ᠬᠤᠰᠢᠭᠤ ᠤᠯᠠᠭᠠᠨᠮᠥ᠋ᠴᠢᠷ ᠤᠨ ᠬᠢᠨ ᠦᠪᠡᠷᠮᠢᠴᠡ ᠰᠤᠳᠤᠨ ᠳᠤᠭᠯᠠᠯᠳᠠ ᠪᠠᠷ ᠢᠶᠠᠨᠨᠠᠶᠢᠰᠯᠡᠯ ᠤᠨ ᠤᠯᠠᠨ ᠲᠦᠮᠡᠨ ᠳᠤ ᠤᠳᠬ᠎ᠠ ᠤᠷᠠᠯᠢᠭ ᠤᠨ ᠰᠢᠮ᠎ᠡ ᠶᠢ ᠬᠦᠷᠳᠡ᠊
ᠨᠡᠶᠢᠲᠡᠯᠡᠭᠰᠡᠨ ᠴᠠᠭ᠄
2023/8/8
   ᠲᠦᠷᠦᠭᠦᠭᠡᠨ᠂ ᠬᠤᠰᠢᠭᠤ ᠤᠯᠠᠭᠠᠨᠮᠥ᠋ᠴᠢᠷ ᠤᠨ ᠬᠢᠨ ᠨᠡᠶᠢᠰᠯᠡᠯ ᠪᠡᠭᠡᠵᠢᠩ ᠳᠤ ᠬᠦᠷᠴᠦ᠂ 2023 ᠤᠨ ᠤ ᠭᠤᠷᠪᠠᠳᠤᠭᠠᠷ ᠬᠤᠭᠤᠴᠠᠭᠠᠨ ᠤ ︽ᠳ᠋ᠠ ᠳ᠋ᠦ᠋ ᠳ᠋ᠦᠩ ᠨᠠᠨ︾ ᠰᠢᠨᠵᠢᠯᠡᠬᠦ ᠤᠬᠠᠭᠠᠨ ᠮᠡᠷᠭᠡᠵᠢᠯ ᠤᠨ ᠤᠷᠠᠯᠢᠭ ᠤᠨ ᠨᠠᠶᠢᠷ ᠵᠢᠴᠢ ᠠᠷᠪᠠᠨ ᠳᠠᠪᠤᠳᠤᠭᠠᠷ ᠬᠤᠭᠤᠴᠠᠭᠠᠨ ᠤ ᠰᠤᠶᠤᠯ ᠤᠷᠠᠯᠢᠭ ᠤᠨ ᠨᠠᠶᠢᠷ ᠤᠨ ᠡᠬᠢᠯᠡᠯᠳᠡ ᠶᠢᠨ ᠶᠤᠰᠤᠯᠠᠯ  ᠳᠤ ᠤᠷᠤᠯᠴᠠᠭᠰᠠᠨ ᠤ ᠬᠠᠮᠳᠤ᠂ ᠪᠡᠭᠡᠵᠢᠩ ᠤᠨ ᠡᠯ᠎ᠡ ᠨᠡᠶᠢᠭᠡᠮ ᠳᠤᠭᠤᠷᠢᠭ ᠢᠶᠠᠷ ᠬᠦᠷᠴᠦ ᠰᠤᠶᠤᠯ ᠤᠨ ᠰᠤᠯᠢᠯᠴᠠᠭᠠᠨ ᠤ ᠠᠵᠢᠯᠯᠠᠭ᠎ᠠ ᠦᠷᠨᠢᠬᠦᠯᠦᠨ᠂ ᠪᠡᠭᠡᠵᠢᠩ ᠦᠪᠦᠷ ᠮᠤᠩᠭᠤᠯ ᠤᠨ ᠨᠦᠬᠦᠷᠯᠡᠯ ᠢ ᠤᠯᠠᠮ ᠵᠤᠵᠠᠭᠠᠳᠬᠠᠯ᠎ᠠ     8 ᠰᠠᠷ᠎ᠠ ᠶᠢᠨ 3 ᠤ ᠤᠷᠤᠢ᠂ ︽ᠰᠣᠶᠣᠯ ᠤᠨ ᠰᠢᠨ᠎ᠡ ᠶᠢ ᠡᠭᠦᠳᠬᠦ ᠴᠠᠭ ᠦᠶ᠎ᠡ ᠶᠢᠨ ᠡᠷᠴᠢ ᠵᠣᠷᠢᠭ ᠢᠶᠠᠨ ᠬᠥᠪᠴᠢᠯᠡᠵᠦ ᠭᠡᠷᠡᠯ ᠰᠠᠴᠤᠷᠠᠩᠭᠤᠢ ᠢᠷᠡᠭᠡᠳᠦᠢ ᠶᠢ ᠴᠣᠭᠴᠠᠯᠠᠶ᠎ᠠ︾ ᠭᠡᠬᠦ ᠭᠤᠣᠯ ᠰᠡᠳᠦᠪᠳᠦ 2023 ᠤᠨ ᠤ ᠭᠤᠷᠪᠠᠳᠤᠭᠠᠷ ᠬᠤᠭᠤᠴᠠᠭᠠᠨ ᠤ ︽ᠳ᠋ᠠ ᠳ᠋ᠦ᠋ ᠳ᠋ᠦᠩ ᠨᠠᠨ︾ ᠰᠢᠨᠵᠢᠯᠡᠬᠦ ᠤᠬᠠᠭᠠᠨ ᠮᠡᠷᠭᠡᠵᠢᠯ ᠤᠨ ᠤᠷᠠᠯᠢᠭ ᠤᠨ ᠨᠠᠶᠢᠷ ᠵᠢᠴᠢ ᠠᠷᠪᠠᠨ ᠳᠠᠪᠤᠳᠤᠭᠠᠷ ᠬᠤᠭᠤᠴᠠᠭᠠᠨ ᠤ ᠰᠤᠶᠤᠯ ᠤᠷᠠᠯᠢᠭ ᠤᠨ ᠨᠠᠶᠢᠷ ᠪᠡᠭᠡᠵᠢᠩ ᠤᠨ ᠣᠶᠤᠨᠲᠤ ᠴᠠᠬᠢᠯᠭᠠᠨ ᠤ ᠤᠷᠤᠯᠳᠤᠭᠠᠨ ᠤ ᠶᠠᠪᠤᠳᠠᠯ ᠤᠨ ᠲᠥᠪ ᠲᠤ ᠶᠠᠪᠤᠭᠳᠠᠨ᠂ ᠮᠠᠨ ᠤ ᠬᠤᠰᠢᠭᠤᠨ ᠤ ᠤᠯᠠᠭᠠᠨᠮᠦ᠋ᠴᠢᠷ ᠤᠨ ᠳᠤᠭᠯᠠᠭᠴᠢᠳ ︽ᠮᠠᠨ ᠤ ᠤᠯᠠᠭᠠᠨᠮᠦ᠋ᠴᠢᠷ︾ ᠬᠡᠮᠡᠬᠦ ᠳᠠᠭᠤᠤ ᠪᠦᠵᠢᠭ ᠢᠶᠠᠷ ᠢᠶᠠᠨ ᠬᠤᠪᠢᠰᠬᠠᠯᠳᠤ ᠤᠳᠬ᠎ᠠ ᠤᠷᠠᠯᠢᠭ  ᠤᠨ ᠬᠦᠩᠭᠡᠨ ᠮᠤᠷᠢᠳᠤ ᠴᠡᠷᠢᠭ ᠨᠠᠮ ᠤᠨ ᠳᠠᠭᠤᠨ ᠢ ᠳᠠᠯ᠎ᠠ ᠨᠤᠳᠤᠭ ᠤᠨ ᠬᠦᠨ ᠳᠤ ᠬᠦᠷᠭᠡᠬᠦ ᠴᠤᠭ ᠵᠢᠪᠬᠤᠭ᠎ᠠ ᠶᠢ ᠬᠠᠷᠠᠭᠤᠯᠤᠨ᠂ ︽ᠡᠵᠢ ᠳᠠᠯᠡᠬᠡᠢ︾ ᠭᠡᠬᠦ ᠬᠦᠦᠮᠡᠢ ᠶᠢᠨ ᠠᠶᠠᠯᠭᠤ ᠨᠢ ᠪᠡᠭᠡᠵᠢᠩ ᠬᠤᠳᠠ ᠶᠢᠨ ᠦᠵᠡᠭᠴᠢᠳ ᠲᠤ ᠪᠠᠭ᠋ᠠᠳᠤᠯ  ᠪᠢᠰᠢᠷᠡᠯ ᠲᠦᠷᠦᠭᠦᠯᠦᠨ᠂ ᠤᠯᠠᠭᠠᠨᠮᠥ᠋ᠴᠢᠷ ᠤᠨ ᠭᠡᠰᠢᠬᠦᠨ ᠬᠦᠰᠡᠯᠡᠩ ᠪᠠᠰᠠ ᠬᠦᠳᠦᠯᠦᠭᠴᠢ ᠪᠠ ᠳᠤᠬᠠᠢ  ᠶᠢᠨ ᠳᠠᠯᠠᠪᠠᠢ ᠶᠢᠨ ᠦᠵᠡᠭᠴᠢᠳ ᠲᠠᠢ ᠬᠦᠭᠵᠢᠶᠡᠨ ᠲᠠᠢ ᠶᠠᠷᠢᠯᠴᠠᠨ᠂ ᠳᠠᠯ᠎ᠠ ᠨᠤᠳᠤᠭ ᠤᠨ ᠠᠷᠠᠳ ᠤᠯᠠᠨ ᠤ ᠬᠦᠰᠡᠯ ᠵᠦᠩᠨᠡᠯ ᠢ ᠳᠠᠮᠵᠢᠭᠤᠯᠤᠨ᠂ ︽ᠬᠤᠨ ᠭᠠᠯᠠᠭᠤ︾ ᠭᠡᠬᠦ ᠳᠠᠭᠤᠤ ᠪᠠᠨ ᠡᠷᠭᠦᠨ ᠪᠠᠷᠢᠵᠤ᠂  ᠤᠶᠠᠩᠭ᠎ᠠ ᠢᠷᠠᠭᠤ ᠠᠶ᠎ᠠ ᠳᠠᠭᠤᠤ ᠪᠠᠷ ᠢᠶᠠᠨ ᠲᠤᠭᠯᠠᠯᠲᠠ ᠶᠢ ᠤᠷᠬᠢᠯ ᠳᠤ ᠨᠢ ᠬᠦᠷᠭᠡᠵᠦ᠂ ᠪᠠᠶᠠᠷ ᠤᠨ ᠤᠤᠬᠠᠶᠢᠯᠠᠯ᠂ ᠠᠯᠠᠭ᠎ᠠ ᠳᠠᠰᠢᠯᠳᠠ ᠶᠢᠨ ᠳᠠᠭᠤᠨ ᠦᠷᠬᠦᠯᠵᠢᠯᠡᠵᠦ ᠪᠠᠶᠢᠯ᠎ᠠ᠃     ᠦᠵᠡᠭᠴᠢ ︵ᠪᠢ ᠤᠯᠠᠭᠠᠨᠮᠥ᠋ᠴᠢᠷ ᠤᠨ ᠲᠣᠭᠯᠠᠯᠲᠠ ᠶᠢ ᠦᠵᠡᠭᠡᠳ ᠮᠠᠰᠢ ᠭᠦᠨ ᠰᠠᠭᠤᠭᠳᠠᠯ ᠲᠠᠢ᠂ ᠢᠯᠠᠩᠭᠤᠶ᠎ᠠ ᠬᠦᠰᠡᠯᠡᠩ ᠪᠠᠭᠰᠢ ᠶᠢᠨ ᠳᠠᠭᠤᠯᠠᠭᠰᠠᠨ ︽ᠬᠤᠨ ᠭᠠᠯᠠᠭᠤ︾ ᠨᠢ ᠨᠠᠳᠠᠳᠤ ᠮᠠᠰᠢ ᠭᠦᠨ ᠰᠠᠭᠤᠭᠳᠠᠯ ᠲᠠᠢ ᠂ ᠨᠢᠭᠡ ᠯᠡ ᠳᠣᠣᠷ᠎ᠠ ᠲᠠᠯ᠎ᠠ ᠨᠤᠲᠤᠭ ᠲᠤ ᠬᠦᠷᠴᠦ᠂ ᠲᠠᠯ᠎ᠠ ᠨᠤᠲᠤᠭ ᠤᠨ ᠠᠷᠠᠳ ᠲᠦᠮᠡᠨ ᠤ ᠬᠠᠯᠠᠭᠤᠨ ᠰᠡᠳᠬᠢᠯᠭᠡ ᠶᠢ ᠮᠡᠳᠡᠷᠡᠭᠰᠡᠨ ᠰᠢᠭ ᠪᠠᠶᠢᠨ᠎ᠠ᠃ ᠤᠯᠠᠨ ᠢᠶᠠᠷ ᠢᠶᠠᠨ ᠳᠠᠬᠢᠨᠲᠠ ᠢᠷᠡᠬᠦ ᠶᠢ ᠪᠠᠶᠠᠷᠯᠠᠨ ᠤᠭᠲᠤᠵᠤ ᠪᠠᠶᠢᠨ᠎ᠠ ᠃︶    8 ᠰᠠᠷ᠎ᠠ ᠶᠢᠨ 4 ᠳᠤ᠂ ᠬᠤᠰᠢᠭᠤ ᠤᠯᠠᠭᠠᠨᠮᠥ᠋ᠴᠢᠷ ᠤᠨ ᠬᠢᠨ ᠪᠡᠭᠡᠵᠢᠩ ᠤᠨ ᠠᠵᠤ ᠠᠬᠤᠢ ᠮᠡᠷᠭᠡᠵᠢᠯ ᠤᠨ ᠨᠡᠭᠡᠭᠡᠨ ᠬᠦᠭᠵᠢᠬᠦᠯᠦᠯᠳᠡ ᠶᠢᠨ ᠲᠣᠭᠤᠷᠢᠭ ᠤᠨ ᠨᠠᠮ ᠤᠨ ᠬᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠲᠤ ᠰᠣᠯᠢᠯᠴᠠᠭᠠᠨ ᠤ ᠲᠣᠭᠯᠠᠯᠲᠠ ᠥᠷᠨᠢᠭᠦᠯᠵᠦ᠂ ︽ᠮᠠᠭᠲᠠᠭᠠᠯ ᠳᠠᠭᠤᠤ︾ ᠭᠡᠬᠦ ᠳᠤᠭᠯᠠᠯᠳᠠ ᠪᠠᠷ  ᠠᠵᠢᠯᠯᠠᠭᠠᠨ ᠤ ᠬᠦᠰᠢᠬᠡ ᠶᠢ ᠰᠡᠬᠦᠵᠦ᠂ ᠤᠷᠳᠤ ᠶᠢᠨ ᠳᠠᠭᠤᠤ᠂ ᠮᠣᠷᠢᠨ ᠬᠤᠭᠤᠷ᠂ ᠯᠢᠩᠪᠦ ᠶᠢᠨ ᠭᠤᠴᠣᠯᠠᠯ ᠬᠥᠭᠵᠢᠮ᠂ ᠪᠥᠵᠢᠭ ᠵᠡᠷᠭᠡ ᠰᠤᠳᠤᠨ ᠰᠠᠶᠢᠬᠠᠨ ᠳᠤᠭᠯᠠᠯᠳᠠ ᠪᠠᠷ ᠢᠶᠠᠨ ᠲᠠᠯ᠎ᠠ ᠨᠤᠲᠤᠭ ᠤᠨ ᠠᠭᠤᠷ ᠠᠮᠢᠰᠬᠤᠯ᠂ ᠦᠨᠳᠦᠰᠦᠲᠡᠨ ᠤ ᠬᠡᠪ ᠨᠠᠮᠪᠠ᠂ ᠣᠷᠣᠨ ᠨᠤᠲᠤᠭ ᠤᠨ ᠣᠨᠴᠠᠯᠢᠭ ᠢ ᠪᠦᠷᠢᠨ ᠢᠯᠡᠷᠡᠬᠦᠯᠵᠦ᠂ ᠠᠵᠤ ᠠᠬᠤᠢ ᠮᠡᠷᠭᠡᠵᠢᠯ ᠤᠨ ᠨᠡᠭᠡᠭᠡᠨ ᠬᠦᠭᠵᠢᠬᠦᠯᠦᠯᠳᠡ ᠶᠢᠨ ᠲᠣᠭᠤᠷᠢᠭ ᠤᠨ ᠺᠠᠳ᠋ᠷ ᠠᠵᠢᠯᠲᠠᠳ ᠲᠤ ᠤᠷᠠᠯᠢᠭ ᠤᠨ ᠰᠤᠳᠤᠨ ᠰᠠᠶᠢᠬᠠᠨ ᠢ ᠬᠠᠷᠠᠭᠤᠯᠤᠯ᠎ᠠ᠃ ᠮᠠᠨ ᠤ ᠬᠤᠰᠢᠭᠤᠨ ᠤ ᠵᠢᠷᠦᠬᠡ ᠪᠠᠯᠭᠠᠰᠤ ᠶᠢ ᠬᠠᠪᠰᠤᠷᠤᠨ ᠳᠡᠳᠬᠦᠵᠦ ᠪᠠᠶᠢᠭ᠎ᠠ ᠪᠥᠸᠧ ᠰᠢᠩ ᠵᠡᠭᠡᠯᠢ ᠭᠤᠳᠤᠮᠵᠢ ᠶᠢᠨ ᠲᠥᠯᠥᠭᠡᠯᠡᠭᠴᠢᠳ ᠲᠣᠭᠯᠠᠯᠲᠠ ᠰᠤᠨᠢᠷᠬᠠᠨ᠂ ᠤᠯᠠᠭᠠᠨᠮᠦ᠋ᠴᠢᠷ ᠤᠨ ᠳᠠᠯ᠎ᠠ ᠪᠠᠷ ᠤᠯᠠᠮ ᠬᠦᠨᠵᠡᠭᠡᠢ ᠲᠦᠷᠦᠭᠳᠡᠯ ᠦᠯᠡᠳᠡᠭᠡᠯ᠎ᠡ᠃     ᠪᠥᠸᠧ ᠰᠢᠩ ᠵᠡᠭᠡᠯᠢ ᠭᠤᠳᠤᠮᠵᠢ ᠶᠢᠨ ᠵᠢᠩ ᠶᠤᠸᠠᠨ ᠨᠡᠶᠢᠭᠡᠮ ᠲᠣᠭᠤᠷᠢᠭ ᠤᠨ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠵᠠᠩ ᠰᠢᠤᠸᠠᠢ ︵ᠭᠡᠷ ᠤᠨ ᠢᠶᠠᠨ ᠡᠭᠦᠳᠡᠨ ᠳᠤ᠂ ᠲᠠᠯ᠎ᠠ ᠨᠤᠲᠤᠭ ᠤᠨ  ᠦᠩᠭᠡ ᠠᠶᠠᠰ ᠲᠠᠢ ᠲᠣᠭᠯᠠᠯᠲᠠ ᠶᠢ ᠣᠯᠵᠤ ᠦᠵᠡᠨ᠎ᠡ ᠭᠡᠵᠦ ᠦᠨᠡᠬᠡᠷ ᠪᠤᠳᠤᠵᠤ ᠣᠯᠣᠭᠰᠠᠨ ᠦᠭᠡᠢ᠂ ᠪᠦᠬᠦᠶᠢᠯᠡ ᠲᠣᠭᠯᠠᠯᠲᠠ ᠨᠢ ᠮᠠᠰᠢ ᠰᠠᠶᠢᠨ᠂ ᠬᠠᠯᠠᠭᠤᠨ ᠳᠤᠯᠠᠭᠠᠨ ᠬᠠᠶᠢᠷ᠎ᠠ ᠰᠡᠳᠬᠢᠯᠭᠡ ᠲᠠᠢ᠂ ᠮᠠᠰᠢ ᠥᠪᠡᠷᠮᠢᠴᠡ ᠣᠨᠴᠠᠯᠢᠭ  ᠲᠠᠢ ᠪᠠᠶᠢᠵᠤ᠂ ᠤᠯᠠᠭᠠᠨᠮᠥ᠋ᠴᠢᠷ ᠠᠷᠠᠳ ᠲᠦᠮᠡᠨ ᠳᠡᠭᠡᠨ ᠬᠠᠶᠢᠷ᠎ᠠ ᠰᠡᠳᠬᠢᠯᠭᠡ ᠲᠠᠢ ᠪᠠᠶᠢᠭ᠎ᠠ ᠶᠢ ᠦᠵᠡᠭᠴᠢᠳ ᠲᠤ ᠦᠨᠡᠨᠬᠦ ᠮᠡᠳᠡᠷᠡᠬᠦᠯᠵᠡᠢ᠃    ᠰᠤᠷᠪᠤᠯᠵᠢᠯᠠᠭ᠎ᠠ᠄ ᠪᠥᠸᠧ ᠰᠢᠩ ᠵᠡᠭᠡᠯᠢ ᠭᠤᠳᠤᠮᠵᠢ ᠶᠢᠨ ᠱᠧᠩ ᠬᠠᠢ ᠵᠤᠸᠠᠩ ᠶᠤᠸᠠᠨ ᠨᠡᠶᠢᠭᠡᠮ ᠲᠣᠭᠤᠷᠢᠭ ᠤᠨ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠵᠠᠩ ᠶᠠᠨ ᠬᠤᠩ ︵ᠥᠨᠥᠳᠥᠷ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠲᠤᠬᠠᠢ ᠶᠢᠨ ᠲᠠᠯᠠᠪᠠᠶ ᠳᠤ ᠤᠯᠠᠭᠠᠨᠮᠥ᠋ᠴᠢᠷ ᠤᠨ ᠲᠣᠭᠯᠠᠯᠲᠠ ᠶᠢ ᠣᠯᠵᠤ ᠦᠵᠡᠯ᠎ᠡ᠃ ᠲᠠᠯ᠎ᠠ ᠨᠤᠲᠤᠭ ᠤᠨ ᠠᠷᠠᠳ ᠲᠦᠮᠡᠨ ᠤ ᠣᠷᠭᠢᠯᠤᠮ᠎ᠠ ᠬᠠᠯᠠᠭᠤᠨ ᠰᠡᠳᠬᠢᠯᠭᠡ ᠶᠢ ᠮᠡᠳᠡᠷᠡᠭᠰᠡᠨ᠂ ᠰᠡᠳᠬᠢᠯ ᠶᠡᠬᠡᠳᠡ ᠳᠤᠭᠳᠤᠯᠤᠯ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠣᠯ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠮᠠᠨ ᠤ ᠨᠡᠭᠡᠭᠡᠨ ᠬᠥᠭᠵᠢᠭᠦᠯᠬᠦ ᠣᠷᠣᠨ ᠢᠶᠠᠷ ᠳᠠᠮᠵᠢᠭᠤᠯᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠵᠣᠯᠭᠠᠭᠤᠯᠬᠤ ᠳᠤ ᠴᠤ ᠮᠠᠰᠢ ᠶᠡᠭᠡ ᠳᠡᠮᠵᠢᠯᠭᠡ ᠦᠵᠡᠭᠦᠯᠦᠭᠰᠡᠨ ᠪᠥᠭᠡᠳ ᠮᠠᠰᠢ ᠭᠦᠨ ᠦᠷ᠎ᠡ ᠪᠦᠲᠦᠭᠡᠯ ᠣᠯᠣᠭᠰᠠᠨ ᠳᠤ ᠪᠢᠳᠡ ᠲᠤᠶᠢᠯ ᠢᠶᠠᠷ ᠪᠠᠶᠠᠷᠯᠠᠵᠤ ᠪᠠᠶᠢᠨ᠎ᠠ᠃ ᠥᠨᠥᠳᠥᠷ ᠤᠨ ᠲᠣᠭᠯᠠᠯᠲᠠ ᠦᠨᠡᠬᠡᠷ ᠵᠣᠷᠢᠭᠵᠢᠭᠤᠯᠤᠯ ᠪᠣᠯᠵᠤ᠂ ᠪᠢᠳᠡᠨ ᠤ ᠬᠤᠶᠢᠰᠢᠳᠠ ᠶᠢᠨ   ᠬᠠᠮᠳᠤᠷᠠᠯᠴᠠᠭᠠᠨ ᠤ ᠳᠠᠯ᠎ᠠ ᠪᠠᠷ ᠴᠦ ᠨᠡᠩ ᠥᠨᠳᠥᠷ ᠨᠡᠩ ᠭᠦᠨ ᠤᠳᠬ᠎ᠠ ᠠᠭᠤᠯᠭ᠎ᠠ ᠲᠠᠢ ᠪᠤᠯᠭᠠᠵᠤ᠂ ᠪᠢᠳᠡᠨ ᠳᠤ ᠨᠡᠩ ᠢᠯᠡᠬᠦᠦ ᠤᠷᠮ᠎ᠠ ᠵᠣᠷᠢᠭ  ᠤᠯᠭᠤᠯ᠎ᠠ᠃︶    ᠪᠡᠭᠡᠵᠢᠩ ᠤᠨ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠠᠵᠢᠯ ᠤᠨ ᠵᠥᠪᠯᠡᠯ ᠤᠨ ᠬᠠᠮᠢᠶᠠᠷᠤᠯᠲᠠ ᠶᠢᠨ ᠵᠥᠪᠯᠡᠯ᠂ ᠪᠡᠭᠡᠵᠢᠩ ᠤᠨ ᠢ ᠵᠤᠸᠠᠩ ᠪᠡᠯᠡ ᠣᠷᠣᠭᠤᠯᠤᠯᠲᠠ ᠶᠢᠨ ᠬᠤᠪᠢᠴᠠᠭᠠᠳᠤ ᠬᠢᠵᠠᠭᠠᠷᠲᠤ ᠺᠣᠮᠫᠠᠨᠢ᠂ ᠪᠡᠭᠡᠵᠢᠩ ᠤᠨ ᠢ ᠴᠧᠩ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠪᠥᠸᠧ ᠰᠢᠩ ᠵᠡᠭᠡᠯᠢ ᠭᠤᠳᠤᠮᠵᠢ᠂ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠨᠠᠮ ᠤᠨ ᠬᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠸᠠᠨ ᠴᠢ ᠰᠢᠩ ᠸᠠᠨ  ᠲᠣᠰᠬᠤᠨ ᠤ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃    8 ᠰᠠᠷ᠎ᠠ ᠶᠢᠨ 6 ᠤ ᠡᠳᠦᠷ᠂ ᠬᠤᠰᠢᠭᠤ ᠤᠯᠠᠭᠠᠨᠮᠥ᠋ᠴᠢᠷ ᠤᠨ ᠬᠢᠨ ᠪᠡᠭᠡᠵᠢᠩ ᠤᠨ ᠵᠢᠩ ᠺᠠᠢ ᠲᠣᠭᠤᠷᠢᠭ ᠤᠨ ᠪᠥᠸᠧ ᠰᠢᠩ ᠵᠡᠭᠡᠯᠢ ᠭᠤᠳᠤᠮᠵᠢ ᠶᠢᠨ ᠵᠥᠩ ᠰᠢᠨ ᠨᠡᠶᠢᠭᠡᠮ ᠲᠣᠭᠤᠷᠢᠭ ᠲᠤ ᠬᠦᠷᠴᠦ᠂ ᠠᠷᠠᠳ ᠲᠤ ᠠᠰᠢᠭ ᠬᠦᠷᠳᠡᠭᠡᠬᠦ ᠳᠤᠭᠯᠠᠯᠳᠠ ᠪᠠᠷ ᠢᠶᠠᠨ ᠰᠠᠭᠤᠭᠠᠯᠢ ᠠᠷᠠᠳ ᠤᠨ ᠬᠠᠷᠠᠭ᠎ᠠ ᠰᠤᠨᠤᠷ   ᠢ  ᠮᠢᠯᠢᠶᠠᠨ᠂ ᠦᠨᠳᠦᠰᠦᠨ ᠱᠠᠲᠤᠨ ᠤ ᠣᠯᠠᠨ ᠲᠦᠮᠡᠨ ᠲᠠᠢ ᠨᠦᠬᠦᠷᠯᠡᠯ ᠪᠠᠶᠢᠭᠤᠯᠤᠨ᠂ ᠨᠡᠶᠢᠰᠯᠡᠯ ᠤᠨ ᠤᠯᠠᠨ ᠲᠦᠮᠡᠨ ᠳᠤ ᠳᠠᠯ᠎ᠠ ᠨᠤᠳᠤᠭ ᠤᠨ ᠦᠪᠡᠷᠮᠢᠴᠡ ᠤᠨᠴᠠᠯᠢᠭ᠂ ᠦᠨᠳᠦᠰᠦᠳᠡᠨ ᠤ ᠤᠷᠠᠯᠢᠭ ᠰᠤᠶᠤᠯ ᠤᠨ ᠷᠢᠳᠢ ᠰᠢᠳᠢ ᠶᠢ ᠮᠡᠳᠡᠷᠡᠬᠦᠯᠦᠯ᠎ᠡ᠃    ᠪᠡᠭᠡᠵᠢᠩ ᠤᠨ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠢᠨ ᠤᠯᠠᠨ ᠵᠢᠯ ᠤᠨ ᠳᠤᠷᠰᠢ ᠠᠵᠢᠯ ᠲᠥᠷᠥᠯ ᠤᠨ ᠰᠢᠰᠲ᠋ᠧᠮ᠂ ᠠᠵᠤ ᠦᠢᠯᠡᠰ ᠤᠨ ᠲᠥᠷᠥᠯ ᠵᠦᠢᠯ᠂ ᠪᠠᠭᠰᠢ᠂ ᠠᠵᠢᠯ ᠤᠨ ᠪᠠᠶᠢᠷᠢ ᠵᠡᠷᠭᠡ ᠲᠠᠯ᠎ᠠ ᠪᠠᠷ ᠮᠠᠰᠢ ᠣᠯᠠᠨ ᠰᠢᠯᠢᠳᠡᠭ ᠡᠬᠢ ᠪᠠᠶᠠᠯᠢᠭ ᠢ  ᠮᠠᠨ ᠤ ᠬᠤᠰᠢᠭᠤᠨ ᠳᠤ ᠬᠦᠷᠭᠡᠵᠦ᠂ ᠮᠠᠨ ᠤ ᠬᠤᠰᠢᠭᠤᠨ ᠤ ᠠᠵᠤ ᠠᠬᠤᠢ᠂ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠭᠰᠠᠨ ᠶᠤᠮ᠃ ᠲᠤᠰ ᠤᠳᠠᠭᠠᠨ ᠤ ᠰᠣᠯᠢᠯᠴᠠᠭᠠᠨ ᠤ ᠲᠣᠭᠯᠠᠯᠲᠠ ᠨᠢ ᠤᠯᠠᠭᠠᠨᠮᠥ᠋ᠴᠢᠷ ᠤᠨ ᠨᠡᠷ᠎ᠡ ᠶᠢᠨ ᠬᠠᠭᠤᠳᠠᠰᠤ ᠶᠢ ᠨᠡᠩ ᠬᠤᠯᠠ ᠳᠠᠭᠤᠷᠢᠰᠬᠠᠵᠤ᠂ ᠲᠠᠯ᠎ᠠ ᠨᠤᠲᠤᠭ ᠤᠨ ᠰᠤᠶᠤᠯ ᠢ ᠨᠡᠩ ᠤᠯᠠᠨ ᠬᠦᠮᠦᠰ ᠲᠤ ᠳᠠᠨᠢᠭᠤᠯᠤᠨ᠂ ᠤᠷᠤᠭᠰᠢᠯᠠᠨ ᠳᠡᠮᠡᠴᠡᠵᠦ ᠭᠠᠷ ᠬᠤᠯᠪᠣᠨ ᠰᠢᠨ᠎ᠡ ᠴᠠᠭ ᠦᠶ᠎ᠡ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号