ ᠵᠢᠭᠤᠯᠴᠢᠯᠠᠯ᠂ ᠭᠡᠷᠡᠭᠯᠡᠭᠡ ᠶᠢ ᠳᠠᠶᠢᠴᠢᠯᠠᠵᠤ᠂ | ᠠᠷᠠᠯᠵᠢᠶᠠᠴᠢᠨ ᠤᠷᠢᠵᠦ ᠪᠡᠯᠡ ᠤᠷᠤᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠶᠢᠨ ᠲᠦᠯᠦᠬᠡ᠂ ᠤᠷᠤᠨ | ᠪᠠᠶᠢᠷᠢᠰᠢᠯ ᠤᠨ ᠨᠦᠬᠦᠴᠠᠯ᠂ ᠡᠬᠢ ᠪᠠᠶᠠᠯᠢᠭ ᠤᠨ ᠲᠠᠪᠠᠭᠤᠯᠢᠭ ᠪᠡ ᠠᠵᠦ ᠦᠢᠯᠡᠰ ᠤᠨ ᠰᠠᠭᠤᠷᠢ ᠳᠤ ᠲᠦᠰᠢᠭᠯᠡᠨ᠂ | ᠰᠦᠨᠢᠳ ᠪᠠᠷᠠᠭᠤᠨ ᠬᠤᠰᠢᠭᠤᠨ ᠤ ᠨᠡᠮ ᠤᠨ ᠬᠤᠷᠢᠶ᠎ᠠ᠂ ᠵᠠᠰᠠᠭ ᠤᠨ ᠤᠷᠳᠤᠨ ᠨᠢ ︽ᠨᠠᠮ ᠳᠠᠭᠠᠨ ᠲᠠᠯᠠᠷᠬᠠᠨ᠂ | ᠨᠡᠮ ᠤᠨ ᠦᠬᠡ ᠶᠢ ᠰᠤᠨᠤᠰᠴᠦ᠂ ᠨᠡᠮ ᠢᠶᠠᠨ ᠲᠠᠭᠠᠨ᠎ᠠ︾ ᠲᠠᠯ᠎ᠠ ᠨᠤᠳᠤᠭ ᠤᠨ ᠪᠤᠯᠵᠤᠭ᠎ᠠ ᠬᠦᠭᠵᠢᠬᠦᠯᠦᠨ | ᠮᠠᠨᠳᠤᠭᠤᠯᠬᠤ ᠶᠢ ᠠᠬᠢᠭᠤᠯᠬᠤ ᠰᠢᠷᠢᠰ ᠠᠵᠢᠯᠯᠠᠭ᠎ᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠬᠤ ᠪᠠᠷ ᠲᠤᠭᠳᠠᠪᠡ᠃ | ᠲᠤᠰ ᠠᠵᠢᠯᠯᠠᠭ᠎ᠠ ᠪᠠᠷ ᠲᠠᠮᠵᠢᠨ᠂ ᠲᠤᠬᠠᠢ ᠶᠢᠨ ᠭᠠᠵᠡᠷ ᠤᠨ ᠰᠤᠶᠤᠯ ᠵᠢᠭᠤᠯᠴᠢᠯᠠᠯ᠂ ᠮᠠᠯ ᠤᠨ ᠠᠰᠢᠭ ᠰᠢᠮ᠎ᠡ ᠪᠡ | ᠲᠠᠷᠢᠶᠠᠯᠠᠩ ᠤᠨ ᠪᠦᠳᠤᠭᠡᠭᠳᠡᠬᠦᠨ ᠵᠢᠴᠢ ᠪᠤᠬᠢᠷᠳᠤᠯ ᠦᠬᠡᠢ ᠡᠨᠧᠷᠬᠢ ᠶᠢᠨ ᠡᠬᠢ ᠪᠠᠶᠠᠯᠢᠭ ᠢ ᠬᠦᠢᠴᠡᠳ ᠠᠭᠤᠳᠠᠯᠠᠬᠤ | ᠶᠢᠨ ᠬᠠᠮᠳᠤ ᠲᠡᠨᠢᠯᠴᠠᠭᠤᠯᠤᠨ ᠰᠤᠷᠳᠠᠯᠴᠢᠯᠠᠵᠦ᠂ ᠠᠵᠦ ᠠᠬᠤᠢ ᠶᠢᠨ ᠬᠦᠭᠵᠢᠯᠳᠡ ᠶᠢ ᠲᠠᠶᠢᠴᠢᠯᠠᠨ᠂ ᠬᠦᠳᠡᠭᠡ | ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠨ ᠢᠶᠠᠨ ᠡᠷᠬᠦᠵᠦ᠂ ᠰᠦᠨᠢᠳ ᠪᠠᠷᠠᠭᠤᠨ ᠬᠤᠰᠢᠭᠤᠨ ᠤ | ᠨᠡᠷ᠎ᠡ ᠠᠯᠳᠠᠷᠰᠢᠯ ᠪᠡ ᠨᠦᠯᠦᠬᠡᠯᠡᠬᠦ ᠬᠦᠴᠦᠨ ᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠪᠦᠬᠦ ᠬᠤᠰᠢᠭᠤᠨ ᠤ | ᠠᠵᠦ ᠠᠬᠤᠢ ᠶᠢᠨ ᠴᠢᠨᠠᠷᠯᠢᠭ ᠬᠦᠭᠵᠢᠯᠳᠡ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠪᠤᠯᠤᠨ᠎ᠠ᠃ ᠪᠤᠳᠠᠳᠠᠢ | ᠠᠭᠤᠯᠭ᠎ᠠ ᠨᠢ ᠲᠤᠤᠷᠡᠬᠢ ᠮᠡᠳᠤ᠄ | ᠨᠢᠬᠡ᠂ ︽ᠲᠠᠯ᠎ᠠ ᠨᠤᠳᠤᠭ ᠤᠨ ᠪᠤᠯᠵᠤᠭ᠎ᠠ᠂ ᠦᠵᠡᠰᠬᠦᠯᠡᠩᠳᠤ ᠰᠦᠨᠢᠳ︾ ᠭᠤᠷᠪᠡᠳᠤᠭᠠᠷ ᠬᠤᠭᠤᠴᠠᠭᠠᠨ ᠤ | ᠵᠢᠷᠦᠬᠡ ᠪᠤᠬᠢᠷᠳᠤᠯ ᠦᠬᠡᠢ ᠰᠢᠨ᠎ᠡ ᠡᠨᠧᠷᠬᠢ + ᠠᠵᠦ ᠦᠢᠯᠡᠰ ᠤᠨ ᠲᠤᠰᠬᠠᠢ ᠲᠠᠨᠢᠯᠴᠠᠭᠤᠯᠭ᠎ᠠ ᠶᠢᠨ ᠬᠤᠷᠠᠯ | ᠠᠵᠢᠯᠯᠠᠭᠠᠨ ᠤ ᠴᠠᠭ᠄ 7 ᠰᠠᠷ᠎ᠠ ᠶᠢᠨ 11 ᠤ ᠡᠳᠤᠷ | ᠠᠵᠢᠯᠯᠠᠭᠠᠨ ᠤ ᠭᠠᠵᠡᠷ᠄ ᠰᠦᠨᠢᠳ ᠪᠠᠷᠠᠭᠤᠨ ᠬᠤᠰᠢᠭᠤᠨ ᠤ ᠰᠠᠶᠢᠬᠠᠨᠳᠠᠯ᠎ᠠ ᠪᠠᠯᠭᠠᠰᠤᠨ ᠤ ᠦᠨᠳᠦᠷᠯᠢᠭ ᠤᠨ | ᠷᠠᠰᠢᠶᠠᠨ ᠪᠠᠭᠤᠳᠠᠯ | ᠭᠤᠤᠯ ᠠᠭᠤᠯᠭ᠎ᠠ᠄ 11 ᠤ ᠡᠳᠤᠷ ᠤᠨ ᠦᠳᠠ ᠶᠢᠨ ᠡᠮᠤᠨ᠎ᠡ ᠲᠠᠨᠢᠯᠴᠠᠭᠤᠯᠭ᠎ᠠ ᠶᠢᠨ ᠬᠤᠷᠠᠯ ᠢ | ᠬᠤᠷᠠᠯᠳᠤᠭᠤᠯᠵᠦ᠂ ᠦᠳᠡ ᠶᠢᠨ ᠬᠤᠶᠢᠨ᠎ᠡ ᠬᠠᠮᠢᠶ᠎ᠠ ᠪᠦᠬᠦᠢ ᠠᠵᠦ ᠠᠬᠤᠶᠢᠯᠠᠯ ᠤᠨ ᠠᠬᠤᠢ ᠲᠠᠯᠠᠪᠠᠢ ᠳᠤ ᠲᠤᠭᠤᠷᠢᠨ | ᠦᠵᠡᠨ᠎ᠡ᠃ | ᠬᠤᠶᠠᠷ᠂ ︽ᠲᠠᠯ᠎ᠠ ᠨᠤᠳᠤᠭ ᠤᠨ ᠪᠤᠯᠵᠤᠭ᠎ᠠ᠂ ᠪᠠᠳᠠᠷᠠᠯᠳᠤ ᠰᠦᠨᠢᠳ︾ ᠮᠠᠯ ᠤᠨ ᠠᠰᠢᠭ ᠰᠢᠮ᠎ᠡ ᠪᠡ | ᠲᠠᠷᠢᠶᠠᠯᠠᠩ ᠤᠨ ᠪᠦᠳᠤᠭᠡᠭᠳᠡᠬᠦᠨ ᠤ ᠲᠡᠯᠭᠡᠨ ᠪᠤᠷᠤᠯᠠᠭᠤᠯᠭ᠎ᠠ ᠶᠢᠨ ᠴᠤᠭᠯᠠᠭᠠᠨ | ᠠᠵᠢᠯᠯᠠᠭᠠᠨ ᠤ ᠴᠠᠭ᠄ 7 ᠰᠠᠷ᠎ᠠ ᠶᠢᠨ 11 ᠤ ᠡᠳᠤᠷ — 7 ᠰᠠᠷ᠎ᠠ ᠶᠢᠨ 17 ᠤ ᠡᠳᠤᠷ᠂ ᠨᠡᠶᠢᠳᠡ | ᠲᠤᠯᠤᠭᠠᠨ ᠡᠳᠤᠷ᠃ | ᠠᠵᠢᠯᠯᠠᠭᠠᠨ ᠤ ᠭᠠᠵᠡᠷ᠄ ᠲᠤᠰᠪᠤᠷᠢ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠠᠭᠤᠳᠠᠮ ᠲᠠᠯᠠᠪᠠᠢ | ᠪᠠ ᠰᠠᠶᠢᠬᠠᠨᠳᠠᠯ᠎ᠠ ᠪᠠᠯᠭᠠᠰᠤᠨ ᠤ ᠦᠨᠳᠦᠷᠯᠢᠭ ᠤᠨ ᠷᠠᠰᠢᠶᠠᠨ ᠪᠠᠭᠤᠳᠠᠯ ᠳᠤ ᠶᠠᠪᠤᠭᠳᠠᠨ᠎ᠠ᠃ | ᠭᠤᠤᠯ ᠠᠭᠤᠯᠭ᠎ᠠ᠄ ᠤᠯᠠᠭᠠᠠᠮᠦ᠋ᠴᠢᠷ ᠠᠭᠤᠳᠠᠮ ᠲᠠᠯᠠᠪᠠᠢ ᠳᠤ ᠨᠤᠤᠰᠤ ᠨᠤᠯᠤᠤᠷ ᠤᠨ ᠪᠦᠳᠤᠭᠡᠭᠳᠡᠬᠦᠨ᠂ | ᠭᠤᠶᠤᠯᠠᠯ ᠤᠨ ᠡᠳ᠋᠂ ᠤᠯᠠᠭᠠᠨ ᠢᠳᠡᠭᠡᠨ᠂ ᠴᠠᠭᠠᠨ ᠢᠳᠡᠭᠡᠨ᠂ ᠮᠦᠩᠬᠦᠨ ᠡᠳ᠋ᠯᠠᠯ᠂ ᠭᠠᠷ ᠤᠷᠠᠯᠠᠯ ᠤᠨ | ᠪᠦᠳᠤᠭᠡᠭᠳᠡᠬᠦᠨ᠂ ᠦᠨᠳᠤᠰᠤᠳᠠᠨ ᠤ ᠬᠤᠪᠴᠠᠰᠤ ᠵᠠᠰᠠᠯ᠂ ᠬᠠᠴᠢᠨ ᠴᠢᠯᠠᠭᠤ ᠵᠡᠷᠭᠡ ᠲᠡᠸᠡᠷ ᠢ ᠲᠡᠯᠭᠡᠨ | ᠪᠤᠷᠤᠯᠠᠭᠤᠯᠤᠨ᠎ᠠ᠃ ᠦᠨᠳᠦᠷᠯᠢᠭ ᠤᠨ ᠷᠠᠰᠢᠶᠠᠨ ᠪᠠᠭᠤᠳᠠᠯ ᠳᠤ ᠪᠡᠯᠡᠨ ᠨᠤᠭᠤᠭ᠎ᠠ᠂ ᠨᠤᠳᠤᠭ ᠤᠨ ᠤᠨᠴᠠᠯᠢᠭᠳᠤ | ᠢᠳᠡᠭᠡᠨ ᠵᠡᠷᠭᠡ ᠶᠢ ᠲᠡᠯᠭᠡᠨ ᠪᠤᠷᠤᠯᠠᠭᠤᠯᠤᠨ᠎ᠠ᠃ | ᠭᠤᠷᠪᠡ᠂ ︽ᠲᠠᠯ᠎ᠠ ᠨᠤᠳᠤᠭ ᠤᠨ ᠪᠤᠯᠵᠤᠭ᠎ᠠ᠂ ᠤᠶᠠᠩᠭᠠᠳᠤ ᠰᠦᠨᠢᠳ︾ ᠬᠤᠶᠠᠳᠤᠭᠠᠷ ᠬᠤᠭᠤᠴᠠᠭᠠᠨ ᠤ | ᠲᠠᠯ᠎ᠠ ᠨᠤᠳᠤᠭ ᠤᠨ ᠨᠠᠶᠢᠷᠠᠯ ᠲᠠᠭᠤᠨ ᠤ ᠨᠠᠶᠢᠷ | ᠠᠵᠢᠯᠯᠠᠭᠠᠨ ᠤ ᠴᠠᠭ᠄ 7 ᠰᠠᠷ᠎ᠠ ᠶᠢᠨ 13 ᠤ ᠡᠳᠤᠷ — 7 ᠰᠠᠷ᠎ᠠ ᠶᠢᠨ 15 ᠤ ᠡᠳᠤᠷ᠂ ᠨᠠᠶᠢᠳᠠ | ᠭᠤᠷᠪᠡᠨ ᠡᠳᠤᠷ᠃ | ᠠᠵᠢᠯᠯᠠᠭᠠᠨ ᠤ ᠭᠠᠵᠡᠷ᠄ ᠨᠠᠶᠢᠷᠠᠯ ᠲᠠᠭᠤᠨ ᠤ ᠤᠷᠤᠯᠳᠤᠭᠠᠨ ᠢ ᠰᠦᠨᠢᠳ ᠪᠠᠷᠠᠭᠤᠨ ᠬᠤᠰᠢᠭᠤᠨ ᠤ ᠺᠢᠨᠤ᠋ | ᠤᠷᠳᠤᠨ ᠳᠤ ᠶᠠᠪᠤᠭᠳᠠᠭᠤᠯᠤᠨ᠎ᠠ᠃ ᠤᠷᠠᠨ ᠰᠠᠶᠢᠬᠠᠨ ᠤ ᠦᠵᠡᠬᠦᠯᠦᠯᠬᠡ ᠶᠢᠨ ᠲᠤᠭᠯᠠᠯᠳᠠ᠂ ᠠᠷᠠᠳ ᠲᠤ ᠠᠰᠢᠭ | ᠬᠦᠷᠳᠡᠭᠡᠬᠦ ᠲᠤᠭᠯᠠᠯᠳᠠ ᠶᠢ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠠᠭᠤᠳᠠᠮ ᠲᠠᠯᠠᠪᠠᠢ ᠳᠤ | ᠶᠠᠪᠤᠭᠳᠠᠭᠤᠯᠤᠨ᠎ᠠ᠃ | ᠭᠤᠤᠯ ᠠᠭᠤᠯᠭ᠎ᠠ᠄ 7 ᠰᠠᠷ᠎ᠠ ᠶᠢᠨ 13 ᠤ ᠡᠳᠤᠷ ᠬᠤᠰᠢᠭᠤ ᠺᠢᠨᠤ᠋ ᠤᠷᠳᠤᠨ ᠳᠤ ᠨᠠᠶᠢᠷᠠᠯ ᠲᠠᠭᠤᠨ ᠤ | ᠤᠷᠤᠯᠳᠤᠭᠠᠨ ᠢ ᠶᠠᠪᠤᠭᠳᠠᠭᠤᠯᠤᠨ᠎ᠠ᠃ 7 ᠰᠠᠷ᠎ᠠ ᠶᠢᠨ 14 ᠤ ᠤᠷᠤᠢ ᠤᠯᠠᠭᠠᠠᠮᠦ᠋ᠴᠢᠷ ᠠᠭᠤᠳᠠᠮ ᠲᠠᠯᠠᠪᠠᠢ ᠳᠤ | ᠤᠷᠠᠨ ᠰᠠᠶᠢᠬᠠᠨ ᠤ ᠦᠵᠡᠬᠦᠯᠦᠯᠬᠡ ᠶᠢᠨ ᠲᠤᠭᠯᠠᠯᠳᠠ ᠶᠢ ᠶᠠᠪᠤᠭᠳᠠᠭᠤᠯᠤᠨ᠎ᠠ︔ 7 ᠰᠠᠷ᠎ᠠ ᠶᠢᠨ 15 ᠤ ᠤᠷᠤᠢ | ᠤᠯᠠᠭᠠᠠᠮᠦ᠋ᠴᠢᠷ ᠠᠭᠤᠳᠠᠮ ᠲᠠᠯᠠᠪᠠᠢ ᠳᠤ ᠠᠷᠠᠳ ᠲᠤ ᠠᠰᠢᠭ ᠬᠦᠷᠳᠡᠭᠡᠬᠦ ᠲᠤᠭᠯᠠᠯᠳᠠ ᠶᠢ ᠶᠠᠪᠤᠭᠳᠠᠭᠤᠯᠤᠨ᠎ᠠ᠃ | ᠲᠦᠷᠪᠡ᠂ ︽ᠲᠠᠯ᠎ᠠ ᠨᠤᠳᠤᠭ ᠤᠨ ᠪᠤᠯᠵᠤᠭ᠎ᠠ᠂ ᠲᠡᠨᠢᠭᠡᠷ ᠠᠭᠤᠳᠠᠮ ᠪᠠᠷᠠᠭᠤᠨ ᠰᠦᠨᠢᠳ︾ ᠲᠠᠯ᠎ᠠ ᠨᠤᠳᠤᠭ | ᠤᠨ ᠮᠤᠲ᠋ᠤᠷ ᠲᠡᠷᠭᠡᠨ ᠤ ᠠᠮᠢ ᠠᠬᠤᠢ ᠶᠢᠨ ᠨᠠᠶᠢᠳᠠ ᠶᠢᠨ ᠠᠰᠠᠷᠠᠮᠵᠢ ᠶᠢᠨ ᠠᠵᠢᠯᠯᠠᠭ᠎ᠠ | ᠠᠵᠢᠯᠯᠠᠭᠠᠨ ᠤ ᠴᠠᠭ᠄ 7 ᠰᠠᠷ᠎ᠠ ᠶᠢᠨ 16 ᠤ ᠡᠳᠤᠷ ᠤᠨ10᠄ 00 ᠴᠠᠭ ᠲᠤ ᠡᠬᠢᠯᠡᠨ᠎ᠡ | ᠠᠵᠢᠯᠯᠠᠭᠠᠨ ᠤ ᠭᠠᠵᠡᠷ᠄ ᠤᠯᠠᠭᠠᠨᠮᠦ᠋ᠴᠢᠷ ᠠᠭᠤᠳᠠᠮ ᠲᠠᠯᠠᠪᠠᠢ ᠠᠴᠠ ᠮᠤᠷᠳᠠᠨ᠎ᠠ | ᠭᠤᠤᠯ ᠠᠭᠤᠯᠭ᠎ᠠ᠄ ᠤᠯᠠᠭᠠᠨᠮᠥ᠋ᠴᠢᠷ ᠤᠨ ᠠᠭᠤᠳᠠᠮ ᠲᠠᠯᠠᠪᠠᠢ ᠳᠤ ᠲᠠᠯ᠎ᠠ ᠨᠤᠳᠤᠭ ᠤᠨ ᠮᠤᠲ᠋ᠤᠷ ᠲᠡᠷᠭᠡᠨ ᠤ | ᠠᠮᠢ ᠠᠬᠤᠢ ᠶᠢᠨ ᠨᠠᠶᠢᠳᠠ ᠶᠢᠨ ᠠᠰᠠᠷᠠᠮᠵᠢ ᠶᠢᠨ ᠠᠵᠢᠯᠯᠠᠭ᠎ᠠ ᠶᠢ ᠡᠬᠢᠯᠡᠭᠦᠯᠵᠦ᠂ ᠠᠵᠢᠯᠯᠠᠭ᠎ᠠ ᠶᠢᠨ ᠵᠠᠮ ᠱᠤᠭᠤᠮ ᠨᠢ | ᠰᠠᠶᠢᠬᠠᠨᠲᠠᠯ᠎ᠠ ᠶᠡᠭᠡ ᠵᠡᠭᠡᠯᠢ ᠳᠠᠭᠠᠤ ᠤᠷᠤᠭᠰᠢᠯᠠᠵᠤ — — ᠢᠳᠡᠰᠢᠨ ᠨᠤᠭᠤᠭᠠᠨ ᠤ ᠬᠦᠯᠡᠮᠵᠢ — — | ᠦᠨᠳᠦᠰᠦᠲᠡᠨ ᠤ ᠪᠦᠯᠬᠦᠮᠳᠡᠯ ᠤᠨ ᠦᠵᠡᠭᠦᠯᠦᠯᠭᠡ ᠶᠢᠨ ᠣᠷᠳᠣᠨ ᠳᠤ ᠬᠦᠷᠴᠦ᠂ ᠮᠤᠲ᠋ᠤᠷ ᠲᠠᠷᠭᠡ ᠪᠠᠷ ᠲᠤᠭᠤᠷᠢᠨ | ᠵᠤᠭᠠᠴᠠᠵᠦ᠂ ᠮᠦᠬᠦᠳᠤ ᠤᠷᠭᠤᠮᠠᠯ ᠲᠠᠷᠢᠬᠤ ᠪᠡ ᠪᠠᠴᠢᠮ ᠠᠪᠤᠷᠠᠯᠳᠠ ᠶᠢᠨ ᠪᠤᠯᠪᠠᠰᠤᠷᠠᠯ ᠬᠢᠬᠦ ᠵᠡᠷᠭᠡ ᠨᠡᠶᠢᠳᠡ ᠶᠢᠨ | ᠠᠰᠠᠷᠠᠮᠵᠢ ᠶᠢᠨ ᠠᠵᠢᠯᠯᠠᠭ᠎ᠠ ᠦᠷᠨᠢᠬᠦᠯᠦᠨ᠎ᠡ᠃ | ᠲᠤᠮᠳᠠᠳᠤ ᠤᠯᠤᠰ ᠤᠨ ᠡᠪ ᠬᠠᠮᠳᠤ ᠨᠡᠮ ᠤᠨ ᠰᠦᠨᠢᠳ ᠪᠠᠷᠠᠭᠤᠨ ᠬᠤᠰᠢᠭᠤᠨ ᠤ ᠬᠤᠷᠢᠶᠠᠨ ᠤ | ᠠᠯᠪᠡᠨ ᠭᠡᠷ | ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠡᠨ ᠭᠡᠷ | 2023 ᠤᠨ ᠤ 7 ᠰᠠᠷ᠎ᠠ ᠶᠢᠨ 7 ᠤ ᠡᠳᠤᠷ |