ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠪᠠ ᠴᠢᠰᠤ ᠪᠦᠲᠦᠭᠡᠬᠦ ᠭᠤᠣᠯ ᠡᠰ ᠴᠤᠭᠯᠠᠭᠤᠯᠬᠤ ᠠᠵᠢᠯᠯᠠᠭ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2023/8/5
ᠨᠠᠶᠢᠵᠠ ᠨᠠᠷ᠂ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠰᠡᠳᠬᠢᠯᠲᠦ ᠬᠥᠮᠦᠰ ᠲᠤ᠄    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠰᠤ ᠬᠠᠨᠳᠢᠪᠯᠠᠬᠤ ᠬᠠᠤᠯᠢ︾ ᠶᠢ ᠨᠡᠩ ᠰᠠᠶᠢᠲᠤᠷ ᠲᠤᠤᠱᠯᠠᠭᠤᠯᠤᠨ ᠬᠡᠷᠡᠭᠵᠢᠭᠦᠯᠵᠦ᠂ ︽ᠬᠠᠷᠠᠮ ᠦᠭᠡᠶ ᠵᠣᠷᠢᠭᠤᠯᠬᠤ᠂ ᠨᠥᠬᠦᠷᠰᠡᠭ ᠪᠠᠶᠢᠬᠤ᠂ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ ᠶᠢᠨ ᠦᠶᠯᠡᠴᠢᠯᠡᠭᠡᠨ ᠤ ᠵᠣᠷᠢᠭ ᠰᠠᠨᠠᠭ᠎ᠠ ᠪᠣᠯᠤᠨ ︽ᠬᠥᠮᠦᠯᠢᠭ ᠦᠵᠡᠯ᠂ ᠲᠦᠭᠡᠮᠡᠯ ᠬᠠᠶᠢᠷ᠎ᠠ᠂ ᠬᠠᠷᠠᠮ ᠦᠭᠡᠶ ᠵᠣᠷᠢᠭᠤᠯᠬᠤ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠭᠦᠶᠴᠡᠳ ᠪᠠᠳᠠᠷᠠᠭᠤᠯᠵᠤ ᠂ ᠴᠢᠰᠤ ᠬᠠᠨᠳᠢᠪᠯᠠᠬᠤ ᠪᠠᠷ ᠳᠠᠮᠵᠢᠨ᠂ ᠠᠮᠢ ᠨᠠᠰᠤ ᠶᠢ ᠠᠪᠤᠷᠠᠬᠤ ᠶᠢᠨ ᠲᠤᠰᠠᠳᠠ᠂ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠰᠢᠯᠢ ᠶᠢᠨ ᠭᠤᠤᠯ ᠠᠶᠢᠮᠠᠭ ᠤᠨ ᠴᠢᠰᠤᠨ ᠤ ᠥᠷᠲᠡᠭᠡ ᠲᠠᠢ ᠬᠠᠮᠲᠤᠷᠠᠨ 2023 ᠣᠨ ᠤ ᠦᠨ᠎ᠡ ᠲᠥᠯᠥᠪᠦᠷᠢ ᠥᠬᠡᠶ ᠴᠢᠰᠤ ᠬᠠᠨᠳᠢᠪᠯᠠᠬᠤ ᠵᠢᠴᠢ ᠴᠢᠰᠤ ᠪᠦᠲᠦᠭᠡᠬᠦ ᠭᠤᠤᠯ ᠡᠰ ᠤᠨ ᠴᠢᠰᠤᠨ ᠤ ᠥᠯᠢᠭᠡᠷ ᠴᠤᠭᠯᠠᠭᠤᠯᠬᠤ ᠠᠵᠢᠯᠯᠠᠭ᠎ᠠ ᠦᠷᠨᠢᠭᠦᠯᠬᠦ ᠪᠠᠷ ᠪᠤᠯᠤᠯ᠎ᠠ᠃ ᠡᠳᠦᠭᠡ ᠬᠤᠯᠪᠣᠭᠳᠠᠯ ᠪᠥᠬᠦᠶ ᠵᠦᠶᠯᠡᠰ ᠢ ᠮᠡᠳᠡᠭᠳᠡᠶ᠎ᠡ᠃    ᠨᠢᠭᠡ᠂ ᠠᠵᠢᠯᠯᠠᠭᠠᠨ ᠤ ᠴᠠᠭ᠄ 2023 ᠣᠨ ᠤ 8 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨᠡᠬᠢ 8 ᠄ 00 ᠴᠠᠭ ᠠᠴᠠ ᠡᠬᠢᠯᠡᠨ᠎ᠡ᠃    ᠬᠤᠶᠠᠷ᠂ ᠴᠢᠰᠤ ᠬᠠᠨᠳᠢᠪᠯᠠᠬᠤ ᠭᠠᠵᠠᠷ᠄ ᠰᠥᠨᠢᠳ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠭᠤᠷᠪᠠᠳᠤᠭᠠᠷ ᠲᠠᠪᠬᠤᠷᠭ᠎ᠠ ᠶᠢᠨ ᠬᠤᠷᠠᠯ ᠤᠨ ᠭᠡᠷ ᠲᠤ    ᠭᠤᠷᠪᠠ᠂ ᠪᠣᠳᠠᠲᠠᠢ ᠱᠠᠭᠠᠷᠳᠠᠯᠭ᠎ᠠ᠄    1. ᠪᠡᠶ᠎ᠡ ᠶᠢᠨ ᠦᠨᠡᠮᠯᠡᠯ ᠪᠠ ᠴᠢᠰᠤ ᠬᠠᠨᠳᠢᠪᠯᠠᠬᠤ ᠦᠨᠡᠮᠯᠡᠯ ᠢᠶᠠᠨ ᠠᠪᠤᠭᠠᠷᠠᠶ᠃    2. ᠬᠤᠶᠠᠷ ᠤᠳᠠᠭᠠᠨ ᠤ ᠴᠢᠰᠤ ᠬᠠᠨᠳᠢᠪᠯᠠᠬᠤ ᠴᠠᠭ ᠨᠢ ᠨᠠᠭᠠᠳᠤ ᠵᠠᠬ᠎ᠠ ᠳᠠᠭᠠᠨ ᠬᠠᠭᠠᠰ ᠵᠢᠯ ᠠᠴᠠ ᠳᠡᠭᠡᠭᠰᠢ ᠪᠠᠶᠢᠪᠠᠯ ᠰᠠᠶ᠋ᠢ ᠬᠠᠨᠳᠢᠪᠯᠠᠵᠤ ᠪᠤᠯᠤᠨ᠎ᠠ᠃    3᠂ ᠥᠯᠥᠨ ᠢᠶᠠᠷ ᠴᠢᠰᠤ ᠬᠠᠨᠳᠢᠪᠯᠠᠵᠤ ᠪᠣᠯᠬᠤ ᠦᠭᠡᠢ᠂ ᠥᠷᠯᠥᠭᠡᠨ ᠤ ᠬᠤᠭᠤᠯᠠ ᠪᠠᠨ ᠰᠠᠶᠢᠨ ᠢᠳᠡᠬᠦ ᠬᠡᠷᠡᠭᠲᠡᠢ᠂ ᠥᠭᠡᠬᠦ ᠲᠤᠰᠤ ᠪᠠᠭ᠎ᠠ ᠬᠥᠩᠭᠡᠨ ᠵᠠᠭᠤᠰᠢ ᠢᠳᠡᠭᠡᠷᠡᠢ᠂ ᠠᠷᠢᠬᠢ ᠤᠤᠭᠤᠵᠤ ᠪᠤᠯᠬᠤ ᠦᠭᠡᠢ᠃    4. ᠴᠢᠰᠤ ᠬᠠᠨᠳᠢᠪᠯᠠᠭᠰᠠᠨ ᠤ ᠳᠠᠷᠠᠭ᠎ᠠ ᠢᠯᠡᠭᠦᠬᠡᠨ ᠠᠮᠠᠷᠠᠵᠤ᠂ ᠰᠢᠷᠦᠭᠦᠨ ᠬᠥᠳᠡᠯᠭᠡᠭᠡᠨ ᠬᠢᠵᠦ ᠪᠣᠯᠬᠤ ᠦᠭᠡᠢ᠃    5. ᠡᠮᠡᠭᠲᠡᠶᠢᠴᠦᠳ ᠰᠠᠷ᠎ᠠ ᠶᠢᠨ ᠭᠬᠢᠷ ᠤᠨ ᠬᠤᠭᠤᠴᠠᠭᠠᠨ ᠤ ᠡᠮᠦᠨ᠎ᠡ ᠬᠤᠶᠢᠨᠠᠬᠢ ᠭᠤᠷᠪᠠᠨ ᠡᠳᠦᠷ ᠲᠤ ᠴᠢᠰᠤ ᠬᠠᠨᠳᠢᠪᠯᠠᠬᠤ ᠦᠭᠡᠢ᠃    ᠳᠥᠷᠪᠡ᠂ ᠴᠢᠰᠤ ᠬᠠᠨᠳᠢᠪᠯᠠᠬᠤ ᠦᠶ᠎ᠡ ᠳᠤ ᠴᠢᠰᠤ ᠪᠦᠲᠦᠭᠡᠬᠦ ᠭᠤᠤᠯ ᠡᠰ ᠤᠨ ᠰᠠᠶᠢᠨ ᠳᠤᠷ᠎ᠠ ᠶᠢᠨ ᠬᠠᠨᠳᠢᠪᠯᠠᠭᠴᠢ ᠳᠤ ᠣᠷᠣᠯᠴᠠᠬᠤ ᠪᠠᠷ ᠭᠤᠶᠤᠴᠢᠯᠠᠵᠤ ᠪᠣᠯᠤᠨ᠎ᠠ᠄ ᠲᠤᠬᠠᠶ ᠶᠢᠨ ᠲᠠᠯᠠᠪᠠᠶ ᠳᠤ ᠪᠠᠶᠢᠭ᠎ᠠ ᠠᠵᠢᠯᠲᠠᠨ ᠳᠤ ᠬᠦᠰᠡᠯ ᠡᠷᠡᠮᠡᠯᠵᠡᠯ ᠢᠶᠠᠨ ᠲᠣᠳᠣᠷᠬᠠᠶᠢᠯᠠᠵᠤ ᠳᠠᠩᠰᠠᠯᠠᠭᠤᠯᠤᠭᠰᠠᠨ ᠤ ᠳᠠᠷᠠᠭ᠎ᠠ᠂ ᠴᠢᠰᠤ ᠬᠠᠨᠳᠢᠪᠯᠠᠬᠤ ᠶᠢᠨ ᠬᠠᠮᠲᠤ 5 - 10 ᠮᠢᠯᠢᠯᠢᠲᠷ ᠴᠢᠰᠤᠨ ᠤ ᠦᠯᠢᠭᠡᠷ ᠦᠯᠡᠳᠡᠭᠡᠨ᠂ ᠴᠢᠰᠤ ᠪᠦᠲᠦᠭᠡᠬᠦ ᠭᠤᠤᠯ ᠡᠰ ᠤᠨ ᠢᠷᠠᠭᠤ ᠠᠯᠳᠠᠷᠲᠤ ᠰᠠᠶᠢᠨ ᠳᠤᠷ᠎ᠠ ᠶᠢᠨ ᠬᠠᠨᠳᠢᠪᠯᠠᠭᠴᠢ ᠪᠤᠯᠤᠨ᠎ᠠ᠃             ᠰᠥᠨᠢᠳ ᠪᠠᠷᠠᠭᠤᠨ ᠬᠤᠰᠢᠭᠤᠨ ᠤ ᠤᠯᠠᠭᠠᠨ ᠵᠠᠭᠠᠯᠮᠠᠢᠲᠠᠨ ᠤ ᠨᠡᠶᠢᠭᠡᠮᠯᠢᠭ                       2023 ᠣᠨ ᠤ 8 ᠰᠠᠷ᠎ᠠ ᠶᠢᠨ 4 ᠤ ᠡᠳᠦᠷ
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号