ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠥᠨᠢᠳ ᠪᠠᠷᠠᠭᠤᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ  ᠵᠦᠪᠯᠡᠯ ᠤᠨ ᠭᠤᠷᠪᠠᠳᠤᠭᠠᠷ  ᠤᠳᠠᠭᠠᠨ ᠤ ᠬᠤᠷᠠᠯ ᠠᠮᠵᠢᠯᠳᠠᠳᠠᠢ ᠦᠨᠳᠦᠷᠯᠡᠯ᠎ᠡ
ᠨᠡᠶᠢᠲᠡᠯᠡᠭᠰᠡᠨ ᠴᠠᠭ᠄
2024/1/25
    ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠥᠨᠢᠳ ᠪᠠᠷᠠᠭᠤᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ  ᠵᠦᠪᠯᠡᠯ ᠤᠨ ᠭᠤᠷᠪᠠᠳᠤᠭᠠᠷ  ᠤᠳᠠᠭᠠᠨ ᠤ ᠬᠤᠷᠠᠯ ᠡᠯ᠎ᠡ  ᠲᠦᠷᠦᠯ ᠤᠨ ᠵᠥᠪᠯᠡᠬᠦ ᠵᠦᠢᠯ ᠢᠶᠠᠨ ᠠᠮᠵᠢᠯᠲᠠ ᠲᠠᠢ ᠳᠠᠭᠤᠰᠬᠠᠭᠠᠳ᠂ 1 ᠰᠠᠷ᠎ᠠ ᠶᠢᠨ 25᠎ ᠤ ᠦᠳᠡ ᠶᠢᠨ ᠬᠤᠶᠢᠨ᠎ᠠ  ᠠᠮᠵᠢᠯᠳᠠᠳᠠᠢ ᠦᠨᠳᠦᠷᠯᠡᠵᠡᠢ᠃     ᠶᠡᠭᠡ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 131 ᠬᠥᠮᠥᠨ᠂  ᠪᠤᠳᠠᠳᠠᠢ ᠤᠷᠤᠯᠴᠠᠭᠰᠠᠨ ᠭᠡᠰᠢᠬᠦᠨ 109 ᠬᠥᠮᠥᠨ ᠪᠠᠶᠢᠵᠤ᠂  ᠬᠠᠤᠯᠢ ᠳᠤ ᠳᠤᠭᠳᠠᠭᠠᠭᠰᠠᠨ ᠬᠦᠮᠦᠨ ᠤ ᠳᠤᠭᠠᠨ ᠳᠤ ᠨᠡᠶᠢᠴᠡᠵᠦ ᠪᠠᠶᠢᠨ᠎ᠠ᠃  ᠬᠤᠰᠢᠭᠤ ᠤᠳᠤᠷᠢᠳᠤᠯᠭ᠎ᠠ ᠴᠧᠨ ᠢᠦᠢ ᠴᠧᠩ᠂ ᠸᠠᠩ ᠵᠠᠨ ᠴᠢ᠂ ᠲᠡᠮᠦᠷ᠂ ᠨᠠᠰᠤᠲᠤ᠂ ᠹᠠᠨ ᠶᠧᠦ ᠴᠢᠶᠠᠩ᠂ ᠯᠦ ᠮᠢᠨ᠂ ᠬᠠᠰᠪᠠᠭᠠᠲᠤᠷ᠂ ᠳᠤᠯᠭᠠᠭᠤᠷᠢ᠂ ᠵᠦᠩ ᠭᠦᠸᠧ ᠸᠧᠢ᠂ ᠦᠨᠡᠨᠴᠢ᠂ ᠪᠠᠶᠠᠷ᠂ ᠴᠢᠶᠠᠨ ᠰᠢᠸ ᠵᠢᠶᠦ᠋ᠨ᠂ ᠨᠠᠷᠠᠰᠤ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠳᠠᠵᠠᠢ᠃     ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ᠶᠢ ᠪᠠᠲᠤᠯᠠᠵᠤ᠂ ᠶᠡᠷᠦᠩᠬᠡᠢ  ᠪᠢᠯᠧᠲ ᠬᠢᠨᠠᠭᠴᠢ᠂ ᠪᠢᠯᠧᠲ ᠬᠢᠨᠠᠭᠴᠢ᠂  ᠪᠢᠯᠧᠲ ᠪᠦᠷᠢᠳᠬᠡᠭᠴᠢ ᠶᠢ ᠪᠠᠲᠤᠯᠠᠵᠤ᠂ ᠵᠢᠩᠬᠢᠨᠢ ᠵᠢᠱᠢᠭᠳᠡᠭᠰᠡᠳ ᠤᠨ ᠨᠡᠷᠡᠰ ᠢ ᠨᠡᠶᠢᠳᠡᠯᠡᠪᠡ᠃     ᠶᠡᠭᠡ ᠬᠤᠷᠠᠯ ᠤᠨ ᠰᠣᠩᠭᠤᠭᠤᠯᠢ ᠪᠠᠷ ᠳᠡᠮᠵᠢᠨ᠂ ᠨᠠᠷᠠᠰᠤ ᠨᠥᠬᠦᠷ ᠢ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ  ᠵᠦᠪᠯᠡᠯ ᠤᠨ ᠪᠠᠶᠢᠩᠭᠤ ᠶᠢᠨ ᠬᠤᠷᠢᠶᠠᠨ ᠤ ᠳᠡᠳ᠋ ᠲᠡᠷᠢᠭᠦᠯᠡᠭᠴᠢ᠂ ᠯᠢᠦ ᠶᠦᠩ ᠨᠥᠬᠦᠷ ᠢ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ᠂ ᠠᠯᠳᠠᠨᠨᠠᠷᠠᠰᠤ ᠨᠥᠬᠦᠷ ᠎ ᠢ  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ  ᠬᠤᠷᠢᠶᠠᠨ ᠤ ᠭᠡᠰᠢᠭᠦᠨ ᠢᠶᠠᠷ  ᠰᠤᠩᠭᠤᠨ ᠭᠠᠷᠭᠠᠪᠠ᠃     ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠨᠠᠰᠤᠲᠤ ᠬᠤᠷᠠᠯ ᠳᠤ ᠶᠠᠷᠢᠶ᠎ᠡ ᠬᠢᠬᠦ ᠳᠤ ᠪᠠᠨ᠂ ᠬᠤᠷᠠᠯ ᠤᠨ ᠬᠤᠭᠤᠴᠠᠭᠠᠨ ᠳᠤ᠂ ᠭᠡᠰᠢᠭᠦᠳ ᠤᠯᠤᠰ ᠲᠦᠷᠦ ᠶᠢᠨ ᠬᠠᠯᠠᠭᠤᠨ ᠰᠡᠳᠬᠢᠯᠭᠡ ᠪᠠ ᠴᠢᠩᠭ᠎ᠠ ᠡᠭᠦᠷᠭᠡ ᠬᠠᠷᠢᠭᠤᠴᠠᠯᠭ᠎ᠠ ᠪᠠᠷ ᠢᠳᠡᠪᠬᠢᠲᠡᠢ ᠪᠠᠷ ᠲᠦᠷᠦ ᠶᠢᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠵᠦ᠂ ᠤᠨᠢᠨ ᠳᠡᠭᠡᠷ᠎ᠡ ᠨᠢ ᠰᠠᠨᠠᠯ ᠵᠥᠪᠯᠡᠯᠭᠡ ᠠᠷᠭ᠎ᠠ ᠤᠬᠠᠭᠠᠨ ᠭᠠᠷᠭᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠷᠠᠳ ᠲᠦᠮᠡᠨ ᠤ ᠲᠥᠯᠥᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠵᠦ᠂ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠥᠪᠡᠷᠮᠢᠴᠡ ᠳᠠᠪᠠᠭᠤᠯᠢᠭ ᠪᠠ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠢᠯᠡᠷᠡᠭᠦᠯᠵᠡᠢ᠃ ᠬᠤᠷᠠᠯ ᠨᠢ ᠦᠪᠡᠳᠡᠭᠰᠢ ᠶᠡᠭᠡ ᠪᠥᠭᠡᠳ ᠬᠦᠷ ᠬᠥᠭᠵᠢᠶᠡᠨ ᠲᠠᠢ᠂ ᠪᠣᠳᠠᠲᠠᠢ ᠶᠢ ᠡᠷᠬᠢᠮᠯᠡᠨ ᠥᠨᠳᠥᠷ ᠦᠷ᠎ᠡ ᠪᠦᠲᠦᠮᠵᠢᠲᠡᠢ ᠶᠠᠪᠤᠭᠳᠠᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠦᠭᠰᠡᠨ᠂ ᠠᠷᠠᠳᠴᠢᠯᠠᠯ ᠢ ᠡᠷᠬᠢᠮᠯᠡᠨ ᠪᠣᠳᠠᠲᠠᠢ ᠶᠢ ᠡᠷᠬᠢᠮᠯᠡᠭᠰᠡᠨ  ᠶᠡᠭᠡ ᠬᠤᠷᠠᠯ᠂ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠬᠦᠴᠦᠨ ᠢᠶᠠᠨ ᠬᠠᠮᠲᠤᠳᠬᠠᠵᠤ᠂ ᠦᠷᠭᠦᠯᠵᠢᠯᠡᠨ ᠡᠷᠡᠯᠬᠡᠭᠯᠡᠨ ᠤᠷᠤᠭᠰᠢᠯᠠᠭᠰᠠᠨ ᠶᠡᠭᠡ ᠬᠤᠷᠠᠯ  ᠪᠤᠯᠪᠠ᠃     ᠪᠢᠳᠡ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠤᠯᠤᠰ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠠᠳ ᠲᠦᠮᠡᠨ ᠤ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠭᠦᠷᠭᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠬᠦ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠰᠢᠨ᠎ᠡ ᠵᠠᠮ ᠨᠡᠭᠡᠭᠡᠵᠦ᠂ ᠳᠤᠮᠳᠠ  ᠲᠦᠪᠰᠢᠨ ᠳᠤ ᠣᠷᠣᠬᠤ︾ ᠬᠠᠷᠠᠯᠲᠠ ᠳᠡᠶᠢᠰᠢ ᠯᠠᠪᠳᠠᠭᠤᠨ ᠪᠠᠲᠤᠲᠠᠢ ᠤᠷᠤᠭᠰᠢᠯᠠᠵᠤ᠂ ᠰᠥᠨᠢᠳ ᠪᠠᠷᠠᠭᠤᠨ ᠬᠤᠰᠢᠭᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠬᠦᠯᠰᠦᠬᠡᠢ ᠬᠡᠵᠡᠢ᠃     ᠴᠢᠶᠠᠨ ᠰᠢᠸ ᠵᠢᠶᠦ᠋ᠨ ᠬᠤᠷᠠᠯ ᠳᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ᠃       2024 ᠣᠨ ᠤ 1 ᠰᠠᠷ᠎ᠠ ᠶᠢᠨ 25᠎ ᠤ ᠡᠳᠦᠷ ᠤᠨ 11 ᠴᠠᠭ 30 ᠮᠢᠨᠦ᠋ᠲ ᠪᠣᠯᠲᠠᠯ᠎ᠠ᠂ ᠨᠡᠶᠢᠲᠡ 128 ᠬᠤᠪᠢ ᠰᠠᠨᠠᠯ ᠳᠤᠷᠠᠳᠤᠯᠭ᠎ᠠ ᠶᠢ ᠬᠦᠯᠢᠶᠠᠨ ᠠᠪᠴᠠᠢ᠃ ᠡᠭᠦᠨ ᠳᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠎ ᠳᠤ ᠬᠤᠯᠪᠤᠭᠳᠠᠬᠤ 59 ᠬᠤᠪᠢ ᠰᠠᠨᠠᠯ ᠳᠤᠷᠠᠳᠤᠯᠭ᠎ᠠ ᠪᠠᠶᠢᠵᠤ᠂ ᠡᠬᠦᠨ ᠳᠤ ᠮᠠᠯᠵᠢᠬᠤ ᠲᠠᠷᠢᠶᠠᠯᠠᠬᠤ ᠣᠷᠣᠨ ᠳᠤ ᠬᠤᠯᠪᠤᠭᠳᠠᠬᠤ 22 ᠬᠤᠪᠢ᠂ ᠬᠤᠶᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠳᠤ ᠬᠤᠯᠪᠤᠭᠳᠠᠬᠤ 12 ᠬᠤᠪᠢ᠂ ᠬᠤᠲᠠ  ᠪᠠᠯᠭᠠᠰᠤᠨ ᠤ ᠪᠦᠲᠦᠭᠡᠨ ᠪᠠᠶᠢᠭᠤᠯᠤᠯᠲᠠ ᠎ ᠳᠤ ᠬᠤᠯᠪᠤᠭᠳᠠᠬᠤ 25 ᠬᠤᠪᠢ ᠪᠤᠢ᠃ ᠨᠡᠶᠢᠭᠡᠮ ᠤᠨ ᠪᠠᠶᠢᠭᠤᠯᠤᠯᠲᠠ ᠶᠢᠨ ᠲᠤᠬᠠᠢ 56 ᠬᠤᠪᠢ᠂ ᠨᠡᠶᠢᠭᠡᠮ ᠤᠨ ᠪᠠᠶᠢᠭᠤᠯᠤᠯᠲᠠ ᠶᠢᠨ ᠲᠤᠬᠠᠢ ᠰᠠᠨᠠᠯ ᠵᠥᠪᠯᠡᠯᠭᠡ 6 ᠬᠤᠪᠢ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ  7 ᠬᠤᠪᠢ ᠰᠠᠨᠠᠯ ᠳᠤᠷᠠᠳᠤᠯᠭ᠎ᠠ ᠪᠤᠢ᠃      ᠶᠡᠭᠡ ᠬᠤᠷᠠᠯ  ᠎ ᠠᠴᠠ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ︵ᠡᠬᠡ ᠨᠤᠤᠷᠠᠭ︶᠂ ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠭᠦᠯᠦᠯᠲᠡ ᠶᠢᠨ ᠳᠤᠬᠠᠢ ᠰᠢᠢᠳᠪᠦᠷᠢ ︵ ᠡᠭᠡ ᠨᠤᠤᠷᠠᠭ︶ ᠵᠢᠴᠢ ᠬᠤᠷᠠᠯ ᠤᠨ ᠤᠯᠤᠰ ᠲᠥᠷᠥ ᠶᠢᠨ ᠰᠢᠢᠳᠪᠦᠷᠢ ︵ᠡᠬᠡ ᠨᠤᠤᠷᠠᠭ︶᠎ ᠶᠢ ᠪᠠᠲᠤᠯᠠᠪᠠ᠃     ᠦᠳᠡ ᠶᠢᠨ ᠬᠤᠶᠢᠨᠠᠬᠢ 5 ᠴᠠᠭ 30 ᠮᠢᠨᠦ᠋ᠲ ᠲᠤ᠂ ᠤᠯᠤᠰ ᠲᠥᠷᠥ ᠶᠢᠨ ᠵᠥᠪᠯᠡᠯᠭᠡᠨ ᠤ ᠰᠥᠨᠢᠳ ᠪᠠᠷᠠᠭᠤᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ  ᠵᠦᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠡᠯ᠎ᠡ ᠵᠥᠪᠯᠡᠬᠦ ᠵᠦᠢᠯᠡᠰ ᠢᠶᠠᠨ ᠳᠠᠭᠤᠰᠬᠠᠵᠤ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠨ ᠤ ᠳᠤᠮᠳᠠ ᠠᠮᠵᠢᠯᠳᠠᠳᠠᠢ ᠦᠨᠳᠦᠷᠯᠡᠵᠡᠢ᠃ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂  ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠠᠷᠠᠳ ᠤᠨ ᠪᠦᠯᠬᠦᠮ᠂  ᠰᠢᠭᠤᠳ ᠬᠠᠮᠢᠶᠠᠷᠬᠤ  ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号