ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/31
ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠢ ᠡᠷᠬᠢᠯᠡᠨ ᠬᠤᠷᠠᠯᠳᠤᠭᠤᠯᠵᠤ      ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ  ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ      ᠵᠠᠰᠠᠭ ᠵᠠᠬᠢᠷᠭᠠᠨ ᠤ ᠦᠷ᠎ᠡ ᠴᠢᠳᠠᠮᠵᠢ ᠶᠢ ᠶᠡᠭᠡ ᠪᠠᠷ ᠳᠡᠭᠡᠭᠰᠢᠯᠡᠭᠦᠯᠵᠦ  ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ      ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ  ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 8 ᠳ᠋ᠤᠭᠠᠷ ᠰᠠᠷ᠎ᠠ ᠶᠢᠨ 16 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠣᠨ ᠠᠵᠤ ᠠᠬᠤᠢ ᠶᠢᠨ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ ᠲᠤᠬᠠᠢ ᠲᠠᠬᠢᠨ ᠪᠠᠶᠢᠷᠢᠯᠠᠭᠤᠯᠵᠤ᠂ ᠲᠠᠬᠢᠨ ᠠᠬᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃      ᠯᠢ ᠴᠢᠶᠠᠩ᠂ ᠵᠢᠯ ᠡᠬᠢᠯᠡᠭᠰᠡᠨ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠤ ᠪᠠᠨ ᠰᠠᠶᠢᠵᠢᠷᠠᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠰᠠᠶᠢᠨ ᠰᠠᠭᠤᠷᠢ ᠲᠠᠯᠪᠢᠵᠠᠢ᠃ ᠪᠢᠳᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠯᠤᠭ᠎ᠠ ᠦᠨᠡᠨ ᠬᠦ ᠨᠢᠭᠡᠳᠬᠡᠵᠦ᠂ ᠲᠣᠭᠲᠠᠭᠤᠨ ᠤ ᠳᠤᠮᠳᠠ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠬᠦᠴᠦᠯᠡᠨ ᠴᠢᠷᠮᠠᠶᠢᠵᠤ᠂ ᠬᠤᠷᠸ᠎ᠠ ᠲᠣᠬᠢᠷᠠᠭᠤᠯᠭ᠎ᠠ ᠡᠵᠡᠮᠳᠡᠯ ᠢ ᠤᠨᠢᠨ ᠳᠡᠭᠡᠷ᠎ᠡ ᠨᠢ ᠡᠷᠴᠢᠮᠲᠡᠢ ᠬᠡᠷᠡᠭᠵᠢᠭᠦᠯᠵᠦ᠂ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ᠂ ᠳᠣᠲᠣᠭᠠᠳᠤ ᠬᠥᠳᠡᠯᠭᠡᠬᠦ ᠬᠦᠴᠦᠨ ᠤ ᠦᠷᠭᠦᠯᠵᠢᠯᠡᠨ ᠴᠢᠩᠭᠠᠷᠠᠬᠤ᠂ ᠨᠡᠶᠢᠭᠡᠮ ᠤᠨ ᠵᠢᠱᠢᠯᠲᠡ ᠶᠢᠨ ᠦᠷᠭᠦᠯᠵᠢᠯᠡᠨ ᠰᠠᠶᠢᠵᠢᠷᠠᠬᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠦᠷᠭᠦᠯᠵᠢᠯᠡᠨ ᠠᠷᠢᠯᠭ